| | ᠵᠡᠭᠦᠨᠭᠠᠷ ᠬᠤᠰᠢᠭᠤ ᠣᠷᠳᠣᠰ ᠬᠤᠳᠠ ᠶᠢᠨ ︽ ᠳᠡᠯᠡᠬᠡᠢ ᠶᠢᠨ ᠲᠡᠰ ᠤᠨ ᠲᠦᠷᠪᠡᠨ ᠠᠵᠤ ᠦᠢᠯᠡᠰ ︾ ᠢ ᠪᠠᠶᠢᠭᠤᠯᠬᠤ ᠬᠥᠭᠵᠢᠯᠲᠡ ᠶᠢᠨ ᠬᠠᠷᠠᠯᠲᠠ ᠶᠣᠰᠣᠭᠠᠷ ᠂ | ︽ ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠮᠠᠰᠢᠨ ᠲᠡᠷᠭᠡ ︾ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠨ ᠪᠠᠶᠢᠷᠢᠰᠢᠭᠤᠯᠵᠤ ᠂ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠤᠷᠤᠯᠳᠤᠭᠠᠨ ᠤ ᠵᠠᠮ ᠳᠤ︽ ᠬᠤᠷᠳᠤᠴᠠ︾ ᠪᠠᠨ ᠳᠦᠷᠭᠡᠳᠭᠡᠨ᠎ᠠ ᠃ | | | ᠥᠪᠥᠷ ᠮᠣᠩᠭᠤᠯ ᠤᠨ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ ᠡᠯᠧᠺᠲᠷᠣᠨ ᠳᠡᠰ ᠤᠨ ᠴᠠᠬᠢᠭᠤᠷ | ᠠᠯᠺᠠᠨ ᠂ ᠤᠯᠠᠨ ᠲᠠᠯᠠᠰᠲᠤ ᠴᠠᠬᠢᠭᠤᠷ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠂ ᠦᠢᠯᠡᠳᠬᠦ ᠂ ᠪᠣᠷᠣᠯᠠᠭᠤᠯᠬᠤ ᠤᠳᠤ ᠦᠶ᠎ᠡ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠣᠨ᠎ᠠ ᠂ ᠺᠣᠮᠫᠠᠨᠢ ᠶᠢᠨ ᠦᠢᠯᠡᠳᠪᠦᠷᠢᠯᠡᠭᠰᠡᠨ ᠴᠡᠪᠡᠷ ᠴᠠᠬᠢᠭᠤᠷ ᠠᠯᠺᠠᠨ ᠪᠣᠯ ᠰᠢᠨ᠎ᠡ ᠡᠨᠧᠷᠭᠢ ᠶᠢᠨ ᠭᠡᠷᠡᠯ | ᠴᠡᠨᠡᠭ ᠤᠨ ᠠᠵᠤ ᠦᠢᠯᠡᠰ ᠤᠨ ᠬᠠᠮᠤᠭ ᠤᠨ ᠰᠠᠭᠤᠷᠢ ᠪᠣᠯᠬᠤ ᠲᠦᠭᠦᠬᠡᠢ ᠮᠠᠲ᠋ᠧᠷᠢᠶᠠᠯ ᠪᠣᠯᠣᠨ᠎ᠠ ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠳᠡᠭᠡᠳᠦ ᠭᠡᠯᠬᠢᠶᠡᠨ ᠤ | ᠲᠦᠭᠦᠬᠡᠢ ᠮᠠᠲ᠋ᠧᠷᠢᠶᠠᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠂ ᠺᠣᠮᠫᠠᠨᠢ ᠠᠵᠠ ᠲᠣᠬᠢᠶᠠᠯ ᠢ ᠡᠵᠡᠮᠳᠡᠨ ᠂ ᠤᠷᠢᠳᠴᠢᠯᠠᠨ ᠠᠷᠭ᠎ᠠ ᠤᠬᠠᠭᠠᠨ | ᠰᠦᠪᠡᠭᠴᠢᠯᠡᠵᠦ ᠂ ᠨᠢᠭᠡ ᠲᠠᠯ᠎ᠠ ᠪᠠᠷ ᠣᠯᠠᠨ ᠲᠠᠯᠠᠰᠲᠤ ᠴᠠᠬᠢᠭᠤᠷ ᠵᠡᠷᠭᠡ ᠦᠢᠯᠡᠳᠬᠦᠨ ᠢ ᠰᠤᠳᠤᠯᠤᠨ ᠨᠡᠭᠡᠭᠡᠬᠦ ᠠᠯᠬᠤᠴᠠ ᠪᠠᠨ ᠲᠦᠷᠭᠡᠳᠬᠡᠵᠦ ᠂ ᠨᠥᠭᠦᠭᠡ | ᠲᠠᠯ᠎ᠠ ᠪᠠᠷ ᠂ ᠵᠢᠯ ᠳᠤ 3 ᠲᠦᠮᠡᠨ ᠲᠣᠨ ᠴᠡᠪᠡᠷ ᠠᠵᠤ ᠦᠢᠯᠡᠳᠪᠦᠷᠢ ᠶᠢᠨ ᠴᠠᠬᠢᠭᠤᠷ ᠵᠢᠴᠢ 5000 ᠲᠣᠨ ᠡᠯᠧᠺᠲᠷᠣᠨ ᠲᠠᠰ ᠤᠨ ᠴᠠᠬᠢᠭᠤᠷ ᠠᠯᠺᠠᠨ | ᠦᠢᠯᠡᠳᠪᠦᠷᠢᠯᠡᠬᠦ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ ᠪᠠᠶᠢᠨ᠎ᠠ ᠃ | ᠥᠪᠥᠷ ᠮᠣᠩᠭᠤᠯ ᠤᠨ ᠰᠢᠩ ᠶᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠲᠤᠤ ᠭᠠᠩ | ᠢ ᠄ ᠵᠢᠱᠢᠯᠲᠡ ᠪᠠᠷ 2025 ᠣᠨ ᠪᠣᠯᠬᠤ ᠳᠤ᠂ ᠮᠠᠨ ᠤ ᠴᠠᠬᠢᠭᠤᠷ ᠠᠯᠺᠠᠨ ᠤ ᠬᠡᠷᠡᠭᠴᠡᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠳᠣᠲᠣᠷ᠎ᠠ ᠪᠠᠷᠤᠭ 3 ᠲᠦᠮᠡᠨ | ᠲᠣᠨ ᠳᠤ ᠬᠦᠷᠴᠦ ᠂ 10 ᠵᠢᠯ ᠤᠨ ᠬᠡᠷᠡᠭᠴᠡᠭᠡ ᠨᠢ 30 ᠲᠦᠮᠡᠨ ᠲᠣᠨ ᠳᠤ ᠬᠦᠷᠬᠦ ᠪᠣᠯᠣᠨ᠎ᠠ ᠃ | | | | | | ᠲᠤᠤ ᠭᠠᠩ ᠢ ᠭᠡᠯᠡᠬᠦ ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠳᠦᠷᠤᠯ ᠵᠤᠶᠢᠯ ᠨᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ | ᠤᠷᠤᠭᠰᠢᠲᠠᠢ ᠪᠠᠷ ᠨᠤᠳᠤᠬᠰᠢᠵᠤ ᠂ ᠡᠪᠦᠯ ᠤᠨ ᠡᠬᠢᠨ ᠳᠤ ᠂ ᠵᠡᠭᠦᠨᠭᠠᠷ ᠬᠤᠰᠢᠭᠤᠨ ᠤ ᠡᠯ᠎ᠡ ᠲᠣᠮᠣ ᠨᠡᠭᠦᠷᠡᠰᠦᠨ ᠠᠭᠤᠷᠬᠠᠢ ᠶᠢᠨ ᠥᠷᠭᠡᠨ ᠪᠡᠶᠡᠲᠦ ᠠᠭᠤᠷᠬᠠᠢ ᠳᠤ | ᠭᠡᠷᠡᠭᠯᠡᠬᠦ ᠮᠠᠰᠢᠨ ᠲᠡᠷᠭᠡ ᠨᠡᠭᠦᠷᠡᠰᠦ ᠮᠠᠯᠲᠠᠬᠤ ᠠᠵᠢᠯ ᠤᠨ ᠲᠣᠭᠤᠷᠢᠭ ᠢᠶᠠᠷ ᠨᠠᠭᠠᠰᠢ ᠴᠠᠭᠠᠰᠢ ᠰᠦᠯᠵᠢᠯᠳᠦᠨ ᠶᠠᠪᠤᠵᠤ ᠂ ᠡᠭᠦᠨ ᠤ ᠳᠣᠲᠣᠷ᠎ᠠ ᠥᠪᠥᠷ ᠮᠣᠩᠭᠤᠯ ᠤᠨ | ᠲᠢᠶᠧ ᠴᠧᠨ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ ᠠᠴᠠ ᠦᠢᠯᠡᠳᠪᠦᠷᠢᠯᠡᠭᠰᠡᠨ ᠰᠢᠨ᠎ᠡ ᠡᠨᠧᠷᠭᠢ ᠶᠢᠨ ᠥᠷᠭᠡᠨ ᠪᠡᠶᠡᠲᠦ ᠠᠭᠤᠷᠬᠠᠢ ᠳᠤ ᠭᠡᠷᠡᠭᠯᠡᠬᠦ ᠮᠠᠰᠢᠨ | ᠲᠡᠷᠭᠡ ᠪᠤᠢ ᠃2022 ᠣᠨ ᠤ ᠡᠬᠢ ᠪᠠᠷ ᠂ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠴᠤᠯ ᠴᠠᠬᠢᠯᠭᠠᠨ ᠬᠥᠳᠡᠯᠭᠡᠭᠦᠷᠲᠦ ᠵᠢᠯᠣᠭᠤᠴᠢ ᠦᠭᠡᠢ | ᠥᠷᠭᠡᠨ ᠪᠡᠶᠡᠲᠦ ᠠᠭᠤᠷᠬᠠᠢ ᠳᠤ ᠭᠡᠷᠡᠭᠯᠡᠬᠦ ᠮᠠᠰᠢᠨ ᠲᠡᠷᠭᠡ ᠶᠢ ᠠᠮᠵᠢᠯᠲᠠ ᠲᠠᠢ ᠪᠠᠷ ᠤᠶᠢᠯᠡᠳᠪᠤᠷᠢᠯᠡᠨ ᠭᠠᠷᠭᠠᠵᠤ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠠᠵᠢᠯ ᠢ ᠡᠬᠢᠯᠡᠭᠦᠯᠬᠦ ᠶᠢ ᠠᠬᠢᠭᠤᠯᠪᠠ ᠃ | ᠥᠪᠥᠷ ᠮᠣᠩᠭᠤᠯ ᠤᠨ ᠲᠢᠶᠧ ᠴᠧᠨ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠼᠦᠢ ᠸᠧᠨ ᠢᠦᠢ ᠄ ᠣᠶᠢᠷ᠎ᠠ ᠶᠢᠨ | ᠬᠤᠭᠤᠴᠠᠭᠠᠨ ᠳᠤ ᠵᠠᠬᠢᠶᠠᠯᠠᠭ᠎ᠠ ᠶᠢᠨ ᠬᠠᠭᠤᠳᠠᠰᠤ ᠂ ᠢᠯᠠᠩᠭᠤᠶ᠎ᠠ ᠴᠡᠪᠡᠷ ᠴᠠᠬᠢᠯᠭᠠᠨ ᠬᠦᠳᠡᠯᠭᠡᠬᠦᠷᠳᠤ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠤ | ᠪᠥᠭᠡᠮ ᠢᠶᠠᠷ ᠬᠡᠷᠡᠭᠯᠡᠬᠦ ᠳᠤᠭ᠎ᠠ ᠲᠠᠰᠤᠷᠠᠯᠲᠠ ᠦᠭᠡᠢ ᠰᠢᠨ᠎ᠡ ᠪᠠᠷ ᠨᠡᠮᠡᠭᠳᠡᠵᠦ ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ ᠴᠢᠳᠠᠬᠤ | ᠪᠤᠯᠤᠨ᠎ᠠ ᠂ ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠢ ᠦᠨᠳᠦᠰᠦᠯᠡᠪᠡᠯ ᠂ ᠴᠡᠪᠡᠷ ᠴᠠᠬᠢᠯᠭᠠᠨ ᠬᠦᠳᠡᠯᠭᠡᠬᠦᠷᠳᠤ ᠠᠭᠤᠷᠬᠠᠢ ᠳᠤ ᠭᠡᠷᠡᠭᠯᠡᠬᠦ ᠠᠴᠢᠶᠠᠨ ᠤ ᠮᠠᠰᠢᠨ ᠢ | ᠤᠯᠠᠮᠵᠢᠯᠠᠯᠲᠤ ᠰᠢᠲᠠᠭᠠᠯᠭ᠎ᠠ ᠶᠢᠨ ᠲᠣᠰᠣᠨ ᠤ ᠲᠡᠷᠭᠡ ᠲᠠᠢ ᠬᠠᠷᠢᠴᠠᠭᠤᠯᠪᠠᠯ ᠂ ᠡᠵᠡᠩᠨᠡᠯᠲᠡ ᠶᠢᠨ ᠥᠪᠡᠷ ᠤᠨ ᠥᠷᠲᠡᠭ ᠢ 30% ᠣᠷᠴᠢᠮ ᠪᠠᠭᠤᠷᠠᠭᠤᠯᠵᠤ ᠂ | ᠠᠵᠢᠯᠯᠠᠭᠠᠨ ᠤ ᠶᠠᠪᠤᠴᠠ ᠳᠤ ᠨᠡᠭᠦᠷᠡᠰᠦᠲᠥ᠋ᠷᠥᠭᠴᠢ ᠦᠯᠤ ᠭᠠᠳᠠᠭᠰᠢᠯᠠᠭᠤᠯᠬᠤ ᠶᠢ ᠪᠡᠶᠡᠯᠡᠭᠦᠯᠵᠦ ᠴᠢᠳᠠᠨ᠎ᠠ ᠃ | | | | | | ᠥᠪᠥᠷ ᠮᠣᠩᠭᠤᠯ ᠤᠨ ᠲᠢᠶᠧ ᠴᠧᠨ ᠣᠶᠤᠨᠴᠢ ᠲᠣᠨᠣᠭᠯᠠᠯ ᠤᠨ ᠬᠢᠵᠠᠭᠠᠷᠲᠤ ᠺᠣᠮᠫᠠᠨᠢ 2018 ᠣᠨ ᠤ 4 ᠰᠠᠷ᠎ᠠ ᠳᠤ ᠵᠡᠭᠦᠨᠭᠠᠷ ᠠᠵᠤ ᠠᠬᠤᠢ ᠶᠢᠨ | ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ ᠳᠤᠭᠤᠷᠢᠭ ᠲᠤ ᠳᠠᠩᠰᠠᠯᠠᠭᠤᠯᠤᠨ ᠪᠠᠶᠢᠭᠤᠯᠤᠭᠳᠠᠵᠤ ᠂ ᠵᠠᠳᠠᠭᠠᠢ ᠨᠡᠬᠦᠷᠡᠰᠤᠨ ᠠᠭᠤᠷᠬᠠᠢ ᠂ | ᠣᠶᠢᠷ᠎ᠠ ᠵᠠᠮ ᠤᠨ ᠪᠠᠷᠠᠭᠠᠨ ᠤ ᠭᠦᠢᠯᠭᠡᠭᠡ ᠵᠡᠷᠭᠡ ᠬᠡᠷᠡᠭᠯᠡᠭᠡᠨ ᠤ ᠲᠠᠯᠠᠪᠤᠷ ᠲᠤ ᠰᠢᠨ᠎ᠡ ᠡᠨᠧᠷᠭᠢ ᠶᠢᠨ ᠬᠥᠳᠡᠯᠭᠡᠭᠦ ᠬᠦᠴᠦᠨ ᠤ ᠢᠵᠢ ᠪᠦᠷᠢᠨ ᠲᠤᠨᠤᠭ ᠲᠥᠬᠦᠭᠡᠷᠦᠮᠵᠢ | ᠬᠠᠩᠭᠠᠬᠤ ᠵᠢᠴᠢ ᠣᠶᠤᠨᠴᠢᠯᠠᠭᠰᠠᠨ ᠡᠵᠡᠩᠨᠡᠯᠲᠡ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠣᠨ᠎ᠠ ᠃ ᠺᠣᠮᠫᠠᠨᠢ ᠠᠴᠠ ᠨᠡᠶᠢᠲᠡ 10 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ ᠂ ᠬᠤᠶᠠᠷ ᠬᠤᠭᠤᠴᠠᠭ᠎ᠠ ᠬᠤᠪᠢᠶᠠᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠵᠢᠯᠣᠭᠤᠴᠢ ᠦᠭᠡᠢ | ᠠᠭᠤᠷᠬᠠᠢ ᠳᠤ ᠬᠡᠷᠡᠭᠯᠡᠬᠦ ᠮᠠᠰᠢᠨ ᠲᠡᠷᠭᠡ ᠶᠢᠨ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ ᠃ ᠣᠳᠣᠬᠠᠨ ᠳᠤ ᠂ ᠨᠢᠭᠡᠳᠦᠭᠡᠷ ᠬᠤᠭᠤᠴᠠᠭᠠᠨ ᠳᠤ 5 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ ᠵᠢᠯ ᠳᠤ 10000 ᠰᠠᠤᠷᠢ ᠰᠢᠨ᠎ᠡ ᠡᠨᠧᠷᠭᠢ ᠶᠢᠨ ᠣᠶᠤᠨᠴᠢᠯᠠᠭᠰᠠᠨ ᠮᠠᠰᠢᠨ ᠲᠡᠷᠭᠡ ᠶᠢ ᠦᠢᠯᠡᠳᠪᠦᠷᠢᠯᠡᠬᠦ | ᠴᠢᠳᠠᠪᠤᠷᠢ ᠲᠠᠢ ᠪᠣᠯᠤᠭᠰᠠᠨ ᠪᠠᠶᠢᠨ᠎ᠠ ᠃ | ᠡᠭᠦᠨ ᠠᠴᠠ ᠭᠠᠳᠠᠨ᠎ᠠ ᠂ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠲᠠᠢ ᠢᠦᠢ ᠵᠢᠩ ᠤᠨ ᠰᠢᠯᠢᠳᠡᠭ ᠣᠨᠴᠠ ᠲᠥᠷᠥᠯ ᠤᠨ ᠰᠢᠯ ᠤᠨ | ᠲᠥᠷᠥᠯ ᠵᠦᠢᠯ ᠢ ᠣᠲᠣ ᠶᠠᠭ ᠱᠠᠯᠠᠪᠳᠠᠨ ᠪᠠᠶᠢᠭᠤᠯᠵᠤ ᠪᠠᠶᠢᠨ᠎ᠠ ᠂ ᠲᠣᠰ ᠲᠥᠷᠥᠯ ᠵᠦᠢᠯ ᠳᠤ 5280 ᠲᠦᠮᠡᠨ ᠬᠦᠨᠳᠦ ᠬᠠᠶᠢᠷᠴᠠᠬᠳᠤ ᠬᠡᠷᠡᠯ ᠴᠡᠨᠡᠭ ᠤᠨ | ᠬᠠᠪᠲᠠᠰᠤ ᠵᠢᠴᠢ ᠰᠢᠯᠢᠳᠡᠭ ᠣᠨᠴᠠ ᠲᠥᠷᠥᠯ ᠤᠨ ᠨᠠᠷᠢᠯᠢᠭ ᠡᠳ᠋ᠰᠢᠭᠦᠯᠦᠭᠰᠡᠨ ᠰᠢᠯ ᠤᠨ ᠦᠢᠯᠡᠳᠪᠦᠷᠢᠯᠡᠯ ᠤᠨ ᠱᠤᠭᠤᠮ ᠢ ᠳᠥᠷᠪᠡᠨ ᠬᠤᠭᠤᠴᠠᠭ᠎ᠠ ᠬᠤᠪᠢᠶᠠᠨ | ᠪᠠᠶᠢᠭᠤᠯᠬᠤ ᠪᠠᠷ ᠲᠥᠯᠥᠪᠯᠡᠵᠦ ᠪᠣᠶ ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠨᠡᠷᠡᠨ | ᠡᠨᠧᠷᠭᠢ ᠶᠢᠨ ᠬᠡᠷᠡᠯ ᠴᠡᠨᠡᠭ ᠤᠨ ᠠᠷᠤ ᠬᠠᠪᠲᠠᠰᠤ ᠶᠢᠨ ᠦᠢᠯᠡᠳᠪᠦᠷᠢᠯᠡᠯ ᠤᠨ ᠲᠥᠷᠥᠯ ᠵᠦᠢᠯ ᠪᠣᠯᠬᠤ ᠪᠣᠯᠣᠨ᠎ᠠ ᠃ | ᠥᠪᠥᠷ ᠮᠣᠩᠭᠤᠯ ᠤᠨ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠵᠢᠶᠠᠨ ᠪᠥᠸᠧ ᠄ ᠺᠣᠮᠫᠠᠨᠢ | ᠠᠰᠢᠭᠯᠠᠯᠲᠠ ᠳᠤ ᠣᠷᠣᠭᠰᠠᠨ ᠤ ᠳᠠᠷᠠᠭ᠎ᠠ ᠰᠢᠯᠢᠳᠡᠭ ᠠᠷᠤ ᠬᠠᠪᠲᠠᠰᠤ ᠪᠠ ᠨᠢᠭᠤᠷ ᠤᠨ ᠬᠠᠪᠲᠠᠰᠤ ᠶᠢ ᠬᠠᠩᠭᠠᠵᠤ ᠂ ᠥᠪᠥᠷ ᠮᠣᠩᠭᠤᠯ ᠤᠨ ᠨᠡᠷᠡᠨ ᠡᠨᠧᠷᠭᠢ ᠶᠢᠨ | ᠭᠡᠷᠡᠯ ᠴᠡᠨᠡᠭ ᠤᠨ ᠨᠢᠭᠤᠷ ᠤᠨ ᠬᠠᠪᠲᠠᠰᠤ ᠶᠢᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠬᠤ ᠪᠤᠯᠤᠨ᠎ᠠ ᠃ | | | | | ᠡᠨᠡ ᠵᠢᠯ ᠠᠴᠠ ᠨᠠᠭᠠᠰᠢ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠨᠢ ᠮᠠᠨ ᠤ ᠬᠤᠲᠠ ᠶᠢᠨ ᠳᠡᠯᠡᠬᠡᠢ ᠶᠢᠨ ᠲᠠᠰ ᠤᠨ ᠰᠢᠨ᠎ᠡ ᠡᠨᠧᠷᠭᠢ ᠶᠢᠨ | ᠠᠵᠤ ᠦᠢᠯᠡᠰ ᠢ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ ᠂ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ | ᠪᠠᠶᠢᠷᠢᠯᠠᠭᠤᠯᠵᠤ ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ | ᠮᠠᠰᠢᠨ ᠤ ᠬᠡᠷᠡᠭᠯᠡᠭᠡᠨ ᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ ᠂ ᠡᠨᠧᠷᠭᠢ ᠶᠢᠨ ᠦᠢᠯᠡᠳᠪᠦᠷᠢᠯᠡᠯ ᠂ ᠳᠤᠨᠤᠬᠯᠠᠯ ᠦᠶᠯᠡᠳᠬᠦ ᠂ | ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ︽ ᠰᠠᠯᠬᠢ ᠭᠡᠷᠡᠯ ᠴᠡᠨᠡᠭ ᠤᠰᠤᠲᠥ᠋ᠷᠥᠭᠴᠢ ᠬᠠᠳᠠᠭᠠᠯᠠᠴᠠ ᠮᠠᠰᠢᠨ ᠲᠡᠷᠭᠡ ︾ ᠶᠢᠨ ᠠᠵᠤ | ᠦᠢᠯᠡᠰ ᠤᠨ ᠰᠦᠷᠦᠭᠵᠢᠯ ᠢ ᠬᠦᠴᠦᠯᠡᠨ ᠪᠠᠶᠢᠭᠤᠯᠵᠤ ᠪᠤᠢ ᠃ ᠤᠷᠢᠳ ᠬᠤᠵᠢᠳ ᠲᠢᠶᠠᠨ ᠾᠧ ᠭᠡᠷᠡᠯ ᠤᠨ ᠡᠨᠧᠷᠭᠢ ᠂ ᠰᠠᠨ ᠯᠢᠩ ᠯᠢᠤ ᠯᠢᠩ ᠂ ᠶᠤᠸᠠᠨ ᠵᠢᠩ | ᠡᠨᠧᠷᠭᠢ ᠂ ᠱᠠᠩᠬᠠᠢ ᠶᠢᠨ ᠴᠦᠩ ᠼᠤ᠋ ᠂ ᠰᠢᠦᠢ ᠬᠦᠩ ᠺᠣᠮᠫᠠᠨᠢ᠂ ᠵᠦᠩ ᠰᠢᠨ ᠪᠥᠸᠧ ᠵᠡᠷᠭᠡ ᠠᠯᠢ ᠤᠯᠠᠨ ᠲᠡᠷᠢᠭᠦᠨ ᠤ ᠠᠵᠤ ᠠᠬᠤᠶᠢᠯᠠᠯ ᠢ ᠣᠷᠣᠭᠤᠯᠤᠨ | ᠠᠪᠴᠢᠷᠠᠵᠤ ᠂ ᠨᠢᠭᠡᠨᠲᠡ 15 ᠲᠦᠷᠦᠯ ᠵᠦᠢᠯ ᠢ ᠣᠷᠣᠭᠤᠯᠤᠨ ᠠᠪᠴᠢᠷᠠᠬᠤ ᠪᠠᠷ ᠭᠡᠷ᠎ᠡ ᠲᠣᠭᠲᠠᠵᠤ ᠂ ᠭᠡᠯᠡᠯᠴᠡᠭᠡᠷ ᠳᠤᠬᠳᠠᠬᠰᠠᠨ ᠪᠡᠯᠡ ᠮᠦᠩᠬᠦ ᠨᠢ 999.75 | ᠳ᠋ᠦᠩᠰᠢᠭᠤᠷ ᠲᠥᠭᠦᠷᠢᠭ ᠲᠤ ᠬᠦᠷᠴᠡᠢ ᠃ ᠡᠭᠦᠨ ᠳᠤ ᠂ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠲᠥᠷᠥᠯ ᠵᠦᠢᠯ 2 ᠂ ᠨᠢᠭᠡᠨᠲᠡ ᠠᠵᠢᠯ | ᠡᠬᠢᠯᠡᠭᠦᠯᠦᠭᠰᠡᠨ ᠲᠥᠷᠥᠯ ᠵᠦᠢᠯ 5 ᠂ ᠤᠳᠠᠯ ᠦᠭᠡᠢ ᠠᠵᠢᠯ ᠡᠬᠢᠯᠡᠭᠦᠯᠬᠦ ᠪᠠᠷ ᠪᠠᠶᠢᠭ᠎ᠠ ᠲᠥᠷᠥᠯ ᠵᠦᠢᠯ 2 ᠂ ᠠᠵᠢᠯ ᠡᠬᠢᠯᠡᠭᠦᠯᠬᠦ ᠪᠠᠷ ᠲᠥᠯᠥᠪᠯᠡᠵᠦ ᠪᠠᠶᠢᠭ᠎ᠠ | ᠲᠥᠷᠥᠯ ᠵᠦᠢᠯ 6 ᠪᠣᠶ ᠃ 2025 ᠣᠨ ᠪᠣᠯᠬᠤ ᠳᠤ ᠂ ᠰᠢᠨ᠎ᠡ ᠡᠨᠧᠷᠭᠢ ᠶᠢᠨ ᠳᠡᠭᠡᠳᠦ ᠳᠣᠣᠷᠠᠳᠤ ᠭᠡᠯᠬᠢᠶᠠᠨ ᠤ 80 ᠭᠠᠷᠤᠢ ᠰᠢᠯᠢᠳᠡᠭ ᠠᠵᠤ ᠠᠬᠤᠶᠢᠯᠠᠯ ᠢ | ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ ᠃ | | | |