| | ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠰᠢᠯᠭᠠᠯᠲᠠ ᠪᠠᠷ | ᠳᠠᠮᠵᠢᠨ ᠰᠣᠷᠣᠭᠴᠢ ᠡᠯᠰᠡᠬᠦ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠲᠠᠨᠢᠯᠴᠠᠭᠤᠯᠪᠠ ᠃ ᠬᠠᠮᠢᠶᠠᠳᠠᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ ᠂ | ᠣᠶᠢᠷ᠎ᠠ ᠶᠢᠨ ᠵᠢᠯ ᠳᠤ ᠂ ᠰᠤᠷᠭᠠᠨ ᠬᠥᠮᠦᠵᠢᠯ ᠤᠨ ᠶᠠᠮᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠬᠤᠪᠢ | ᠨᠡᠮᠡᠬᠦ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠨ ᠪᠥᠬᠦ ᠤᠯᠤᠰ ᠤᠨ ᠴᠢᠨᠠᠷᠲᠠᠢ ᠰᠢᠯᠭᠠᠯᠲᠠ ᠳᠤ ᠬᠤᠪᠢ ᠨᠡᠮᠡᠬᠦ 5 ᠲᠥᠷᠥᠯ ᠢ ᠬᠦᠴᠦᠨ ᠦᠭᠡᠢ ᠪᠣᠯᠭᠠᠵᠤ ᠂ | ᠣᠷᠣᠨ ᠨᠤᠲᠤᠭ ᠤᠨ ᠴᠢᠨᠠᠷᠲᠠᠢ ᠬᠤᠪᠢ ᠨᠡᠮᠡᠬᠦ 95 ᠲᠥᠷᠥᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠪᠠ ᠬᠡᠵᠠᠢ ᠃ 2015 ᠣᠨ ᠪᠣᠯᠣᠨ 2019 | ᠣᠨ ᠳᠤ ᠂ ᠰᠤᠷᠭᠠᠨ ᠬᠥᠮᠦᠵᠢᠯ ᠤᠨ ᠶᠠᠮᠤᠨ ᠬᠠᠮᠢᠶᠠᠳᠠᠢ ᠰᠠᠯᠠᠭ᠎ᠠ ᠮᠥᠴᠢᠷ ᠲᠠᠢ ᠬᠠᠮᠲᠤ ᠪᠠᠷ ︽ ᠡᠷᠬᠡ ᠲᠡᠭᠰᠢ ᠪᠠᠶᠢᠬᠤ ᠂ ᠬᠠᠮᠢᠶᠠᠷᠤᠯᠲᠠ ᠶᠢ ᠴᠢᠩᠭᠠᠳᠬᠠᠬᠤ ᠪᠠ | ᠰᠢᠨᠵᠢᠯᠡᠬᠦ ᠤᠬᠠᠭᠠᠨᠴᠢ ᠪᠠᠷ ᠵᠥᠪ ᠡᠵᠡᠮᠳᠡᠬᠦ ︾ ᠵᠠᠷᠴᠢᠮ ᠢ ᠦᠨᠳᠦᠰᠦᠯᠡᠵᠦ ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ | ᠰᠢᠯᠭᠠᠯᠲᠠ ᠳᠤ ᠬᠤᠪᠢ ᠨᠡᠮᠡᠬᠦ ᠠᠵᠢᠯ ᠢ ᠤᠷᠢᠳ ᠬᠤᠵᠢᠳ ᠬᠤᠶᠠᠷ ᠤᠳᠠᠭ᠎ᠠ ᠥᠷᠨᠢᠭᠦᠯᠵᠦ ᠂ ᠲᠠᠮᠢᠷ ᠲᠠᠭᠠᠨ ᠰᠠᠶᠢᠨ ᠰᠣᠷᠣᠭᠴᠢ ᠂ ᠳᠤᠮᠳᠠᠳᠤ ᠰᠤᠷᠭᠠᠭᠤᠯᠢ ᠶᠢᠨ | ᠰᠤᠷᠤᠭᠴᠢᠳ ᠤᠨ ᠣᠯᠧᠮᠫᠢᠺ ᠤᠨ ᠤᠷᠤᠯᠳᠤᠭᠠᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠤᠨ ᠤᠷᠤᠯᠳᠤᠭᠠᠨ ᠂ ᠮᠤᠵᠢ ᠶᠢᠨ ᠳᠡᠰ ᠤᠨ ᠰᠢᠯᠢᠳᠡᠭ | ᠰᠣᠷᠣᠭᠴᠢ ᠵᠡᠷᠭᠡ ᠲᠠᠪᠤᠨ ᠲᠥᠷᠥᠯ ᠤᠨ ᠪᠥᠬᠦ ᠤᠯᠤᠰ ᠤᠨ ᠴᠢᠨᠠᠷᠲᠠᠢ ᠬᠤᠪᠢ ᠨᠡᠮᠡᠬᠦ ᠵᠦᠢᠯᠡᠰ ᠢ ᠬᠦᠴᠦᠨ ᠦᠭᠡᠢ ᠪᠣᠯᠭᠠᠵᠤ ᠂ ᠪᠠᠰᠠ ᠣᠷᠣᠨ ᠨᠤᠲᠤᠭ ᠤᠨ | ᠴᠢᠨᠠᠷᠲᠠᠢ ᠬᠤᠪᠢ ᠨᠡᠮᠡᠬᠦ ᠵᠦᠢᠯᠡᠰ ᠢ ᠬᠠᠰᠤᠵᠤ ᠂ ᠡᠨᠡ ᠠᠵᠢᠯ ᠢ ᠴᠢᠨᠠᠭᠰᠢᠳᠠ ᠴᠢᠩᠭᠠᠳᠬᠠᠨ᠎ᠠ ᠭᠡᠵᠤ ᠲᠣᠳᠣᠷᠬᠠᠢ ᠲᠣᠭᠲᠠᠭᠠᠵᠠᠢ ᠃ ᠡᠭᠦᠨ ᠠᠴᠠ ᠭᠠᠳᠠᠨ᠎ᠠ ᠂ | ᠰᠤᠷᠭᠠᠨ ᠬᠥᠮᠦᠵᠢᠯ ᠤᠨ ᠶᠠᠮᠤᠨ ᠳᠤᠮᠳᠠ ᠪᠠᠷᠠᠭᠤᠨ ᠣᠷᠣᠨ ᠢ ᠳᠡᠮᠵᠢᠵᠦ ᠂ ᠲᠡᠨᠳᠡ ᠠᠴᠠ ᠰᠣᠷᠣᠭᠴᠢ ᠡᠯᠰᠡᠬᠦ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠵᠦ ᠂ | ᠵᠢᠯ ᠪᠦᠷᠢ ᠪᠥᠬᠦ ᠤᠯᠤᠰ ᠤᠨ ᠬᠡᠪᠴᠢᠶᠡᠨ ᠳᠤ ᠰᠣᠷᠣᠭᠴᠢ ᠡᠯᠰᠡᠬᠦ ᠲᠥᠯᠥᠪᠯᠡᠭᠡ ᠶᠢᠨ ᠬᠡᠰᠡᠭ ᠣᠷᠣᠨ ᠲᠤᠭ᠎ᠠ ᠶᠢ ᠲᠤᠰᠬᠠᠶᠢᠯᠠᠨ ᠳᠤᠮᠳᠠ ᠪᠠᠷᠠᠭᠤᠨ ᠣᠷᠣᠨ ᠤ | ᠰᠣᠷᠣᠭᠴᠢᠳ ᠲᠤ ᠥᠭᠬᠦ ᠪᠠᠷ ᠲᠣᠭᠲᠠᠵᠠᠢ ᠃ | | |