| | ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠲᠡᠭᠦᠰᠴᠦ ᠂ ᠵᠢᠷᠤᠭ ᠲᠥᠰᠥᠪ ᠢ ᠵᠢᠷᠤᠭᠯᠠᠨ᠂ ᠲᠠᠶᠢᠴᠢᠯᠠᠯᠳᠠ ᠶᠢᠨ | ᠪᠦᠷᠢᠶ᠎ᠡ ᠶᠢ ᠬᠠᠩᠭᠢᠨᠠᠭᠤᠯᠪᠠ᠃ ᠣᠳᠣᠬᠠᠨ ᠳᠤ ᠂ ᠵᠡᠭᠦᠨᠭᠠᠷ ᠤᠨ ᠡᠬᠡ ᠭᠠᠵᠠᠷ ᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠤᠬᠠᠭᠤᠯᠵᠤ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠠᠯᠠᠭᠤᠨ ᠥᠷᠨᠢᠯᠲᠡ ᠭᠠᠷᠴᠤ ᠂ ᠪᠥᠬᠦ ᠬᠤᠰᠢᠭᠤᠨ ᠤ ᠡᠯ᠎ᠡ ᠬᠦᠷᠢᠶᠡᠯᠡᠩ ᠲᠣᠭᠤᠷᠢᠭ ᠂ ᠰᠤᠮᠤ ᠰᠢᠶᠠᠩ | ᠪᠠᠯᠭᠠᠰᠤ ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠰᠠᠯᠠᠭ᠎ᠠ ᠮᠥᠴᠢᠷ ᠤᠨ ᠬᠢᠨ ᠪᠣᠳᠠᠲᠠᠢ ᠳᠤ ᠰᠠᠭᠤᠷᠢᠯᠠᠨ ᠂ ᠡᠷᠴᠢ ᠵᠣᠷᠢᠭ ᠢᠶᠠᠨ ᠬᠥᠪᠴᠢᠯᠡᠨ | ᠡᠷᠡᠮᠡᠭᠡᠶᠢᠯᠡᠨ ᠤᠷᠤᠭᠰᠢᠯᠠᠵᠤ ᠂ ᠠᠯᠢ ᠣᠯᠠᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠲᠥᠯᠦᠪᠵᠢᠭᠦᠯᠭᠡ ᠶᠢ ᠲᠣᠭᠲᠠᠭᠠᠨ ᠂ ᠬᠠᠨᠴᠤᠢ ᠰᠢᠮᠠᠯᠠᠨ ᠴᠢᠷᠮᠠᠶᠢᠨ | ᠠᠵᠢᠯᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠬᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠣᠳᠠᠲᠠᠢ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ ᠂ ᠨᠠᠩ ᠬᠡᠷᠡᠯ ᠰᠠᠴᠤᠷᠠᠩᠭᠤᠢ ᠵᠡᠭᠦᠨᠭᠠᠷ ᠢ ᠡᠭᠦᠳᠦᠨ ᠪᠦᠲᠦᠭᠡᠬᠦ ᠪᠠᠷ ᠵᠣᠷᠢᠭ | ᠰᠢᠭᠤᠳᠤᠨ᠎ᠠ ᠃ | ︽ ᠵᠡᠭᠦᠨᠭᠠᠷ ᠬᠤᠰᠢᠭᠤᠨ ᠤ ᠨᠡᠶᠢᠲᠡᠯᠡᠯ ︾ ᠨᠢ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠤᠶᠠ ︾ ᠭᠡᠬᠦ | ᠲᠤᠰᠬᠠᠢ ᠪᠤᠯᠤᠩ ᠭᠠᠷᠭᠠᠨ ᠂ ᠰᠢᠷᠢᠰ ᠲᠤᠰᠬᠠᠢ ᠰᠣᠷᠪᠤᠯᠵᠢᠯᠠᠭ᠎ᠠ ᠬᠢᠵᠦ ᠂ ᠵᠡᠭᠦᠨᠭᠠᠷ ᠬᠤᠰᠢᠭᠤᠨ ᠤ ᠡᠯ᠎ᠡ ᠬᠦᠷᠢᠶᠡᠯᠡᠩ ᠲᠣᠭᠤᠷᠢᠭ ᠂ ᠰᠤᠮᠤ ᠰᠢᠶᠠᠩ ᠪᠠᠯᠭᠠᠰᠤ ᠂ | ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠰᠠᠯᠠᠭ᠎ᠠ ᠮᠥᠴᠢᠷ ᠤᠨ ᠰᠤᠷᠤᠯᠴᠠᠨ ᠳᠤᠭᠤᠰᠢᠯᠠᠭᠤᠯᠵᠤ ᠨᠠᠶᠢᠳᠠᠪᠤᠷᠢᠵᠢᠭᠤᠯᠵᠤ ᠪᠠᠶᠢᠭ᠎ᠠ ᠪᠣᠳᠠᠲᠠᠢ | ᠦᠢᠯᠡᠳᠦᠯᠭᠡ ᠶᠢ ᠲᠥᠪᠯᠡᠷᠡᠭᠦᠯᠦᠨ ᠳᠡᠯᠭᠡᠨ ᠦᠵᠡᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠵᠡᠭᠦᠨᠭᠠᠷ ᠤᠨ ᠡᠬᠡ ᠭᠠᠵᠠᠷ ᠲᠤ | ᠦᠨᠳᠦᠰᠦᠯᠡᠭᠦᠯᠦᠨ ᠂ ᠴᠡᠴᠡᠭᠯᠡᠨ ᠵᠢᠮᠢᠰᠯᠡᠭᠦᠯᠦᠨ᠎ᠡ ᠃ | | | ᠰᠢᠤᠸᠠᠢ ᠵᠢᠶᠠ ᠸᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠦᠸᠧ ᠷᠦᠢ | ᠨᠠᠮ ᠤᠨ ᠬᠤᠷᠢᠳᠤᠭᠠᠷ ᠶᠡᠭᠡ ᠬᠤᠷᠠᠯ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠵᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ | ᠳᠡᠶᠢᠰᠢ ᠤᠷᠤᠭᠰᠢᠯᠠᠬᠤ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠰᠠᠨ ᠨᠢᠭᠡ ᠤᠳᠠᠭᠠᠨ ᠤ ᠲᠤᠶᠢᠯ ᠤᠨ ᠴᠢᠬᠤᠯᠠ ᠶᠡᠭᠡ ᠬᠤᠷᠠᠯ ᠪᠣᠯᠣᠨ᠎ᠠ᠃ ᠶᠡᠷᠦᠩᠬᠡᠢ | ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠳᠡᠭᠡᠷ᠎ᠡ ᠬᠢᠭᠰᠡᠨ ᠢᠯᠡᠳᠬᠡᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠠᠭᠤᠤ ᠶᠡᠭᠡ ᠲᠤᠭ ᠢ ᠥᠨᠳᠥᠷ ᠮᠠᠨᠳᠤᠭᠤᠯᠬᠤ ᠤᠯᠤᠰ ᠲᠦᠷᠦ ᠶᠢᠨ ᠲᠤᠩᠬᠠᠭ ᠮᠥᠨ᠂ ᠮᠠᠨ ᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠶᠢ ᠵᠢᠯᠤᠭᠤᠳᠬᠤ ᠬᠥᠲᠥᠯᠪᠦᠷᠢ ᠶᠢᠨ ᠴᠢᠨᠠᠷᠲᠠᠢ ᠲᠤᠯᠭᠤᠷ | ᠪᠢᠴᠢᠭ ᠮᠥᠨ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠃ᠨᠠᠮ ᠤᠨ ᠬᠤᠷᠢᠳᠤᠭᠠᠷ ᠶᠡᠭᠡ | ᠬᠤᠷᠠᠯ ᠤᠨ ᠢᠯᠡᠳᠬᠡᠯ ᠳᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ | ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠠᠶᠢᠭᠤᠯᠵᠤ ᠂ ᠬᠥᠳᠡᠭᠡ ᠲᠣᠰᠬᠤᠨ ᠤ ᠠᠵᠤ ᠦᠢᠯᠡᠰ ᠂ ᠴᠢᠳᠠᠪᠤᠷᠢᠲᠠᠨ᠂ | ᠰᠣᠶᠣᠯ ᠂ ᠠᠮᠢ ᠠᠬᠤᠢ᠂ ᠵᠣᠬᠢᠶᠠᠨ ᠪᠠᠶᠢᠭᠤᠯᠤᠯᠲᠠ ᠶᠢᠨ ᠬᠥᠭᠵᠢᠯ ᠮᠠᠨᠳᠤᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳᠠᠷᠠᠭᠠᠴᠢ ᠶᠢᠨ ᠠᠯᠬᠤᠮ ᠳᠤ ᠂ ᠰᠢᠤᠸᠠᠢ ᠵᠢᠶᠠ ᠸᠠᠨ ᠪᠠᠯᠭᠠᠰᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠂ ᠰᠠᠶᠢᠲᠤᠷ ᠤᠬᠠᠭᠤᠯᠵᠤ ᠂ ᠰᠠᠶᠢᠲᠤᠷ ᠳᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ ᠂ ᠢᠮᠠᠭᠲᠠ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ ᠶᠢ ᠪᠦᠬᠦ ᠪᠠᠯᠭᠠᠰᠤᠨ ᠤ ᠠᠵᠢᠯ ᠤᠨ ᠪᠦᠬᠦ ᠶᠠᠪᠤᠴᠠ ᠂ ᠡᠯ᠎ᠡ ᠲᠠᠯ᠎ᠠ ᠳᠤ | ᠳᠤᠭᠤᠰᠢᠯᠠᠭᠤᠯᠤᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠨ ᠂ ︽ ᠬᠤᠶᠠᠷ ᠢ ᠲᠣᠭᠲᠠᠭᠠᠬᠰᠠᠨ ︾ ᠢ ᠡᠷᠡᠰ ᠬᠠᠮᠠᠭᠠᠯᠠᠵᠤ ᠂ ︽ ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠰᠢᠨ᠎ᠡ ᠳᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠳᠦᠯᠦᠪᠵᠢᠬᠦᠯᠤᠨ | ᠰᠠᠶᠢᠲᠤᠷ ᠠᠳᠬᠤᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠡᠨᠡᠬᠦ ᠭᠤᠣᠯ ᠰᠢᠵᠢᠮ ᠤᠨ ᠲᠣᠭᠤᠷᠢᠨ ᠳᠤ ᠂ | ︽ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠲᠣᠯᠣᠭᠠᠶᠢᠯᠠᠨ ᠵᠢᠱᠢᠶ᠎ᠡ ᠦᠵᠡᠭᠦᠯᠤᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ ᠂ | ᠨᠢᠭᠡᠳᠦᠯᠲᠡᠢ ᠲᠥᠯᠥᠪᠯᠡᠨ ᠠᠬᠢᠭᠤᠯᠬᠤ ︾ ᠵᠠᠷᠴᠢᠮ ᠢ ᠪᠠᠷᠢᠮᠲᠠᠯᠠᠵᠤ ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠪᠠ ᠬᠥᠳᠡᠭᠡ | ᠲᠣᠰᠬᠤᠨ ᠤ ᠠᠵᠤ ᠦᠢᠯᠡᠰ ᠢ ᠪᠣᠶᠢᠵᠢᠭᠤᠯᠬᠤ ᠪᠠᠷ ᠰᠠᠭᠤᠷᠢ ᠲᠠᠯᠪᠢᠬᠰᠠᠨ ᠂ ᠣᠳᠣᠬᠠᠨ ᠤ ᠪᠠᠶᠢᠳᠠᠯ ᠢ ᠬᠠᠮᠢᠶᠠᠷᠤᠬᠰᠠᠨ ᠂ ᠠᠯᠤᠰ ᠬᠡᠳᠦ ᠳᠤ ᠠᠰᠢᠭᠲᠠᠢ ᠶᠡᠭᠡ | ᠶᠠᠪᠤᠳᠠᠯ ᠪᠣᠯᠭᠠᠵᠤ ᠂ ᠲᠤᠬᠠᠢ ᠶᠢᠨ ᠭᠠᠵᠠᠷ ᠤᠨ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠯ ᠢ ᠵᠦᠢ ᠵᠣᠬᠢᠰᠲᠠᠢ ᠲᠥᠯᠥᠪᠵᠢᠭᠦᠯᠵᠦ ᠂ ︽ ᠨᠢᠭᠡ ᠪᠦᠰᠡ ᠭᠤᠷᠪᠠᠨ ᠣᠷᠣᠨ ︾ ᠤ ᠪᠦᠬᠦ ᠠᠵᠤ ᠦᠢᠯᠡᠰ ᠤᠨ ᠬᠡᠯᠬᠢᠶ᠎ᠡ ᠶᠢ ᠪᠤᠶ ᠪᠣᠯᠭᠠᠬᠤ ᠪᠠᠷ | ᠭᠤᠣᠯᠳᠠᠯᠭ᠎ᠠ ᠪᠣᠯᠭᠠᠵᠤ ᠂ ᠲᠤᠬᠠᠶᠢᠯᠠᠪᠠᠯ ᠪᠠᠢ ᠯᠢ ᠴᠠᠩ ᠴᠤᠸᠠᠨ ᠤ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠵᠢᠱᠢᠶ᠎ᠡ ᠦᠵᠡᠭᠦᠯᠬᠦ ᠪᠦᠰᠡ ᠶᠢ | ᠭᠤᠣᠯᠳᠠᠯᠭ᠎ᠠ ᠲᠠᠢ ᠪᠠᠶᠢᠭᠤᠯᠵᠤ ᠂ ᠪᠠᠷᠠᠭᠤᠨ ᠣᠷᠣᠨ ᠤ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠣᠷᠣᠨ᠂ ᠵᠡᠭᠦᠨ ᠣᠷᠣᠨ ᠤ | ᠠᠭᠤᠷᠬᠠᠢ ᠶᠢᠨ ᠣᠷᠣᠨ ᠤ ᠳᠡᠭᠡᠳᠦ ᠳᠣᠣᠷᠠᠳᠤ ᠭᠡᠯᠬᠢᠶ᠎ᠠ ᠶᠢᠨ ᠠᠵᠤ ᠦᠢᠯᠡᠰ ᠤᠨ ᠲᠥᠪᠯᠡᠷᠡᠭᠰᠡᠨ ᠣᠷᠣᠨ᠂ ᠳᠤᠮᠳᠠ ᠣᠷᠣᠨ ᠤ ᠢᠵᠢ ᠪᠦᠷᠢᠳᠦᠭᠰᠡᠨ | ᠦᠢᠯᠡᠴᠢᠯᠡᠭᠡᠨ ᠤ ᠠᠵᠤ ᠦᠢᠯᠡᠰ ᠢ ᠵᠣᠯᠭᠠᠭᠤᠯᠬᠤ ᠣᠷᠣᠨ ᠤ ᠪᠦᠲᠦᠭᠡᠨ ᠪᠠᠶᠢᠭᠤᠯᠤᠯᠲᠠ ᠶᠢ ᠵᠡᠷᠭᠡᠪᠡᠷ ᠠᠬᠢᠭᠤᠯᠵᠤ ᠂ ᠪᠦᠬᠦ ᠣᠷᠣᠨ ᠪᠦᠰᠡ ᠶᠢᠨ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠴᠢᠨᠠᠭᠰᠢᠳᠠ ᠪᠠᠬᠢᠵᠢᠭᠦᠯᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠪᠠᠯᠭᠠᠰᠤᠨ ᠳᠤ | ᠦᠨᠳᠦᠰᠦᠯᠡᠭᠦᠯᠵᠦ ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠪᠠᠷ ᠪᠤᠢ᠃ | | | | | | | | | | | | | |