ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 19 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2022/12/13
     12 ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2022 ᠣᠨ ᠤ 19 ᠳ᠋ᠦ᠋ᠭᠡᠷ ᠤᠳᠠᠭ᠎ᠠ ᠶᠢᠨ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠵᠤ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ ᠃     ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃     ᠬᠤᠷᠠᠯ ᠠᠴᠠ ᠂ ︽ ᠬᠤᠶᠠᠷ ᠢ ᠲᠣᠭᠲᠠᠭᠠᠭᠰᠠᠨ ︾ ᠂ ︽ ᠬᠤᠶᠠᠷ ᠢ ᠬᠠᠮᠠᠭᠠᠯᠠᠬᠤ ︾ ᠶᠢ ᠢᠮᠠᠭᠲᠠ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠪᠠ ᠦᠨᠳᠦᠰᠦᠨ ᠤᠯᠤᠰ ᠲᠥᠷᠥ ᠶᠢᠨ ᠶᠣᠰᠣ ᠳᠦᠷᠢᠮ ᠪᠤᠯᠭᠠᠵᠤ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠭᠦ ᠬᠡᠷᠡᠭᠲᠡᠢ ᠃ ᠵᠢᠳᠬᠦᠯ ᠴᠢᠷᠮᠠᠶᠢᠯᠭ᠎ᠠ ᠭᠠᠷᠭᠠᠬᠤ ᠂ ᠵᠣᠷᠢᠭᠲᠠᠢ ᠪᠠᠷ ᠠᠵᠢᠯᠯᠠᠬᠤ ᠂ ᠴᠢᠳᠠᠮᠠᠭᠠᠢ ᠪᠠᠷ ᠠᠵᠢᠯᠯᠠᠬᠤ ᠶᠢ ᠪᠠᠷᠢᠮᠲᠠᠯᠠᠵᠤ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ ᠲᠠᠪᠤᠨ ᠶᠡᠭᠡ ᠡᠭᠦᠷᠭᠡ ︾ ᠶᠢ ᠰᠠᠶᠢᠲᠤᠷ ᠠᠳᠬᠤᠵᠤ ᠂ ᠪᠦᠭᠦ ᠨᠡᠶᠢᠭᠡᠮ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ ᠬᠦᠴᠦᠨ ᠢ ᠬᠥᠭᠵᠢᠭᠡᠵᠦ ᠂ ᠪᠦᠭᠦ ᠣᠷᠣᠨ ᠤ ᠠᠵᠤ ᠠᠬᠤᠢ ᠶᠢᠨ ᠶᠠᠰᠤ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠲᠤᠭ᠎ᠠ ᠬᠡᠮᠵᠢᠶ᠎ᠡ ᠶᠢᠨ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠃ ᠪᠡᠶ᠎ᠡ ᠪᠠᠨ ᠴᠢᠩᠭ᠎ᠠ ᠱᠠᠭᠠᠷᠳᠠᠵᠤ ᠂ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ ᠂ ᠬᠠᠷᠢᠶᠠᠨ ᠳᠣᠲᠣᠷᠠᠬᠢ ᠪᠠᠨ ᠴᠢᠩᠭ᠎ᠠ ᠬᠠᠮᠢᠶᠠᠷᠴᠤ ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠂ ᠴᠢᠩᠭ᠎ᠠ ᠪᠠᠶᠢᠬᠤ ᠠᠷᠭ᠎ᠠ ᠬᠡᠮᠵᠢᠶ᠎ᠡ ᠂ ᠴᠢᠩᠭ᠎ᠠ ᠪᠠᠶᠢᠬᠤ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ ᠂ ᠠᠷᠢᠭᠤᠨ ᠴᠢᠬᠡᠴᠢ ᠵᠠᠰᠠᠭ ᠤᠨ ᠣᠷᠳᠣᠨ ᠢ ᠴᠥᠬᠦᠷᠡᠰᠢ ᠦᠭᠡᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃     ᠲᠤᠰ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠰᠠ ᠪᠠᠶᠢᠩᠭᠤ ᠶᠢᠨ ᠬᠤᠷᠠᠯ ᠬᠤᠷᠠᠯᠳᠤᠭᠤᠯᠵᠤ ᠂ ᠰᠢᠨ᠎ᠡ ᠭᠡᠯᠪᠡᠷᠢ ᠶᠢᠨ ᠡᠨᠧᠷᠭᠢ ᠶᠢᠨ ᠨᠦᠭᠡᠴᠡᠯᠡᠯᠳᠡ ᠶᠢ ᠬᠥᠭᠵᠢᠭᠦᠯᠬᠦ ᠵᠡᠷᠭᠡ ᠵᠦᠢᠯᠡᠰ ᠢ ᠰᠤᠳᠤᠯᠵᠠᠢ ᠃     
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ