| | ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠲᠡᠭᠦᠰᠴᠦ ᠂ ᠵᠢᠷᠤᠭ ᠲᠥᠰᠥᠪ ᠢ ᠵᠢᠷᠤᠭᠯᠠᠨ᠂ | ᠲᠠᠶᠢᠴᠢᠯᠠᠯᠳᠠ ᠶᠢᠨ ᠪᠦᠷᠢᠶ᠎ᠡ ᠶᠢ ᠬᠠᠩᠭᠢᠨᠠᠭᠤᠯᠪᠠ᠃ ᠣᠳᠣᠬᠠᠨ ᠳᠤ ᠂ ᠵᠡᠭᠦᠨᠭᠠᠷ ᠤᠨ ᠡᠬᠡ ᠭᠠᠵᠠᠷ ᠲᠤ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠭᠠᠷᠴᠤ ᠂ ᠪᠥᠬᠦ ᠬᠤᠰᠢᠭᠤᠨ ᠤ | ᠡᠯ᠎ᠡ ᠬᠦᠷᠢᠶᠡᠯᠡᠩ ᠲᠣᠭᠤᠷᠢᠭ ᠂ ᠰᠤᠮᠤ ᠰᠢᠶᠠᠩ ᠪᠠᠯᠭᠠᠰᠤ ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠰᠠᠯᠠᠭ᠎ᠠ ᠮᠥᠴᠢᠷ ᠤᠨ ᠬᠢᠨ ᠪᠣᠳᠠᠲᠠᠢ ᠳᠤ | ᠰᠠᠭᠤᠷᠢᠯᠠᠨ ᠂ ᠡᠷᠴᠢ ᠵᠣᠷᠢᠭ ᠢᠶᠠᠨ ᠬᠥᠪᠴᠢᠯᠡᠨ ᠡᠷᠡᠮᠡᠭᠡᠶᠢᠯᠡᠨ ᠤᠷᠤᠭᠰᠢᠯᠠᠵᠤ ᠂ ᠠᠯᠢ ᠣᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠲᠥᠯᠦᠪᠵᠢᠭᠦᠯᠭᠡ ᠶᠢ | ᠲᠣᠭᠲᠠᠭᠠᠨ ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠬᠰᠠᠨ ᠴᠢᠬᠤᠯᠠ | ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ ᠂ ᠨᠠᠩ ᠬᠡᠷᠡᠯ ᠰᠠᠴᠤᠷᠠᠩᠭᠤᠢ ᠵᠡᠭᠦᠨᠭᠠᠷ ᠢ | ᠡᠭᠦᠳᠦᠨ ᠪᠦᠲᠦᠭᠡᠬᠦ ᠪᠠᠷ ᠵᠣᠷᠢᠭ ᠰᠢᠭᠤᠳᠤᠨ᠎ᠠ ᠃ | ︽ ᠵᠡᠭᠦᠨᠭᠠᠷ ᠬᠤᠰᠢᠭᠤᠨ ᠤ ᠨᠡᠶᠢᠲᠡᠯᠡᠯ ︾ ᠨᠢ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠤᠶᠠ ︾ ᠭᠡᠬᠦ | ᠲᠤᠰᠬᠠᠢ ᠪᠤᠯᠤᠩ ᠭᠠᠷᠭᠠᠨ ᠂ ᠰᠢᠷᠢᠰ ᠲᠤᠰᠬᠠᠢ ᠰᠣᠷᠪᠤᠯᠵᠢᠯᠠᠭ᠎ᠠ ᠬᠢᠵᠦ ᠂ ᠵᠡᠭᠦᠨᠭᠠᠷ ᠬᠤᠰᠢᠭᠤᠨ ᠤ ᠡᠯ᠎ᠡ ᠬᠦᠷᠢᠶᠡᠯᠡᠩ ᠲᠣᠭᠤᠷᠢᠭ ᠂ ᠰᠤᠮᠤ ᠰᠢᠶᠠᠩ ᠪᠠᠯᠭᠠᠰᠤ ᠂ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠰᠠᠯᠠᠭ᠎ᠠ ᠮᠥᠴᠢᠷ ᠤᠨ ᠰᠤᠷᠤᠯᠴᠠᠨ ᠳᠤᠭᠤᠰᠢᠯᠠᠭᠤᠯᠵᠤ ᠨᠠᠶᠢᠳᠠᠪᠤᠷᠢᠵᠢᠭᠤᠯᠵᠤ ᠪᠠᠶᠢᠭ᠎ᠠ ᠪᠣᠳᠠᠲᠠᠢ | ᠦᠢᠯᠡᠳᠦᠯᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠡᠭᠦᠨᠭᠠᠷ ᠤᠨ ᠡᠬᠡ ᠭᠠᠵᠠᠷ ᠲᠤ | ᠦᠨᠳᠦᠰᠦᠯᠡᠭᠦᠯᠦᠨ ᠂ ᠴᠡᠴᠡᠭᠯᠡᠨ ᠵᠢᠮᠢᠰᠯᠡᠭᠦᠯᠦᠨ᠎ᠡ ᠃ | | | | ᠸᠧᠢ ᠵᠢᠶᠠ ᠮᠣᠣ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠭᠠᠢ ᠴᠢ | 10 ᠰᠠᠷ᠎ᠠ ᠶᠢᠨ 16 ᠤ ᠡᠳᠦᠷ ᠠᠴᠠ 10 ᠰᠠᠷ᠎ᠠ ᠶᠢᠨ 22 ᠤᠨ ᠡᠳᠦᠷ ᠪᠣᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠢᠯᠠᠯᠲᠠ ᠲᠠᠢ ᠪᠠᠷ ᠬᠤᠷᠠᠯᠳᠤᠪᠠ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠢᠯᠡᠳᠬᠡᠯ ᠤᠨ ᠴᠢᠭᠯᠡᠯ ᠨᠢ ᠲᠣᠳᠣᠷᠬᠠᠢ ᠂ ᠵᠣᠷᠢᠯᠲᠠ ᠨᠢ ᠠᠯᠤᠰ ᠬᠡᠳᠦ ᠶᠢᠨ ᠪᠠᠶᠢᠵᠤ ᠂ ᠦᠵᠡᠯ ᠰᠠᠨᠠᠭ᠎ᠠ ᠨᠢ ᠭᠦᠨ ᠭᠦᠨᠵᠡᠭᠡᠢ ᠂ ᠴᠠᠭ ᠦᠶ᠎ᠡ ᠶᠢ ᠬᠥᠲᠥᠯᠥᠨ | ᠳᠠᠭᠠᠭᠤᠯᠵᠤ ᠂ ᠪᠦᠬᠦ ᠨᠠᠮ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠮᠠᠨ ᠤ ᠪᠠᠯᠭᠠᠰᠤᠨ ᠤ ᠬᠢᠨ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ | ᠰᠠᠶᠢᠲᠤᠷ ᠰᠤᠷᠤᠯᠴᠠᠵᠤ ᠂ ᠰᠠᠶᠢᠲᠤᠷ ᠳᠤᠭᠤᠰᠢᠯᠠᠭᠤᠯᠵᠤ ᠂ ᠰᠠᠶᠢᠲᠤᠷ ᠨᠠᠶᠢᠳᠠᠪᠤᠷᠢᠵᠢᠭᠤᠯᠵᠤ ᠪᠠᠶᠢᠨ᠎ᠠ ᠃ | ᠪᠢᠳᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠤᠯᠡᠨ ᠬᠢᠵᠤ ᠂ ᠡᠨᠧᠷᠭᠢ ᠲᠥᠪᠯᠡᠷᠡᠭᠰᠡᠨ ᠪᠠᠯᠭᠠᠰᠤ ᠶᠢ ᠪᠦᠳᠤᠭᠡᠨ ᠪᠠᠶᠢᠭᠤᠯᠤᠨ᠎ᠠ᠃ ᠠᠵᠤ | ᠦᠢᠯᠡᠳᠪᠦᠷᠢ ᠪᠠᠷ ᠪᠠᠯᠭᠠᠰᠤ ᠪᠠᠨ ᠬᠦᠴᠦᠷᠬᠡᠭᠵᠢᠭᠦᠯᠬᠦ ᠪᠠᠷ ᠬᠠᠷᠠᠯᠲᠠ ᠪᠣᠯᠭᠠᠵᠤ ᠂ ᠰᠢᠨ᠎ᠡ ᠡᠨᠧᠷᠭᠢ ᠶᠢᠨ ᠬᠥᠭᠵᠢᠯᠲᠡ ᠶᠢᠨ ᠬᠦᠴᠢᠷᠳᠡᠯ ᠂ ᠲᠦᠭᠵᠢᠷᠡᠯ ᠤᠨ | ᠴᠡᠭ ᠲᠤ ᠠᠩᠬᠠᠷᠤᠯ ᠢᠶᠠᠨ ᠲᠥᠪᠯᠡᠷᠡᠭᠦᠯᠦᠨ ᠂ ᠤᠯᠠᠮᠵᠢᠯᠠᠯᠲᠤ ᠠᠵᠤ ᠦᠢᠯᠡᠳᠪᠦᠷᠢ ᠬᠢᠭᠡᠳ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ | ᠵᠣᠯᠭᠠᠭᠤᠯᠬᠤ ᠶᠢ ᠪᠡᠶᠡᠯᠡᠭᠦᠯᠦᠨ᠎ᠡ ᠃ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠲᠠᠯᠠᠵᠤ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ | ᠰᠢᠯᠢᠳᠡᠭᠵᠢᠭᠦᠯᠤᠨ ᠂ ᠠᠵᠤ ᠠᠬᠤᠶᠢᠯᠠᠯ ᠳᠤ ᠨᠡᠩ ᠤᠯᠠᠨ ᠰᠢᠨ᠎ᠡ ᠡᠨᠧᠷᠭᠢ ᠶᠢᠨ ᠲᠠᠯ᠎ᠠ ᠪᠠᠷ ᠬᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠂ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ ᠂ ᠠᠭᠤᠷᠬᠠᠢ ᠶᠢᠨ ᠣᠷᠣᠨ ᠢ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠂ ᠴᠥᠮᠥᠷᠡᠭᠰᠡᠨ ᠣᠷᠣᠨ ᠢ ᠵᠠᠰᠠᠬᠤ ᠬᠢᠭᠡᠳ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠂ ᠪᠣᠬᠢᠷᠳᠤᠯ ᠦᠭᠡᠢ ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ ᠲᠥᠷᠥᠯ ᠵᠦᠢᠯ ᠢ ᠬᠠᠷᠢᠯᠴᠠᠨ ᠤᠶᠠᠯᠳᠤᠭᠤᠯᠵᠤ ᠂ ᠠᠮᠢ ᠠᠬᠤᠢ ᠶᠢᠨ ᠦᠷ᠎ᠡ | ᠠᠰᠢᠭ ᠪᠠ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠴᠢᠷᠮᠠᠶᠢᠨ ᠪᠡᠶᠡᠯᠡᠭᠦᠯᠦᠨ᠎ᠡ ᠃ ᠪᠢᠳᠡ ᠠᠵᠤ ᠦᠢᠯᠡᠰ ᠤᠨ ᠬᠥᠭᠵᠢᠯᠲᠡ ᠶᠢ ᠬᠦᠴᠤᠯᠡᠨ | ᠠᠬᠢᠭᠤᠯᠵᠤ ᠂ ᠳᠠᠷᠢᠶᠠᠯᠠᠩ ᠤᠶᠢᠯᠡᠳᠪᠤᠷᠢᠯᠡᠯ ᠪᠤᠯᠤᠨ ᠵᠤᠭᠠᠴᠠᠯ ᠠᠭᠤᠰᠤᠯᠴᠠᠭᠰᠠᠨ ᠪᠠᠯᠭᠠᠰᠤ ᠶᠢ ᠪᠦᠳᠤᠭᠡᠨ ᠪᠠᠶᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ︽ᠠᠵᠤ ᠦᠢᠯᠡᠰ ᠢ ᠠᠳᠬᠤᠬᠤ ᠪᠣᠯ ᠳᠠᠷᠤᠢ ᠬᠥᠭᠵᠢᠯᠲᠡ ᠶᠢ | ᠠᠳᠬᠤᠵᠤ ᠪᠠᠶᠢᠭ᠎ᠠ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠤᠢ ᠪᠣᠯᠭᠠᠵᠤ ᠂ ᠬᠥᠭᠵᠢᠯᠲᠡ ᠶᠢᠨ ᠬᠠᠨᠳᠤᠰᠢ ᠳᠤᠨᠢ ᠲᠣᠬᠢᠷᠠᠭᠤᠯᠤᠨ ᠴᠢᠳᠠᠮᠠᠭᠠᠢ ᠪᠠᠷ | ᠵᠢᠯᠤᠭᠤᠳᠴᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠂ ᠪᠠᠰᠠ ᠨᠢᠭᠡ ᠪᠦᠯᠦᠭ ᠨᠥᠯᠥᠭᠡᠯᠡᠬᠦ ᠬᠡᠪᠴᠢᠶ᠎ᠡ ᠪᠠᠷ ᠥᠷᠭᠡᠨ᠂ ᠳᠠᠶᠢᠴᠢᠯᠠᠬᠤ ᠴᠢᠳᠠᠪᠤᠷᠢ ᠪᠠᠷ | ᠴᠢᠩᠭ᠎ᠠ᠂ ᠠᠵᠤ ᠠᠬᠤᠢ ᠶᠢᠨ ᠠᠰᠢᠭ ᠣᠯᠵᠠᠪᠤᠷᠢ ᠪᠠᠷ ᠰᠠᠶᠢᠨ ᠠᠵᠤ ᠦᠢᠯᠡᠰ ᠤᠨ ᠲᠦᠷᠦᠯ ᠵᠦᠢᠯ ᠢ ᠬᠡᠷᠡᠭᠵᠢᠭᠦᠯᠬᠦ ᠶᠢᠨ ᠬᠠᠮᠲᠤ ᠬᠠᠷᠢᠯᠴᠠᠨ ᠨᠡᠪᠲᠡᠷᠡᠯᠴᠡᠭᠰᠡᠨ | ᠬᠠᠷᠢᠯᠴᠠᠨ ᠬᠠᠷᠠᠭᠠᠯᠵᠠᠯ ᠲᠠᠢ ᠬᠠᠷᠢᠯᠴᠠᠨ ᠠᠰᠢᠭ ᠲᠠᠢ ᠬᠥᠳᠡᠭᠡ ᠲᠣᠰᠬᠤᠨ ᠤ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠪᠦᠷᠢᠯᠳᠦᠭᠦᠯᠤᠨ᠎ᠠ᠃ | ᠵᠤᠭᠠᠴᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠂ ︽ ᠵᠤᠭᠠᠴᠠᠯ ᠢᠶᠠᠷ ᠲᠠᠷᠢᠶᠠᠯᠠᠩ ᠢ ᠠᠬᠢᠭᠤᠯᠬᠤ ︾ ︽ ᠲᠠᠷᠢᠶᠠᠯᠠᠩ ᠢᠶᠠᠷ ᠵᠤᠭᠠᠴᠠᠯ ᠢ | ᠬᠥᠭᠵᠢᠭᠦᠯᠬᠦ ︾ ᠵᠡᠷᠭᠡ ᠪᠣᠬᠢᠷᠳᠤᠯ ᠦᠭᠡᠢ ᠂ ᠠᠮᠢ ᠠᠬᠤᠢ ᠪᠠᠷ ᠱᠣᠰᠢᠭ᠎ᠠ ᠲᠡᠮᠳᠡᠭ ᠪᠣᠯᠭᠠᠭᠰᠠᠨ ᠲᠠᠷᠢᠶᠠᠯᠠᠩ ᠪᠤᠯᠤᠨ ᠵᠤᠭᠠᠴᠠᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ ᠂ ᠠᠯᠳᠠ ᠮᠥᠩᠭᠦᠨ ᠠᠭᠤᠯᠠ ᠶᠢ ᠠᠪᠬᠤ ᠮᠥᠷᠲᠡᠭᠡᠨ ᠪᠠᠰᠠ ᠬᠥᠬᠡᠮᠳᠦᠭ ᠨᠤᠭᠤᠭᠠᠨ ᠠᠭᠤᠯᠠ ᠶᠢ ᠴᠦ ᠠᠪᠤᠨ᠎ᠠ ᠃ | ᠪᠢᠳᠡ ᠠᠮᠢ ᠠᠬᠤᠢ ᠶᠢ ᠬᠠᠮᠠᠭᠠᠯᠠᠬᠤ ᠪᠠᠷ ᠬᠦᠴᠦᠯᠡᠨ ᠴᠢᠷᠮᠠᠶᠢᠵᠤ ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠪᠠᠯᠭᠠᠰᠤ ᠶᠢ ᠪᠠᠶᠢᠭᠤᠯᠤᠨ᠎ᠠ᠃ | ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠵᠠᠰᠠᠬᠤ ᠪᠠ ᠬᠥᠳᠡᠭᠡ ᠲᠣᠰᠬᠤᠨ ᠤ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠪᠠᠷ ᠭᠠᠷᠳᠠᠴᠠ ᠪᠣᠯᠭᠠᠵᠤ ᠂ ᠰᠢᠨ᠎ᠡ ᠬᠥᠭᠵᠢᠯᠲᠡ ᠶᠢᠨ ᠤᠶᠢᠯᠠᠭᠠᠬᠳᠠᠬᠤᠨ ᠢ ᠪᠥᠬᠦ ᠲᠠᠯ᠎ᠠ ᠪᠠᠷ ᠳᠤᠭᠤᠰᠢᠯᠠᠭᠤᠯᠤᠨ ᠂ ᠡᠬᠢ ᠪᠠᠶᠠᠯᠢᠭ ᠢ ᠨᠡᠭᠡᠭᠡᠨ ᠠᠰᠢᠭᠯᠠᠬᠤ | ᠪᠠ ᠠᠮᠢ ᠠᠬᠤᠢ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ ᠨᠢᠭᠡᠳᠦᠯᠲᠡᠢ ᠲᠥᠯᠥᠪᠯᠡᠵᠦ ᠂ ᠠᠭᠤᠷᠬᠠᠢ ᠶᠢᠨ ᠣᠷᠣᠨ ᠵᠢᠴᠢ ᠤᠶᠢᠷ᠎ᠠ ᠬᠠᠪᠢ ᠶᠢᠨ | ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ ᠂ ᠬᠢᠵᠠᠭᠠᠷ ᠳᠣᠲᠣᠷᠠᠬᠢ ᠪᠣᠶ ᠪᠦᠬᠦᠢ ᠨᠡᠭᠦᠷᠡᠰᠦᠨ ᠠᠭᠤᠷᠬᠠᠢ ᠶᠢ ᠴᠥᠮ ᠣᠶᠤᠨᠴᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠭᠡᠨ᠎ᠠ ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ | ᠪᠥᠬᠦ ᠲᠠᠯ᠎ᠠ ᠪᠠᠷ ᠠᠬᠢᠭᠤᠯᠵᠤ ᠂ ᠭᠤᠣᠯ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠂ ᠡᠵᠢ ᠭᠤᠣᠯ ᠤᠨ ᠬᠠᠮᠠᠭᠠᠯᠠᠯᠲᠠ ᠶᠢᠨ | ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ ᠃ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ | ᠭᠦᠨᠵᠡᠭᠡᠶᠢᠷᠡᠭᠦᠯᠵᠦ ᠂ ᠬᠡᠰᠡᠭ ᠣᠷᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠢᠯᠢᠳᠡᠭᠵᠢᠭᠦᠯᠵᠦ ᠂ ᠨᠡᠩ ᠪᠦᠬᠦ | ᠲᠠᠯ᠎ᠠ ᠶᠢᠨ᠂ ᠪᠦᠷᠢᠨ ᠲᠡᠭᠦᠯᠳᠡᠷ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠶᠣᠰᠣ ᠰᠤᠷᠲᠠᠬᠤᠨ ᠢᠶᠠᠷ ᠵᠠᠰᠠᠬᠤ ᠬᠠᠤᠯᠢ ᠪᠠᠷ ᠵᠠᠰᠠᠬᠤ ᠳᠤᠬᠳᠠᠯᠴᠠᠭ᠎ᠠ ᠶᠢ | ᠪᠦᠷᠢᠯᠳᠦᠭᠦᠯᠵᠦ ᠂ ᠦᠵᠡᠰᠬᠦᠯᠡᠩᠲᠦ ᠰᠠᠶᠢᠬᠠᠨ ᠪᠣᠯᠣᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠦᠨ᠎ᠡ᠃ | ᠪᠢᠳᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠤᠯᠡᠨ ᠠᠬᠢᠭᠤᠯᠵᠤ ᠂ ᠠᠷᠠᠳ ᠤᠯᠠᠨ ᠤ ᠵᠣᠯ ᠵᠢᠷᠭᠠᠯᠲᠤ ᠪᠠᠯᠭᠠᠰᠤ ᠶᠢ ᠪᠦᠳᠤᠭᠡᠨ ᠪᠠᠶᠢᠭᠤᠯᠤᠨ᠎ᠠ᠃ | ᠠᠷᠠᠳ ᠤᠨ ᠠᠮᠢᠳᠤᠷᠠᠯ ᠤᠨ ᠵᠤᠯ ᠵᠢᠷᠭᠠᠯ ᠢ ᠪᠠᠲᠤᠯᠠᠬᠤ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠪᠠᠷ ᠭᠠᠷᠳᠠᠴᠠ ᠪᠣᠯᠭᠠᠵᠤ ᠂ ᠰᠤᠷᠭᠠᠨ ᠬᠥᠮᠦᠵᠢᠯ ᠂ ᠡᠮ | ᠡᠮᠨᠡᠯᠭᠡ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠤᠨ ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ | ᠳᠤᠬᠳᠠᠯᠴᠠᠭ᠎ᠠ ᠶᠢ ᠪᠦᠷᠢᠨᠰᠢᠭᠦᠯᠵᠦ ᠂ ᠨᠠᠩ ᠣᠯᠠᠨ ᠬᠥᠮᠥᠰ ᠢ ᠪᠠᠲᠤᠯᠠᠭ᠎ᠠ ᠶᠢᠨ ᠬᠡᠪᠴᠢᠶᠡᠨ ᠳᠤ ᠤᠷᠤᠭᠤᠯᠤᠨ᠎ᠠ ᠃ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠰᠢᠯᠢᠳᠡᠭᠵᠢᠭᠦᠯᠵᠦ ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠳᠦᠷᠤᠯ ᠵᠤᠶᠢᠯ ᠢ ᠪᠣᠳᠠᠲᠠᠶᠢᠵᠢᠭᠤᠯᠵᠤ ᠂ ᠨᠡᠩ ᠤᠯᠠᠨ᠂ ᠨᠡᠩ ᠥᠨᠳᠥᠷ ᠶᠠᠰᠤ ᠴᠢᠨᠠᠷ ᠲᠠᠢ ᠠᠵᠢᠯ ᠤᠨ ᠪᠠᠶᠢᠷᠢ ᠶᠢ ᠬᠠᠩᠭᠠᠨ᠎ᠠ᠃ ᠰᠣᠶᠣᠯ ᠢᠶᠠᠷ | ᠪᠠᠯᠭᠠᠰᠤ ᠶᠢ ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠵᠤ ᠂ ︽ ᠲᠤᠭ᠎ᠠ ︾ ᠪᠠ ︽ ᠴᠢᠨᠠᠷ ︾ ᠤᠨ ᠰᠢᠪᠲᠤᠯᠤᠯᠲᠠ ᠶᠢ ᠡᠷᠢᠯᠬᠢᠯᠡᠨ ᠂ ᠵᠥᠪ ᠣᠨᠣᠪᠴᠢᠲᠠᠶ | ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠪᠠ ᠥᠷᠲᠡᠭ ᠤᠨ ᠬᠠᠨᠳᠤᠰᠢ ᠶᠢ ᠪᠠᠷᠢᠮᠲᠠᠯᠠᠵᠤ ᠂ ᠭᠤᠣᠯ ᠬᠥᠭ ᠠᠶᠠᠰ ᠢ ᠬᠠᠩᠭᠢᠨᠠᠭᠤᠯᠤᠨ ᠂ ᠢᠳᠡᠪᠬᠢ ᠬᠦᠴᠦᠨ ᠢ | ᠨᠢᠭᠲᠠᠷᠠᠭᠤᠯᠵᠤ ᠂ ᠰᠠᠶᠢᠨ ᠰᠠᠶᠢᠬᠠᠨ ᠨᠡᠶᠢᠭᠡᠮ ᠤᠨ ᠶᠡᠭᠡ ᠣᠷᠴᠢᠨ ᠠᠬᠤᠢ ᠶᠢ ᠲᠠᠰᠤᠷᠠᠯᠲᠠ ᠦᠭᠡᠢ ᠪᠣᠶ ᠪᠣᠯᠭᠠᠨ᠎ᠠ ᠃ | | | | | | | | | | | | | |