6 ᠰᠠᠷ᠎ᠠ ᠶᠢᠨ 1 ᠤ ᠡᠳᠦᠷ᠂ ᠵᠡᠭᠦᠨᠭᠠᠷ ᠬᠤᠰᠢᠭᠤᠨ ᠤ 2022 ᠣᠨ ᠤ《ᠠᠶᠤᠯᠭᠦᠶ ᠦᠢᠯᠡᠳᠪᠤᠷᠢᠯᠡᠯ ᠤᠨ ᠰᠠᠷ᠎ᠠ》 ᠶᠢᠨ ᠡᠬᠢᠯᠡᠯᠲᠡ ᠶᠢᠨ ᠶᠣᠰᠣᠯᠠᠯ ᠳ᠋ᠠ | ᠯᠤ᠋ ᠰᠢᠨ᠎ᠡ ᠲᠣᠭᠤᠷᠢᠭ ᠲᠤ ᠶᠠᠪᠤᠬᠳᠠᠪᠠ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠲᠠᠶᠢᠴᠢᠯᠠᠯᠳᠠ ᠶᠢᠨ | ᠶᠠᠷᠢᠶ᠎ᠠ ᠲᠠᠯᠪᠢᠵᠤ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠶ | ᠱᠤ᠋ ᠴᠢᠩ ᠶᠣᠰᠣᠯᠠᠯ ᠢ ᠡᠷᠬᠢᠯᠡᠵᠦ᠂ ᠬᠤᠰᠢᠭᠤᠨ ᠤ ᠤᠳᠤᠷᠢᠳᠤᠯᠭ᠎ᠠ ᠤᠶᠦᠨᠪᠢᠯᠢᠭ᠂ ᠡᠤ ᠰᠢᠤᠢ ᠳ᠋ᠦᠩ᠂ ᠯᠢᠦ ᠢᠦᠶ ᠴᠧᠩ᠂ ᠬᠤᠰᠢᠭᠤᠨ ᠤ ᠠᠶᠤᠯᠭᠦᠶ | ᠦᠢᠯᠡᠳᠪᠤᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠪᠠᠶᠢᠭᠤᠯᠭ᠎ᠠ ᠨᠢᠭᠡᠴᠡ ᠵᠢᠴᠢ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠳᠠᠨ ᠨᠠᠷ ᠶᠣᠰᠣᠯᠠᠯ ᠳᠤ | ᠣᠷᠣᠯᠴᠠᠪᠠ᠃ | 6 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠵᠢᠶᠤᠤ ᠵᠢᠩ ᠪᠥᠬᠦ ᠬᠤᠰᠢᠭᠤᠨ ᠤ ᠳᠥᠴᠢᠨ ᠨᠠᠢᠮᠠᠳᠤᠭᠠᠷ ᠬᠤᠭᠤᠴᠠᠭᠠᠨ ᠤ ᠰᠠᠯᠠᠭᠠᠨ ᠲᠠᠰ ᠤᠨ ᠺᠠᠳ᠋ᠷᠴᠤᠳ ᠤᠨ ᠬᠢᠴᠢᠶᠡᠯᠯᠡᠭᠡ ᠵᠢᠴᠢ《ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠲᠦᠷᠢᠮ》 ᠢ ᠰᠤᠷᠤᠯᠴᠠᠵᠤ ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠳᠤᠷ ᠬᠢᠬᠦ ᠲᠤᠰᠬᠠᠶ | ᠰᠡᠳᠦᠪᠲᠦ ᠪᠣᠯᠪᠠᠰᠤᠷᠠᠯ ᠤᠨ ᠠᠩᠭᠢ ᠶᠢ ᠡᠷᠭᠢᠯᠡᠪᠡ᠃ | ᠲᠤᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠰᠢᠭᠤᠨ ᠤ ᠳᠠᠷᠤᠭ᠎ᠠ ᠨᠠᠷ ᠤᠨ | ᠠᠯᠪᠠᠯᠠᠬᠤ ᠬᠤᠷᠠᠯ ᠢ ᠡᠷᠭᠢᠯᠠᠨ ᠬᠤᠷᠠᠯᠳᠤᠭᠤᠯᠵᠤ᠂ ᠪᠦᠭᠦ ᠬᠤᠰᠢᠭᠤᠨ ᠤ ᠪᠣᠬᠢᠷᠲᠤᠯ ᠦᠭᠡᠢ ᠠᠭᠤᠷᠬᠠᠶ ᠶᠢᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠠᠵᠢᠯ ᠢ | ᠲᠤᠰᠬᠠᠶ ᠰᠡᠳᠦᠪ ᠢᠶᠠᠷ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠴᠢᠦᠶ ᠱᠤ᠋ ᠴᠢᠩ᠂ ᠯᠢᠦ ᠢᠦᠶ ᠴᠧᠩ ᠵᠢᠴᠢ ᠬᠤᠯᠪᠤᠬᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠬᠢᠨᠠᠨ ᠲᠣᠭᠲᠠᠭᠠᠬᠤ ᠬᠡᠰᠡᠭ ᠲᠤᠰᠬᠠᠶ ᠮᠡᠷᠭᠡᠵᠢᠯᠲᠡᠨ | ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ ᠬᠤᠰᠢᠭᠤᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ | ᠪᠠ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠤᠨ ᠬᠠᠷᠢᠭᠤ ᠮᠡᠳᠡᠬᠦᠯᠦᠯᠳᠠ ᠶᠢ ᠰᠤᠨᠤᠰᠤᠬᠰᠠᠨ ᠪᠦᠬᠡᠳ ᠬᠠᠮᠢᠶ᠎ᠠ ᠪᠥᠬᠦᠶ ᠵᠢᠭᠠᠪᠤᠷᠢ ᠦᠭᠴᠤ ᠪᠠᠶᠢᠷᠢᠯᠠᠭᠤᠯᠤᠯᠲᠠ | ᠬᠢᠪᠠ᠃ | 6 ᠰᠠᠷ᠎ᠠ ᠶᠢᠨ 5 ᠤ ᠡᠳᠦᠷ᠂ ᠴᠢᠩᠬᠤᠸᠠ ᠶᠡᠭᠡ ᠰᠤᠷᠭᠠᠭᠤᠯᠢ ᠬᠢᠭᠡᠳ ᠵᠢᠤ ᠲᠠᠢ ᠪᠦᠯᠦᠭᠯᠡᠯ ᠤᠨ ᠬᠠᠮᠲᠤᠷᠠᠨ ᠪᠠᠶᠢᠭᠤᠯᠤᠭᠰᠠᠨ ᠲᠦᠮᠡᠨ ᠲᠣᠨ ᠤ ᠲᠠᠰ ᠤᠨ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢᠶᠠᠷ ᠦᠨᠦᠷᠲᠦ ᠨᠡᠭᠦᠷᠦᠭᠴᠢ ᠦᠢᠯᠡᠳᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠥᠷᠥᠯ ᠵᠦᠢᠯ ᠤᠨ ᠪᠠᠷᠢᠯᠭ᠎ᠠ | ᠡᠬᠢᠯᠡᠬᠦᠯᠬᠦ ᠶᠣᠰᠣᠯᠠᠯ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠹᠧᠩ ᠵᠢᠶᠠ ᠵᠢᠤᠢ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠳᠠᠷᠤᠭ᠎ᠠ ᠶᠢᠨ ᠺᠧ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠳᠡᠳ᠋ ᠳᠠᠷᠤᠭ᠎ᠠ ᠢᠦᠶ ᠸᠧᠶ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠰᠢᠭᠤᠨ ᠤ ᠤᠳᠤᠷᠢᠳᠤᠯᠭ᠎ᠠ | ᠰᠤ᠋ ᠰᠢᠨ ᠶᠠ᠂ ᠯᠦ ᠵᠠᠨ ᠴᠢᠩ᠂ ᠵᠢᠶᠠ ᠭᠤᠸᠠᠩ ᠬᠤᠸᠠ᠂ ᠴᠢᠶᠣᠤ ᠠᠶ ᠫᠢᠩ᠂ ᠯᠢᠦ ᠢᠦᠶ ᠴᠧᠩ ᠨᠡᠷ ᠪᠠᠷᠢᠯᠭ᠎ᠠ ᠡᠬᠢᠯᠡᠬᠦᠯᠬᠦ ᠶᠣᠰᠣᠯᠠᠯ ᠳᠤ ᠣᠷᠣᠯᠴᠠᠪᠠ᠃ | ᠲᠤᠰ ᠡᠳᠦᠷ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠵᠡᠭᠦᠨᠭᠠᠷ ᠬᠤᠰᠢᠭᠤᠨ ᠳᠤ ᠢᠷᠡᠵᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠶᠢ | ᠲᠣᠭᠲᠠᠪᠤᠷᠢᠵᠢᠭᠤᠯᠬᠤ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠠᠶᠤᠯᠭᠦᠶ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠳᠡᠳ᠋ | ᠳᠠᠷᠤᠭ᠎ᠠ ᠯᠢᠦ ᠢᠦᠶ ᠴᠧᠩ᠂ ᠬᠤᠲᠠ ᠬᠤᠰᠢᠭᠤᠨ ᠤ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠷ᠎ᠠ ᠪᠤᠯᠤᠯᠴᠠᠪᠠ᠃ | 6 ᠰᠠᠷ᠎ᠠ ᠶᠢᠨ 6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ ᠬᠤᠷᠢᠶᠠᠨ ᠤ ᠱᠦᠵᠢ | ᠵᠢᠶᠣᠣ ᠵᠢᠩ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠵᠡᠬᠦᠠᠭᠠᠷ ᠬᠤᠰᠢᠭᠤᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠡᠯ᠎ᠡ ᠰᠢᠯᠭᠠᠯᠲᠠ ᠶᠢᠨ | ᠴᠡᠭ ᠢᠶᠠᠷ ᠬᠦᠨᠵᠡᠬᠡᠶᠢᠷᠡᠵᠦ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠬᠠᠮᠢᠶ᠎ᠠ ᠪᠦᠬᠦᠢ ᠪᠡᠯᠡᠳᠬᠡᠯ ᠠᠵᠢᠯ ᠳᠤ ᠪᠠᠶᠢᠴᠠᠭᠠᠨ ᠰᠤᠳᠤᠯᠤᠯᠳᠠ ᠬᠢᠵᠡᠢ᠃ | 6 ᠰᠠᠷ᠎ᠠ ᠶᠢᠨ 6 — 7 ᠤ ᠡᠳᠦᠷ ᠪᠤᠯᠳᠠᠯ᠎ᠠ᠂ ᠬᠤᠰᠢᠭᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠭᠢᠯᠡᠭᠴᠢ ᠯᠦ ᠵᠠᠨ ᠴᠢᠩ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠦᠯᠬᠦᠮ ᠳᠠᠭᠠᠭᠤᠯᠤᠨ ᠣᠲᠤᠭ | ᠬᠤᠰᠢᠭᠤ᠂ ᠦᠬᠠᠶ ᠬᠤᠲᠠ ᠶᠢᠨ ᠤᠳᠠ ᠲᠣᠭᠤᠷᠢᠭ ᠲᠤ ᠬᠦᠷᠴᠦ ᠪᠣᠬᠢᠷᠲᠤᠯ ᠦᠭᠡᠢ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ | ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ ᠵᠢᠴᠢ ᠬᠤᠯᠪᠤᠬᠳᠠᠯ ᠪᠥᠬᠦᠶ | ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠳᠠᠨ ᠨᠠᠷ ᠪᠠᠷ᠎ᠠ ᠪᠤᠯᠤᠯᠴᠠᠵᠦ ᠰᠢᠨᠵᠢᠯᠡᠨ ᠪᠠᠶᠢᠴᠠᠭᠠᠪᠠ᠃ | 6 ᠰᠠᠷ᠎ᠠ ᠶᠢᠨ 8 ᠤ ᠡᠳᠦᠷ᠂ 2022 ᠣᠨ ᠤ ᠪᠥᠬᠦ ᠬᠤᠲᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠤᠨ | ᠮᠠᠨᠳᠤᠭᠤᠯᠬᠤ ᠴᠢᠳᠠᠪᠤᠷᠢ ᠶᠢ ᠨᠡᠮᠡᠭᠳᠡᠬᠦᠯᠬᠦ ᠪᠣᠯᠪᠠᠰᠤᠷᠠᠯ ᠤᠨ ᠠᠩᠭᠢ ︵ᠨᠢᠭᠡᠳᠦᠭᠡᠷ ᠬᠤᠭᠤᠴᠠᠭ᠎ᠠ︶ ᠣᠷᠳᠣᠰ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠤᠨ | ᠮᠠᠨᠳᠤᠭᠤᠯᠬᠤ ᠲᠤᠰᠬᠠᠶ ᠮᠡᠷᠬᠡᠵᠢᠯ ᠤᠨ ᠴᠢᠳᠠᠪᠤᠷᠢᠲᠠᠨ ᠤ ᠦᠢᠯᠡᠴᠢᠯᠡᠭᠡᠨ ᠤ ᠲᠥᠪ ᠲᠤ ᠬᠢᠴᠢᠶᠠᠯ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠬᠤᠯᠪᠤᠭᠠᠯᠠᠨ ᠲᠠᠭᠠᠭᠠᠴᠢᠯᠠᠭᠤᠯᠬᠤ ᠠᠯᠪᠠᠨ ᠬᠡᠷ ᠤᠨ ᠡᠷᠬᠢᠯᠡᠭᠴᠢ ᠵᠠᠩ ᠫᠧᠩ ᠴᠧᠩ | ᠬᠢᠴᠢᠶᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠲᠣᠪᠴᠢᠶ᠎ᠠ ᠶᠢᠨ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠬᠤᠲᠠ ᠶᠢᠨ ᠬᠤᠯᠪᠤᠭᠠᠯᠠᠨ ᠲᠠᠭᠠᠭᠠᠴᠢᠯᠠᠭᠤᠯᠬᠤ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ | ᠢᠦᠶ ᠹᠸᠢ ᠬᠤᠷᠠᠯ ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠣᠣ | ᠵᠢᠶᠦ᠋ᠨ ᠪᠠᠶᠠᠷᠯᠠᠨ ᠤᠭᠲᠤᠬᠤ ᠶᠠᠷᠢᠶ᠎ᠠ ᠲᠠᠯᠪᠢᠵᠦ᠂ ᠬᠤᠰᠢᠭᠤᠨ ᠤ ᠳᠡᠳ᠋ ᠳᠠᠷᠤᠭ᠎ᠠ ᠸᠠᠩ ᠵᠢᠩ ᠯᠥᠡᠭ ᠬᠤᠷᠠᠯ ᠳᠤ ᠣᠷᠣᠯᠴᠠᠪᠠ᠃ | 6 ᠰᠠᠷ᠎ᠠ ᠶᠢᠨ 6 —10 ᠤ ᠡᠳᠦᠷ ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠪᠦᠯᠬᠦᠮ ᠳᠠᠭᠠᠭᠤᠯᠤᠨ ᠵᠢᠶᠠᠩᠰᠦ᠂ | ᠱᠠᠨᠰᠢ ᠳᠤ ᠬᠦᠷᠴᠦ ᠴᠢᠬᠤᠯᠠ ᠲᠤᠮᠤ ᠲᠦᠷᠦᠯ ᠵᠦᠢᠯ ᠤᠨ ᠵᠤᠯᠭᠠᠭᠤᠯᠬᠤ ᠠᠵᠢᠯ ᠳᠤ ᠰᠢᠨᠵᠢᠯᠡᠨ ᠪᠠᠶᠢᠴᠠᠭᠠᠯᠳᠠ ᠬᠢᠪᠠ᠃ ᠬᠤᠰᠢᠭᠤᠨ ᠤ ᠤᠳᠤᠷᠢᠳᠤᠯᠭ᠎ᠠ ᠴᠢᠶᠣᠤ | ᠠᠶ ᠫᠢᠩ᠂ ᠸᠠᠩ ᠢᠦᠶ ᠵᠢᠶᠧ᠂ ᠯᠢᠦ ᠢᠦᠶ ᠴᠧᠩ᠂ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠤᠷᠤᠨ ᠵᠢᠴᠢ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠰᠢᠨᠵᠢᠯᠡᠨ ᠪᠠᠶᠢᠴᠠᠭᠠᠯᠳᠠ ᠳᠤ ᠪᠠᠷ᠎ᠠ ᠪᠤᠯᠤᠯᠴᠠᠪᠠ᠃ | 6 ᠰᠠᠷ᠎ᠠ ᠶᠢᠨ 13 ᠤ ᠡᠳᠦᠷ᠂ 2022 ᠣᠨ ᠤ 15 ᠳ᠋ᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠶ ᠰᠡᠳᠦᠪᠲᠦ ᠬᠤᠷᠠᠯ ᠬᠤᠷᠠᠯᠳᠤᠵᠦ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠤᠳᠤᠷᠢᠳᠤᠯᠭ᠎ᠠ ᠶᠢᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠠᠵᠤ | ᠠᠬᠤᠶ ᠶᠢᠨ ᠡᠷᠬᠢᠯᠳᠡ᠂ ᠴᠢᠬᠤᠯᠠ ᠲᠤᠮᠤ ᠲᠥᠷᠥᠯ ᠵᠦᠢᠯ᠂ ᠵᠢᠷᠭᠤᠭᠠᠨ ᠲᠦᠷᠦᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ᠂ ᠬᠥᠳᠡᠭᠡ ᠲᠣᠰᠬᠤᠨ ᠢ | ᠬᠦᠭᠵᠢᠬᠦᠯᠦᠨ ᠮᠠᠨᠳᠤᠭᠤᠯᠬᠤ ᠪᠠ ᠪᠤᠯᠪᠠᠰᠤᠨ ᠬᠤᠲᠠ ᠶᠢ ᠡᠬᠦᠳᠦᠨ ᠪᠠᠶᠢᠭᠤᠯᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠳᠠ ᠶᠢ ᠰᠣᠨᠣᠰᠪᠠ᠃ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠡᠷᠭᠢᠯᠡᠪᠡ᠃ | 6 ᠰᠠᠷ᠎ᠠ ᠶᠢᠨ 15 ᠤ ᠡᠳᠦᠷ᠂ ᠵᠡᠭᠦᠨᠭᠠᠷ ᠬᠤᠰᠢᠭᠤᠨ ᠤ ᠨᠠᠮ ᠤᠨ ᠪᠠᠶᠢᠭᠤᠯᠤᠯᠲᠠ ᠪᠠᠷ ᠬᠤᠲᠠ ᠶᠢᠨ ᠦᠨᠳᠦᠰᠦᠨ ᠱᠠᠲᠤᠨ ᠤ ᠵᠠᠰᠠᠯᠳᠠ ᠶᠢ ᠬᠦᠳᠦᠯᠦᠨ | ᠲᠠᠭᠠᠭᠤᠯᠬᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠰᠢᠯᠭᠠᠷᠠᠭᠤᠯᠬᠤ ᠮᠦᠷᠦᠶᠢᠴᠡᠬᠡᠨ ᠣᠷᠳᠣᠰ ᠬᠤᠲᠠ ᠶᠢᠨ ᠬᠥᠳᠡᠭᠡ | ᠲᠣᠰᠬᠤᠨ ᠢ ᠬᠦᠭᠵᠢᠬᠦᠯᠦᠨ ᠮᠠᠨᠳᠤᠭᠤᠯᠬᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠦᠢᠯᠡᠴᠢᠯᠡᠬᠡᠨ ᠤ ᠲᠥᠪ ᠲᠤ ᠶᠠᠪᠤᠭᠳᠠᠪᠠ᠃ | ᠲᠣᠰ ᠡᠳᠦᠷ᠂ ᠪᠥᠬᠦ ᠬᠤᠰᠢᠭᠤᠨ ᠤ ᠭᠠᠯ ᠰᠡᠷᠬᠡᠶᠢᠯᠡᠬᠦ ᠠᠵᠢᠯ ᠤᠨ ᠬᠤᠷᠠᠯ ᠵᠢᠴᠢ ᠭᠠᠯ ᠰᠡᠷᠬᠡᠶᠢᠯᠡᠬᠦ ᠠᠮᠤᠷ ᠲᠦᠪᠰᠢᠨ ᠤ ᠲᠤᠰᠬᠠᠶ ᠵᠠᠰᠠᠨ | ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ᠂ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ | ᠤᠶᠦᠨᠪᠢᠯᠢᠭ᠂ ᠬᠤᠰᠢᠭᠤᠨ ᠤ ᠠᠶᠤᠯᠭᠦᠶ ᠦᠢᠯᠡᠳᠪᠤᠷᠢᠯᠡᠯ ᠤᠨ ᠵᠥᠪᠯᠡᠯ ᠤᠨ ᠠᠯᠪᠠᠨ ᠬᠡᠷ ᠤᠨ ᠡᠯ᠎ᠡ ᠪᠦᠷᠢᠯᠳᠦᠬᠦᠨ ᠪᠠᠶᠢᠭᠤᠯᠭ᠎ᠠ ᠨᠢᠭᠡᠴᠡ᠂ ᠡᠯ᠎ᠡ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠂ ᠡᠮᠨᠡᠯᠭᠡ ᠶᠢᠨ ᠬᠤᠷᠢᠶ᠎ᠠ ᠵᠢᠴᠢ ᠬᠥᠮᠦᠨ ᠠᠮᠠ | ᠨᠢᠬᠳᠠᠷᠠᠬᠰᠠᠨ ᠲᠠᠯᠠᠪᠤᠷ ᠤᠨ ᠭᠤᠤᠯ ᠪᠤᠯᠬᠤ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠪᠠ᠃ ᠬᠤᠷᠠᠯ ᠠᠴᠠ ᠪᠥᠬᠦ ᠬᠤᠰᠢᠭᠤᠨ ᠤ ᠭᠠᠯ ᠰᠡᠷᠬᠡᠶᠢᠯᠡᠬᠦ ᠠᠵᠢᠯ ᠤᠨ | ᠬᠤᠯᠪᠤᠬᠳᠠᠯ ᠪᠥᠬᠦᠶ ᠪᠠᠶᠢᠳᠠᠯ ᠢ ᠵᠠᠷᠯᠠᠵᠦ᠂ ᠪᠥᠬᠦ ᠬᠤᠰᠢᠭᠤᠨ ᠤ ᠭᠠᠯ ᠰᠡᠷᠬᠡᠶᠢᠯᠡᠬᠦ ᠠᠵᠢᠯ ᠪᠠ ᠭᠠᠯ ᠰᠡᠷᠬᠡᠶᠢᠯᠡᠬᠦ ᠠᠮᠤᠷ ᠲᠦᠪᠰᠢᠨ ᠤ ᠲᠤᠰᠬᠠᠶ ᠵᠠᠰᠠᠨ | ᠴᠡᠭᠴᠡᠯᠡᠯᠳᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠠ᠃ | 6 ᠰᠠᠷ᠎ᠠ ᠶᠢᠨ 16 ᠤ ᠡᠳᠦᠷ᠂ ᠪᠥᠬᠦ ᠬᠤᠲᠠ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠠᠶᠢᠴᠢᠯᠠᠯᠲᠠ ᠪᠠᠶᠢᠷᠢᠯᠠᠭᠤᠯᠤᠯᠳᠠ ᠶᠢᠨ | ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ | ᠬᠤᠢ ᠯᠢᠶᠠᠩ ᠲᠤᠰ ᠪᠦᠷᠢ ᠴᠣᠬᠤᠯᠠᠪᠤᠷᠢ ᠭᠠᠷᠭᠠᠵᠡᠢ᠃ ᠬᠤᠲᠠ ᠶᠢᠨ ᠤᠳᠤᠷᠢᠳᠤᠯᠭ᠎ᠠ ᠰᠢᠩ ᠵᠧᠩ᠂ ᠰᠤ᠋ ᠼᠦᠢ ᠹᠠᠩ᠂ ᠡᠷᠳᠡᠨᠢᠪᠢᠯᠢᠭ ᠬᠤᠷᠠᠯ ᠳᠤ ᠣᠷᠣᠯᠴᠠᠪᠠ᠃ | ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠭᠠᠮᠰᠢᠭ ᠤᠨ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ | ᠰᠡᠷᠭᠡᠶᠢᠯᠡᠨ ᠠᠷᠢᠯᠭᠠᠬᠤ ᠬᠡᠷᠡᠭᠳᠡᠢ᠃ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠦ᠂ ᠠᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠪᠡ᠃ | ᠬᠤᠷᠠᠯ ᠨᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠲᠤ ᠶᠠᠪᠤᠬᠳᠠᠪᠠ᠃ ᠬᠤᠰᠢᠭᠤᠨ ᠤ ᠳᠡᠳ᠋ ᠳᠠᠷᠤᠭ᠎ᠠ ᠸᠠᠩ ᠵᠢᠩ ᠯᠦᠡᠭ ᠭᠤᠤᠯ | ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠯᠪᠤᠬᠳᠠᠯ ᠪᠥᠬᠦᠶ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠬᠤᠷᠠᠯ ᠳᠤ ᠣᠷᠣᠯᠴᠠᠪᠠ᠃ | 6 ᠰᠠᠷ᠎ᠠ ᠶᠢᠨ 13—18 ᠤ ᠡᠳᠦᠷ ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠦᠯᠬᠦᠮ | ᠳᠠᠭᠠᠭᠤᠯᠤᠨ ᠹᠦᠵᠢᠶᠠᠨ ᠮᠤᠵᠢ ᠶᠢᠨ ᠰᠢᠶᠠᠮᠧᠨ ᠬᠤᠲᠠ᠂ ᠹᠦᠵᠧᠦ ᠬᠤᠲᠠ ᠳᠤ ᠬᠦᠷᠴᠦ ᠲᠤᠭᠠᠴᠠᠯᠠᠬᠰᠠᠨ ᠵᠠᠰᠠᠭ ᠤᠨ ᠣᠷᠳᠣᠨ᠂ ᠬᠠᠤᠯᠢᠵᠢᠯ ᠵᠠᠰᠠᠭ ᠤᠨ | ᠣᠷᠳᠣᠨ ᠤ ᠪᠠᠶᠢᠭᠤᠯᠤᠯᠲᠠ ᠶᠢ ᠰᠤᠷᠤᠯᠴᠠᠨ ᠰᠢᠨᠵᠢᠯᠡᠨ ᠪᠠᠶᠢᠴᠠᠭᠠᠬᠤ ᠶᠢᠨ ᠲᠠᠭᠠᠤ ᠴᠢᠬᠤᠯᠠ ᠲᠤᠮᠤ ᠲᠦᠷᠦᠯ ᠵᠦᠢᠯ ᠢ ᠵᠣᠯᠭᠠᠭᠤᠯᠪᠠ᠃ | 6 ᠰᠠᠷ᠎ᠠ ᠶᠢᠨ 22 ᠤᠨ ᠡᠳᠦᠷ᠂ ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠤᠪᠴᠢᠶᠠᠨ ᠳᠠᠷᠤᠭ᠎ᠠ ᠸᠠᠩ ᠯᠢ ᠫᠢᠩ ᠪᠦᠯᠬᠦᠮ ᠳᠠᠭᠠᠭᠤᠯᠤᠨ ᠵᠡᠭᠦᠨᠭᠠᠷ ᠬᠤᠰᠢᠭᠤᠨ ᠳᠤ ᠢᠷᠡᠵᠦ ᠠᠵᠤ ᠦᠢᠯᠡᠳᠪᠤᠷᠢ ᠶᠢᠨ ᠠᠵᠤ ᠠᠬᠤᠶᠢᠯᠠᠯ᠂ ᠪᠠᠯᠠ | ᠣᠷᠣᠭᠤᠯᠤᠯᠲᠠ ᠶᠢᠨ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠰᠢᠭᠤᠨ ᠤ ᠣᠳᠣᠬᠠᠨ ᠤ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠢ | ᠦᠢᠯᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠶ ᠱᠤ᠋ ᠴᠢᠩ᠂ ᠬᠤᠰᠢᠭᠤᠨ ᠤ ᠲᠤᠭ᠎ᠠ | ᠪᠦᠷᠢᠳᠭᠡᠯ ᠤᠨ ᠲᠤᠪᠴᠢᠶᠠᠨ ᠤ ᠬᠤᠯᠪᠤᠬᠳᠠᠯ ᠪᠦᠬᠦᠢ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ | 6 ᠰᠠᠷ᠎ᠠ ᠶᠢᠨ 23 ᠤ ᠡᠳᠦᠷ᠂ ᠪᠥᠬᠦ ᠬᠤᠰᠢᠭᠤᠨ ᠤ ᠵᠠᠯᠠᠭᠤ ᠺᠠᠳ᠋ᠷᠴᠤᠳ ᠢ ᠰᠡᠷᠡᠮᠵᠢᠯᠡᠬᠦᠯᠦᠨ ᠢᠳᠬᠠᠬᠤ ᠬᠠᠮᠲᠤ ᠶᠢᠨ ᠶᠠᠷᠢᠯᠴᠠᠭ᠎ᠠ ᠵᠢᠴᠢ ᠨᠠᠮ ᠤᠨ | ᠰᠤᠷᠲᠠᠯ ᠴᠢᠬᠡᠴᠢ ᠵᠠᠰᠠᠭ ᠤᠨ ᠬᠥᠮᠦᠵᠢᠯ ᠤᠨ ᠬᠤᠷᠠᠯ ᠣᠷᠳᠣᠰ ᠬᠤᠲᠠ ᠶᠢᠨ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠲᠤᠰᠬᠠᠶ ᠮᠡᠷᠭᠡᠵᠢᠯ ᠤᠨ | ᠴᠢᠳᠠᠪᠤᠷᠢᠲᠠᠨ ᠤ ᠦᠢᠯᠡᠴᠢᠯᠡᠬᠡᠨ ᠤ ᠲᠥᠪ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠴᠢᠶᠣᠤ ᡁᠢ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | 6 ᠰᠠᠷ᠎ᠠ ᠶᠢᠨ 24 ᠤ ᠡᠳᠦᠷ᠂ ᠵᠡᠭᠦᠨᠭᠠᠷ ᠬᠤᠰᠢᠭᠤᠨ ᠤ《ᠪᠣᠯᠪᠠᠰᠤᠨ ᠢ ᠬᠠᠮᠳᠤᠪᠡᠷ ᠡᠷᠬᠢᠮᠯᠡᠵᠦ ᠲᠠᠶᠠᠭᠠᠷ ᠢᠶᠠᠨ ᠭᠤᠸ᠎ᠠ ᠰᠠᠶᠢᠬᠠᠨ ᠢ ᠡᠳ᠋ᠯᠡᠬᠦ》ᠪᠦᠬᠦ | ᠠᠷᠠᠳ ᠤᠨ ᠪᠣᠯᠪᠠᠰᠤᠨ ᠢ ᠡᠭᠦᠳᠦᠨ ᠪᠠᠶᠢᠭᠤᠯᠬᠤ ᠶᠢ ᠦᠢᠯᠡᠳᠦᠯᠬᠡᠵᠢᠬᠦᠯᠬᠦ ᠰᠠᠷ᠎ᠠ ᠶᠢᠨ《ᠠᠷᠪᠠᠨ ᠶᠡᠭᠡ ᠠᠵᠢᠯᠯᠠᠭ᠎ᠠ》 ᠶᠢᠨ ᠡᠬᠢᠯᠡᠯᠲᠡ ᠶᠢᠨ ᠶᠣᠰᠣᠯᠠᠯ ᠵᠡᠭᠦᠨᠭᠠᠷ | ᠠᠭᠤᠳᠠᠮ ᠲᠠᠯᠠᠪᠠᠶ ᠳᠤ ᠶᠠᠪᠤᠬᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠬᠠᠨ ᠶᠠᠨ | ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠨ᠂ ᠬᠤᠰᠢᠭᠤᠨ ᠤ ᠤᠳᠤᠷᠢᠳᠤᠯᠭ᠎ᠠ ᠬᠤᠸᠠᠩ ᠯᠸᠢ᠂ ᠯᠢ ᠱᠤᠸᠠᠨ ᠶᠣᠰᠣᠯᠠᠯ ᠳᠤ ᠣᠷᠣᠯᠴᠠᠪᠠ᠃ | 6 ᠰᠠᠷ᠎ᠠ ᠶᠢᠨ 27 ᠤ ᠡᠳᠦᠷ᠂ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠠᠬᠢᠭᠤᠯᠬᠤ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠤ᠋ ᠰᠢᠨ ᠶᠠ | ᠴᠢᠬᠤᠯᠠᠴᠢᠯᠠᠬᠤ ᠳᠠᠭᠠᠨ᠂ ᠡᠯ᠎ᠡ ᠱᠠᠳᠤᠨ ᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠭᠢᠯᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠶᠢ ᠦᠷᠭᠦᠯᠵᠢᠯᠡᠨ | ᠠᠬᠢᠭᠤᠯᠬᠤ ᠬᠡᠷᠡᠭᠲᠡᠶ᠃ ᠠᠵᠢᠯ ᠤᠨ ᠰᠤᠷᠲᠠᠯ ᠢ ᠠᠳᠬᠤᠵᠦ᠂ ᠦᠢᠯᠡᠴᠢᠯᠡᠭᠡ ᠶᠢ ᠠᠳᠬᠤᠨ᠂ ᠠᠷᠠᠯᠵᠢᠶᠠᠴᠢᠨ ᠤᠷᠢᠬᠤ ᠶᠢ ᠠᠳᠬᠤᠵᠦ᠂ ᠴᠢᠳᠠᠪᠤᠷᠢᠲᠠᠨ ᠢ | ᠠᠳᠬᠤᠨ᠂ ᠤᠬᠠᠭᠤᠯᠭ᠎ᠠ ᠶᠢ ᠠᠳᠬᠤᠵᠦ᠂ ᠲᠦᠷᠭᠡᠨ ᠠᠯᠬᠤᠭ᠎ᠠ ᠪᠠᠷ ᠲᠡᠷᠢᠭᠦᠨ ᠤ ᠬᠢ ᠶᠢ ᠲᠡᠮᠡᠴᠡᠵᠦ ᠬᠤᠪᠢ ᠨᠡᠮᠡᠷᠢ ᠪᠠᠨ ᠦᠵᠡᠬᠦᠯᠬᠦ ᠲᠡᠮᠡᠴᠡᠯ ᠤᠨ ᠤᠪᠤᠷ | ᠪᠠᠶᠢᠳᠠᠯ ᠢᠶᠠᠷ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠬᠡᠪᠡ᠃ | ᠲᠤᠰ ᠡᠳᠦᠷ᠂ ᠬᠤᠰᠢᠭᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠲᠠ ᠶᠢᠨ ᠪᠦᠳᠦᠬᠡᠨ ᠪᠠᠶᠢᠭᠤᠯᠤᠯᠲᠠ᠂ | ᠲᠠᠷᠢᠶᠠᠯᠠᠬᠤ ᠮᠠᠯᠵᠢᠬᠤ ᠣᠷᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠭᠡᠭᠰᠡᠨ ᠪᠠᠶᠢᠳᠠᠯ ᠤᠨ ᠲᠤᠰᠬᠠᠶ ᠮᠡᠳᠡᠬᠦᠯᠦᠯᠳᠠ ᠶᠢᠨ ᠬᠤᠷᠠᠯ ᠬᠤᠷᠠᠯᠳᠤᠭᠤᠯᠵᠦ᠂ | ᠬᠤᠰᠢᠭᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ ᠴᠢᠩ ᠬᠤᠷᠠᠯ ᠡᠷᠭᠢᠯᠡᠵᠦ ᠶᠠᠷᠢᠶ᠎ᠠ | ᠲᠠᠯᠪᠢᠪᠠ᠃ ᠬᠤᠰᠢᠭᠤᠨ ᠤ ᠤᠳᠤᠷᠢᠳᠤᠯᠭ᠎ᠠ ᠴᠢᠦᠶ ᠱᠤ᠋ ᠴᠢᠩ᠂ ᠠᠨ ᠰᠢᠶᠠ᠂ ᠸᠠᠩ ᠮᠢᠨ᠂ ᠶᠠᠨ ᠹᠸᠢ᠂ ᠷᠧᠨ ᡁᠢ ᠶᠤᠸᠠᠨ᠂ ᠸᠠᠩ ᠵᠢᠩ ᠯᠥᠡᠭ᠂ ᠡᠤ ᠰᠢᠤᠢ | ᠳ᠋ᠦᠩ᠂ ᠬᠤᠰᠢᠭᠤᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠵᠥᠪᠯᠡᠯ ᠤᠨ ᠠᠯᠪᠠᠨ ᠬᠡᠷ ᠤᠨ ᠡᠷᠬᠢᠯᠡᠭᠴᠢ᠂ | ᠳᠡᠳ᠋ ᠡᠷᠬᠢᠯᠡᠭᠴᠢ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠶ ᠶᠢᠨ ᠵᠥᠪᠯᠡᠯ ᠤᠨ ᠪᠦᠷᠢᠯᠳᠦᠬᠦᠨ ᠵᠢᠴᠢ ᠡᠯ᠎ᠡ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠲᠤᠰ ᠡᠳᠦᠷ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠵᠡᠭᠦᠨᠭᠠᠷ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ᠂ ᠵᠡᠭᠦᠨᠭᠠᠷ | ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠷᠬᠢᠯᠳᠠ ᠪᠠ ᠤᠯᠤᠰ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠶᠢ ᠲᠤᠬᠳᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠨᠵᠡᠭᠡᠶ | ᠣᠶᠢᠯᠠᠭᠠᠪᠠ᠃ ᠬᠤᠰᠢᠭᠤᠨ ᠤ ᠤᠳᠤᠷᠢᠳᠤᠯᠭ᠎ᠠ ᠵᠠᠩ ᠶᠠ ᠨᠠᠨ᠂ ᠯᠢᠦ ᠢᠦᠶ ᠴᠧᠩ᠂ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ | ᠪᠤᠯᠤᠯᠴᠠᠪᠠ᠃ ᠯᠢᠦ ᠹᠸᠡᠭ ᠶᠦᠨ ᠴᠢᠬᠤᠯᠠᠴᠢᠯᠠᠬᠤ ᠳᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ | ᠦᠨᠡᠨ ᠰᠡᠳᠬᠢᠯᠬᠡ ᠠᠴᠠ ᠪᠠᠨ ᠬᠦᠴᠦ ᠲᠠᠯᠪᠢᠨ ᠰᠠᠶᠢᠲᠤᠷ ᠰᠢᠢᠳᠪᠤᠷᠢᠯᠡᠵᠦ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤᠳᠬᠠᠵᠤ᠂ ᠠᠵᠤ | ᠠᠬᠤᠶᠢᠯᠠᠯ ᠤᠨ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠡᠷᠡᠭᠦᠯ ᠮᠦᠷᠳᠡᠬᠡᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠲᠡᠢ ᠬᠡᠪᠡ᠃ | 6 ᠰᠠᠷ᠎ᠠ ᠶᠢᠨ 28 ᠤ ᠡᠳᠦᠷ᠂ ᠵᠡᠭᠦᠨᠭᠠᠷ ᠬᠤᠰᠢᠭᠤᠨ ᠤ《ᠲᠦᠮᠡᠨ ᠬᠥᠮᠦᠨ ᠰᠢᠨ᠎ᠡ ᠴᠠᠭ ᠦᠶ᠎ᠡ ᠪᠠᠨ ᠮᠠᠬᠳᠠᠨ ᠲᠠᠭᠤᠯᠠᠵᠦ ᠨᠠᠮ ᠤᠨ ᠬᠤᠷᠢᠳᠤᠭᠠᠷ ᠶᠡᠭᠡ | ᠬᠤᠷᠠᠯ ᠢ ᠪᠠᠶᠠᠷᠯᠠᠨ ᠤᠬᠳᠤᠬᠤ》ᠲᠤᠯᠤᠭᠠᠨ ᠰᠠᠷ᠎ᠠ ᠶᠢᠨ ᠨᠢᠭᠡᠨ ᠢ ᠪᠡᠯᠬᠡᠯᠡᠬᠦ ᠠᠵᠢᠯᠯᠠᠭ᠎ᠠ ᠵᠡᠭᠦᠨᠭᠠᠷ ᠠᠭᠤᠳᠠᠮ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠰᠤ᠋ ᠰᠢᠨ ᠶᠠ᠂ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ | ᠠᠵᠢᠯᠯᠠᠭ᠎ᠠ ᠳᠤ ᠣᠷᠣᠯᠴᠠᠪᠠ᠃ ᠠᠵᠢᠯᠯᠠᠭ᠎ᠠ ᠳᠤ ᠬᠤᠰᠢᠭᠤ ᠰᠢᠶᠠᠨ ᠤ ᠲᠡᠰ ᠤᠨ ᠺᠠᠳ᠋ᠷ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠡᠯ᠎ᠡ ᠪᠠᠶᠢᠭᠤᠯᠭ᠎ᠠ ᠨᠢᠭᠡᠴᠡ᠂ ᠡᠯ᠎ᠡ ᠠᠵᠤ ᠠᠬᠤᠶᠢᠯᠠᠯ ᠤᠨ ᠨᠠᠮ ᠤᠨ ᠭᠡᠰᠢᠭᠦᠨ ᠺᠠᠳ᠋ᠷ ᠵᠢᠴᠢ ᠨᠡᠶᠢᠭᠡᠮ ᠤᠨ ᠡᠯ᠎ᠡ ᠡᠲᠡᠭᠡᠳ ᠤᠨ ᠣᠯᠠᠨ ᠲᠦᠮᠡᠨ 14000 | ᠬᠥᠮᠦᠨ ᠣᠷᠣᠯᠴᠠᠪᠠ᠃ | ᠲᠣᠰ ᠡᠳᠦᠷ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠲᠢᠶᠠᠨ ᠾᠧ ᠬᠡᠷᠡᠯ | ᠤᠨ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠬᠤᠲᠠ ᠶᠢᠨ ᠳᠡᠳ᠋ | ᠳᠠᠷᠤᠭ᠎ᠠ ᠯᠢᠦ ᠹᠧᠩ ᠶᠦᠨ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠠ ᠲᠢᠶᠠᠨ ᠾᠧ ᠬᠡᠷᠡᠯ ᠤᠨ | ᠡᠨᠧᠷᠬᠢ ᠶᠢᠨ ᠺᠣᠮᠫᠠᠨᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠬᠠᠮᠲᠤᠷᠠᠨ ᠠᠵᠢᠯᠯᠠᠬᠤ ᠪᠣᠷᠣ ᠲᠦᠯᠦᠪ ᠤᠨ ᠬᠡᠯᠡᠯᠴᠡᠭᠡᠷ ᠲᠤ ᠭᠠᠷ ᠤᠨ ᠦᠰᠦᠭ | ᠵᠢᠷᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠶ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠤᠤ ᠵᠠᠨ ᠱᠧᠩ᠂ ᠬᠤᠰᠢᠭᠤᠨ ᠤ | ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠬᠤᠲᠠ᠂ ᠬᠤᠰᠢᠭᠤᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ | ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | 6 ᠰᠠᠷ᠎ᠠ ᠶᠢᠨ 29 ᠤ ᠡᠳᠦᠷ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ | ᠪᠠᠭᠰᠢ ᠶᠢᠨ ᠲᠤᠰᠬᠠᠶ ᠮᠡᠷᠭᠡᠵᠢᠯ ᠤᠨ ᠲᠡᠬᠡᠳᠤ ᠰᠤᠷᠭᠠᠭᠤᠯᠢ ᠲᠠᠢ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ | ᠲᠤᠰᠬᠠᠶ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠵᠠᠬᠢᠷᠤᠯ ᠯᠢ ᡁᠢ ᠵᠢᠶᠧ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠬᠡᠷ᠎ᠡ ᠲᠤᠬᠳᠠᠬᠤ ᠶᠣᠰᠣᠯᠠᠯ ᠳᠤ ᠣᠷᠣᠯᠴᠠᠪᠠ᠃ ᠵᠠᠩ ᠶᠠ | ᠨᠠᠨ ᠪᠤᠯᠤᠨ ᠯᠢ ᡁᠢ ᠵᠢᠶᠧ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠬᠠᠮᠲᠤ ᠪᠠᠷ | ᠪᠠᠶᠢᠭᠤᠯᠬᠤ ᠪᠣᠷᠣ ᠲᠦᠯᠦᠪ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠥᠪᠥᠷ ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ ᠶᠢᠨ ᠲᠤᠰᠬᠠᠶ | ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠢ ᠵᠡᠭᠦᠨᠭᠠᠷ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ ᠶᠢᠨ ᠬᠠᠷᠢᠭᠤᠴᠠᠯᠭᠠᠲᠠᠨ ᠲᠠᠢ ᠰᠤᠷᠭᠠᠨ ᠬᠥᠮᠦᠵᠢᠯ ᠤᠨ ᠦᠢᠯᠡᠳᠦᠯᠬᠡ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ ᠬᠡᠯᠡᠯᠴᠡᠭᠡᠷ ᠲᠤ ᠭᠠᠷ ᠤᠨ | ᠥᠰᠥᠭ ᠵᠢᠷᠤᠪᠠ᠃ | ᠲᠤᠰ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 9 ᠳ᠋ᠤᠬᠡᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ | ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠠᠯ ᠡᠷᠬᠢᠯᠡᠵᠦ᠂ ᠬᠤᠰᠢᠭᠤᠨ ᠤ ᠤᠳᠤᠷᠢᠳᠤᠯᠭ᠎ᠠ | ᠴᠢᠦᠶ ᠱᠤ᠋ ᠴᠢᠩ᠂ ᠸᠠᠩ ᠮᠢᠨ᠂ ᠸᠠᠩ ᠵᠢᠩ ᠯᠥᠡᠭ᠂ ᠤᠶᠦᠨᠪᠢᠯᠢᠭ᠂ ᠡᠤ ᠰᠢᠤᠢ ᠳ᠋ᠦᠩ᠂ ᠵᠠᠩ ᠶᠠ ᠨᠠᠨ᠂ ᠯᠢᠦ ᠢᠦᠢ ᠴᠧᠩ᠂ ᠬᠤᠸᠠᠩ ᠯᠸᠢ᠂ ᠭᠤᠤ ᠷᠦᠨ | ᠬᠤᠸᠠ ᠪᠠ ᠬᠤᠯᠪᠣᠭᠳᠠᠯ ᠪᠦᠭᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠬᠤᠷᠠᠯ ᠳᠤ ᠣᠷᠣᠯᠴᠠᠪᠠ᠃ ᠬᠤᠷᠠᠯ ᠠᠴᠠ ᠬᠤᠯᠪᠣᠭᠳᠠᠯ ᠪᠦᠬᠦᠢ ᠲᠦᠷᠦᠯ | ᠵᠦᠢᠯ ᠢ ᠠᠬᠢᠭᠤᠯᠬᠤ ᠠᠵᠢᠯ ᠤᠨ ᠶᠠᠪᠤᠳᠠᠯ ᠢ ᠰᠤᠳᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠵᠠᠰᠠᠭ ᠤᠨ ᠣᠷᠳᠣᠨ ᠤ | ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠤᠬᠢᠷᠠᠭᠤᠯᠤᠯᠳᠠ ᠬᠢᠪᠡ᠃ | 6 ᠰᠠᠷ᠎ᠠ ᠶᠢᠨ 29—30 ᠤ ᠡᠳᠦᠷ ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠤᠯᠤᠰ ᠳᠦᠷᠤ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠢᠶᠤᠤ ᠵᠢᠩ ᠵᠡᠭᠦᠨᠭᠠᠷ ᠬᠤᠰᠢᠭᠤᠨ ᠤ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠲᠠᠯᠠᠳ ᠬᠤᠰᠢᠭᠤ᠂ ᠳ᠋ᠦᠡᠭᠱᠸᠡᠭ ᠲᠣᠭᠤᠷᠢᠭ᠂ | ᠡᠵᠡᠨ ᠬᠤᠷᠤᠭ᠎ᠠ ᠬᠤᠰᠢᠭᠤᠨ ᠳᠤ ᠬᠦᠷᠴᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ᠂ ᠬᠥᠳᠡᠭᠡ ᠲᠣᠰᠬᠤᠨ ᠢ ᠬᠦᠭᠵᠢᠬᠦᠯᠦᠨ ᠮᠠᠨᠳᠤᠭᠤᠯᠬᠤ ᠪᠠ | ᠤᠶᠤᠨᠴᠢ ᠬᠤᠲᠠ ᠶᠢᠨ ᠪᠦᠳᠦᠬᠡᠨ ᠪᠠᠶᠢᠭᠤᠯᠤᠯᠲᠠ ᠵᠡᠷᠭᠡ ᠠᠵᠢᠯ ᠳᠤ ᠰᠢᠨᠵᠢᠯᠡᠨ ᠪᠠᠶᠢᠴᠠᠭᠠᠯᠳᠠ ᠬᠢᠪᠠ᠃ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠡᠷ᠎ᠠ ᠪᠤᠯᠤᠯᠴᠠᠵᠦ ᠰᠢᠨᠵᠢᠯᠡᠨ ᠪᠠᠶᠢᠴᠠᠭᠠᠯᠳᠠ ᠬᠢᠪᠠ᠃ | |