| ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 12 ᠰᠠᠷ᠎ᠠ ᠶᠢᠨ 12 ᠤᠨ ᠡᠳᠦᠷ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ ᠂ ᠡᠨᠡ ᠵᠢᠯ ᠮᠠᠨ ᠤ | ᠣᠷᠣᠨ ᠤ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ ᠂ 780.1 ᠳ᠋ᠦᠩᠰᠢᠭᠤᠷ ᠵᠢᠩ ᠳᠤ ᠬᠦᠷᠴᠦ ᠂ ᠨᠢᠳᠤᠨᠤᠨ ᠤ | ᠬᠢ ᠠᠴᠠ 12 ᠳ᠋ᠦᠩᠰᠢᠭᠤᠷ ᠵᠢᠩ ᠨᠡᠮᠡᠭᠳᠡᠨ ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠭᠤᠷᠪᠠᠳᠤᠭᠠᠷ ᠲᠤ ᠣᠷᠣᠵᠤ ᠂ ᠶᠡᠷᠦᠩᠬᠡᠢ ᠤᠨᠠᠯᠲᠠ ᠨᠢ ᠪᠥᠬᠦ | ᠤᠯᠤᠰ ᠤᠨ ᠵᠢᠷᠭᠤᠳᠤᠭᠠᠷ ᠲᠤ ᠵᠢᠭᠰᠠᠨ ᠂ 5 ᠵᠢᠯ ᠳᠠᠷᠠᠭᠠᠯᠠᠨ 750 ᠳ᠋ᠦᠩᠰᠢᠭᠤᠷ ᠵᠢᠩ ᠢ ᠳᠠᠪᠠᠵᠤ ᠂ ᠤᠯᠤᠰ ᠠᠴᠠ ᠮᠠᠨ ᠤ ᠣᠷᠣᠨ ᠳᠤ ᠳᠠᠭᠠᠭᠠᠯᠭᠠᠭᠰᠠᠨ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ ᠂ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠢ ᠃ | ᠡᠨᠡ ᠵᠢᠯ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 10427.7 ᠲᠦᠮᠡᠨ ᠮᠦ ᠳᠤ ᠬᠦᠷᠴᠦ ᠂ ᠨᠢᠳᠤᠨᠤᠨ ᠤ ᠬᠢ ᠠᠴᠠ 101.2 ᠲᠦᠮᠡᠨ | ᠮᠦ ᠨᠡᠮᠡᠭᠳᠡᠪᠡ ᠃ ᠡᠭᠦᠨ ᠳᠤ ᠂ ᠰᠢᠷ᠎ᠠ ᠪᠤᠷᠴᠠᠭ ᠲᠠᠷᠢᠭᠰᠠᠨ ᠲᠠᠯᠠᠪᠠᠢ 1833.1 ᠲᠦᠮᠡᠨ ᠮᠦ ᠳᠤ ᠬᠦᠷᠴᠦ ᠂ ᠨᠢᠳᠤᠨᠤᠨ ᠤ ᠬᠢ ᠠᠴᠠ 493.3 ᠲᠦᠮᠡᠨ ᠮᠦ | ᠨᠡᠮᠡᠭᠳᠡᠨ ᠂ ᠨᠡᠮᠡᠭᠳᠡᠯ ᠤᠨ ᠬᠡᠮᠵᠢᠶ᠎ᠡ ᠨᠢ 36.8% ᠳᠤ ᠬᠦᠷᠴᠡᠢ ᠃ ᠨᠢᠭᠡ ᠵᠢᠯ ᠤᠨ ᠲᠤᠷᠰᠢ ᠂ ᠡᠯ᠎ᠡ ᠭᠠᠵᠠᠷ ᠣᠷᠣᠨ ᠤ ᠬᠢᠨ ︽ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠂ ᠳᠡᠮᠵᠢᠯᠭᠡ ᠶᠢ ᠴᠢᠩᠭᠠᠳᠬᠠᠬᠤ ᠂ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ ᠂ ᠶᠠᠰᠤ ᠴᠢᠨᠠᠷ ᠢ ᠳᠡᠭᠡᠭᠰᠢᠯᠡᠭᠦᠯᠬᠦ ᠂ ᠭᠠᠮᠰᠢᠭ ᠢ ᠰᠡᠷᠭᠡᠶᠢᠯᠡᠬᠦ ︾ | ᠶᠢ ᠵᠡᠷᠭᠡ ᠪᠠᠷ ᠠᠳᠬᠤᠵᠤ ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠬᠦ ᠂ ᠰᠢᠷ᠎ᠠ ᠪᠤᠷᠴᠠᠭ ᠤᠨ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠬᠦ ᠂ ᠠᠮᠤ | ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ ᠨᠡᠮᠡᠭᠳᠡᠭᠦᠯᠬᠦ ︽ ᠳᠥᠷᠪᠡ ᠶᠢ ᠨᠡᠮᠡᠭᠳᠡᠭᠦᠯᠬᠦ ︾ | ᠶᠢ ᠪᠡᠶᠡᠯᠡᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ ᠃ | ᠮᠠᠨ ᠤ ᠣᠷᠣᠨ ᠲᠠᠷᠢᠶᠠᠯᠠᠩ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ ᠂ ᠣᠷᠣᠨ ᠨᠤᠲᠤᠭ ᠤᠨ ᠠᠮᠤ ᠪᠤᠳᠠᠭᠠᠨ ᠤ | ᠦᠢᠯᠡᠳᠪᠦᠷᠢᠯᠡᠯ ᠤᠨ ᠲᠣᠭᠲᠠᠯ ᠬᠦᠴᠦᠨ ᠢ ᠳᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠠᠴᠠ ᠡᠯ᠎ᠡ | ᠠᠶᠢᠮᠠᠭ ᠬᠤᠲᠠ ᠶᠢᠨ ᠵᠠᠬᠢᠷᠭ᠎ᠠ ᠵᠠᠰᠠᠭ ᠤᠨ ᠣᠷᠳᠣᠨ ᠯᠤᠭ᠎ᠠ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠣᠭᠲᠠᠵᠤ ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ 2022 ᠣᠨ ᠤ ᠠᠮᠤ ᠪᠤᠳᠠᠭ᠎ᠠ ᠪᠣᠯᠣᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ | ᠬᠠᠷᠠᠯᠲᠠ ᠶᠢ ᠪᠠᠭᠤᠯᠭᠠᠵᠤ ᠂ ᠤᠯᠤᠰ ᠤᠨ ᠪᠠᠭᠤᠯᠭᠠᠭᠰᠠᠨ ᠡᠭᠦᠷᠭᠡ ᠠᠴᠠ ᠲᠣᠰ ᠲᠣᠰ 1.8 ᠲᠦᠮᠡᠨ ᠮᠦ ᠪᠠ 1.5 ᠲᠦᠮᠡᠨ ᠮᠦ ᠨᠡᠮᠡᠭᠳᠡᠭᠦᠯᠵᠡᠢ ᠃ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠳᠡᠭᠡᠭᠰᠢᠯᠡᠭᠦᠯᠵᠦ ᠂ ᠠᠮᠤ ᠪᠤᠳᠠᠭᠠᠨ ᠤ | ᠦᠢᠯᠡᠳᠪᠦᠷᠢᠯᠡᠯ ᠤᠨ ᠬᠥᠳᠡᠯᠭᠡᠬᠦ ᠬᠦᠴᠦᠨ ᠢ ᠳᠡᠭᠡᠭᠰᠢᠯᠡᠭᠦᠯᠪᠡ ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠴᠠᠭ | ᠲᠤᠬᠠᠢ ᠳᠤᠨᠢ ᠪᠠᠭᠤᠯᠭᠠᠵᠤ ᠂ ᠤᠯᠤᠰ ᠤᠨ ᠲᠠᠷᠢᠶᠠᠨ ᠭᠠᠵᠠᠷ ᠪᠠ ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ | ᠲᠠᠷᠢᠭᠰᠠᠳ ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠪᠠ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠨᠡᠶᠢᠲᠡ | 198.35 ᠳ᠋ᠦᠩᠰᠢᠭᠤᠷ ᠲᠥᠭᠦᠷᠢᠭ ᠪᠠᠭᠤᠯᠭᠠᠵᠤ ᠂ ᠤᠯᠤᠰ ᠤᠨ ︽ ᠲᠠᠷᠢᠶᠠᠯᠠᠩ ᠢ ᠴᠢᠬᠤᠯᠠᠴᠢᠯᠠᠵᠤ ᠠᠮᠤ ᠪᠤᠳᠠᠭ᠎ᠠ ᠶᠢ ᠠᠳᠬᠤᠬᠤ ︾ ᠲᠥᠷᠥ ᠶᠢᠨ | ᠪᠣᠳᠣᠯᠭ᠎ᠠ ᠶᠢᠨ ᠲᠣᠬᠢᠶ᠎ᠠ ᠶᠢ ᠴᠠᠭ ᠲᠤᠬᠠᠢ ᠳᠤᠨᠢ ᠳᠠᠮᠵᠢᠭᠤᠯᠪᠠ ᠃ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠳᠤ ᠰᠢᠨ᠎ᠡ ᠶᠢ ᠡᠭᠦᠳᠦᠨ | ᠲᠣᠬᠢᠷᠠᠭᠤᠯᠤᠯᠲᠠ ᠬᠢᠵᠦ ᠂ ᠡᠯ᠎ᠡ ᠭᠠᠵᠠᠷ ᠣᠷᠣᠨ ᠤ ᠰᠢᠷ᠎ᠠ ᠪᠤᠷᠴᠠᠭ ᠪᠠ ᠡᠷᠳᠡᠨᠢ ᠰᠢᠰᠢ ᠲᠠᠷᠢᠭᠰᠠᠳ ᠲᠤ ᠣᠯᠭᠤᠬᠤ ᠨᠥᠬᠦᠪᠦᠷᠢ ᠶᠢᠨ ᠵᠥᠷᠢᠶ᠎ᠡ ᠶᠢ 200 | ᠲᠥᠭᠦᠷᠢᠭ ᠠᠴᠠ ᠳᠡᠭᠡᠭᠰᠢ ᠪᠣᠯᠲᠠᠯ᠎ᠠ ᠥᠷᠭᠡᠳᠬᠡᠬᠦ ᠶᠢ ᠳᠡᠮᠵᠢᠪᠡ ︔ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢᠨ | ᠲᠤᠷᠰᠢᠯᠲᠠ ᠶᠢᠨ ᠠᠵᠢᠯ ᠢ ᠥᠷᠨᠢᠭᠦᠯᠵᠦ ᠂ 2000 ᠲᠦᠮᠡᠨ ᠮᠦ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠠᠷᠢᠯᠭᠠᠨ ᠬᠥᠷᠥᠰᠥᠨ ᠤ ᠰᠢᠮ᠎ᠡ ᠶᠢᠨ | ᠬᠠᠮᠠᠭᠠᠯᠠᠯᠲᠠ ᠶᠢᠨ ᠨᠥᠬᠦᠪᠦᠷᠢ ᠣᠯᠭᠤᠬᠤ ᠨᠥᠬᠦᠴᠡᠯ ᠲᠠᠢ ᠪᠣᠯᠭᠠᠬᠤ ᠶᠢ ᠬᠠᠶᠢᠨ ᠰᠦᠪᠡᠭᠴᠢᠯᠡᠵᠦ ᠂ 14 ᠬᠤᠰᠢᠭᠤ ᠰᠢᠶᠠᠨ ᠳᠤ ᠲᠠᠷᠢᠶᠠᠨ ᠭᠠᠵᠠᠷ ᠤᠨ | ᠬᠥᠷᠥᠰᠥᠨ ᠤ ᠰᠢᠮ᠎ᠡ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠲᠤᠷᠰᠢᠨ ᠬᠡᠷᠡᠭᠵᠢᠭᠦᠯᠦᠭᠰᠡᠨ 480 ᠲᠦᠮᠡᠨ ᠮᠦ ᠲᠠᠷᠢᠶᠠᠨ ᠭᠠᠵᠠᠷ ᠲᠤ ᠲᠠᠷᠢᠶᠠᠨ ᠭᠠᠵᠠᠷ ᠤᠨ | ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢ ᠰᠢᠭᠤᠳ ᠣᠯᠭᠤᠵᠤ ᠂ ᠮᠠᠯᠵᠢᠬᠤ ᠲᠠᠷᠢᠶᠠᠯᠠᠬᠤ ᠡᠷᠦᠬᠡ ᠶᠢ ᠵᠢᠯᠣᠭᠤᠳᠴᠤ ᠪᠠᠶᠢᠭᠠᠳ ᠲᠠᠷᠢᠶᠠᠨ | ᠭᠠᠵᠠᠷ ᠤᠨ ᠬᠥᠷᠥᠰᠥᠨ ᠤ ᠰᠢᠮ᠎ᠡ ᠶᠢ ᠳᠡᠭᠡᠭᠰᠢᠯᠡᠭᠦᠯᠦᠭᠰᠡᠨ ᠪᠠᠶᠢᠨ᠎ᠠ ᠃ | ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠨ ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠂ ᠠᠮᠤ | ᠪᠤᠳᠠᠭᠠᠨ ᠤ ᠦᠢᠯᠡᠳᠪᠦᠷᠢᠯᠡᠯ ᠤᠨ ᠨᠥᠭᠡᠴᠡ ᠬᠦᠴᠦᠨ ᠢ ᠪᠠᠳᠠᠷᠠᠭᠤᠯᠪᠠ ᠃ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠂ | ᠲᠤᠰᠬᠠᠢ ᠮᠡᠷᠭᠡᠵᠢᠯᠲᠡᠨ ᠠᠴᠠ ᠲᠠᠷᠢᠶᠠᠯᠠᠭ᠎ᠠ ᠶᠢᠨ ᠠᠵᠢᠯ ᠤᠨ ᠪᠥᠬᠦ ᠶᠠᠪᠤᠴᠠ ᠶᠢ ᠳᠠᠭᠠᠬᠤ ᠂ ᠪᠥᠬᠦ ᠶᠠᠪᠤᠴᠠ ᠶᠢᠨ ᠪᠣᠯᠪᠠᠰᠤᠷᠠᠯ ᠬᠦᠷᠲᠡᠭᠡᠬᠦ ᠶᠢ ᠢᠳᠡᠪᠬᠢᠲᠡᠢ | ᠥᠷᠨᠢᠭᠦᠯᠵᠦ ᠂ 65 ᠬᠤᠰᠢᠭᠤ ᠰᠢᠶᠠᠨ ᠳᠤ ᠲᠦᠮᠡᠨ ᠮᠦ ᠶᠢᠨ 130 ᠵᠢᠱᠢᠶ᠎ᠡ ᠦᠵᠡᠭᠦᠯᠬᠦ ᠣᠷᠣᠨ ᠂ ᠮᠢᠩᠭᠠᠨ ᠮᠦ ᠶᠢᠨ 690 ᠵᠢᠱᠢᠶ᠎ᠡ ᠦᠵᠡᠭᠦᠯᠬᠦ ᠣᠷᠣᠨ ᠂ | ᠵᠠᠭᠤᠨ ᠮᠦ ᠶᠢᠨ 240 ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠵᠢᠱᠢᠶ᠎ᠡ ᠦᠵᠡᠭᠦᠯᠦᠭᠰᠡᠨ ᠲᠠᠷᠢᠮᠠᠯ ᠤᠨ ᠶᠡᠷᠦᠩᠬᠡᠢ ᠲᠠᠯᠠᠪᠠᠢ | 203 ᠲᠦᠮᠡᠨ ᠮᠦ ᠳᠤ ᠬᠦᠷᠴᠡᠢ ᠃ ᠪᠥᠬᠦ ᠣᠷᠣᠨ ᠳᠤ ᠦᠵᠡᠭᠦᠯᠭᠡ ᠶᠢᠨ ᠭᠠᠷᠠᠭ ᠤᠨ ᠠᠵᠢᠯᠯᠠᠭ᠎ᠠ ᠥᠷᠨᠢᠭᠦᠯᠵᠦ ᠂ ᠨᠡᠶᠢᠲᠡ 530 ᠲᠠᠯᠠᠪᠤᠷ ᠤᠳᠠᠭ᠎ᠠ ᠂ 3.2 | ᠲᠦᠮᠡᠨ ᠬᠥᠮᠥᠨ ᠤᠳᠠᠭ᠎ᠠ ᠶᠢᠨ ᠦᠵᠡᠭᠦᠯᠭᠡ ᠶᠢᠨ ᠪᠣᠯᠪᠠᠰᠤᠷᠠᠯ ᠢ ᠡᠷᠬᠢᠯᠡᠨ ᠂ ᠮᠠᠯᠴᠢᠨ ᠲᠠᠷᠢᠶᠠᠴᠢᠳ ᠢ ᠰᠣᠷᠣᠯᠴᠠᠬᠤ ᠳᠤ ᠳᠠᠭᠤᠷᠢᠶᠠᠯ ᠲᠠᠢ ᠂ ᠠᠵᠢᠯᠯᠠᠬᠤ ᠳᠤ | ᠵᠢᠷᠤᠮᠯᠠᠯ ᠲᠠᠢ ᠪᠣᠯᠭᠠᠪᠠ ᠃ ᠵᠢᠱᠢᠶ᠎ᠡ ᠦᠵᠡᠭᠦᠯᠬᠦ ᠣᠷᠣᠨ ᠨᠢ ᠵᠡᠭᠦᠨ ᠬᠤᠶᠢᠲᠤ ᠶᠢᠨ ᠲᠦᠮᠡᠨ ᠮᠦ ᠶᠢᠨ ᠡᠷᠳᠡᠨᠢ ᠰᠢᠰᠢ ᠂ ᠤᠮᠠᠷᠠᠲᠤ ᠶᠢᠨ ᠵᠠᠭᠤᠨ ᠮᠦ ᠶᠢᠨ ᠰᠢᠯᠢᠮᠳᠡᠭ ᠂ | ᠥᠪᠥᠷ ᠮᠣᠩᠭᠤᠯ ᠤᠨ ᠬᠠᠭᠤᠷᠠᠢ ᠲᠠᠷᠢᠶ᠎ᠠ ᠶᠢᠨ ᠰᠢᠷ᠎ᠠ ᠪᠤᠷᠴᠠᠭ ᠪᠣᠯᠣᠨ ᠤᠰᠤᠨ ᠲᠤᠲᠤᠷᠭ᠎ᠠ ᠶᠢᠨ ᠮᠦ ᠨᠢᠭᠡᠴᠢ ᠶᠢᠨ ᠤᠨᠠᠯᠲᠠ ᠶᠢᠨ ᠰᠢᠨ᠎ᠡ ᠲᠡᠮᠳᠡᠭᠯᠡᠯ ᠢ | ᠡᠭᠦᠳᠦᠭᠰᠡᠨ ᠪᠠᠶᠢᠨ᠎ᠠ ᠃ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ 748.1 ᠵᠢᠩ ᠳᠤ ᠬᠦᠷᠴᠦ ᠂ | ᠨᠢᠳᠤᠨᠤᠨ ᠤ ᠬᠢ ᠠᠴᠠ 4.3 ᠨᠡᠮᠡᠭᠳᠡᠨ ᠂ ᠨᠡᠮᠡᠭᠳᠡᠯ ᠤᠨ ᠬᠡᠮᠵᠢᠶ᠎ᠡ ᠨᠢ 0.6% ᠳᠤ ᠬᠦᠷᠴᠡᠢ ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠵᠤ ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠣᠳᠠᠲᠤ ᠬᠦᠴᠦᠨ ᠢ ᠳᠡᠭᠡᠭᠰᠢᠯᠡᠭᠦᠯᠪᠡ ᠃ ᠮᠠᠨ ᠤ ᠣᠷᠣᠨ ᠡᠨᠡ ᠵᠢᠯ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 4989 ᠲᠦᠮᠡᠨ ᠮᠦ ᠪᠠᠶᠢᠭᠤᠯᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ | ᠴᠢᠳᠠᠪᠤᠷᠢ ᠶᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ ᠃ ᠬᠠᠷ᠎ᠠ ᠬᠥᠷᠥᠰᠥᠨ ᠳᠤ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ ᠂ ᠬᠠᠷ᠎ᠠ | ᠬᠥᠷᠥᠰᠥ ᠶᠢ ᠬᠠᠮᠠᠭᠠᠯᠠᠨ ᠠᠰᠢᠭᠯᠠᠬᠤ ᠪᠠ ᠲᠠᠷᠢᠮᠠᠯ ᠤᠨ ᠵᠦᠢᠯᠡᠰ ᠢ ᠰᠡᠯᠭᠦᠨ ᠲᠠᠷᠢᠬᠤ ᠶᠢ ᠬᠡᠷᠡᠭᠵᠢᠭᠦᠯᠵᠦ ᠂ ᠪᠥᠬᠦ ᠣᠷᠣᠨ ᠤ ᠲᠠᠷᠢᠶᠠᠨ ᠭᠠᠵᠠᠷ ᠤᠨ ᠬᠥᠷᠥᠰᠥᠨ ᠤ | ᠰᠢᠮ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠳᠠᠶᠢᠴᠢᠯᠠᠪᠠ ᠃ ︽ ᠲᠠᠷᠢᠶᠠᠴᠢᠨ ᠴᠢᠬᠢ ᠶᠢ ᠦᠵᠡᠵᠦ ᠲᠠᠷᠢᠶᠠᠨ ᠦᠷ᠎ᠡ ᠰᠣᠩᠭᠤᠬᠤ ︾ ᠲᠠᠪᠴᠠᠩ ᠢ 60 | ᠪᠠᠶᠢᠭᠤᠯᠵᠤ ᠂ ᠠᠳᠠᠯᠢ ᠪᠤᠰᠤ ᠭᠠᠵᠠᠷ ᠣᠷᠣᠨ ᠤ ᠪᠠᠶᠢᠳᠠᠯ ᠳᠤ ᠲᠣᠬᠢᠷᠠᠭᠰᠠᠨ 14 ᠵᠦᠢᠯ ᠤᠨ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠣᠯᠣᠨ ᠲᠣᠰᠣᠯᠢᠭ | ᠲᠠᠷᠢᠮᠠᠯ ᠤᠨ 177 ᠰᠠᠶᠢᠨ ᠡᠭᠦᠯᠳᠡᠷ ᠢ ᠰᠣᠩᠭᠤᠨ ᠭᠠᠷᠭᠠᠵᠠᠢ ᠃ ᠠᠮᠤ ᠪᠤᠳᠠᠭᠠᠨ ᠤ ᠲᠠᠷᠢᠮᠠᠯ ᠤᠨ ᠰᠠᠶᠢᠨ ᠡᠭᠦᠯᠳᠡᠷ ᠢ ᠪᠤᠶᠢᠵᠢᠭᠤᠯᠤᠨ ᠳᠡᠯᠭᠡᠷᠡᠭᠦᠯᠬᠦ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠪᠣᠢ ᠪᠣᠯᠭᠠᠬᠤ ᠶᠢ ᠳᠡᠮᠵᠢᠵᠦ ᠂ ᠪᠥᠬᠦ ᠣᠷᠣᠨ ᠤ ᠰᠠᠶᠢᠨ ᠡᠭᠦᠯᠳᠡᠷ ᠢ ᠪᠤᠶᠢᠵᠢᠭᠤᠯᠬᠤ ᠰᠠᠭᠤᠷᠢᠨ ᠤ ᠲᠠᠯᠠᠪᠠᠢ 100 | ᠲᠦᠮᠡᠨ ᠮᠦ ᠶᠢ ᠳᠠᠪᠠᠪᠠ ᠃ ᠡᠭᠦᠨ ᠳᠤ ᠲᠥᠮᠥᠰᠥ ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠰᠠᠶᠢᠨ ᠡᠭᠦᠯᠳᠡᠷ ᠤᠨ ᠰᠠᠭᠤᠷᠢᠨ ᠤ ᠲᠠᠯᠠᠪᠠᠢ ᠴᠥᠮ ᠪᠥᠬᠦ | ᠤᠯᠤᠰ ᠤᠨ ᠡᠮᠦᠨ᠎ᠡ ᠡᠩᠨᠡᠭᠡᠨ ᠳᠤ ᠣᠷᠣᠵᠤ ᠂ ᠪᠥᠬᠦ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 98% ᠶᠢ | ᠳᠠᠪᠠᠭᠰᠠᠨ ᠪᠠᠶᠢᠨ᠎ᠠ ᠃ ᠡᠭᠦᠨ ᠤ ᠬᠠᠮᠲᠤ ᠪᠠᠰᠠ ᠰᠢᠨᠵᠢᠯᠡᠬᠦ ᠤᠬᠠᠭᠠᠨᠴᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠂ ᠭᠠᠮᠰᠢᠭ ᠢ ᠰᠡᠷᠭᠡᠶᠢᠯᠡᠬᠦ | ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ ᠃ | | | | |