| | 11 ᠳ᠋ᠦ᠋ᠭᠡᠷ ᠰᠠᠷ᠎ᠠ ᠶᠢᠨ 29 ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ ᠵᠢᠯᠤᠭᠤᠳᠬᠤ ᠭᠠᠵᠠᠷ ᠂ ᠣᠷᠳᠣᠰ ᠬᠤᠲᠠ ᠶᠢᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ | ᠵᠡᠷᠭᠡ ᠣᠯᠠᠨ ᠰᠠᠯᠠᠭ᠎ᠠ ᠮᠥᠴᠢᠷ ᠠᠴᠠ ᠣᠶᠢᠯᠠᠭᠠᠭᠰᠠᠨ ᠢᠶᠠᠷ ᠂ 11 ᠳ᠋ᠦ᠋ᠭᠡᠷ ᠰᠠᠷ᠎ᠠ ᠶᠢᠨ 29 ᠤ ᠡᠳᠦᠷ ᠤᠨ 8 ᠴᠠᠭ ᠤᠨ ᠦᠶ᠎ᠡ ᠪᠠᠷ ᠂ ᠬᠠᠲᠤᠨ ᠭᠤᠣᠯ ᠤᠨ ᠥᠪᠥᠷ | ᠮᠣᠩᠭᠤᠯ ᠤᠨ ᠰᠠᠨ ᠬᠤ᠋ ᠭᠤᠣᠯ ᠤᠨ ᠠᠮᠠᠰᠠᠷ ᠠᠴᠠ ᠲᠧᠦ ᠳ᠋ᠣᠣ ᠭᠤᠸᠠᠢ ᠭᠤᠣᠯ ᠬᠦᠷᠬᠦ ᠬᠡᠰᠡᠭ ᠲᠤ ᠰᠥᠩ ᠬᠠᠯᠢᠶ᠎ᠠ ᠢᠯᠡᠷᠡᠵᠦ ᠂ ᠰᠥᠩ ᠬᠠᠯᠢᠶ᠎ᠠ ᠶᠢᠨ | ᠨᠢᠭᠲᠠᠴᠠ ᠨᠢ 20% ᠠᠴᠠ 30% ᠳᠤ ᠬᠦᠷᠴᠡᠢ ᠂ ᠡᠨᠡ ᠨᠢ ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠤᠨ 2022 — 2023 ᠣᠨ ᠤ | ᠰᠥᠩ ᠬᠠᠯᠢᠶ᠎ᠠ ᠶᠢᠨ ᠬᠤᠭᠤᠴᠠᠭᠠᠨ ᠳᠤ ᠣᠷᠣᠭᠰᠠᠨ ᠢ ᠬᠠᠷᠠᠭᠤᠯᠵᠤ ᠪᠠᠶᠢᠨ᠎ᠠ ᠃ | ︽ ᠡᠨᠡ ᠵᠢᠯ ᠤᠨ ᠬᠠᠲᠤᠨ ᠭᠤᠣᠯ ᠤᠨ ᠥᠪᠥᠷ ᠮᠣᠩᠭᠤᠯ ᠤᠨ ᠣᠷᠳᠣᠰ ᠤᠨ ᠬᠡᠰᠡᠭ ᠤᠨ ᠠᠩᠬᠠᠨ ᠤ ᠰᠦᠩ ᠬᠠᠯᠢᠶ᠎ᠠ ᠶᠢᠨ ᠬᠤᠭᠤᠴᠠᠭ᠎ᠠ ᠨᠢ ᠨᠢᠳᠤᠨᠤᠨ ᠤ | ᠬᠢ ᠠᠴᠠ 7 ᠡᠳᠦᠷ ᠣᠷᠦ᠋ᠢᠲᠠᠵᠤ ᠂ ᠡᠩ ᠤᠨ ᠵᠢᠯ ᠤᠨ ᠬᠢ ᠠᠴᠠ 9 ᠡᠳᠦᠷ ᠣᠷᠦ᠋ᠢᠲᠠᠵᠠᠢ ︾ ᠭᠡᠵᠦ ᠣᠷᠳᠣᠰ ᠬᠤᠲᠠ ᠶᠢᠨ ᠦᠶᠡᠷ ᠢ ᠰᠡᠷᠭᠡᠶᠢᠯᠡᠨ ᠭᠠᠩ | ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ ᠤᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠰᠠᠯᠠᠭᠠᠨ ᠤ | ᠬᠠᠷᠢᠭᠤᠴᠠᠯᠭᠠᠲᠠᠨ ᠯᠦ ᠨᠢᠩ ᠢᠯᠡᠷᠬᠡᠶᠢᠯᠡᠬᠦ ᠳᠤ ᠪᠠᠨ ᠂ ᠬᠠᠲᠤᠨ ᠭᠤᠣᠯ ᠣᠷᠳᠣᠰ ᠬᠤᠲᠠ ᠪᠠᠷ 728 ᠺᠢᠯᠣᠮᠧᠳ᠋ᠷ ᠤᠷᠤᠰᠤᠨ ᠥᠩᠭᠡᠷᠡᠵᠦ ᠂ ᠡᠨᠡ ᠵᠢᠯ ᠤᠨ | ᠬᠠᠲᠤᠨ ᠭᠤᠣᠯ ᠤᠨ ᠬᠥᠯᠳᠡᠬᠦ ᠬᠤᠭᠤᠴᠠᠭᠠᠨ ᠳᠠᠬᠢ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠲᠤᠰᠠᠳᠠ ᠂ ᠣᠷᠳᠣᠰ ᠬᠤᠲᠠ ᠶᠢᠨ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠤᠷᠢᠳᠴᠢᠯᠠᠨ | ᠬᠥᠳᠡᠯᠦᠯᠴᠡᠵᠦ ᠂ ᠡᠯ᠎ᠡ ᠱᠠᠲᠤᠨ ᠤ ᠰᠥᠩ ᠬᠠᠯᠢᠶ᠎ᠠ ᠶᠢ ᠰᠡᠷᠭᠡᠶᠢᠯᠡᠬᠦ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠳᠤ ᠵᠠᠷᠯᠠᠨ ᠨᠡᠶᠢᠲᠡᠯᠡᠵᠦ ᠂ ᠠᠶᠤᠯ ᠠᠴᠠ ᠠᠪᠤᠷᠠᠬᠤ | ᠡᠩᠨᠡᠭᠡ ᠶᠢᠨ ᠵᠣᠬᠢᠶᠠᠨ ᠪᠠᠶᠢᠭᠤᠯᠤᠯᠲᠠ ᠪᠠ ᠡᠳ᠋ ᠪᠣᠳᠠᠰ ᠬᠢᠭᠡᠳ ᠮᠠᠰᠢᠨ ᠮᠧᠬᠠᠨᠢᠭ ᠤᠨ ᠨᠥᠭᠡᠴᠡ ᠶᠢ ᠨᠠᠶᠢᠳᠠᠪᠤᠷᠢᠵᠢᠭᠤᠯᠤᠨ ᠂ ᠰᠥᠩ ᠬᠠᠯᠢᠶ᠎ᠠ ᠶᠢ ᠰᠡᠷᠭᠡᠶᠢᠯᠡᠬᠦ | ᠠᠮᠤᠷ ᠲᠦᠪᠰᠢᠨ ᠤ ᠳᠠᠯᠳᠠ ᠬᠡᠮ ᠢ ᠨᠠᠷᠢᠯᠢᠭᠵᠢᠭᠤᠯᠤᠨ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠵᠤ ᠂ 24 ᠴᠠᠭ ᠲᠤ ᠵᠢᠵᠢᠭᠦᠷᠯᠡᠨ ᠰᠠᠬᠢᠵᠤ ᠂ ᠭᠤᠣᠯ ᠤᠨ | ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠨ᠎ᠠ ᠭᠡᠵᠡᠢ ᠃ | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠥᠪᠥᠷ ᠮᠣᠩᠭᠤᠯ ᠤᠨ ᠴᠠᠭ ᠠᠭᠤᠷ ᠂ ᠤᠰᠤᠨ ᠵᠦᠢ ᠶᠢᠨ ᠰᠠᠯᠠᠭ᠎ᠠ ᠮᠥᠴᠢᠷ ᠣᠲᠣ ᠶᠠᠭ ᠴᠠᠭ ᠠᠭᠤᠷ ᠪᠠ | ᠠᠭᠠᠷ ᠤᠨ ᠳᠤᠯᠠᠭᠠᠨ ᠤ ᠬᠤᠪᠢᠷᠠᠯᠲᠠ ᠶᠢ ᠨᠢᠭᠲᠠ ᠠᠩᠬᠠᠷᠴᠤ ᠂ ᠠᠵᠢᠭᠯᠠᠨ ᠰᠢᠨᠵᠢᠯᠡᠬᠦ ᠪᠠ ᠲᠣᠭᠤᠷᠢᠨ ᠬᠡᠮᠵᠢᠬᠦ ᠪᠠᠨ ᠴᠢᠩᠭᠠᠳᠬᠠᠵᠤ ᠂ ᠴᠠᠭ ᠲᠤᠬᠠᠢ ᠳᠤ ᠨᠢ | ᠰᠦᠩ ᠬᠠᠯᠢᠶ᠎ᠠ ᠶᠢᠨ ᠪᠠᠶᠢᠳᠠᠯ ᠢ ᠮᠡᠳᠡᠭᠳᠡᠵᠦ ᠪᠠᠶᠢᠨ᠎ᠠ ᠃ ᠡᠭᠦᠨ ᠤ ᠬᠠᠮᠲᠤ ᠂ ᠥᠪᠥᠷ ᠮᠣᠩᠭᠤᠯ ᠤᠨ ᠬᠠᠲᠤᠨ ᠭᠤᠣᠯ ᠳᠠᠭᠠᠤ ᠶᠢᠨ ᠡᠯ᠎ᠡ ᠱᠠᠲᠤᠨ ᠤ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠤᠭᠤᠳᠬᠤ ᠭᠠᠵᠠᠷ ᠠᠴᠠ ᠶᠠᠭ ᠠᠵᠢᠭᠯᠠᠨ ᠰᠢᠨᠵᠢᠯᠡᠬᠦ ᠪᠠᠨ ᠴᠢᠩᠭᠠᠳᠬᠠᠵᠤ ᠂ ᠰᠥᠩ ᠬᠠᠯᠢᠶ᠎ᠠ ᠶᠢ ᠰᠡᠷᠭᠡᠶᠢᠯᠡᠨ | ᠠᠶᠤᠯ ᠠᠴᠠ ᠠᠪᠤᠷᠠᠬᠤ ᠪᠣᠳᠠᠰ ᠢ ᠭᠦᠢᠴᠡᠳ ᠪᠡᠯᠡᠳᠬᠡᠵᠦ ᠂ ᠢᠨᠵᠧᠨᠧᠷᠢᠩ ᠤᠨ ᠠᠶᠤᠯ ᠠᠴᠠ ᠠᠪᠤᠷᠠᠬᠤ ᠵᠡᠷᠭᠡ ᠪᠡᠯᠡᠳᠬᠡᠯ ᠢ ᠰᠠᠶᠢᠲᠤᠷ ᠬᠢᠵᠦ ᠂ ᠭᠡᠨᠡᠳᠲᠡ ᠶᠢᠨ | ᠰᠥᠩ ᠬᠠᠯᠢᠶ᠎ᠠ ᠶᠢᠨ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤ ᠨᠢ ᠪᠦᠲᠦᠮᠵᠢᠲᠡᠶ ᠠᠷᠭᠠᠴᠠᠭᠠᠵᠤ ᠪᠠᠶᠢᠨ᠎ᠠ ᠃ | ᠬᠠᠲᠤᠨ ᠭᠤᠣᠯ ᠤᠨ ᠥᠪᠥᠷ ᠮᠣᠩᠭᠤᠯ ᠤᠨ ᠬᠡᠰᠡᠭ ᠪᠣᠯ ᠮᠠᠨ ᠤ ᠤᠯᠤᠰ ᠤᠨ ᠰᠦᠩ ᠬᠠᠯᠢᠶ᠎ᠠ ᠬᠠᠮᠤᠭ ᠤᠨ ᠣᠯᠠᠨ ᠡᠭᠦᠰᠳᠡᠭ ᠭᠤᠣᠯ ᠤᠨ ᠬᠡᠰᠡᠭ ᠪᠣᠯᠣᠨ᠎ᠠ ᠂ | ᠬᠠᠲᠤᠨ ᠭᠤᠣᠯ ᠤᠨ ᠵᠠᠷᠢᠮ ᠭᠤᠣᠯ ᠤᠨ ᠬᠡᠰᠡᠭ ᠨᠢ ᠳᠣᠣᠷ᠎ᠠ ᠥᠷᠭᠡᠷᠢᠭ ᠠᠴᠠ ᠥᠨᠳᠥᠷ ᠥᠷᠭᠡᠷᠢᠭ ᠤᠨ ᠭᠠᠵᠠᠷ ᠣᠷᠣᠨ ᠲᠡᠶᠢᠰᠢ ᠤᠷᠤᠰᠴᠤ ᠂ ᠵᠢᠯ ᠪᠦᠷᠢ | ᠬᠥᠯᠳᠡᠵᠦ ᠭᠡᠰᠬᠦ ᠴᠠᠭ ᠤᠨ ᠵᠥᠷᠢᠶ᠎ᠡ ᠣᠷᠣᠰᠢᠵᠤ ᠪᠠᠶᠢᠳᠠᠭ ᠪᠣᠯᠬᠤᠷ ᠬᠠᠪᠤᠷ ᠡᠪᠦᠯ ᠤᠨ ᠬᠤᠭᠤᠴᠠᠭᠠᠨ ᠳᠤ ᠮᠥᠰᠥᠲᠦᠯᠭᠡ ᠶᠢᠨ ᠨᠥᠯᠥᠭᠡᠯᠡᠯ ᠢᠶᠠᠷ ᠠᠮᠠᠷᠬᠠᠨ | ᠦᠶᠡᠷ ᠤᠨ ᠪᠠᠶᠢᠳᠠᠯ ᠡᠭᠦᠰᠴᠦ ᠂ ᠡᠷᠭᠢ ᠳᠠᠭᠠᠤ ᠶᠢᠨ ᠰᠠᠭᠤᠭᠠᠯᠢ ᠠᠷᠠᠳ ᠲᠤ ᠰᠦᠷᠳᠡᠭᠦᠯᠦᠯ ᠪᠣᠯᠳᠠᠭ ᠃ ᠬᠠᠲᠤᠨ ᠭᠤᠣᠯ ᠨᠢ ᠶᠡᠷᠦ ᠳᠤ ᠪᠠᠨ 11 ᠳ᠋ᠦ᠋ᠭᠡᠷ | ᠰᠠᠷ᠎ᠠ ᠶᠢᠨ ᠳᠤᠮᠳᠠᠴᠢ ᠪᠠᠷ ᠥᠪᠥᠷ ᠮᠣᠩᠭᠤᠯ ᠤᠨ ᠭᠤᠣᠯ ᠤᠨ ᠬᠡᠰᠡᠭ ᠲᠤ ᠠᠩᠬ᠎ᠠ ᠤᠳᠠᠭ᠎ᠠ ᠰᠥᠩ ᠬᠠᠯᠢᠶ᠎ᠠ ᠭᠠᠷᠳᠠᠭ ᠃ ᠡᠭᠦᠨ ᠢᠶᠠᠷ ᠪᠡᠯᠭᠡ ᠲᠡᠮᠳᠡᠭ ᠪᠣᠯᠭᠠᠵᠤ ᠂ | ᠬᠠᠲᠤᠨ ᠭᠤᠣᠯ ᠵᠢᠯ ᠤᠨ ᠰᠦᠩ ᠬᠠᠯᠢᠶ᠎ᠠ ᠶᠢᠨ ᠬᠤᠭᠤᠴᠠᠭᠠᠨ ᠳᠤ ᠣᠷᠣᠳᠠᠭ ︔ ᠶᠡᠷᠦ ᠳᠤ ᠪᠠᠨ ᠳᠠᠷᠠᠭ᠎ᠠ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ ᠂ ᠥᠪᠥᠷ | ᠮᠣᠩᠭᠤᠯ ᠤᠨ ᠭᠤᠣᠯ ᠤᠨ ᠬᠡᠰᠡᠭ ᠨᠢ ᠪᠥᠬᠦ ᠱᠤᠭᠤᠮ ᠢᠶᠠᠷ ᠢᠶᠠᠨ ᠭᠡᠰᠴᠦ ᠂ ᠬᠠᠲᠤᠨ ᠭᠤᠣᠯ ᠤᠨ ᠵᠢᠯ ᠤᠨ ᠰᠦᠩ ᠬᠠᠯᠢᠶ᠎ᠠ ᠶᠢᠨ ᠬᠤᠭᠤᠴᠠᠭ᠎ᠠ ᠳᠠᠭᠤᠰᠤᠭᠰᠠᠨ ᠢ | ᠬᠠᠷᠠᠭᠤᠯᠳᠠᠭ ᠃ | | |