| ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ ᠣᠶᠢᠯᠠᠭᠠᠭᠰᠠᠨ ᠢᠶᠠᠷ ᠂ ᠲᠣᠰ ᠡᠮᠨᠡᠯᠭᠡ ᠶᠢᠨ ᠬᠤᠷᠢᠶ᠎ᠠ 12 | ᠳ᠋ᠤᠭᠠᠷ ᠰᠠᠷ᠎ᠠ ᠶᠢᠨ 14 ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠦᠯᠵᠢᠶᠡᠨ ᠳᠡᠭᠡᠷᠡᠬᠢ ᠡᠭᠦᠳᠡᠨ ᠡᠮᠨᠡᠯᠭᠡ ᠶᠢ ᠨᠡᠭᠡᠭᠡᠵᠦ ᠂ | ᠰᠦᠯᠵᠢᠶᠡᠨ ᠳᠡᠭᠡᠷ᠎ᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠬᠦ ᠵᠣᠷ ᠪᠠ ᠵᠠᠰᠠᠬᠤ ᠵᠣᠷ ᠭᠠᠷᠭᠠᠵᠤ ᠪᠣᠯᠣᠨ᠎ᠠ ᠃ | ᠣᠶᠢᠯᠠᠭᠠᠭᠰᠠᠨ ᠢᠶᠠᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠰᠦᠯᠵᠢᠶᠡᠨ ᠳᠡᠭᠡᠷ᠎ᠡ ᠨᠡᠭᠡᠭᠡᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠰᠢᠨ᠎ᠡ ᠡᠭᠦᠳᠡᠨ ᠡᠮᠨᠡᠯᠭᠡ ᠪᠣᠯ ᠪᠠᠴᠢᠮ ᠡᠮᠨᠡᠭᠦᠯᠬᠦ ᠬᠡᠷᠡᠭᠴᠡᠭᠡ ᠱᠠᠭᠠᠷᠳᠠᠯᠭ᠎ᠠ ᠦᠭᠡᠢ ᠣᠯᠠᠨ ᠲᠦᠮᠡᠨ ᠳᠤ | ᠨᠡᠭᠡᠭᠡᠵᠦ ᠥᠭᠭᠦᠭᠰᠡᠨ ᠠᠰᠠᠭᠤᠨ ᠡᠮᠴᠢᠯᠡᠭᠦᠯᠵᠦ ᠡᠮ ᠬᠤᠳᠠᠯᠳᠤᠨ ᠠᠪᠬᠤ ᠰᠦᠯᠵᠢᠶᠡᠨ ᠤ ᠠᠷᠭ᠎ᠠ ᠵᠠᠮ ᠮᠥᠨ ᠃ ᠬᠥᠮᠥᠰ ᠸᠢᠴᠠᠲ ᠤᠨ ᠵᠢᠵᠢᠭ ᠫᠷᠣᠭ᠍ᠷᠠᠮ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ︾ ᠶᠢ ᠬᠠᠶᠢᠵᠤ ︽ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠡᠭᠦᠳᠡᠨ ᠡᠮᠨᠡᠯᠭᠡ ︾ ᠶᠢᠨ ᠲᠤᠰᠬᠠᠢ ᠪᠤᠯᠤᠩ ᠳᠤ ᠣᠷᠣᠵᠤ ᠂ ᠡᠮᠨᠡᠭᠦᠯᠬᠦ ᠡᠮᠴᠢ ᠪᠠᠨ ᠰᠣᠩᠭᠤᠨ | ᠰᠦᠯᠵᠢᠶᠡᠨ ᠳᠡᠭᠡᠷ᠎ᠡ ᠠᠴᠠ ᠠᠰᠠᠭᠤᠨ ᠯᠠᠪᠯᠠᠵᠤ ᠪᠣᠯᠣᠨ᠎ᠠ ᠃ ᠠᠰᠠᠭᠤᠨ ᠯᠠᠪᠯᠠᠬᠤ ᠳᠤ ᠪᠠᠨ ᠸᠢᠳᠢᠤ᠋ ᠪᠠᠷ ᠂ ᠵᠢᠷᠤᠭ ᠦᠰᠦᠭ ᠢᠶᠠᠷ ᠪᠤᠶᠤ ᠳᠠᠭᠤ ᠠᠪᠢᠶ᠎ᠠ ᠪᠠᠷ | ᠠᠰᠠᠭᠤᠵᠤ ᠪᠣᠯᠣᠨ᠎ᠠ ᠃ ᠠᠰᠠᠭᠤᠨ ᠣᠨᠣᠰᠢᠯᠠᠵᠤ ᠳᠠᠭᠤᠰᠤᠭᠰᠠᠨ ᠤ ᠳᠠᠷᠠᠭ᠎ᠠ ᠵᠠᠷᠤᠳᠠᠯ ᠲᠤᠰᠢᠶᠠᠬᠤ ᠦᠶ᠎ᠡ ᠳᠤ ᠥᠪᠡᠷ ᠢᠶᠠᠨ ᠵᠠᠷᠤᠳᠠᠯ ᠲᠤᠰᠢᠶᠠᠬᠤ ᠪᠤᠶᠤ ᠡᠮ | ᠡᠮᠨᠡᠯᠭᠡ ᠶᠢᠨ ᠳᠠᠭᠠᠳᠬᠠᠯ ᠢ ᠬᠡᠷᠡᠭᠯᠡᠵᠦ ᠳ᠋ᠦᠩᠨᠡᠨ ᠪᠣᠳᠣᠬᠤ ᠶᠢ ᠰᠣᠩᠭᠤᠵᠤ ᠂ ᠡᠮ ᠤᠨ ᠵᠦᠢᠯ ᠢ ᠡᠮᠨᠡᠯᠭᠡ ᠳᠤ ᠬᠦᠷᠴᠦ ᠥᠪᠡᠷ ᠢᠶᠠᠨ ᠭᠠᠷᠭᠠᠨ ᠠᠪᠬᠤ ᠪᠤᠶᠤ | ᠥᠪᠡᠷ ᠢᠶᠠᠨ ᠰᠢᠤᠳᠠᠨ ᠤ ᠵᠠᠷᠤᠳᠠᠯ ᠲᠤᠰᠢᠶᠠᠵᠤ ᠰᠢᠤᠳᠠᠨ ᠢᠶᠠᠷ ᠢᠯᠡᠭᠡᠵᠦ ᠪᠣᠯᠣᠨ᠎ᠠ ᠃ | 14 ᠤ ᠡᠳᠦᠷ ᠤᠨ ᠦᠳᠡ ᠶᠢᠨ ᠡᠮᠦᠨ᠎ᠡ ᠂ ᠬᠥᠬᠡᠬᠤᠲᠠ ᠶᠢᠨ ᠠᠷᠠᠳ ᠯᠢ ᠠᠪᠠᠭ᠋ᠠᠢ ᠭᠡᠷ ᠲᠤ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠢᠲᠠᠳ ᠡᠮᠨᠡᠯᠭᠡ ᠶᠢᠨ ᠬᠤᠷᠢᠶᠠᠨ ᠤ ᠡᠮᠴᠢ ᠲᠠᠢ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠲᠠᠰᠤᠭ ᠢᠶᠠᠷ ᠳᠠᠮᠵᠢᠭᠤᠯᠤᠨ | ᠰᠠᠨᠠᠯ ᠢᠶᠠᠨ ᠰᠣᠯᠢᠯᠴᠠᠵᠤ ᠂ ᠡᠮᠴᠢ ᠲᠡᠭᠦᠨ ᠤ ᠪᠡᠶ᠎ᠡ ᠶᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠭᠦᠨ ᠳᠤ ᠵᠣᠷ ᠪᠢᠴᠢᠵᠦ ᠥᠭᠴᠡᠢ ᠃ ︽ ᠭᠠᠷ ᠤᠲᠠᠰᠤ | ᠬᠡᠷᠡᠭᠯᠡᠪᠡᠯ ᠮᠠᠰᠢ ᠳᠥᠭᠦᠮ ᠪᠠᠶᠢᠵᠤ ᠂ ᠭᠡᠷ ᠲᠤ ᠪᠠᠨ ᠡᠪᠡᠳᠴᠢᠨ ᠢᠶᠠᠨ ᠦᠵᠡᠭᠦᠯᠵᠦ ᠴᠢᠳᠠᠳᠠᠭ ᠪᠣᠯᠬᠤᠷ ᠡᠮᠨᠡᠯᠭᠡ ᠶᠢᠨ ᠬᠤᠷᠢᠶ᠎ᠠ ᠳᠤ ᠣᠴᠢᠬᠤ ᠴᠢᠬᠤᠯᠠ ᠦᠭᠡᠢ ᠂ | ᠴᠠᠭ ᠬᠦᠴᠦ ᠶᠢ ᠨᠡᠯᠢᠶᠡᠳ ᠠᠷᠪᠢᠯᠠᠬᠤ ᠪᠣᠯᠪᠠ ︾ ᠭᠡᠵᠦ ᠯᠢ ᠠᠪᠠᠭ᠋ᠠᠢ ᠸᠢᠳᠢᠤ᠋ ᠪᠠᠷ ᠣᠨᠤᠰᠢᠯᠠᠭᠤᠯᠤᠭᠰᠠᠨ ᠢᠶᠠᠨ ᠶᠠᠷᠢᠵᠤ ᠪᠠᠶᠢᠪᠠ ᠃ | ᠲᠦᠷᠦᠭᠦᠬᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠠᠴᠠ ᠬᠢᠲᠠᠳ ᠡᠮᠨᠡᠯᠭᠡ ᠶᠢᠨ ᠲᠤᠰᠬᠠᠢ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠣᠯᠠᠨ ᠤᠳᠠᠭ᠎ᠠ ᠰᠤᠳᠤᠯᠤᠯᠲᠠ ᠭᠡᠷᠡᠴᠢᠯᠡᠯᠲᠡ ᠬᠢᠵᠦ ᠂ ᠤᠯᠤᠰ ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠲᠠᠳ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢᠶᠠᠷ ᠯᠠᠪᠯᠠᠯᠲᠠ ᠪᠣᠯᠭᠠᠵᠤ ᠂ ᠮᠠᠨ ᠤ ᠣᠷᠣᠨ ᠤ ᠠᠭᠤᠷ ᠠᠮᠢᠰᠬᠤᠯ ᠂ ᠬᠥᠮᠥᠨ | ᠰᠣᠶᠣᠯ ᠤᠨ ᠣᠷᠴᠢᠨ ᠲᠣᠭᠤᠷᠢᠨ ᠵᠡᠷᠭᠡ ᠣᠨᠴᠠᠯᠢᠭ ᠢ ᠦᠨᠳᠦᠰᠦᠯᠡᠨ ᠂ ᠲᠣᠰ ᠤᠳᠠᠭᠠᠨ ᠤ ᠥᠪᠥᠷ ᠮᠣᠩᠭᠤᠯ ᠤᠨ ᠲᠤᠬᠠᠢ ᠶᠢᠨ ᠭᠠᠵᠠᠷ ᠤᠨ ᠬᠢᠵᠢᠭ ᠤᠨ | ᠪᠠᠶᠢᠳᠠᠯ ᠳᠤ ᠴᠢᠭᠯᠡᠭᠦᠯᠦᠭᠰᠡᠨ ᠬᠢᠲᠠᠳ ᠡᠮ ᠡᠮᠨᠡᠯᠭᠡ ᠶᠢᠨ ᠣᠨᠣᠰᠢᠯᠠᠨ ᠡᠮᠴᠢᠯᠡᠬᠦ ᠲᠥᠰᠥᠯ ᠢ ᠳ᠋ᠦᠩᠨᠡᠨ ᠭᠠᠷᠭᠠᠵᠤ ᠂ ᠨᠠᠰᠤᠨ ᠳᠤ ᠭᠦᠷᠦᠭᠰᠡᠳ ᠤᠨ 1 ᠳ᠋ᠦ᠋ᠭᠡᠷ | ᠲᠣᠭᠠᠲᠤ ᠵᠣᠷ ︵ ᠰᠡᠷᠭᠡᠶᠢᠯᠡᠬᠦ ᠵᠣᠷ ︶ ᠂ ᠨᠠᠰᠤᠨ ᠳᠤ ᠭᠦᠷᠦᠭᠰᠡᠳ ᠤᠨ 2 ᠳ᠋ᠤᠭᠠᠷ ᠲᠣᠭᠠᠲᠤ ᠵᠣᠷ ︵ ᠵᠠᠰᠠᠬᠤ ᠵᠣᠷ ︶ ᠂ ᠬᠡᠦᠬᠡᠳ ᠤᠨ 1 ᠳ᠋ᠦ᠋ᠭᠡᠷ ᠲᠣᠭᠠᠲᠤ ᠵᠣᠷ ︵ | ᠰᠡᠷᠭᠡᠶᠢᠯᠡᠬᠦ ᠵᠣᠷ ︶ ᠪᠠ ᠬᠡᠦᠬᠡᠳ ᠤᠨ 2 ᠳ᠋ᠤᠭᠠᠷ ᠲᠣᠭᠠᠲᠤ ᠵᠣᠷ ︵ ᠵᠠᠰᠠᠬᠤ ᠵᠣᠷ ︶ ᠢ ᠲᠣᠭᠲᠠᠭᠠᠵᠤ ᠂ ᠡᠲᠡᠭᠡᠷ ᠵᠣᠷ ᠢ ᠴᠥᠮ ᠢᠨᠲ᠋ᠧᠷ ᠰᠦᠯᠵᠢᠶᠡᠨ ᠤ | ᠡᠮᠨᠡᠯᠭᠡ ᠶᠢᠨ ᠬᠤᠷᠢᠶ᠎ᠠ ᠠᠴᠠ ᠬᠤᠳᠠᠯᠳᠤᠨ ᠠᠪᠴᠤ ᠪᠣᠯᠣᠨ᠎ᠠ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠫᠧᠩ ᠵᠢᠶᠠᠨ ᠹᠧᠩ ᠤᠨ | ᠲᠠᠨᠢᠯᠴᠠᠭᠤᠯᠤᠭᠰᠠᠨ ᠢᠶᠠᠷ ᠂ ᠭᠡᠷ ᠲᠤ ᠪᠠᠨ ᠡᠮᠨᠡᠭᠦᠯᠵᠦ ᠪᠠᠶᠢᠭ᠎ᠠ ᠡᠪᠡᠳᠴᠢᠲᠡᠨ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠡᠭᠦᠳᠡᠨ ᠡᠮᠨᠡᠯᠭᠡ ᠳᠤ ᠬᠦᠷᠴᠦ ᠡᠮᠴᠢᠯᠡᠭᠦᠯᠬᠦ ᠳᠤ ᠪᠠᠨ ᠡᠮᠴᠢ ᠨᠠᠷ ᠡᠪᠡᠳᠴᠢᠲᠡᠨ ᠤ ᠬᠤᠪᠢ ᠬᠥᠮᠥᠨ ᠤ ᠪᠠᠶᠢᠳᠠᠯ ᠢ ᠬᠤᠪᠢᠰᠤᠩᠭᠤᠢ ᠪᠠᠷ ᠡᠮᠨᠡᠨ | ᠵᠠᠰᠠᠵᠤ ᠂ ᠳᠠᠷᠠᠭ᠎ᠠ ᠨᠢ ᠬᠤᠪᠢ ᠬᠥᠮᠥᠨ ᠤ ᠡᠪᠡᠳᠴᠢᠨ ᠤ ᠪᠠᠶᠢᠳᠠᠯ ᠢ ᠦᠨᠳᠦᠰᠦᠯᠡᠨ ᠂ ᠡᠪᠡᠳᠴᠢᠲᠡᠨ ᠳᠤ ᠨᠠᠩ ᠰᠠᠶᠢᠨ ᠣᠨᠣᠰᠢᠯᠠᠨ ᠡᠮᠴᠢᠯᠡᠬᠦ ᠲᠥᠰᠥᠯ ᠭᠠᠷᠭᠠᠵᠤ | ᠥᠭᠭᠦᠨ᠎ᠡ ᠃ | |