ᠰᠢ ᠶᠢᠨ ᠫᠢᠩ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠳᠤᠮᠳᠠᠳᠤ ᠶᠢᠨ ᠰᠣᠶᠣᠯ ᠤᠨ ᠨᠡᠩ ᠰᠠᠶᠢᠲᠤᠷ ᠳᠡᠯᠡᠬᠡᠢ ᠳ᠋ᠠᠬᠢᠨ ᠳᠤ ᠬᠠᠨᠳᠤᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2022/12/15
      ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠳᠤ ᠴᠢᠬᠤᠯᠠ ᠵᠢᠭᠠᠪᠤᠷᠢ ᠥᠭᠴᠦ ᠂ ︽ ᠳᠤᠮᠳᠠᠳᠤ ᠤᠯᠤᠰ ᠤᠨ ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ ᠪᠦᠬᠦᠢ ᠵᠠᠩᠰᠢᠯ ︾ ᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠨᠢ ᠳᠤᠮᠳᠠᠳᠤ ᠤᠯᠤᠰ ᠤᠨ ᠴᠠᠢ ᠶᠢᠨ ᠰᠣᠶᠣᠯ ᠢ ᠪᠠᠳᠠᠷᠠᠭᠤᠯᠬᠤ ᠳᠤ ᠮᠠᠰᠢ ᠶᠡᠭᠡ ᠠᠴᠢ ᠬᠤᠯᠪᠣᠭᠳᠠᠯ ᠲᠠᠢ ᠶᠤᠮ ᠃ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠶᠤᠨ ᠤ ᠪᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠵᠤ ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ ᠬᠡᠷᠡᠭᠲᠡᠢ ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠵᠦ ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠭᠦᠨᠵᠡᠭᠡᠶᠢᠷᠡᠭᠦᠯᠵᠦ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ ᠂ ᠳᠤᠮᠳᠠᠳᠤ ᠶᠢᠨ ᠰᠣᠶᠣᠯ ᠤᠨ ᠨᠡᠩ ᠰᠠᠶᠢᠲᠤᠷ ᠳᠡᠯᠡᠬᠡᠢ ᠳᠤ ᠬᠠᠨᠳᠤᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃     11 ᠰᠠᠷ᠎ᠠ ᠶᠢᠨ 29 ᠤ ᠡᠳᠦᠷ ᠂ ᠮᠠᠨ ᠤ ᠤᠯᠤᠰ ᠠᠴᠠ ᠭᠤᠶᠤᠴᠢᠯᠠᠨ ᠮᠡᠳᠡᠭᠦᠯᠦᠭᠰᠡᠨ ︽ ᠳᠤᠮᠳᠠᠳᠤ ᠤᠯᠤᠰ ᠤᠨ ᠤᠯᠠᠮᠵᠢᠯᠠᠯᠲᠤ ᠴᠠᠢ ᠬᠢᠬᠦ ᠮᠡᠷᠭᠡᠰᠢᠯ ᠵᠢᠴᠢ ᠬᠤᠯᠪᠣᠭᠳᠠᠯ ᠪᠦᠬᠦᠢ ᠵᠠᠩᠰᠢᠯ ︾ ᠢ ᠮᠤᠷᠤᠺᠺᠤ ᠶᠢᠨ ᠷᠠᠪᠠᠲ ᠲᠤ ᠬᠤᠷᠠᠯᠳᠤᠭᠤᠯᠤᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠭᠢ ᠵᠥᠪᠯᠡᠯ ᠤᠨ 17 ᠳ᠋ᠤᠭᠠᠷ ᠬᠤᠭᠤᠴᠠᠭᠠᠨ ᠤ ᠪᠠᠶᠢᠩᠭᠤ ᠶᠢᠨ ᠬᠤᠷᠠᠯ ᠳᠡᠭᠡᠷ᠎ᠡ ᠬᠢᠨᠠᠨ ᠲᠣᠭᠲᠠᠭᠠᠯᠲᠠ ᠬᠢᠵᠦ ᠪᠠᠲᠤᠯᠠᠨ ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠪᠠ ᠃ ᠣᠳᠣᠬᠠᠨ ᠳᠤ ᠂ ᠮᠠᠨ ᠤ ᠤᠯᠤᠰ ᠤᠨ 43 ᠲᠥᠷᠥᠯ ᠵᠦᠢᠯ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠂ ᠨᠡᠷᠡᠰ ᠤᠨ ᠳᠡᠪᠲᠡᠷ ᠲᠤ ᠵᠢᠭᠰᠠᠭᠠᠭᠳᠠᠵᠤ ᠳᠡᠯᠡᠬᠡᠢ ᠶᠢᠨ ᠨᠢᠭᠡᠳᠦᠭᠡᠷ ᠲᠤ ᠣᠷᠣᠵᠤ ᠪᠤᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ