ᠪᠦᠬᠦ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠮᠤᠷ ᠲᠣᠭᠲᠠᠭᠤᠨ ᠢ ᠬᠠᠮᠠᠭᠠᠯᠠᠬᠤ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠲᠤᠬᠠᠢ ᠰᠤᠳᠤᠯᠤᠨ ᠶᠠᠷᠢᠯᠴᠠᠪᠠ ᠶᠠᠩ ᠸᠧᠢ ᠳ᠋ᠦᠩ ᠶᠠᠷᠢᠶ᠎ᠠ ᠲᠠᠯᠪᠢᠵᠤ ᠵᠧᠩ ᠭᠤᠸᠠᠩ ᠵᠤᠤ ᠶᠠᠩ ᠽᠥᠩ ᠷᠧᠨ ᠯᠢ ᠴᠢ ᠯᠢᠨ ᠣᠷᠣᠯᠴᠠᠵᠠᠢ
ᠨᠡᠶᠢᠲᠡᠯᠡᠭᠰᠡᠨ ᠴᠠᠭ᠄
2022/11/28
       11 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠠᠮᠤᠷ ᠲᠣᠭᠲᠠᠭᠤᠨ ᠢ ᠬᠠᠮᠠᠭᠠᠯᠠᠬᠤ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠩ ᠸᠧᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠶᠠᠩ ᠸᠧᠢ ᠳ᠋ᠦᠩ ᠬᠡᠯᠡᠬᠦ ᠳᠡᠭᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠂ ᠤᠯᠤᠰ ᠲᠥᠷᠥ ᠬᠠᠤᠯᠢ ᠴᠠᠭᠠᠵᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠤᠨ ᠪᠣᠳᠠᠲᠤ ᠪᠠᠶᠢᠳᠠᠯ  ᠲᠠᠢ ᠨᠢᠭᠲᠠ ᠤᠶᠠᠯᠳᠤᠭᠤᠯᠤᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠣᠶᠢᠯᠠᠭᠠᠨ ᠲᠤᠭᠤᠰᠢᠯᠠᠭᠤᠯᠵᠤ ᠂ ᠣᠨᠴᠠᠭᠠᠶᠢᠯᠠᠨ ᠡᠮᠬᠢᠯᠡᠵᠦ ᠭᠠᠷᠭᠠᠭᠰᠠᠨ ᠨᠠᠢᠮᠠᠨ ᠲᠠᠯ᠎ᠠ ᠶᠢᠨ ᠲᠣᠪᠤᠶᠢᠮ᠎ᠠ ᠠᠰᠠᠭᠤᠳᠠᠯ ᠳᠤ ᠴᠢᠭᠯᠡᠭᠦᠯᠦᠨ ᠂ ᠲᠦᠷᠦᠯ ᠵᠦᠢᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ ᠂ ᠡᠯ᠎ᠡ ᠵᠦᠢᠯ ᠤᠨ ᠠᠵᠢᠯ ᠢ ᠵᠢᠷᠤᠮᠵᠢᠭᠤᠯᠬᠤ ᠂ ᠴᠣᠮᠬᠠᠳᠬᠠᠬᠤ ᠪᠠ ᠬᠤᠷᠳᠤᠴᠠ ᠪᠠᠨ ᠲᠦᠷᠭᠡᠳᠬᠡᠨ ᠰᠠᠶᠢᠲᠤᠷ ᠬᠢᠵᠦ ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠵᠤ ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠵᠤ ᠂ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤ ᠰᠠᠶᠢᠲᠤᠷ ᠦᠢᠯᠡᠴᠢᠯᠡᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠭᠤᠸᠠᠩ ᠵᠤᠤ ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ ᠬᠤᠶᠠᠷ ᠳᠠᠷᠤᠭ᠎ᠠ ︾ ᠶᠠᠩ ᠽᠥᠩ ᠷᠧᠨ ᠂ ᠯᠢ ᠴᠢ ᠯᠢᠨ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠬᠠᠤᠯᠢ ᠴᠠᠭᠠᠵᠠ ᠶᠢᠨ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠨᠢᠭᠡᠴᠢ ᠪᠣᠯᠣᠨ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ