| | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠪᠣᠯᠣᠨ ᠳᠠᠯᠠᠢ ᠳᠤ ᠰᠠᠴᠤᠪᠠ | ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ | ᠬᠠᠲᠤᠨ ᠸᠠᠩ ᠶᠧ ᠫᠢᠩ ᠵᠡᠷᠭᠡ ᠲᠥᠷᠥᠯ ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ | | ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 11 ᠤ ᠴᠠᠬᠢᠯᠭᠠᠨ ᠮᠡᠳᠡᠭᠡ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠥᠷᠥᠯ ᠰᠠᠳᠤᠨ ᠤ | ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ 11 ᠤ ᠡᠳᠦᠷ ᠬᠥᠬᠡᠮᠥ᠋ᠷᠡᠨ ᠤ ᠳᠠᠯᠠᠢ ᠶᠢᠨ | ᠴᠢᠳᠬᠤᠯᠠᠩ ᠢᠶᠠᠷ ᠳᠠᠯᠠᠢ ᠳᠤ ᠰᠠᠴᠤᠪᠠ ᠃ | ᠨᠠᠮ ᠤᠨ ᠲᠥᠪ ᠬᠤᠷᠢᠶᠠᠨ ᠤ ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ | ᠬᠠᠲᠤᠨ ᠸᠠᠩ ᠶᠧ ᠫᠢᠩ ᠵᠡᠷᠭᠡ ᠲᠥᠷᠥᠯ ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠤ ᠂ ᠬᠠᠮᠤᠭ ᠤᠨ ᠬᠦᠨᠳᠦᠳᠬᠡᠨ ᠪᠢᠰᠢᠷᠡᠬᠦ ᠂ | ᠬᠠᠮᠤᠭ ᠤᠨ ᠲᠥᠪ ᠴᠢᠩᠭ᠎ᠠ ᠠᠷᠭ᠎ᠠ ᠮᠠᠶ᠋ᠢᠭ ᠢᠶᠠᠷ ᠂ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠥᠬᠦᠳ ᠤᠨ ᠠᠷᠠᠳ ᠲᠦᠮᠡᠨ ᠳᠤ ᠨᠡᠶᠢᠳᠡᠮ | ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦᠲᠡᠢ ᠰᠢᠯᠭᠠᠷᠠᠭᠰᠠᠨ ᠤᠳᠤᠷᠢᠳᠬᠤ ᠬᠥᠮᠥᠨ ᠂ ᠠᠭᠤᠤ ᠶᠡᠭᠡ ᠮᠠᠷᠺᠰ ᠤᠨ ᠦᠵᠡᠯᠲᠡᠨ ᠂ ᠦᠭᠡᠶᠢᠭᠦᠦ ᠠᠩᠭᠢ ᠶᠢᠨ | ᠠᠭᠤᠤ ᠶᠡᠭᠡ ᠬᠤᠪᠢᠰᠬᠠᠯᠴᠢ ᠂ ᠤᠯᠤᠰ ᠲᠥᠷᠥᠴᠢᠨ ᠂ ᠴᠡᠷᠢᠭ ᠤᠨ ᠡᠷᠳᠡᠮᠲᠡᠨ ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ ᠂ ᠤᠷᠲᠤ ᠬᠤᠭᠤᠴᠠᠭᠠᠨ ᠤ | ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ | ᠭᠠᠷᠮᠠᠭᠠᠢ ᠤᠳᠤᠷᠢᠳᠤᠭᠴᠢ ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠂ ︽ ᠭᠤᠷᠪᠠ ᠶᠢ ᠲᠥᠯᠥᠭᠡᠯᠡᠬᠦ ︾ | ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠵᠢᠶᠠᠩ ᠽᠧ ᠮᠢᠨ ᠨᠥᠬᠦᠷ ᠢ ᠭᠦᠨ᠎ᠡ ᠭᠠᠰᠢᠭᠤᠳᠠᠵᠤ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠵᠤ | ᠪᠠᠶᠢᠭ᠎ᠠ ᠪᠠᠨ ᠢᠯᠡᠳᠬᠡᠪᠡ ᠃ | ᠵᠢᠶᠠᠩ ᠽᠧ ᠮᠢᠨ ᠨᠥᠬᠦᠷ ᠪᠣᠯ ᠲᠦᠢᠯᠪᠤᠷᠢᠲᠠᠢ ᠪᠣᠳᠠᠰᠴᠢ ᠦᠵᠡᠯᠲᠡᠨ ᠮᠥᠨ ᠃ ᠲᠡᠷᠡ ᠠᠮᠢᠳᠤ ᠰᠡᠷᠡᠭᠦᠨ ᠪᠠᠶᠢᠬᠤ ᠳᠠᠭᠠᠨ ᠴᠢᠨᠳᠠᠷ ᠤᠨ ᠦᠨᠡᠰᠦ ᠪᠠᠨ | ᠬᠥᠬᠡᠮᠥ᠋ᠷᠡᠨ ᠪᠣᠯᠣᠨ ᠳᠠᠯᠠᠢ ᠳᠤ ᠰᠠᠴᠤᠬᠤ ᠬᠦᠰᠡᠯ ᠢᠶᠠᠨ ᠦᠯᠡᠳᠡᠭᠡᠵᠡᠢ ᠃ ᠵᠢᠶᠠᠩ ᠽᠧ ᠮᠢᠨ ᠨᠥᠬᠦᠷ ᠪᠥᠬᠦ ᠨᠠᠰᠤ ᠪᠠᠨ ᠡᠬᠡ ᠣᠷᠣᠨ ᠪᠠ ᠠᠷᠠᠳ ᠲᠦᠮᠡᠨ ᠳᠡᠭᠡᠨ | ᠬᠠᠷᠠᠮ ᠦᠭᠡᠢ ᠵᠣᠷᠢᠭᠤᠯᠵᠠᠢ ᠃ | ᠲᠣᠰ ᠡᠳᠦᠷ ᠤᠨ ᠦᠳᠡ ᠶᠢᠨ ᠡᠮᠦᠨ᠎ᠡ ᠂ ᠵᠢᠶᠠᠩ ᠽᠧ ᠮᠢᠨ ᠨᠥᠬᠦᠷ ᠤᠨ ᠠᠮᠢᠳᠤ ᠰᠡᠷᠡᠭᠦᠨ ᠪᠠᠶᠢᠬᠤ ᠳᠠᠭᠠᠨ ᠤᠷᠲᠤ ᠬᠤᠭᠤᠴᠠᠭ᠎ᠠ ᠪᠠᠷ ᠠᠵᠢᠯᠯᠠᠵᠤ ᠪᠠᠶᠢᠭᠰᠠᠨ | ᠵᠥᠩ ᠨᠠᠨ ᠬᠠᠢ ᠲᠤᠭ ᠢᠶᠠᠨ ᠬᠠᠭᠠᠰ ᠪᠠᠭᠤᠯᠭᠠᠵᠤ ᠭᠠᠰᠢᠭᠤᠳᠠᠯ ᠢᠶᠠᠨ ᠢᠯᠡᠷᠬᠡᠶᠢᠯᠡᠵᠡᠢ ᠃ ᠯᠠᠢ ᠹᠦ᠋ ᠲᠠᠩ ᠲᠠᠩᠬᠢᠮ ᠳᠤ ᠂ ᠴᠠᠭᠠᠨ ᠬᠥᠰᠢᠭᠡᠨ ᠳᠡᠭᠡᠷ᠎ᠡ ᠂ ᠵᠢᠶᠠᠩ | ᠽᠧ ᠮᠢᠨ ᠨᠥᠬᠦᠷ ᠤᠨ ᠪᠤᠳᠤᠭᠲᠤ ᠬᠥᠷᠥᠭ ᠢ ᠡᠯᠭᠦᠵᠦ ᠪᠠᠶᠢᠯ᠎ᠠ ᠃ ᠬᠥᠷᠥᠭ ᠤᠨ ᠳᠣᠣᠷ᠎ᠠ ᠲᠠᠯ᠎ᠠ ᠳᠤ ᠂ ᠵᠢᠶᠠᠩ ᠽᠧ ᠮᠢᠨ ᠨᠥᠬᠦᠷ ᠤᠨ ᠴᠢᠨᠳᠠᠷ ᠤᠨ ᠬᠠᠶᠢᠷᠴᠠᠭ ᠢ | ᠲᠠᠯᠪᠢᠵᠤ ᠂ ᠳᠡᠭᠡᠷ᠎ᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠢᠶᠠᠷ ᠪᠦᠲᠡᠭᠡᠵᠡᠢ ᠃ ᠵᠢᠶᠠᠩ ᠽᠧ ᠮᠢᠨ ᠨᠥᠬᠦᠷ ᠤᠨ ᠬᠠᠲᠤᠨ ᠸᠠᠩ | ᠶᠧ ᠫᠢᠩ ᠪᠥᠬᠦ ᠭᠡᠷ ᠤᠨ ᠢᠶᠠᠨ ᠬᠦᠷᠭᠡᠭᠰᠡᠨ ᠰᠠᠭᠰᠤᠲᠤ ᠴᠡᠴᠡᠭ ᠢ ᠵᠢᠶᠠᠩ ᠽᠧ ᠮᠢᠨ ᠨᠥᠬᠦᠷ ᠤᠨ ᠴᠢᠨᠳᠠᠷ ᠤᠨ ᠬᠠᠶᠢᠷᠴᠠᠭ ᠤᠨ ᠡᠮᠦᠨ᠎ᠡ ᠲᠠᠯᠪᠢᠵᠤ ᠂ ᠬᠤᠶᠠᠷ | ᠲᠠᠯ᠎ᠠ ᠳᠤᠨᠢ ᠪᠤᠰᠤᠳ ᠲᠥᠷᠥᠯ ᠰᠠᠳᠤᠨ ᠪᠠ ᠬᠤᠯᠪᠣᠭᠳᠠᠯ ᠪᠦᠬᠦᠢ ᠲᠠᠯ᠎ᠠ ᠶᠢᠨ ᠬᠦᠷᠭᠡᠭᠰᠡᠨ ᠴᠠᠭᠠᠷᠢᠭᠲᠤ ᠴᠡᠴᠡᠭ ᠲᠠᠯᠪᠢᠭᠠᠰᠤᠲᠠᠢ ᠪᠠᠶᠢᠯ᠎ᠠ ᠃ | ᠦᠳᠡ ᠶᠢᠨ ᠡᠮᠦᠨᠡᠬᠢ 8 ᠴᠠᠭ 10 ᠮᠢᠨᠦ᠋ᠲ ᠲᠤ ᠂ ᠼᠠᠢ ᠴᠢ ᠪᠣᠯᠣᠨ ᠭᠠᠰᠢᠭᠤᠳᠠᠯ ᠤᠨ ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ | ᠤᠳᠤᠷᠢᠳᠬᠤ ᠨᠥᠬᠦᠳ ᠂ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠲᠠᠢ ᠠᠳᠡ ᠢᠷᠡᠵᠦ ᠬᠢᠴᠢᠶᠡᠩᠭᠦ᠋ᠢᠯᠡᠨ ᠵᠣᠭᠰᠣᠵᠤ ᠂ ᠲᠦᠢᠯ ᠢᠶᠠᠷ ᠡᠮᠭᠡᠨᠢᠨ | ᠭᠠᠰᠢᠭᠤᠳᠠᠵᠤ ᠪᠠᠶᠢᠭ᠎ᠠ ᠰᠡᠳᠬᠢᠯᠭᠡ ᠪᠣᠯᠣᠨ ᠭᠦᠨ ᠳᠤᠷᠠᠰᠤᠨ ᠰᠠᠨᠠᠭᠠᠯᠵᠠᠵᠤ ᠪᠠᠶᠢᠭ᠎ᠠ ᠰᠡᠳᠬᠢᠯᠭᠡ ᠪᠠᠷ ᠵᠢᠶᠠᠩ ᠽᠧ ᠮᠢᠨ ᠨᠥᠬᠦᠷ ᠤᠨ ᠬᠥᠷᠥᠭ ᠲᠤ ᠭᠤᠷᠪᠠᠨᠲᠠ | ᠶᠣᠰᠣᠯᠠᠪᠠ ᠃ ᠳᠠᠷᠠᠭ᠎ᠠ ᠨᠢ ᠂ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ ᠬᠥᠷᠥᠭ ᠂ ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ ᠂ | ᠠᠯᠭᠤᠷᠬᠠᠨ ᠢᠶᠠᠷ ᠯᠠᠢ ᠹᠦ᠋ ᠲᠠᠩ ᠲᠠᠩᠬᠢᠮ ᠠᠴᠠ ᠭᠠᠷᠴᠤ ᠢᠷᠡᠪᠡ ᠃ | ᠴᠢᠨᠳᠠᠷ ᠤᠨ ᠲᠡᠷᠭᠡ ᠵᠥᠩ ᠨᠠᠨ ᠬᠠᠢ ᠠᠴᠠ ᠠᠯᠭᠤᠷᠬᠠᠨ ᠮᠣᠷᠳᠠᠵᠤ ᠂ ᠵᠥᠩ ᠨᠠᠨ ᠬᠠᠢ ᠳᠤ ᠠᠵᠢᠯᠯᠠᠵᠤ ᠪᠠᠶᠢᠭᠰᠠᠨ ᠺᠠᠳ᠋ᠷ ᠠᠵᠢᠯᠲᠠᠳ ᠵᠠᠮ ᠤᠨ ᠬᠤᠶᠠᠷ | ᠬᠠᠵᠠᠭᠤ ᠪᠠᠷ ᠡᠩᠨᠡᠷᠡᠵᠦ ᠂ ᠡᠩᠭᠡᠷ ᠲᠡᠭᠡᠨ ᠴᠠᠭᠠᠨ ᠬᠤᠸᠠᠷ ᠵᠡᠭᠦᠵᠦ ᠂ ᠲᠥᠪ ᠬᠢᠴᠢᠶᠡᠩᠭᠦᠢ ᠪᠠᠷ ᠵᠢᠶᠠᠩ ᠽᠧ ᠮᠢᠨ ᠨᠥᠬᠦᠷ ᠢ ᠠᠶᠠᠷᠯᠠᠨ ᠮᠣᠷᠳᠠᠭᠤᠯᠪᠠ ᠃ | ᠴᠢᠨᠳᠠᠷ ᠤᠨ ᠲᠡᠷᠭᠡ ᠪᠠᠷᠠᠭᠤᠨ ᠳᠡᠭᠦᠷᠭᠡ ᠨᠢᠰᠬᠡᠯ ᠤᠨ ᠪᠠᠭᠤᠳᠠᠯ ᠳᠤ ᠠᠯᠭᠤᠷᠬᠠᠨ ᠣᠷᠣᠪᠠ ᠃ ᠨᠠᠷᠠᠰᠤ ᠮᠠᠶᠢᠯᠠᠰᠤ ᠨᠠᠮ ᠵᠢᠮᠬᠡᠨ ᠰᠡᠬᠦ᠋ᠢᠵᠦ ᠂ ᠠᠯᠤᠰ ᠤᠨ | ᠠᠭᠤᠯᠠᠰ ᠨᠠᠮᠬᠠᠨ ᠰᠦᠨᠳᠡᠷᠯᠡᠨ᠎ᠡ ᠃ ᠠᠭᠠᠷ ᠤᠨ ᠴᠡᠷᠢᠭ ᠤᠨ ᠳᠠᠷᠤᠭ᠎ᠠ ᠪᠠᠶᠢᠯᠳᠤᠭᠴᠢᠳ ᠡᠩᠨᠡᠷᠡᠨ ᠵᠢᠭᠰᠠᠵᠤ ᠮᠠᠯᠠᠭᠠᠢ ᠪᠠᠨ ᠠᠪᠴᠤ ᠂ ᠵᠢᠶᠠᠩ ᠽᠧ ᠮᠢᠨ | ᠨᠥᠬᠦᠷ ᠤᠨ ᠴᠢᠨᠳᠠᠷ ᠢ ᠠᠴᠢᠶᠠᠯᠠᠨ ᠬᠠᠮᠠᠭᠠᠯᠠᠬᠤ ᠲᠤᠰᠬᠠᠢ ᠨᠢᠰᠬᠡᠯ ᠢ ᠪᠠᠷᠠᠯᠠᠨ ᠮᠣᠷᠳᠠᠭᠤᠯᠪᠠ ᠃ ᠲᠤᠰᠬᠠᠢ ᠨᠢᠰᠬᠡᠯ ᠨᠡᠶᠢᠰᠯᠡᠯ ᠪᠡᠭᠡᠵᠢᠩ ᠤᠨ ᠣᠭᠲᠠᠷᠭᠤᠢ ᠪᠠᠷ ᠨᠢᠭᠡ | ᠳᠤᠭᠤᠶᠢᠯᠠᠨ ᠠᠯᠭᠤᠷᠬᠠᠨ ᠡᠷᠭᠢᠯᠳᠦᠵᠦ ᠂ ᠵᠢᠶᠠᠩ ᠽᠧ ᠮᠢᠨ ᠨᠥᠬᠦᠷ ᠤᠨ ᠨᠠᠮ ᠪᠠ ᠤᠯᠤᠰ ᠤᠨ ᠦᠢᠯᠡᠰ ᠤᠨ ᠲᠥᠯᠥᠭᠡ ᠰᠡᠳᠬᠢᠯ ᠰᠠᠨᠠᠭ᠎ᠠ ᠪᠠᠨ ᠴᠢᠯᠡᠭᠡᠵᠦ ᠣᠶᠣᠨ | ᠤᠬᠠᠭᠠᠨ ᠢᠶᠠᠨ ᠰᠢᠪᠬᠠᠭᠰᠠᠨ ᠡᠨᠡ ᠬᠦ ᠭᠠᠵᠠᠷ ᠠᠴᠠ ᠠᠶᠠᠷᠯᠠᠵᠠᠢ ᠃ | ᠦᠳᠡ ᠶᠢᠨ ᠡᠮᠦᠨᠡᠬᠢ 11 ᠴᠠᠭ 5 ᠮᠢᠨᠦ᠋ᠲ ᠲᠤ ᠂ ᠵᠢᠶᠠᠩ ᠽᠧ ᠮᠢᠨ ᠨᠥᠬᠦᠷ ᠤᠨ ᠴᠢᠨᠳᠠᠷ ᠢ ᠠᠴᠢᠶᠠᠯᠠᠨ ᠬᠠᠮᠠᠭᠠᠯᠠᠬᠤ ᠲᠤᠰᠬᠠᠢ ᠨᠢᠰᠬᠡᠯ ᠱᠠᠩᠬᠠᠢ ᠶᠢᠨ | ᠬᠤᠩ ᠴᠢᠶᠣᠣ ᠨᠢᠰᠬᠡᠯ ᠤᠨ ᠪᠠᠭᠤᠳᠠᠯ ᠳᠤ ᠬᠥᠷᠪᠡ ᠃ ᠳᠠᠷᠠᠭ᠎ᠠ ᠨᠢ ᠴᠢᠨᠳᠠᠷ ᠤᠨ ᠲᠡᠷᠭᠡ ᠪᠠᠷ ᠴᠢᠨᠳᠠᠷ ᠢ ᠠᠴᠢᠶᠠᠯᠠᠨ ᠬᠠᠮᠠᠭᠠᠯᠠᠵᠤ ᠡᠦ ᠰᠥᠩ ᠴᠡᠷᠢᠭ ᠤᠨ | ᠭᠠᠷᠠᠮ ᠳᠤ ᠬᠦᠷᠭᠡᠪᠡ ᠃ | ᠡᠦ ᠰᠥᠩ ᠴᠡᠷᠢᠭ ᠤᠨ ᠭᠠᠷᠠᠮ ᠳᠤ ᠂ ᠤᠯᠤᠰ ᠤᠨ ᠲᠤᠭ ᠢ ᠬᠠᠭᠠᠰ ᠪᠠᠭᠤᠯᠭᠠᠵᠤ ᠂ ᠲᠥᠪ ᠬᠢᠴᠢᠶᠡᠩᠭᠦᠢ ᠪᠠᠶᠢᠯ᠎ᠠ ᠃ ᠬᠠᠷ᠎ᠠ ᠳᠡᠪᠢᠰᠬᠡᠷᠲᠦ ᠴᠠᠭᠠᠨ | ᠦᠰᠦᠭ ᠤᠨ ᠬᠥᠨᠳᠡᠯᠡᠨ ᠪᠢᠴᠢᠭᠡᠰᠦ ᠳᠡᠭᠡᠷ᠎ᠡ ᠄ ︽ ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ ︾ ᠂ ︽ ᠵᠢᠶᠠᠩ ᠽᠧ ᠮᠢᠨ ᠨᠥᠬᠦᠷ ᠪᠢᠳᠡᠨ ᠤ ᠰᠡᠳᠬᠢᠯ | ᠵᠢᠷᠦᠬᠡᠨ ᠳᠤ ᠥᠨᠢᠳᠡ ᠮᠥᠩᠬᠡᠷᠡᠨ᠎ᠡ ︾ ᠭᠡᠵᠦ ᠪᠢᠴᠢᠭᠰᠡᠨ ᠪᠠᠶᠢᠯ᠎ᠠ ᠃ ᠳᠠᠯᠠᠢ ᠶᠢᠨ ᠴᠡᠷᠢᠭ ᠤᠨ ᠳᠠᠷᠤᠭ᠎ᠠ ᠪᠠᠶᠢᠯᠳᠤᠭᠴᠢᠳ ᠳᠡᠷᠢ ᠲᠡᠭᠰᠢ ᠵᠢᠭᠰᠠᠵᠤ ᠂ ᠮᠠᠯᠠᠭᠠᠢ ᠪᠠᠨ | ᠠᠪᠴᠤ ᠶᠣᠰᠣᠯᠠᠪᠠ ᠃ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ ᠴᠢᠨᠳᠠᠷ ᠢ ᠡᠷᠭᠦᠨ ᠴᠢᠨᠳᠠᠷ ᠤᠨ ᠲᠡᠷᠭᠡᠨ ᠠᠴᠠ ᠪᠠᠭᠤᠵᠤ ᠂ ᠴᠢᠨᠳᠠᠷ ᠢ ᠴᠢᠨᠳᠠᠷ ᠤᠨ | ᠰᠢᠷᠡᠭᠡᠨ ᠳᠡᠭᠡᠷ᠎ᠡ ᠲᠠᠯᠪᠢᠵᠠᠢ ᠃ ᠤᠶᠠᠷᠠᠭᠤᠨ ᠨᠠᠮᠬᠠᠨ ᠭᠠᠰᠢᠭᠤᠳᠠᠯ ᠤᠨ ᠠᠶᠠᠰ ᠳᠤᠮᠳᠠ ᠂ ᠮᠣᠷᠳᠠᠭᠤᠯᠬᠤ ᠪᠠᠷ ᠢᠷᠡᠭᠰᠡᠨ ᠬᠥᠮᠥᠰ ᠲᠥᠪ ᠬᠢᠴᠢᠶᠡᠩᠭᠦ᠋ᠢᠯᠡᠨ | ᠵᠣᠭᠰᠣᠵᠤ ᠂ ᠭᠦᠨ ᠮᠡᠬᠦ᠋ᠢᠨ ᠶᠣᠰᠣᠯᠠᠵᠤ ᠂ ᠵᠢᠶᠠᠩ ᠽᠧ ᠮᠢᠨ ᠨᠥᠬᠦᠷ ᠲᠠᠢ ᠡᠴᠦᠰ ᠤᠨ ᠰᠠᠯᠬᠤ ᠶᠣᠰᠣ ᠭᠦᠢᠴᠡᠳᠬᠡᠪᠡ ᠃ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠳᠠᠯᠠᠢ ᠶᠢᠨ ᠴᠡᠷᠢᠭ ᠤᠨ ᠶᠠᠩᠵᠧᠦ ᠬᠥᠯᠭᠡ ᠣᠩᠭᠤᠴᠠ ᠡᠷᠭᠢ ᠬᠥᠪᠡᠭᠡᠳᠡᠨ ᠨᠠᠮ ᠵᠢᠮ | ᠵᠣᠭᠰᠣᠨ᠎ᠠ ᠂ ᠬᠥᠯᠭᠡ ᠣᠩᠭᠤᠴᠠ ᠳᠡᠭᠡᠷ᠎ᠡ ᠳᠠᠷᠤᠭ᠎ᠠ ᠪᠠᠶᠢᠯᠳᠤᠭᠴᠢᠳ ᠲᠣᠭᠤᠷᠢᠭ ᠬᠤᠪᠢᠶᠠᠨ ᠣᠩᠭᠤᠴᠠᠨ ᠵᠣᠭᠰᠣᠭᠠᠯ ᠤᠨ ᠬᠥᠪᠡᠭᠡ ᠳᠤ ᠵᠢᠭᠰᠠᠵᠤ ᠲᠥᠪ | ᠵᠣᠭᠰᠣᠪᠠ ᠃ ᠶᠠᠩᠵᠧᠦ ᠪᠣᠯ ᠵᠢᠶᠠᠩ ᠽᠧ ᠮᠢᠨ ᠨᠥᠬᠦᠷ ᠤᠨ ᠲᠥᠷᠥᠭᠰᠡᠨ ᠨᠤᠲᠤᠭ ᠪᠣᠯᠣᠨ᠎ᠠ ᠃ ᠥᠨᠥᠳᠥᠷ ᠂ ᠶᠠᠩᠵᠧᠦ ᠪᠠᠷ ᠨᠡᠷᠡᠶᠢᠳᠦᠭᠰᠡᠨ ᠡᠨᠡ ᠬᠦ ᠴᠡᠷᠢᠭ ᠤᠨ | ᠬᠥᠯᠭᠡ ᠣᠩᠭᠤᠴᠠ ᠬᠠᠮᠤᠭ ᠤᠨ ᠳᠡᠭᠡᠳᠦ ᠶᠣᠰᠣᠯᠠᠯ ᠢᠶᠠᠷ ᠨᠠᠮ ᠪᠣᠯᠣᠨ ᠠᠷᠠᠳ ᠲᠦᠮᠡᠨ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠦᠵᠡᠭᠦᠯᠦᠭᠰᠡᠨ ᠡᠨᠡ ᠬᠦ | ᠭᠠᠷᠮᠠᠭᠠᠢ ᠤᠳᠤᠷᠢᠳᠤᠭᠴᠢ ᠪᠠᠨ ᠮᠣᠷᠳᠠᠭᠤᠯᠤᠯ᠎ᠠ ᠃ ᠵᠢᠶᠠᠩ ᠽᠧ ᠮᠢᠨ ᠨᠥᠬᠦᠷ ᠤᠨ ᠲᠥᠷᠥᠯ ᠰᠠᠳᠤᠨ ᠨᠢ ᠴᠢᠨᠳᠠᠷ ᠢ ᠡᠷᠭᠦᠨ ᠶᠠᠩᠵᠧᠦ ᠬᠥᠯᠭᠡ ᠣᠩᠭᠤᠴᠠᠨ ᠳᠤ | ᠭᠠᠷᠪᠠ ᠃ ᠳᠠᠯᠠᠢ ᠶᠢᠨ ᠴᠡᠷᠢᠭ ᠤᠨ ᠪᠦᠷᠢᠶ᠎ᠡ ᠳᠤᠤᠭᠠᠷᠴᠤ ᠂ ᠶᠣᠰᠣᠯᠠᠯ ᠤᠨ ᠠᠩᠭᠢ ᠶᠢᠨ ᠬᠢᠨ ᠫᠤᠤ ᠠᠳᠬᠤᠨ ᠲᠥᠪ ᠵᠣᠭᠰᠣᠵᠤ ᠂ ᠰᠢᠷᠲᠡᠨ ᠬᠠᠷᠠᠵᠤ ᠶᠣᠰᠣ | ᠭᠦᠢᠴᠡᠳᠬᠡᠪᠡ ᠃ ᠶᠠᠩᠵᠧᠦ ᠬᠥᠯᠭᠡ ᠣᠩᠭᠤᠴᠠ ᠠᠶᠠᠯᠠᠯ ᠢᠶᠠᠨ ᠡᠬᠢᠯᠡᠭᠦᠯᠬᠦ ᠦᠶ᠎ᠡ ᠳᠤ ᠂ ᠴᠡᠷᠢᠭ ᠤᠨ ᠭᠠᠷᠠᠮ ᠳᠤ ᠪᠠᠶᠢᠭᠰᠠᠨ ᠪᠣᠢ ᠪᠦᠬᠦᠢ ᠬᠥᠯᠭᠡ ᠣᠩᠭᠤᠴᠠ | ᠠᠭᠤᠷ ᠤᠨ ᠱᠤᠤᠭᠢᠯ ᠢᠶᠠᠨ ᠳᠤᠤᠭᠠᠷᠭᠠᠵᠤ ᠂ ᠣᠭᠲᠠᠷᠭᠤᠢ ᠴᠤᠤᠷᠢᠶᠠᠳᠤᠪᠠ ᠃ | ᠶᠠᠩᠵᠧᠦ ᠬᠥᠯᠭᠡ ᠣᠩᠭᠤᠴᠠ ᠬᠥᠬᠡᠮᠥ᠋ᠷᠡᠨ ᠳᠤ ᠣᠷᠣᠵᠤ ᠨᠡᠯᠦᠭᠡᠷ ᠶᠡᠭᠡ ᠳᠠᠯᠠᠢ ᠶᠢ ᠵᠣᠷᠢᠯ᠎ᠠ ᠃ ᠴᠡᠷᠢᠭ ᠤᠨ ᠬᠥᠯᠭᠡ ᠣᠩᠭᠤᠴᠠ ᠠᠯᠭᠤᠷ ᠠᠶᠠᠯᠠᠵᠤ ᠂ | ᠱᠠᠩᠬᠠᠢ ᠭᠡᠬᠦ ᠡᠨᠡ ᠬᠦ ᠵᠢᠶᠠᠩ ᠽᠧ ᠮᠢᠨ ᠨᠥᠬᠦᠷ ᠤᠨ ᠵᠠᠯᠠᠭᠤ ᠨᠠᠰᠤᠨ ᠤ ᠣᠨ ᠵᠢᠯ ᠢᠶᠠᠨ ᠥᠩᠭᠡᠷᠡᠭᠦᠯᠦᠭᠰᠡᠨ ᠂ ᠤᠷᠲᠤ ᠬᠤᠭᠤᠴᠠᠭ᠎ᠠ ᠠᠵᠢᠯᠯᠠᠵᠤ ᠂ ᠲᠡᠮᠡᠴᠡᠵᠦ ᠂ | ᠬᠤᠪᠢ ᠨᠡᠮᠡᠷᠢ ᠦᠵᠡᠭᠦᠯᠦᠭᠰᠡᠨ ᠨᠤᠲᠤᠭ ᠤᠰᠤᠨ ᠠᠴᠠ ᠠᠶᠠᠷᠯᠠᠪᠠ ᠃ | ᠦᠳᠡ ᠶᠢᠨ ᠡᠮᠦᠨᠡᠬᠢ 12 ᠴᠠᠭ 35 ᠮᠢᠨᠦ᠋ᠲ ᠲᠤ ᠂ ᠶᠠᠩᠵᠧᠦ ᠬᠥᠯᠭᠡ ᠣᠩᠭᠤᠴᠠ ᠬᠥᠬᠡᠮᠥ᠋ᠷᠡᠨ ᠤ ᠳᠠᠯᠠᠢ ᠶᠢᠨ ᠴᠢᠳᠬᠤᠯᠠᠩ ᠳᠤ ᠬᠦᠷᠴᠡᠢ ᠃ | ᠴᠡᠷᠢᠭ ᠤᠨ ᠬᠥᠯᠭᠡ ᠣᠩᠭᠤᠴᠠᠨ ᠤ ᠱᠠᠯᠠ ᠳᠡᠭᠡᠷ᠎ᠡ ᠂ ᠮᠣᠷᠳᠠᠭᠤᠯᠬᠤ ᠬᠥᠮᠥᠰ ᠲᠥᠪ ᠵᠣᠭᠰᠣᠨ ᠨᠠᠮᠠᠨᠴᠢᠯᠠᠪᠠ ᠃ ᠳᠠᠯᠠᠢ ᠶᠢᠨ ᠤᠰᠤ ᠨᠠᠮ ᠳᠥᠯᠭᠡᠬᠡᠨ ᠢᠶᠠᠷ | ᠳᠠᠪᠠᠯᠭᠠᠯᠠᠨ᠎ᠠ ᠃ ᠼᠠᠢ ᠴᠢ ᠪᠣᠯᠣᠨ ᠵᠢᠶᠠᠩ ᠽᠧ ᠮᠢᠨ ᠨᠥᠬᠦᠷ ᠤᠨ ᠬᠠᠲᠤᠨ ᠸᠠᠩ ᠶᠧ ᠫᠢᠩ ᠵᠡᠷᠭᠡ ᠲᠥᠷᠥᠯ ᠰᠠᠳᠤᠨ ᠨᠢ ᠨᠢᠳᠦᠨ ᠳᠡᠭᠡᠨ ᠨᠢᠯᠪᠤᠰᠤ | ᠮᠡᠯᠮᠡᠯᠵᠡᠭᠦᠯᠵᠦ ᠂ ᠡᠮᠭᠡᠨᠢᠯ ᠭᠠᠰᠢᠭᠤᠳᠠᠯ ᠢ ᠲᠡᠰᠪᠦᠷᠢᠯᠡᠨ ᠂ ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠪᠣᠯᠣᠨ ᠮᠢᠷᠠᠯᠵᠠᠭᠰᠠᠨ ᠴᠡᠴᠡᠭ ᠤᠨ ᠬᠡᠯᠲᠡᠰ ᠢ | ᠬᠥᠪᠡᠭᠡ ᠬᠢᠵᠠᠭᠠᠷ ᠦᠭᠡᠢ ᠮᠥᠷᠡᠨ ᠲᠠᠩᠭᠢᠰ ᠲᠤ ᠠᠯᠭᠤᠷᠬᠠᠨ ᠢᠶᠠᠷ ᠰᠠᠴᠤᠪᠠ ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ ᠃ ᠳᠤᠮᠳᠠᠳᠤ ᠶᠢᠨ ᠡᠬᠡ ᠭᠠᠵᠠᠷ ᠤᠨ ᠠᠭᠤᠯᠠ ᠤᠰᠤ ᠪᠥᠬᠦᠨ | ᠨᠢᠭᠡᠨ ᠠᠭᠤᠤ ᠶᠡᠭᠡ ᠬᠥᠮᠥᠨ ᠤ ᠭᠡᠷᠡᠯ ᠰᠠᠴᠤᠷᠠᠩᠭᠤᠢ ᠪᠥᠭᠡᠳ ᠡᠷᠡᠯᠬᠡᠭ ᠳᠠᠶᠢᠴᠢᠨ ᠡᠷᠢᠨ ᠵᠠᠭᠤᠨ ᠤ ᠠᠮᠢᠳᠤᠷᠠᠯ ᠢ ᠭᠡᠷᠡᠴᠢᠯᠡᠵᠦ ᠂ ᠨᠢᠭᠡᠨ ᠭᠠᠷᠮᠠᠭᠠᠢ ᠤᠳᠤᠷᠢᠳᠬᠤ | ᠬᠥᠮᠥᠨ ᠤ ᠨᠠᠰᠤᠨ ᠲᠤᠷᠰᠢᠲᠠ ᠪᠠᠨ ᠬᠢᠴᠢᠶᠡᠩᠭᠦ᠋ᠢᠯᠡᠨ ᠵᠢᠳᠬᠦᠵᠦ ᠂ ᠡᠷᠡᠯᠬᠡᠭᠯᠡᠨ ᠲᠡᠮᠡᠴᠡᠭᠰᠡᠨ ᠠᠤᠭ᠎ᠠ ᠰᠦᠷ ᠰᠢᠳᠤᠷᠭᠤ ᠰᠦᠨᠡᠰᠦ ᠶᠢ ᠥᠨᠢᠳᠡ ᠬᠠᠳᠠᠭᠠᠯᠠᠨ᠎ᠠ ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ ᠃ ᠥᠨᠥᠳᠥᠷ ᠂ ᠳᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ | ᠰᠦᠨᠳᠡᠷᠯᠡᠵᠦ ᠪᠠᠶᠢᠭ᠎ᠠ ᠨᠡᠶᠢᠭᠡᠮ ᠵᠢᠷᠤᠮᠲᠤ ᠳᠤᠮᠳᠠᠳᠤ ᠤᠯᠤᠰ ᠴᠡᠴᠡᠭᠯᠡᠨ ᠬᠥᠭᠵᠢᠵᠦ ᠂ ᠠᠮᠢᠵᠢᠷᠠᠯ ᠤᠨ ᠬᠦᠴᠦᠨ ᠢᠶᠠᠷ ᠪᠢᠯᠬᠠᠵᠤ ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠡᠦᠬᠡ ᠶᠢᠨ ᠠᠬᠢᠴᠠ ᠰᠦᠷ ᠳᠠᠯᠠᠶᠢᠴᠠᠲᠠᠢ ᠶᠠᠪᠤᠭᠳᠠᠵᠤ ᠂ ᠠᠬᠠᠮᠠᠳ ᠦᠶ᠎ᠡ ᠶᠢᠨ ᠬᠢᠨ ᠤ ᠭᠡᠭᠡᠨ | ᠰᠦᠨᠡᠰᠦ ᠪᠠᠶᠠᠰᠤᠨ ᠠᠮᠤᠷᠵᠢᠨᠠ ᠃ | ᠥᠷᠭᠡᠨ ᠮᠥᠷᠡᠨ ᠳᠣᠷᠤᠨᠠᠰᠢ ᠴᠢᠳᠬᠤᠯᠠᠵᠤ ᠠᠨᠠᠪᠠᠳ ᠳᠠᠯᠠᠢ ᠲᠠᠢ ᠪᠠᠨ ᠠᠰᠢᠳᠠ ᠣᠷᠣᠰᠢᠨ᠎ᠠ ᠃ ᠬᠦᠨᠳᠦᠲᠦ ᠬᠠᠶᠢᠷᠠᠲᠤ ᠵᠢᠶᠠᠩ ᠽᠧ ᠮᠢᠨ ᠨᠥᠬᠦᠷ ᠤᠨ | ᠪᠠᠭᠠᠲᠤᠷ ᠨᠡᠷ᠎ᠡ ᠂ ᠭᠠᠪᠢᠶ᠎ᠠ ᠵᠢᠳᠬᠦᠯ ᠂ ᠦᠵᠡᠯ ᠰᠠᠨᠠᠭ᠎ᠠ ᠂ ᠬᠡᠪ ᠰᠤᠷᠲᠠᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠵᠦ ᠂ ᠦᠶ᠎ᠡ ᠶᠢᠨ ᠦᠶ᠎ᠡ ᠳᠡᠭᠡᠨ | ᠠᠷᠠᠳ ᠲᠦᠮᠡᠨ ᠤ ᠰᠡᠳᠬᠢᠯ ᠳᠤ ᠬᠠᠳᠠᠩᠰᠢᠬᠤ ᠨᠢ ᠯᠠᠪᠲᠠᠢ ᠃ | | | | | 12 ᠰᠠᠷ᠎ᠠ ᠶᠢᠨ 11 ᠤ ᠡᠳᠦᠷ ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ ᠃ ᠵᠢᠷᠤᠭ ᠪᠣᠯ ᠵᠢᠶᠠᠩ ᠽᠧ ᠮᠢᠨ ᠨᠥᠬᠦᠷ ᠤᠨ ᠲᠦᠷᠦᠯ ᠰᠠᠲᠤᠨ ᠨᠢ ᠭᠦᠷᠦᠭ ᠂ | ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ ᠂ ᠠᠯᠭᠤᠷᠬᠠᠨ ᠢᠶᠠᠷ ᠯᠠᠢ ᠹᠦ᠋ ᠲᠡᠩ ᠲᠠᠩᠬᠢᠮ ᠠᠴᠠ ᠭᠠᠷᠴᠤ ᠢᠷᠡᠵᠦ ᠪᠠᠶᠢᠭ᠎ᠠ ᠨᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | 12 ᠰᠠᠷ᠎ᠠ ᠶᠢᠨ 11 ᠤ ᠡᠳᠦᠷ ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ ᠃ ᠵᠢᠷᠤᠭ ᠪᠣᠯ ᠪᠡᠭᠡᠵᠢᠭ ᠤᠨ ᠪᠠᠷᠠᠭᠤᠨ ᠲᠡᠭᠦᠷᠭᠡ ᠨᠢᠰᠬᠡᠯ ᠤᠨ ᠪᠠᠭᠤᠳᠠᠯ ᠳᠤ ᠂ ᠵᠢᠶᠠᠩ | ᠽᠧ ᠮᠢᠨ ᠨᠥᠬᠦᠷ ᠤᠨ ᠲᠦᠷᠦᠯ ᠰᠠᠲᠤᠨ ᠨᠢ ᠭᠦᠷᠦᠭ ᠂ ᠴᠢᠨᠳᠠᠷ ᠤᠨ ᠬᠠᠶᠢᠷᠴᠠᠭ ᠪᠣᠯᠣᠨ ᠴᠠᠭᠠᠷᠢᠭᠲᠤ ᠴᠡᠴᠡᠭ ᠢ ᠡᠷᠭᠦᠨ ᠂ ᠠᠯᠭᠤᠷᠬᠠᠨ ᠢᠶᠠᠷ ᠲᠤᠰᠬᠠᠢ ᠨᠢᠰᠬᠡᠯ | ᠵᠦᠭ ᠶᠠᠪᠤᠵᠤ ᠪᠠᠶᠢᠭ᠎ᠠ ᠨᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | | | | | 12 ᠰᠠᠷ᠎ᠠ ᠶᠢᠨ 11 ᠤ ᠡᠳᠦᠷ ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | | | | | | 12 ᠰᠠᠷ᠎ᠠ ᠶᠢᠨ 11 ᠤ ᠡᠳᠦᠷ ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | | | | | | 12 ᠰᠠᠷ᠎ᠠ ᠶᠢᠨ 11 ᠤ ᠡᠳᠦᠷ ᠂ ᠵᠢᠶᠠᠩ ᠽᠧ ᠮᠢᠨ ᠨᠥᠬᠦᠷ ᠵᠢᠴᠢ ᠲᠡᠭᠦᠨ ᠤ ᠲᠦᠷᠦᠯ ᠰᠠᠳᠤᠨ ᠤ ᠬᠦᠰᠡᠯ ᠰᠠᠨᠠᠭ᠎ᠠ ᠶᠢ ᠵᠢᠷᠤᠮᠯᠠᠵᠤ ᠂ ᠬᠦᠨᠳᠦᠲᠦ ᠬᠠᠶᠢᠷᠠᠲᠤ | ᠵᠢᠶᠠᠩ ᠽᠧ ᠮᠢᠨ ᠨᠥᠬᠦᠷ ᠤᠨ ᠴᠢᠨᠳᠠᠷ ᠤᠨ ᠦᠨᠡᠰᠦ ᠶᠢ ᠬᠥᠬᠡᠮᠥ᠋ᠷᠡᠨ ᠤ ᠲᠠᠯᠠᠢ ᠶᠢᠨ ᠴᠢᠳᠬᠤᠯᠠᠩ ᠢᠶᠠᠷ ᠲᠠᠯᠠᠢ ᠳᠤ ᠰᠠᠴᠤᠪᠠ ᠃ ᠨᠠᠮ ᠤᠨ ᠲᠥᠪ ᠬᠤᠷᠢᠶᠠᠨ ᠤ | ᠨᠠᠶᠢᠳᠠᠯᠭ᠎ᠠ ᠪᠠᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ | ᠱᠦᠵᠢ ᠨᠠᠷ ᠤᠨ ᠭᠠᠵᠠᠷ ᠤᠨ ᠱᠦᠵᠢ ᠼᠠᠢ ᠴᠢ ᠵᠡᠷᠭᠡ ᠤᠳᠤᠷᠢᠳᠬᠤ ᠨᠥᠬᠦᠳ ᠪᠣᠯᠣᠨ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠵᠡᠷᠭᠡ ᠲᠦᠷᠤᠯ | ᠰᠠᠳᠤᠨ ᠨᠢ ᠬᠠᠮᠠᠭᠠᠯᠠᠨ ᠬᠦᠷᠭᠡᠵᠦ ᠴᠢᠨᠳᠠᠷ ᠤᠨ ᠦᠨᠡᠰᠦ ᠶᠢ ᠰᠠᠴᠤᠵᠠᠢ ᠃ | ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠲᠤᠤ ᠰᠡᠭᠦᠳᠡᠷᠯᠡᠪᠡ | | |