ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ 6647 ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠪᠠ
ᠨᠡᠶᠢᠲᠡᠯᠡᠭᠰᠡᠨ ᠴᠠᠭ᠄
2022/11/30
       ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠢᠶᠠᠷ ᠂ ᠡᠨᠡ ᠵᠢᠯ ᠂ ᠲᠣᠰᠬᠤᠨ ᠤ ᠳᠦᠷᠰᠦ ᠪᠠᠶᠢᠳᠠᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠡᠳ᠋ ᠤᠨ ᠵᠠᠰᠠᠭ ᠠᠴᠠ 3000 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠪᠠᠭᠤᠯᠭᠠᠨ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠳᠡᠮᠵᠢᠵᠦ ᠂ ᠲᠦᠷᠦᠭᠦᠦ ᠭᠤᠷᠪᠠᠨ ᠤᠯᠠᠷᠢᠯ ᠳᠤ 6647 ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠂ ᠨᠠᠶᠢᠷᠠᠭᠤᠯᠤᠨ ᠵᠣᠬᠢᠶᠠᠬᠤ ᠶᠣᠰᠣᠲᠠᠢ ᠲᠣᠰᠬᠤᠨ ᠤ ᠲᠥᠯᠦᠪᠵᠢᠭᠦᠯᠭᠡ ᠶᠢᠨ ᠶᠡᠷᠦᠩᠬᠡᠢ ᠲᠣᠭᠠᠨ ᠤ 77.17% ᠶᠢ ᠡᠵᠡᠯᠡᠪᠡ ᠃     ᠣᠶᠢᠯᠠᠭᠠᠭᠰᠠᠨ ᠢᠶᠠᠷ ᠂ ᠪᠥᠬᠦ ᠣᠷᠣᠨ ᠤ ᠡᠯ᠎ᠡ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠰᠤᠮᠤ ᠰᠢᠶᠠᠩ ᠪᠠᠯᠭᠠᠰᠤ ᠶᠢᠨ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠣᠷᠣᠨ ᠵᠠᠢ ᠶᠢ ᠰᠢᠯᠢᠳᠡᠭᠵᠢᠭᠦᠯᠬᠦ ᠪᠠ ᠲᠡᠦᠬᠡ ᠰᠣᠶᠣᠯ ᠤᠨ ᠳᠦᠷᠰᠦ ᠪᠠᠶᠢᠳᠠᠯ ᠢ ᠬᠠᠮᠠᠭᠠᠯᠠᠨ ᠵᠠᠯᠭᠠᠮᠵᠢᠯᠠᠬᠤ ᠶᠢ ᠨᠢᠭᠡᠳᠦᠯᠲᠡᠢ ᠲᠥᠯᠥᠪᠵᠢᠭᠦᠯᠦᠨ ᠂ ᠲᠣᠰᠬᠤᠨ ᠤ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠂ ︽ ᠣᠯᠠᠨ ᠲᠥᠯᠦᠪᠵᠢᠭᠦᠯᠭᠡ ᠶᠢ ᠨᠢᠭᠡᠳᠬᠡᠭᠰᠡᠨ ︾ ᠬᠡᠷᠡᠭᠯᠡᠭᠡᠨ ᠤ ᠴᠢᠨᠠᠷᠲᠠᠢ ᠲᠣᠰᠬᠤᠨ ᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠵᠠᠢ ᠃ ᠭᠤᠷᠪᠠᠳᠤᠭᠠᠷ ᠤᠯᠠᠷᠢᠯ ᠤᠨ ᠡᠴᠦᠰ ᠪᠣᠯᠲᠠᠯ᠎ᠠ ᠂ ᠪᠥᠬᠦ ᠣᠷᠣᠨ ᠳᠤ ᠨᠢᠭᠡᠨᠲᠡ 100 ᠲᠦᠮᠡᠨ ᠮᠦ ᠶᠢᠨ ᠣᠶᠢᠵᠢᠭᠤᠯᠵᠤ ᠨᠣᠭᠤᠭᠠᠷᠠᠭᠤᠯᠬᠤ ᠣᠨ ᠤ ᠡᠭᠦᠷᠭᠡ ᠪᠠᠨ ᠪᠡᠶᠡᠯᠡᠭᠦᠯᠵᠦ ᠂ ᠨᠣᠭᠤᠭᠠᠷᠠᠭᠤᠯᠤᠨ ᠭᠤᠶᠣᠵᠢᠭᠤᠯᠵᠤ ᠵᠢᠱᠢᠶ᠎ᠡ ᠦᠵᠡᠭᠦᠯᠬᠦ 566 ᠭᠠᠴᠠᠭ᠎ᠠ ᠲᠣᠰᠬᠤᠨ ᠢ ᠡᠭᠦᠳᠦᠨ ᠪᠠᠶᠢᠭᠤᠯᠵᠤ ᠂ 14 ᠣᠶ ᠰᠢᠭᠤᠢ ᠶᠢᠨ ᠰᠢᠶᠠᠩ ᠪᠠᠯᠭᠠᠰᠤ ᠶᠢ ᠰᠢᠯᠭᠠᠨ ᠠᠪᠬᠤ ᠠᠵᠢᠯ ᠢ ᠵᠠᠯᠭᠠᠭ᠎ᠠ ᠪᠠᠷ ᠥᠷᠨᠢᠭᠦᠯᠦᠭᠰᠡᠨ ᠪᠠᠶᠢᠨ᠎ᠠ ᠃     
ᠢᠷᠡᠯᠲᠡ᠄ ᠥᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ