| ᠲᠠᠪᠤᠨ ᠶᠡᠭᠡ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠵᠤ ᠥᠭᠭᠦᠭᠰᠡᠨ | ᠠᠵᠢᠯᠯᠠᠭᠠᠨ ᠤ ᠬᠥᠲᠥᠯᠪᠦᠷᠢ ᠪᠣᠯᠣᠨ᠎ᠠ ᠃ 12 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ | ᠠᠯᠪᠠᠨ ᠭᠡᠷ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ · ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠵᠦ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ︾ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠂ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ | ᠡᠨᠧᠷᠭᠢ ᠶᠢᠨ ᠲᠣᠪᠴᠢᠶ᠎ᠠ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ ᠤ ᠣᠷᠣᠨ ᠤ ᠲᠠᠪᠤᠨ ᠶᠡᠭᠡ ᠡᠭᠦᠷᠭᠡ ᠶᠢᠨ | ᠶᠡᠷᠦᠩᠬᠡᠢ ᠪᠠᠶᠢᠳᠠᠯ ᠪᠠ ᠭᠤᠣᠯᠳᠠᠯᠭ᠎ᠠ ᠲᠠᠢ ᠠᠵᠢᠯ ᠂ ᠠᠷᠭ᠎ᠠ ᠬᠡᠮᠵᠢᠶ᠎ᠡ ᠶᠢᠨ ᠲᠤᠬᠠᠢ ᠲᠠᠶᠢᠯᠤᠮᠵᠢ ᠬᠢᠪᠡ ᠃ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ | ᠬᠥᠭᠵᠢᠯᠲᠡ ᠶᠢᠨ ᠠᠷᠭ᠎ᠠ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ ᠨᠤᠲᠤᠭ ᠪᠡᠯᠴᠢᠭᠡᠷ ᠢ ᠬᠠᠮᠠᠭᠠᠯᠠᠬᠤ ᠂ | ᠤᠢ ᠰᠢᠭᠤᠢ ᠶᠢ ᠬᠠᠮᠠᠭᠠᠯᠠᠬᠤ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ ᠂ ᠬᠥᠬᠡ ᠣᠭᠲᠠᠷᠭᠤᠢ ᠂ ᠬᠥᠬᠡᠮᠳᠦᠭ ᠤᠰᠤᠨ ᠂ ᠠᠷᠢᠭᠤᠨ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠪᠣᠯᠣᠨ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ | ᠬᠦᠴᠦᠨ ᠢᠶᠠᠷ ᠰᠠᠶᠢᠲᠤᠷ ᠬᠢᠵᠦ ᠂ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠦᠭᠦ ᠲᠠᠯ᠎ᠠ | ᠪᠠᠷ ᠳᠡᠭᠡᠭᠰᠢᠯᠡᠭᠦᠯᠦᠨ ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠴᠣᠭᠴᠠᠯᠠᠬᠤ ᠪᠣᠯᠣᠨ᠎ᠠ ᠃ | ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠤᠯᠤᠰ ᠤᠨ ᠠᠮᠤᠷ | ᠲᠦᠪᠰᠢᠨ ᠤ ᠰᠢᠰᠲ᠋ᠧᠮ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠠᠶᠤᠯ ᠲᠦᠭᠰᠢᠭᠦᠷᠢ ᠶᠢ ᠪᠦᠲᠦᠮᠵᠢᠲᠡᠶ | ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ | ᠦᠨᠳᠦᠰᠦᠲᠡᠨ ᠪᠦᠯᠬᠦᠮᠳᠡᠯ ᠲᠠᠢ ᠂ ᠨᠡᠶᠢᠭᠡᠮ ᠡᠶ᠎ᠡ ᠵᠣᠬᠢᠴᠠᠩᠭᠤᠢ ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠦᠭᠦ ᠬᠦᠴᠦᠨ ᠢᠶᠠᠷ | ᠬᠠᠮᠠᠭᠠᠯᠠᠵᠤ ᠂ ᠥᠪᠥᠷ ᠮᠣᠩᠭᠤᠯ ᠤᠨ ᠠᠮᠤᠷ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ ᠂ ᠨᠡᠶᠢᠰᠯᠡᠯ ᠤᠨ ᠠᠮᠤᠷ ᠲᠦᠪᠰᠢᠨ ᠢ | ᠬᠠᠮᠠᠭᠠᠯᠠᠨ᠎ᠠ ᠃ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠠᠶᠢᠭᠤᠯᠵᠤ ᠂ ᠭᠤᠣᠯᠳᠠᠯᠭ᠎ᠠ ᠲᠠᠢ ᠬᠦᠷᠢᠶᠡᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠬᠦᠨᠳᠦ ᠶᠡᠭᠡ ᠭᠡᠨᠡᠳᠲᠡ ᠶᠢᠨ ᠤᠯᠠᠨ | ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ ᠃ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ | ᠰᠠᠶᠢᠵᠢᠷᠠᠭᠤᠯᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ ᠥᠷᠨᠢᠭᠦᠯᠦᠨ᠎ᠡ ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯᠣᠨ᠎ᠠ ᠃ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ | ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠂ ᠡᠨᠧᠷᠭᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ | ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ | ᠴᠢᠩᠭᠠᠳᠬᠠᠨ᠎ᠠ ᠃ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ ᠂ ᠰᠢᠨ᠎ᠡ ᠡᠨᠧᠷᠭᠢ ᠶᠢᠨ ᠬᠡᠷᠡᠭᠯᠡᠭᠡᠨ ᠤ ᠲᠠᠯᠠᠪᠤᠷ ᠢ ᠶᠡᠭᠡ ᠪᠠᠷ ᠥᠷᠭᠡᠳᠬᠡᠨ ᠂ ᠰᠠᠯᠬᠢᠨ ᠬᠦᠴᠦᠨ ᠤ ᠡᠨᠧᠷᠭᠢ ᠂ ᠭᠡᠷᠡᠯᠴᠢ ᠴᠡᠨᠡᠭ ᠂ ᠤᠰᠤᠲᠥ᠋ᠷᠥᠭᠴᠢ | ᠡᠨᠧᠷᠭᠢ ᠪᠣᠯᠣᠨ ᠨᠥᠭᠡᠴᠡ ᠡᠨᠧᠷᠭᠢ ᠶᠢᠨ ᠳᠥᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ ᠂ ᠪᠦᠭᠦ ᠤᠯᠤᠰ ᠲᠤ ᠡᠩ ᠲᠡᠷᠢᠭᠦᠨ ᠳᠤ | ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠤᠨ᠎ᠠ ᠃ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠢ ᠶᠡᠭᠡ ᠪᠠᠷ ᠪᠦᠲᠦᠭᠡᠨ ᠪᠠᠶᠢᠭᠤᠯᠵᠤ ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ | ᠬᠦᠴᠦᠷᠬᠡᠭᠵᠢᠭᠦᠯᠦᠨ ᠂ ᠪᠦᠭᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠪᠣᠯᠣᠨ ᠪᠦᠭᠦ ᠤᠯᠤᠰ ᠤᠨ ᠲᠡᠷᠢᠭᠦᠨ ᠤ | ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠢ ᠪᠦᠲᠦᠭᠡᠨ ᠪᠠᠶᠢᠭᠤᠯᠬᠤ ᠪᠣᠯᠣᠨ᠎ᠠ ᠃ | ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠂ | ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠂ ᠲᠥᠬᠦᠭᠡᠷᠦᠮᠵᠢᠲᠦ ᠮᠠᠯ ᠠᠵᠤ ᠠᠬᠤᠢ ᠲᠠᠷᠢᠶᠠᠯᠠᠩ ᠂ ᠲᠡᠵᠢᠭᠡᠯ | ᠡᠪᠡᠰᠦᠨ ᠤ ᠰᠠᠭᠤᠷᠢᠨ ᠤ ᠪᠦᠲᠦᠭᠡᠨ ᠪᠠᠶᠢᠭᠤᠯᠤᠯᠲᠠ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠂ ᠬᠦᠢᠲᠡᠨ ᠬᠡᠯᠬᠢᠶᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠂ ᠲᠥᠷᠥᠯ ᠲᠡᠮᠳᠡᠭ ᠡᠭᠦᠳᠭᠦ ᠵᠡᠷᠭᠡ | ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ ᠂ ᠴᠢᠨᠠᠷ ᠰᠠᠶᠢᠲᠠᠢ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ | ᠰᠢᠰᠲ᠋ᠧᠮ ᠢ ᠪᠠᠶᠢᠭᠤᠯᠤᠨ ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠲᠠᠨ ᠴᠢᠨᠠᠷ ᠢᠶᠠᠷ ᠴᠢᠩᠭ᠎ᠠ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠨᠢ | ᠴᠢᠩᠭ᠎ᠠ ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠴᠢᠩᠭ᠎ᠠ ᠪᠠᠶᠢᠳᠠᠭ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠢ ᠲᠦᠷᠭᠡᠪᠴᠢᠯᠡᠨ | ᠪᠦᠲᠦᠭᠡᠨ ᠪᠠᠶᠢᠭᠤᠯᠤᠨ᠎ᠠ ᠃ ᠲᠥᠪ ᠤᠨ ᠪᠠᠶᠢᠷᠢᠯᠠᠭᠤᠯᠤᠯᠲᠠ ᠶᠣᠰᠣᠭᠠᠷ ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ 2025 ᠣᠨ ᠪᠣᠯᠬᠤ ᠳᠤ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ 800 ᠳ᠋ᠦᠩᠰᠢᠭᠤᠷ ᠵᠢᠩ ᠳᠤ ᠬᠦᠷᠭᠡᠬᠦ ᠪᠠᠷ ᠴᠢᠷᠮᠠᠶᠢᠨ᠎ᠠ ᠃ ᠦᠢᠯᠡᠳᠬᠦᠨ ᠤ ᠥᠷᠲᠡᠭ ᠨᠢ 1000 ᠳ᠋ᠦᠩᠰᠢᠭᠤᠷ | ᠲᠥᠭᠦᠷᠢᠭ ᠢ ᠳᠠᠪᠠᠭᠰᠠᠨ ᠡᠷᠳᠡᠨᠢ ᠰᠢᠰᠢ ᠪᠣᠯᠣᠨ ᠰᠦ ᠶᠢᠨ ᠠᠵᠤ ᠦᠢᠯᠡᠰ ᠂ ᠦᠢᠯᠡᠳᠬᠦᠨ ᠤ ᠥᠷᠲᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ | ᠮᠢᠬᠠᠨ ᠤ ᠦᠬᠡᠷ ᠂ ᠮᠢᠬᠠᠨ ᠤ ᠬᠤᠨᠢ ᠪᠣᠯᠣᠨ ᠲᠡᠵᠢᠭᠡᠯ ᠡᠪᠡᠰᠦᠨ ᠤ ᠠᠵᠤ ᠦᠢᠯᠡᠰ ᠂ ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠢ ᠳᠠᠪᠠᠭᠰᠠᠨ | ᠲᠥᠮᠥᠰᠥ ᠂ ᠰᠢᠷ᠎ᠠ ᠪᠤᠷᠴᠠᠭ ᠂ ᠨᠡᠷᠡᠨ ᠬᠤᠸᠠᠷ ᠪᠣᠯᠣᠨ ᠢᠮᠠᠭᠠᠨ ᠨᠣᠣᠯᠣᠭᠤᠷ ᠤᠨ ᠠᠵᠤ ᠦᠢᠯᠡᠰ ᠵᠡᠷᠭᠡ 8 ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠪᠣᠯᠣᠨ᠎ᠠ ᠃ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠬᠤ ᠠᠵᠢᠯ ᠢ ᠶᠡᠭᠡ ᠪᠠᠷ ᠠᠬᠢᠭᠤᠯᠵᠤ ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ ᠂ ᠨᠡᠭᠡᠭᠡᠯᠲᠡᠲᠤ ᠪᠣᠭᠤᠮᠲᠠ ᠂ | ᠨᠡᠭᠡᠭᠡᠯᠲᠡᠲᠤ ᠵᠠᠮ ᠢ ᠶᠡᠭᠡ ᠪᠠᠷ ᠪᠦᠲᠦᠭᠡᠨ ᠪᠠᠶᠢᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ ᠂ ᠨᠠᠷᠮᠠᠢ ᠪᠣᠭᠤᠮᠲᠠ ᠶᠢᠨ | ᠠᠵᠤ ᠠᠬᠤᠢ ᠶᠢ ᠲᠦᠷᠭᠡᠳᠬᠡᠨ ᠬᠥᠭᠵᠢᠭᠦᠯᠵᠦ ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠭᠰᠠᠨ ᠂ ᠡᠷᠬᠢᠨ ᠲᠣᠭᠤᠷᠢᠨ ᠢᠶᠠᠨ ᠨᠥᠯᠥᠭᠡᠯᠡᠨ | ᠳᠠᠶᠢᠴᠢᠯᠠᠭᠰᠠᠨ ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠭᠰᠠᠨ ᠂ ᠴᠢᠬᠤᠯᠠ ᠡᠯᠧᠮᠧᠨ᠋ᠲ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ | ᠨᠡᠭᠡᠭᠡᠯᠲᠡ ᠶᠢᠨ ᠲᠠᠪᠴᠠᠩ ᠪᠣᠯᠭᠠᠨ ᠪᠦᠲᠦᠭᠡᠨ ᠪᠠᠶᠢᠭᠤᠯᠤᠨ᠎ᠠ ᠃ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ ᠲᠡᠷᠭᠡ ᠶᠢᠨ ᠳᠤᠮᠳᠠ ᠵᠠᠮ ᠂ ᠵᠡᠭᠦᠨ ᠵᠠᠮ ᠤᠨ | ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠵᠦ ᠂ ᠤᠯᠠᠭᠠᠨᠴᠠᠪ ᠤᠨ ᠲᠥᠪᠯᠡᠷᠡᠭᠦᠯᠦᠨ ᠲᠠᠷᠬᠠᠭᠠᠬᠤ ᠲᠥᠪ ᠂ ᠵᠢᠨᠢᠩ — ᠡᠷᠢᠶᠡᠨ ᠬᠦᠷᠬᠦ ᠲᠡᠮᠦᠷ ᠵᠠᠮ | ᠪᠣᠯᠣᠨ ᠡᠷᠢᠶᠡᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ ᠂ ᠥᠪᠥᠷ ᠮᠣᠩᠭᠤᠯ ᠤᠨ ᠵᠡᠭᠦᠨ ᠪᠡᠶ᠎ᠡ ᠂ | ᠳᠤᠮᠳᠠ ᠪᠡᠶ᠎ᠡ ᠂ ᠪᠠᠷᠠᠭᠤᠨ ᠪᠡᠶ᠎ᠡ ᠶᠢ ᠬᠤᠯᠪᠣᠭᠰᠠᠨ ᠲᠦᠷᠭᠡᠨ ᠤ ᠲᠡᠮᠦᠷ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠰᠠᠭᠠᠳ ᠦᠭᠡᠢ ᠲᠦᠷᠭᠡᠨ ᠨᠡᠪᠲᠡᠷᠡᠬᠦ | ᠵᠠᠮ ᠬᠠᠷᠢᠯᠴᠠᠭ᠎ᠠ ᠂ ᠡᠳ᠋ ᠪᠠᠷᠠᠭᠠᠨ ᠤ ᠭᠦᠢᠯᠭᠡᠭᠡ ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠢ ᠪᠠᠶᠢᠭᠤᠯᠤᠨ᠎ᠠ ᠃ ᠲᠡᠷᠢᠭᠦᠨ ᠤ ᠦᠢᠯᠡᠳᠬᠦ ᠦᠢᠯᠡᠰ | ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠵᠤ ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ ᠂ | ᠭᠤᠣᠯᠳᠠᠯᠭ᠎ᠠ ᠲᠠᠢ ᠣᠷᠣᠨ ᠪᠦᠰᠡ ᠂ ᠭᠤᠣᠯᠳᠠᠯᠭ᠎ᠠ ᠲᠠᠢ ᠠᠵᠤ ᠦᠢᠯᠡᠰ ᠂ ᠭᠤᠣᠯᠳᠠᠯᠭ᠎ᠠ ᠲᠠᠢ ᠠᠵᠤ ᠠᠬᠤᠶᠢᠯᠠᠯ ᠂ ᠭᠤᠣᠯᠳᠠᠯᠭ᠎ᠠ ᠲᠠᠢ ᠲᠠᠪᠴᠠᠩ ᠢᠶᠠᠷ | ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ ᠂ ᠨᠠᠩ ᠣᠯᠠᠨ ᠰᠠᠶᠢᠨ ᠠᠵᠤ ᠠᠬᠤᠶᠢᠯᠠᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ ᠃ | ᠮᠠᠨ ᠤ ᠣᠷᠣᠨ ᠲᠠᠪᠤᠨ ᠶᠡᠭᠡ ᠡᠭᠦᠷᠭᠡ ᠶᠢᠨ ᠲᠤᠬᠠᠢ ᠲᠤᠰᠬᠠᠢ ᠬᠡᠷᠡᠭᠵᠢᠭᠦᠯᠬᠦ ᠲᠥᠰᠥᠯ ᠢ ᠨᠢᠭᠡᠳ ᠨᠢᠭᠡ ᠪᠠᠷ ᠨᠡᠶᠢᠲᠡᠯᠡᠵᠦ ᠂ ᠡᠭᠦᠷᠭᠡ ᠂ ᠵᠠᠮ ᠱᠤᠭᠤᠮ ᠤᠨ | ᠵᠢᠷᠤᠭ ᠪᠣᠯᠣᠨ ᠴᠠᠭ ᠤᠨ ᠬᠦᠰᠦᠨᠦᠭ ᠢ ᠴᠥᠮ ᠲᠣᠳᠣᠷᠬᠠᠶᠢᠯᠠᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠰᠠ ᠲᠤᠰᠬᠠᠢ ᠤᠳᠤᠷᠢᠳᠬᠤ | ᠳᠤᠭᠤᠶᠢᠯᠠᠩ ᠪᠠᠶᠢᠭᠤᠯᠵᠤ ᠂ ᠲᠠᠪᠤᠨ ᠶᠡᠭᠡ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ | ᠪᠠᠶᠢᠨ᠎ᠠ ᠃ | | | |