| ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ | ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠬᠢᠬᠦ ᠲᠤᠬᠠᠢ ᠠᠯᠢ ᠣᠯᠠᠨ ᠱᠠᠭᠠᠷᠳᠠᠯᠭ᠎ᠠ ᠶᠢ ᠦᠨᠳᠦᠰᠦᠯᠡᠨ ᠂ 12 | ᠳ᠋ᠤᠭᠠᠷ ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ︽ ᠳᠤᠮᠳᠠᠳᠤ ᠪᠠᠭ᠎ᠠ ᠰᠤᠷᠭᠠᠭᠤᠯᠢ ᠶᠢᠨ | ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠰᠡᠷᠭᠦᠭᠡᠬᠦ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ ᠪᠥᠬᠦ | ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠳᠤ ᠪᠠᠨ ᠪᠤᠴᠠᠵᠤ ᠬᠢᠴᠢᠶᠡᠯ ᠰᠡᠷᠭᠦᠭᠡᠬᠦ | ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ ᠃ | ᠮᠡᠳᠡᠭᠳᠡᠯ ᠳᠤ ᠱᠠᠭᠠᠷᠳᠠᠭᠰᠠᠨ ᠨᠢ ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠥᠪ ᠬᠤᠷᠢᠶ᠎ᠠ ᠂ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠂ ᠬᠠᠷᠢᠶ᠎ᠠ | ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ︽ ᠬᠢᠵᠢᠭ ᠤᠨ ᠪᠠᠶᠢᠳᠠᠯ ᠲᠠᠢ ᠰᠤᠷᠭᠠᠭᠤᠯᠢ ᠨᠤᠭᠤᠳ ᠲᠦᠭᠰᠢᠭᠦᠷᠢᠲᠦ ᠣᠷᠣᠨ ᠤ ᠬᠡᠪᠴᠢᠶ᠎ᠡ ᠶᠢ | ᠨᠠᠷᠢᠯᠢᠭ ᠣᠨᠣᠴᠠᠲᠠᠢ ᠪᠠᠷ ᠬᠤᠪᠢᠶᠠᠷᠢᠯᠠᠨ ᠲᠣᠭᠲᠠᠭᠠᠵᠤ ᠂ ᠲᠦᠭᠰᠢᠭᠦᠷᠢᠲᠦ ᠣᠷᠣᠨ ᠠᠴᠠ ᠭᠠᠳᠠᠨᠠᠬᠢ ᠣᠷᠣᠨ ᠳᠤ ᠮᠥᠨ ᠬᠦ ᠬᠡᠪ ᠤᠨ ᠵᠢᠭᠠᠨ ᠰᠤᠷᠭᠠᠯᠲᠠ ᠪᠠ | ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ ︾ ᠵᠠᠷᠴᠢᠮ ᠶᠣᠰᠣᠭᠠᠷ ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠬᠠᠷᠢᠶ᠎ᠠ ᠣᠷᠣᠨ ᠤ ᠳᠣᠲᠣᠷᠠᠬᠢ | ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠬᠤᠪᠢᠷᠠᠭᠤᠯᠬᠤ ᠶᠢ ᠨᠢᠭᠡᠳᠦᠯᠲᠡᠢ | ᠲᠥᠯᠥᠪᠯᠡᠨ ᠰᠠᠶᠢᠲᠤᠷ ᠬᠢᠬᠦ ᠬᠡᠷᠡᠭᠲᠡᠢ ᠃ ᠡᠯ᠎ᠡ ᠬᠤᠰᠢᠭᠤ ᠰᠢᠶᠠᠨ ︵ ᠬᠤᠲᠠ ᠂ ᠲᠣᠭᠤᠷᠢᠭ ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠳ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ ᠂ ᠬᠠᠷᠢᠶ᠎ᠠ ᠭᠠᠵᠠᠷ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠂ ︽ ᠪᠦᠯᠦᠭ ᠬᠤᠪᠢᠶᠠᠨ ᠡᠮᠬᠢ | ᠵᠢᠷᠤᠮ ᠲᠠᠢ ᠶᠠᠪᠤᠭᠳᠠᠭᠤᠯᠬᠤ ᠂ ᠰᠣᠷᠣᠭᠴᠢ ᠶᠢᠨ ᠰᠠᠶᠢᠨ ᠳᠤᠷ᠎ᠠ ᠠᠴᠠ ᠪᠠᠨ ᠪᠠᠶᠢᠬᠤ ᠶᠢ ᠵᠢᠷᠤᠮᠯᠠᠬᠤ ᠂ ᠠᠮᠤᠷ ᠲᠦᠪᠰᠢᠨ ᠪᠥᠭᠡᠳ ᠯᠠᠪᠳᠠᠭᠤᠨ ᠪᠠᠶᠢᠬᠤ ︾ ᠵᠠᠷᠴᠢᠮ | ᠶᠣᠰᠣᠭᠠᠷ ᠂ ᠴᠠᠭ ᠬᠤᠭᠤᠴᠠᠭ᠎ᠠ ᠶᠢ ᠵᠥᠷᠢᠭᠦᠯᠬᠦ ᠂ ᠣᠷᠭᠢᠯ ᠦᠶ᠎ᠡ ᠶᠢ ᠵᠥᠷᠢᠭᠦᠯᠬᠦ ᠪᠠ ᠲᠠᠰ ᠳᠠᠪᠬᠤᠷᠭ᠎ᠠ ᠶᠢ ᠵᠥᠷᠢᠭᠦᠯᠵᠦ ᠂ ᠲᠡᠭᠦᠰᠬᠦ ᠣᠨ ᠤ ᠰᠤᠷᠤᠭᠴᠢᠳ ᠤᠨ | ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠶᠢ ᠤᠷᠢᠳ ᠢᠶᠠᠷ ᠲᠣᠬᠢᠷᠠᠭᠤᠯᠬᠤ ᠬᠡᠷᠡᠭᠲᠡᠢ ᠃ ᠴᠡᠴᠡᠷᠯᠢᠭ ᠤᠨ ᠬᠡᠦᠬᠡᠳ ᠤᠨ ᠴᠡᠴᠡᠷᠯᠢᠭ ᠲᠤ ᠪᠠᠨ | ᠪᠤᠴᠠᠬᠤ ᠴᠠᠭ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠴᠠᠭ ᠢ | ᠡᠯ᠎ᠡ ᠬᠤᠰᠢᠭᠤ ᠰᠢᠶᠠᠨ ︵ ᠬᠤᠲᠠ ᠂ ᠲᠣᠭᠤᠷᠢᠭ ︶ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢᠶᠠᠨ ᠦᠨᠳᠦᠰᠦᠯᠡᠨ ᠰᠤᠳᠤᠯᠤᠨ ᠮᠠᠭᠠᠳᠯᠠᠵᠤ | ᠲᠣᠭᠲᠠᠭᠠᠨ᠎ᠠ ᠃ | ᠰᠤᠷᠭᠠᠭᠤᠯᠢ ᠶᠢᠨ ᠰᠦᠯᠵᠢᠶᠡᠨ ᠠᠴᠠ ᠭᠠᠳᠠᠨᠠᠬᠢ ᠬᠢᠴᠢᠶᠡᠯ ᠢ ᠰᠡᠷᠭᠦᠭᠡᠬᠦ ᠠᠴᠠ ᠡᠮᠦᠨ᠎ᠡ ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠤᠯᠤᠰ ᠲᠥᠷᠥ ᠬᠠᠤᠯᠢ ᠴᠠᠭᠠᠵᠠ ᠂ ᠳᠣᠲᠣᠭᠠᠳᠤ ᠶᠢ ᠬᠠᠮᠠᠭᠠᠯᠠᠬᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠂ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ ᠂ ᠬᠠᠷᠭᠤᠭᠤᠯᠤᠨ ᠪᠠᠶᠢᠴᠠᠭᠠᠬᠤ | ᠠᠵᠢᠯ ᠤᠨ ᠳᠤᠭᠤᠶᠢᠯᠠᠩ ᠪᠠᠶᠢᠭᠤᠯᠵᠤ ᠂ ᠰᠤᠷᠭᠠᠭᠤᠯᠢ ᠶᠢᠨ ᠨᠥᠬᠦᠴᠡᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ | ᠬᠡᠷᠡᠭᠲᠡᠢ ᠃ ᠡᠯ᠎ᠡ ᠰᠤᠷᠭᠠᠭᠤᠯᠢ ᠡᠷᠬᠡᠪᠰᠢ ᠪᠠᠭᠰᠢ ᠰᠤᠷᠦᠬᠴᠢ ᠠᠵᠢᠯᠲᠠᠨ ᠠᠵᠢᠯᠴᠢᠨ ᠵᠢᠴᠢ ᠬᠠᠮᠲᠤ ᠠᠮᠢᠳᠤᠷᠠᠵᠤ ᠪᠠᠶᠢᠭ᠎ᠠ ᠬᠥᠮᠥᠰ ᠤᠨ ᠡᠷᠡᠭᠦᠯ ᠮᠡᠡᠳᠦ ᠶᠢᠨ | ᠪᠠᠶᠢᠳᠠᠯ ᠢ ᠣᠶᠢᠯᠠᠭᠠᠬᠤ ᠬᠡᠷᠡᠭᠲᠡᠢ ᠃ ᠰᠤᠷᠭᠠᠭᠤᠯᠢ ᠳᠤ ᠪᠠᠨ ᠪᠤᠴᠠᠭᠰᠠᠨ ᠪᠠᠭᠰᠢ ᠰᠣᠷᠣᠭᠴᠢ ᠠᠵᠢᠯᠲᠠᠨ ᠡᠷᠬᠡᠪᠰᠢ 48 ᠴᠠᠭ ᠤᠨ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠵᠢᠴᠢ ᠡᠷᠡᠭᠦᠯ ᠮᠡᠨᠳᠦ ᠶᠢᠨ ᠺᠣᠳ᠋ ᠤᠨ ᠨᠣᠭᠤᠭᠠᠨ ᠺᠣᠳ᠋ ᠢᠶᠠᠨ ᠦᠵᠡᠭᠦᠯᠵᠦ ᠰᠤᠷᠭᠠᠭᠤᠯᠢ ᠳᠤ ᠣᠷᠣᠬᠤ ᠬᠡᠷᠡᠭᠲᠡᠢ ᠃ | ᠡᠯ᠎ᠡ ᠭᠠᠵᠠᠷ ᠡᠯ᠎ᠡ ᠰᠤᠷᠭᠠᠭᠤᠯᠢ ᠠᠴᠠ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠪᠠ ᠰᠢᠯᠢᠳᠡᠭᠵᠢᠭᠦᠯᠬᠦ ᠠᠷᠭ᠎ᠠ | ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ ᠂ ᠲᠣᠰ ᠭᠠᠵᠠᠷ ᠣᠷᠣᠨ ᠵᠢᠴᠢ ᠲᠣᠰ ᠰᠤᠷᠭᠠᠭᠤᠯᠢ ᠶᠢᠨ ᠢᠶᠠᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ | ᠲᠥᠰᠥᠯ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ | ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠬᠢᠴᠢᠶᠡᠯ ᠤᠨ ᠲᠣᠬᠢᠷᠠᠭᠤᠯᠤᠯᠲᠠ ᠂ ᠵᠢᠭᠠᠨ ᠰᠤᠷᠭᠠᠯᠲᠠ ᠶᠢᠨ ᠲᠥᠯᠥᠪᠯᠡᠭᠡ ᠂ ᠠᠩᠭᠢ ᠶᠢᠨ ᠠᠵᠢᠯ ᠤᠨ | ᠲᠥᠯᠥᠪᠯᠡᠭᠡ ᠶᠢ ᠤᠷᠢᠳᠴᠢᠯᠠᠨ ᠰᠠᠶᠢᠲᠤᠷ ᠬᠢᠵᠦ ᠂ ᠬᠢᠴᠢᠶᠡᠯ ᠢ ᠪᠦᠷᠢᠨ ᠭᠦᠢᠴᠡᠳ ᠨᠡᠭᠡᠭᠡᠬᠦ ᠶᠢ ᠪᠠᠲᠤᠯᠠᠬᠤ ᠬᠡᠷᠡᠭᠲᠡᠢ ᠃ ᠰᠤᠷᠭᠠᠭᠤᠯᠢ ᠨᠤᠭᠤᠳ ᠠᠮᠠᠪᠴᠢ ᠂ ᠭᠠᠷ | ᠤᠬᠢᠶᠠᠬᠤ ᠰᠢᠩᠭᠡᠨ ᠂ ᠪᠡᠶ᠎ᠡ ᠶᠢᠨ ᠳᠤᠯᠠᠭᠠᠨ ᠤ ᠬᠡᠮᠵᠢᠭᠦᠷ ᠂ ᠠᠷᠢᠭᠤᠳᠬᠠᠭᠴᠢ ᠡᠳ᠋ ᠵᠡᠷᠭᠡ ᠡᠷᠬᠡᠪᠰᠢ ᠪᠡᠯᠡᠳᠬᠡᠬᠦ ᠴᠢᠬᠤᠯᠠᠲᠠᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ | ᠭᠦᠢᠴᠡᠳ ᠪᠡᠯᠡᠳᠬᠡᠵᠦ ᠂ ᠬᠠᠷᠢᠶ᠎ᠠ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠵᠣᠬᠢᠶᠠᠨ ᠪᠠᠶᠢᠭᠤᠯᠤᠯᠲᠠ ᠲᠠᠢ ᠪᠠᠷ ᠳᠤᠮᠳᠠᠳᠤ ᠪᠠᠭ᠎ᠠ ᠰᠤᠷᠭᠠᠭᠤᠯᠢ | ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠠᠨᠳᠤᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ ᠃ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠨᠢ ᠵᠠᠷᠴᠢᠮ ᠳᠡᠭᠡᠷ᠎ᠡ ᠪᠠᠨ ᠪᠢᠲᠡᠭᠦᠮᠵᠢᠲᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ ᠃ ᠪᠠᠭᠰᠢ ᠰᠣᠷᠣᠭᠴᠢ ᠠᠵᠢᠯᠲᠠᠨ | ᠠᠵᠢᠯᠴᠢᠨ ᠤ ︽ ᠥᠪᠡᠷ ᠤᠨ ᠪᠡᠶ᠎ᠡ ᠪᠣᠯ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ ︾ ᠭᠡᠬᠦ ᠤᠬᠠᠮᠰᠠᠷ ᠢ ᠪᠠᠲᠤᠳᠬᠠᠵᠤ ᠂ ᠭᠡᠷ ᠤᠨ ᠠᠬᠠᠮᠠᠳ | ᠬᠡᠦᠬᠡᠳ ᠢᠶᠠᠨ ᠲᠣᠰᠴᠤ ᠬᠦᠷᠭᠡᠬᠦ ᠳᠤ ᠪᠠᠨ ᠰᠤᠷᠭᠠᠭᠤᠯᠢ ᠶᠢᠨ ᠡᠭᠦᠳᠡᠨ ᠳᠤ ᠪᠥᠭᠡᠮᠨᠡᠷᠡᠨ ᠴᠤᠭᠯᠠᠷᠠᠬᠤ ᠦᠭᠡᠢ ᠪᠠᠶᠢᠵᠤ ᠂ ᠠᠮᠠᠪᠴᠢ ᠵᠡᠭᠦᠬᠦ ᠶᠢ ᠵᠢᠷᠤᠮᠵᠢᠭᠤᠯᠤᠨ ᠂ | ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ ᠃ | ᠮᠡᠳᠡᠭᠳᠡᠯ ᠳᠤ ᠪᠠᠰᠠ ᠡᠯ᠎ᠡ ᠰᠤᠷᠭᠠᠭᠤᠯᠢ ᠶᠢᠨ ᠬᠢᠨ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠨᠢᠭᠲᠠ ᠠᠩᠬᠠᠷᠴᠤ ᠂ ᠬᠥᠮᠦᠯᠢᠭ ᠬᠠᠯᠠᠮᠵᠢᠯᠠᠯ ᠢ | ᠴᠢᠩᠭᠠᠳᠬᠠᠬᠤ ᠶᠢᠨ ᠬᠠᠮᠲᠤ ᠳᠡᠭᠡᠷᠡᠬᠢ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠤᠯᠤᠰ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ | ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠬᠡᠷᠡᠭᠲᠡᠢ ᠭᠡᠵᠦ ᠱᠠᠭᠠᠷᠳᠠᠪᠠ ᠃ | | | |