| | ᠣᠶᠢᠷ᠎ᠠ ᠳᠤ ᠂ ᠰᠠᠢ ᠺᠧ ᠰᠢᠩ ᠪᠦᠯᠦᠭᠯᠡᠯ ᠤᠨ ᠲᠦᠷᠦᠭᠦᠯᠡᠨ ᠪᠠᠶᠢᠭᠤᠯᠤᠭᠰᠠᠨ ᠥᠪᠥᠷ ᠮᠣᠩᠭᠤᠯ ᠤᠨ ᠳᠡᠭᠡᠳᠦ ᠲᠠᠰ ᠤᠨ ᠰᠠᠭᠠᠯᠢ ᠶᠢᠨ ᠦᠨᠢᠶ᠎ᠡ ᠶᠢᠨ | ᠡᠭᠦᠯᠳᠡᠷ ᠤᠨ ᠢᠷᠡᠯᠲᠡ ᠶᠢ ᠠᠭᠤᠳᠠᠯᠬᠤ ᠵᠢᠴᠢ ᠥᠨᠳᠥᠷ ᠪᠦᠲᠦᠮᠵᠢᠲᠡᠶ ᠦᠷᠡᠵᠢᠭᠦᠯᠦᠨ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ | ᠬᠤᠯᠪᠣᠭᠠᠲᠤ ᠴᠣᠭᠴᠠ ᠠᠴᠠ 2 ᠲᠣᠯᠣᠭᠠᠢ ᠺᠯᠤᠨ ᠰᠠᠭᠠᠯᠢ ᠶᠢᠨ ᠦᠨᠢᠶ᠎ᠡ ᠶᠢ ᠠᠮᠵᠢᠯᠲᠠ ᠲᠠᠢ ᠪᠤᠶᠢᠵᠢᠭᠤᠯᠵᠤ ᠂ ᠰᠠᠭᠠᠯᠢ ᠶᠢᠨ ᠦᠨᠢᠶ᠎ᠡ ᠶᠢᠨ ᠺᠯᠤᠨ ᠬᠦᠪᠦᠷᠡᠯ ᠤᠨ | ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠰᠢᠯᠵᠢᠭᠦᠯᠦᠨ ᠤᠷᠭᠤᠭᠤᠯᠬᠤ ᠪᠡᠶ᠎ᠡ ᠶᠢᠨ ᠦᠷ᠎ᠡ ᠲᠣᠭᠲᠠᠬᠤ ᠨᠣᠷᠮ᠎ᠠ ᠵᠡᠷᠭᠡ ᠭᠤᠣᠯ ᠪᠣᠯᠬᠤ ᠮᠡᠷᠭᠡᠵᠢᠯ ᠤᠨ | ᠭᠦᠢᠴᠡᠳᠬᠡᠯ ᠲᠤᠭ᠎ᠠ ᠶᠢᠨ ᠰᠢᠪᠲᠤᠯᠤᠯᠲᠠ ᠶᠢᠨ ᠴᠢᠨᠠᠷᠲᠠᠢ ᠳᠡᠭᠡᠭᠰᠢᠯᠡᠯᠲᠡ ᠶᠢ ᠪᠡᠶᠡᠯᠡᠭᠦᠯᠪᠡ ᠃ ᠡᠨᠡ ᠵᠢᠯ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ︽ | ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠷ ᠣᠷᠣᠭᠤᠯᠬᠤ ᠵᠠᠷᠤᠳᠠᠯ ᠢ ᠲᠣᠭᠲᠠᠭᠠᠬᠤ ︾ ᠬᠡᠯᠪᠡᠷᠢ ᠪᠠᠷ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ ᠂ ᠰᠠᠢ ᠺᠧ ᠰᠢᠩ ᠰᠤᠳᠤᠯᠭᠠᠨ ᠤ | ᠬᠦᠷᠢᠶᠡᠯᠡᠩ ᠠᠴᠠ ᠪᠠᠷᠠᠭᠤᠨ ᠬᠤᠶᠢᠲᠤ ᠶᠢᠨ ᠲᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠂ ᠳᠤᠮᠳᠠᠳᠤ ᠤᠯᠤᠰ ᠤᠨ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠭᠡᠵᠢᠩ ᠤᠨ ᠮᠠᠯ ᠠᠵᠤ ᠠᠬᠤᠢ ᠮᠠᠯ ᠤᠨ ᠡᠮᠨᠡᠯᠭᠡ ᠶᠢᠨ ᠰᠤᠳᠤᠯᠭᠠᠨ ᠤ ᠭᠠᠵᠠᠷ ᠂ ᠥᠪᠥᠷ | ᠮᠣᠩᠭᠤᠯ ᠤᠨ ᠶᠡᠭᠡ ᠰᠤᠷᠭᠠᠭᠤᠯᠢ ᠵᠡᠷᠭᠡ ᠣᠷᠣᠨ ᠤ ᠳᠣᠲᠣᠷ᠎ᠠ ᠭᠠᠳᠠᠨᠠᠬᠢ 5 ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠪᠣᠯᠣᠨ ᠠᠵᠤ ᠠᠬᠤᠶᠢᠯᠠᠯ ᠲᠠᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠪᠠ ᠃ ︽ ᠦᠢᠯᠡᠳᠪᠦᠷᠢᠯᠡᠬᠦ ᠂ ᠰᠤᠷᠤᠯᠴᠠᠬᠤ ᠂ ᠰᠢᠨᠵᠢᠯᠡᠬᠦ | ᠤᠬᠠᠭᠠᠨ ᠤ ᠰᠤᠳᠤᠯᠭᠠᠨ ᠬᠢᠬᠦ ᠂ ᠦᠢᠯᠡᠳᠦᠯᠭᠡ ᠳᠤ ᠬᠡᠷᠡᠭᠯᠡᠬᠦ ︾ ᠲᠠᠯ᠎ᠠ ᠪᠠᠷ ᠰᠢᠨ᠎ᠡ ᠶᠢ ᠡᠭᠦᠳᠦᠨ ᠬᠤᠯᠪᠣᠭᠠᠯᠠᠵᠤ ᠂ ᠳᠠᠪᠠᠭᠤᠯᠢᠭ ᠢᠶᠠᠷ ᠢᠶᠠᠨ ᠬᠠᠷᠢᠯᠴᠠᠨ | ᠨᠥᠬᠦᠪᠦᠷᠢᠯᠡᠬᠦ ᠪᠠᠷ ᠳᠠᠮᠵᠢᠭᠤᠯᠤᠨ ᠂ ᠮᠠᠨ ᠤ ᠤᠯᠤᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ | ᠳᠡᠭᠡᠳᠦ ᠲᠠᠰ ᠤᠨ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠲᠡ ᠳᠤᠲᠠᠮᠠᠭ ᠂ ᠥᠨᠳᠥᠷ ᠦᠷ᠎ᠡ ᠪᠦᠲᠦᠮᠵᠢᠲᠡᠶ ᠪᠠᠷ ᠡᠭᠦᠯᠳᠡᠷ ᠪᠤᠶᠢᠵᠢᠭᠤᠯᠤᠨ ᠦᠷᠡᠵᠢᠭᠦᠯᠬᠦ | ᠭᠤᠣᠯᠯᠠᠬᠤ ᠵᠠᠩᠭᠢᠯᠠᠭ᠎ᠠ ᠶᠢᠨ ᠮᠡᠷᠭᠡᠵᠢᠯ ᠪᠠᠭᠤᠷᠠᠢ ᠂ ᠳᠡᠭᠡᠳᠦ ᠲᠠᠰ ᠤᠨ ᠡᠭᠦᠯᠳᠡᠷ ᠤᠨ ᠢᠷᠡᠯᠲᠡ ᠶᠢᠨ ᠡᠭᠦᠯᠳᠡᠷ ᠬᠠᠩᠭᠠᠬᠤ ᠴᠢᠳᠠᠪᠤᠷᠢ ᠬᠢᠭᠡᠳ ᠦᠢᠯᠡᠳᠬᠦᠨ ᠤ | ᠭᠤᠣᠯᠯᠠᠬᠤ ᠥᠷᠢᠰᠦᠯᠳᠦᠬᠦ ᠬᠦᠴᠦᠨ ᠬᠦᠷᠦᠯᠴᠡᠬᠦ ᠦᠭᠡᠢ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠪᠤᠢ ᠃ | 2022 ᠣᠨ ᠳᠤ ᠂ ᠥᠪᠡᠷᠲᠡᠭᠡᠨ ᠵᠠᠰᠠᠬᠤ ᠣᠷᠣᠨ ᠦᠷ᠎ᠡ ᠶᠢᠨ ᠦᠢᠯᠡᠰ ᠂ ᠬᠤᠣᠰ ᠨᠡᠭᠦᠷᠡᠰᠦᠲᠥ᠋ᠷᠥᠭᠴᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ ᠳᠠᠭᠠᠭᠠᠴᠢᠯᠠᠭᠤᠯᠤᠨ ᠡᠭᠦᠷᠭᠡᠯᠡᠭᠦᠯᠬᠦ ︾ ᠲᠦᠷᠦᠯ ᠵᠦᠢᠯ ᠢ ᠡᠬᠢᠯᠡᠭᠦᠯᠪᠡ ᠃ | ᠣᠳᠣ ᠪᠣᠯᠲᠠᠯ᠎ᠠ ᠂ ᠠᠵᠤ ᠠᠬᠤᠶᠢᠯᠠᠯ ᠤᠨ ᠲᠦᠷᠦᠭᠦᠯᠡᠨ ᠬᠡᠷᠡᠭᠵᠢᠭᠦᠯᠦᠭᠰᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠤᠰᠬᠠᠢ ᠵᠦᠢᠯ ᠂ | ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢᠨ ᠲᠥᠷᠥᠯ ᠵᠦᠢᠯ ᠤᠨ ᠪᠡᠯᠡ | ᠮᠥᠩᠭᠦ ᠶᠢᠨ ᠡᠵᠡᠯᠡᠬᠦ ᠬᠠᠷᠢᠴᠠᠯ ᠨᠢ 77.65% ᠳᠤ ᠬᠦᠷᠴᠦ ᠂ ᠣᠷᠣᠨ ᠤ ᠳᠣᠲᠣᠷᠠᠬᠢ ᠳᠠᠭᠠᠭᠤᠯᠤᠭᠴᠢ ᠨᠢᠷᠤᠭᠤᠪᠴᠢ ᠠᠵᠤ ᠠᠬᠤᠶᠢᠯᠠᠯ ᠲᠦᠷᠦᠭᠦᠯᠡᠨ | ᠰᠢᠨ᠎ᠡ ᠶᠢ ᠡᠭᠦᠳᠬᠦ 52 ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠬᠤ ᠪᠠ ᠳᠠᠩᠰᠠᠯᠠᠭᠤᠯᠵᠤ ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠂ ᠶᠡᠭᠡ | ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠨᠡᠶᠢᠳᠡ 384 ᠣᠷᠣᠭᠤᠯᠤᠨ ᠠᠪᠴᠢᠷᠠᠵᠤ ᠂ 500 ᠭᠠᠷᠤᠢ ᠤᠯᠤᠰ | ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠶᠢ ᠡᠭᠦᠳᠬᠦ ᠲᠠᠪᠴᠠᠩ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠵᠦ ᠂ ᠰᠤᠳᠤᠯᠤᠨ | ᠬᠥᠭᠵᠢᠭᠦᠯᠬᠦ ᠪᠦᠯᠬᠦᠮ ᠤᠨ ᠪᠦᠬᠦ ᠬᠥᠮᠥᠨ ᠤ ᠲᠤᠭ᠎ᠠ 2103 ᠬᠥᠮᠥᠨ ᠳᠤ ᠬᠦᠷᠴᠦ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠠᠺᠠᠳᠧᠮᠢᠴᠢ ᠯᠢ ᠼᠠᠨ ᠢ ᠪᠠᠭᠲᠠᠭᠠᠭᠰᠠᠨ 24 ᠠᠬᠠᠯᠠᠭᠴᠢ ᠰᠢᠨᠵᠢᠯᠡᠬᠦ ᠤᠬᠠᠭᠠᠨᠲᠠᠨ ᠢ ᠠᠮᠵᠢᠯᠲᠠ ᠲᠠᠢ ᠤᠷᠢᠨ ᠠᠪᠴᠢᠷᠠᠵᠤ ᠪᠠᠶᠢᠭᠠᠳ ᠴᠢᠬᠤᠯᠠ ᠶᠡᠭᠡ ᠲᠦᠷᠦᠯ | ᠵᠦᠢᠯ ᠤᠨ ᠦᠷ᠎ᠡ ᠪᠦᠲᠦᠭᠡᠯ ᠢ ᠨᠡᠶᠢᠲᠡᠯᠡᠵᠦ ᠂ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠦᠴᠦᠷᠬᠡᠭ ᠶᠡᠭᠡ ᠨᠢᠭᠲᠠᠷᠠᠯ ᠤᠨ ᠬᠦᠴᠦᠨ ᠢ ᠢᠯᠡᠷᠡᠭᠦᠯᠪᠡ ᠃ | | |