| | ᠰᠢᠪᠧᠷᠢᠶ᠎ᠠ ᠶᠢᠨ ᠴᠢᠩᠭ᠎ᠠ ᠬᠦᠢᠲᠡᠨ ᠤᠷᠤᠰᠬᠠᠯ ᠤᠨ ᠨᠥᠯᠥᠭᠡᠯᠡᠯ ᠢᠶᠠᠷ ᠂ ᠮᠠᠨ ᠤ ᠣᠷᠣᠨ ᠡᠪᠦᠯ ᠣᠷᠣᠭᠰᠠᠨ ᠠᠴᠠ ᠨᠠᠭᠠᠰᠢᠬᠢ ᠬᠠᠮᠤᠭ ᠤᠨ ᠴᠢᠩᠭ᠎ᠠ | ᠬᠦᠢᠲᠡᠨ ᠳᠡᠪᠡᠷᠡᠭᠡᠨᠲᠦ ᠴᠠᠭ ᠠᠭᠤᠷ ᠲᠤ ᠤᠴᠠᠷᠠᠵᠤ ᠂ 11 ᠳ᠋ᠦ᠋ᠭᠡᠷ ᠰᠠᠷ᠎ᠠ ᠶᠢᠨ 26 ᠤ ᠡᠳᠦᠷ ᠤᠨ 17 ᠴᠠᠭ ᠲᠤ ᠂ ᠥᠪᠡᠷᠲᠡᠭᠡᠨ ᠵᠠᠰᠠᠬᠤ ᠣᠷᠣᠨ ᠤ ᠴᠠᠭ | ᠠᠭᠤᠷ ᠤᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠤᠯᠪᠤᠭᠠᠯᠠᠨ ᠪᠡᠯᠡᠳᠬᠡᠮᠵᠢᠲᠦ ᠲᠠᠷᠢᠶᠠᠯᠠᠩ ᠤᠨ | ᠴᠠᠭ ᠠᠭᠤᠷ ᠤᠨ ᠭᠠᠮᠰᠢᠭ ᠤᠨ ᠤᠷᠢᠳᠴᠢᠯᠠᠭᠰᠠᠨ ᠮᠡᠳᠡᠭᠡ ᠶᠢ ᠨᠡᠶᠢᠲᠡᠯᠡᠪᠡ ᠃ | ᠴᠠᠭ ᠠᠭᠤᠷ ᠤᠨ ᠣᠶᠤᠨᠲᠤ ᠰᠦᠯᠵᠢᠶ᠎ᠡ ᠶᠢᠨ ᠤᠷᠢᠳᠴᠢᠯᠠᠨ ᠮᠡᠳᠡᠭᠡᠯᠡᠭᠰᠡᠨ ᠲᠤᠭ᠎ᠠ ᠪᠠᠷᠢᠮᠲᠠ ᠶᠢ ᠦᠨᠳᠦᠰᠦᠯᠡᠨ ᠂ ᠪᠡᠯᠡᠳᠭᠡᠮᠵᠢᠳᠤ ᠲᠠᠷᠢᠶᠠᠯᠠᠩ ᠤᠨ ᠳᠣᠣᠷ᠎ᠠ | ᠳᠤᠯᠠᠭᠠᠨ ᠤ ᠭᠠᠮᠰᠢᠭ ᠪᠠ ᠰᠠᠯᠬᠢᠨ ᠤ ᠭᠠᠮᠰᠢᠭ ᠤᠨ ᠭᠦᠢᠴᠡᠳᠬᠡᠯ ᠲᠤᠭ᠎ᠠ ᠲᠠᠢ ᠤᠶᠠᠯᠳᠤᠭᠤᠯᠵᠤ ᠂ 11 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ ᠂ | ᠮᠠᠨ ᠤ ᠣᠷᠣᠨ ᠤ ᠪᠠᠷᠠᠭᠤᠨ ᠬᠡᠰᠡᠭ ᠤᠨ ᠵᠡᠭᠦᠨ ᠡᠮᠦᠨᠡᠭᠦᠷ ᠂ ᠳᠤᠮᠳᠠ ᠬᠡᠰᠡᠭ ᠤᠨ ᠪᠠᠷᠠᠭᠤᠨ ᠡᠮᠦᠨᠡᠭᠦᠷ ᠭᠠᠵᠠᠷ ᠣᠷᠣᠨ ᠵᠢᠴᠢ ᠬᠥᠯᠥᠨ ᠪᠤᠶᠢᠷ ᠬᠤᠲᠠ ᠶᠢᠨ | ᠳᠤᠮᠳᠠ ᠬᠡᠰᠡᠭ ᠤᠨ ᠵᠠᠷᠢᠮ ᠭᠠᠵᠠᠷ ᠣᠷᠣᠨ ᠳᠤ ᠠᠳᠠᠯᠢ ᠪᠤᠰᠤ ᠬᠡᠮᠵᠢᠶᠡᠨ ᠤ ᠪᠡᠯᠡᠳᠭᠡᠮᠵᠢᠳᠤ ᠲᠠᠷᠢᠶᠠᠯᠠᠩ ᠤᠨ ᠳᠣᠣᠷ᠎ᠠ ᠳᠤᠯᠠᠭᠠᠨ ᠤ ᠨᠡᠯᠢᠶᠡᠳ ᠥᠨᠳᠥᠷ | ᠭᠠᠮᠰᠢᠭ ᠤᠨ ᠲᠦᠭᠰᠢᠭᠦᠷᠢ ᠢᠯᠡᠷᠡᠬᠦ ᠪᠣᠯᠣᠨ᠎ᠠ ︔ 28 ᠤ ᠡᠳᠦᠷ ᠠᠴᠠ 30 ᠤ ᠡᠳᠦᠷ ᠪᠣᠯᠲᠠᠯ᠎ᠠ ᠂ ᠪᠠᠷᠠᠭᠤᠨ ᠬᠡᠰᠡᠭ ᠤᠨ ᠵᠡᠭᠦᠨ ᠡᠮᠦᠨᠡᠭᠦᠷ ᠭᠠᠵᠠᠷ ᠣᠷᠣᠨ ᠳᠤ | ᠪᠡᠯᠡᠳᠭᠡᠮᠵᠢᠳᠤ ᠲᠠᠷᠢᠶᠠᠯᠠᠩ ᠤᠨ ᠳᠣᠣᠷ᠎ᠠ ᠳᠤᠯᠠᠭᠠᠨ ᠤ ᠬᠦᠨᠳᠦ ᠬᠡᠮᠵᠢᠶᠡᠨ ᠤ ᠭᠠᠮᠰᠢᠭ ᠤᠨ ᠨᠡᠯᠢᠶᠡᠳ ᠥᠨᠳᠥᠷ ᠲᠦᠭᠰᠢᠭᠦᠷᠢ ᠢᠯᠡᠷᠡᠵᠦ ᠂ ᠳᠤᠮᠳᠠ ᠬᠡᠰᠡᠭ ᠤᠨ | ᠡᠮᠦᠨᠡᠭᠦᠷ ᠭᠠᠵᠠᠷ ᠣᠷᠣᠨ ᠳᠤ ᠪᠡᠯᠡᠳᠭᠡᠮᠵᠢᠳᠤ ᠲᠠᠷᠢᠶᠠᠯᠠᠩ ᠤᠨ ᠳᠣᠣᠷ᠎ᠠ ᠳᠤᠯᠠᠭᠠᠨ ᠤ ᠳᠤᠮᠳᠠ ᠬᠡᠮᠵᠢᠶᠡᠨ ᠤ ᠭᠠᠮᠰᠢᠭ ᠤᠨ ᠨᠡᠯᠢᠶᠡᠳ ᠥᠨᠳᠥᠷ ᠲᠦᠭᠰᠢᠭᠦᠷᠢ | ᠢᠯᠡᠷᠡᠨ᠎ᠡ ᠃ | ᠡᠭᠦᠨ ᠤ ᠲᠤᠯᠠᠳᠠ ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ ᠠᠴᠠ ᠰᠡᠷᠭᠡᠶᠢᠯᠡᠬᠦ ᠠᠷᠭ᠎ᠠ ᠪᠣᠳᠣᠯᠭ᠎ᠠ ᠶᠢ ᠳᠤᠷᠠᠳᠤᠨ ᠭᠠᠷᠭᠠᠪᠠ ᠄ ᠲᠠᠷᠢᠶᠠᠨ ᠭᠠᠵᠠᠷ ᠤᠨ ᠪᠡᠯᠡᠳᠬᠡᠮᠵᠢᠲᠦ ᠲᠠᠷᠢᠮᠠᠯ ᠤᠨ ᠦᠢᠯᠡᠳᠪᠦᠷᠢᠯᠡᠯ ᠤᠨ | ᠰᠠᠯᠬᠢ ᠠᠴᠠ ᠰᠡᠷᠭᠡᠶᠢᠯᠡᠬᠦ ᠬᠥᠯᠳᠡᠬᠦ ᠠᠴᠠ ᠰᠡᠷᠭᠡᠶᠢᠯᠡᠬᠦ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ ᠂ ᠰᠠᠷᠠᠪᠴᠢᠨ ᠭᠡᠷ ᠤᠨ ᠬᠦᠢᠲᠡᠨ ᠢ ᠳᠠᠭᠠᠭᠠᠬᠤ ᠪᠠ | ᠳᠠᠷᠤᠯᠲᠠ ᠶᠢ ᠳᠠᠭᠠᠭᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ ︔ ᠰᠠᠯᠬᠢ ᠨᠡᠪᠲᠡᠷᠡᠭᠦᠯᠬᠦ ᠠᠮᠠᠰᠠᠷ ᠢ ᠤᠷᠢᠳᠴᠢᠯᠠᠨ ᠬᠠᠭᠠᠵᠤ ᠂ ᠬᠦᠯᠡᠮᠵᠢ ᠶᠢᠨ ᠡᠷᠬᠢᠨ | ᠲᠣᠭᠤᠷᠢᠨ ᠤ ᠠᠮᠠᠷᠬᠠᠨ ᠬᠡᠶᠢᠰᠬᠦ ᠪᠣᠳᠠᠰ ᠢ ᠲᠣᠭᠲᠠᠭᠠᠨ ᠪᠠᠬᠢᠵᠢᠭᠦᠯᠵᠦ ᠂ ᠬᠦᠯᠡᠮᠵᠢ ᠶᠢᠨ ᠪᠦᠷᠬᠦᠪᠴᠢ ᠶᠢ ᠡᠪᠳᠡᠬᠦ ᠠᠴᠠ ᠰᠡᠷᠭᠡᠶᠢᠯᠡᠨ ᠂ ᠬᠥᠯᠳᠡᠬᠦ ᠭᠠᠮᠰᠢᠭ | ᠡᠭᠦᠰᠬᠦ ᠠᠴᠠ ᠰᠡᠷᠭᠡᠶᠢᠯᠡᠬᠦ ᠰᠠᠨᠠᠭᠤᠯᠭ᠎ᠠ ᠭᠠᠷᠭᠠᠪᠠ ︔ ᠬᠦᠯᠡᠮᠵᠢ ᠶᠢᠨ ᠳᠣᠲᠣᠷᠠᠬᠢ ᠲᠠᠷᠢᠮᠠᠯ ᠢ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠬᠤ ᠶᠢᠨ ᠬᠠᠮᠲᠤ | ᠰᠠᠯᠠᠭ᠎ᠠ ᠨᠠᠮᠠᠭ᠎ᠠ ᠶᠢ ᠨᠢ ᠵᠠᠰᠠᠬᠤ ᠶᠢ ᠪᠠᠭᠠᠰᠬᠠᠵᠤ ᠂ ᠬᠥᠯᠳᠡᠬᠦ ᠠᠶᠤᠯ ᠲᠠᠢ ᠪᠣᠯ ᠹᠣᠰᠹᠣᠷ ᠬᠦᠴᠢᠯ ᠤᠨ ᠬᠤᠶᠠᠷ ᠤᠰᠤᠲᠥ᠋ᠷᠥᠭᠴᠢᠲᠤ ᠺᠠᠯᠢ ᠶᠢ ᠵᠣᠬᠢᠬᠤ ᠬᠡᠮᠵᠢᠶ᠎ᠡ ᠪᠠᠷ | ᠰᠦᠷᠴᠢᠨ ᠂ ᠪᠡᠯᠡᠳᠬᠡᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠦᠵᠡᠭᠦᠯᠬᠦ ᠳᠣᠣᠷ᠎ᠠ ᠳᠤᠯᠠᠭᠠᠨ ᠶᠡᠭᠡ ᠰᠠᠯᠬᠢᠨ ᠤ ᠠᠰᠢᠭ ᠦᠭᠡᠢ ᠨᠥᠯᠥᠭᠡ ᠶᠢ ᠰᠡᠷᠭᠡᠶᠢᠯᠡᠬᠦ | ᠬᠡᠷᠡᠭᠲᠡᠢ ︔ ᠲᠡᠵᠢᠭᠡᠨ ᠦᠷᠡᠵᠢᠭᠦᠯᠬᠦ ᠡᠷᠦᠬᠡ ᠨᠢ ᠲᠡᠵᠢᠭᠡᠯ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠵᠦ ᠂ ᠲᠦᠢᠯ ᠤᠨ ᠴᠠᠭ ᠠᠭᠤᠷ ᠠᠴᠠ ᠪᠣᠯᠤᠭᠰᠠᠨ ᠲᠡᠵᠢᠭᠡᠯ | ᠡᠪᠡᠰᠦ ᠪᠣᠷᠳᠤᠭ᠎ᠠ ᠶᠢ ᠬᠠᠩᠭᠠᠬᠤ ᠪᠠ ᠵᠥᠭᠡᠭᠡᠪᠦᠷᠢᠯᠡᠬᠦ ᠳᠤ ᠬᠦᠴᠢᠷᠳᠡᠬᠦ ᠠᠴᠠ ᠰᠡᠷᠭᠡᠶᠢᠯᠡᠬᠦ ᠬᠡᠷᠡᠭᠲᠡᠢ ᠃ | | |