| | ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ 11 ᠳ᠋ᠦ᠋ᠭᠡᠷ ᠰᠠᠷ᠎ᠠ ᠶᠢᠨ 29 ᠤ | ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠢ | ᠨᠠᠶᠢᠳᠠᠪᠤᠷᠢᠵᠢᠭᠤᠯᠵᠤ ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠪᠦᠲᠦᠮᠵᠢᠲᠡᠶ ᠰᠠᠶᠢᠲᠤᠷ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠪᠠ ᠂ ᠬᠠᠮᠲᠤ ᠪᠠᠷ ᠠᠩᠬᠠᠷᠴᠠᠭᠠᠶ᠎ᠠ ︕ | ᠤᠷᠲᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠪᠠᠶᠢᠳᠠᠯ ᠢ ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ | ᠤᠷᠳᠤ ᠬᠤᠭᠤᠴᠠᠭ᠎ᠠ ᠪᠠᠷ ᠪᠢᠲᠡᠭᠦᠮᠵᠢᠯᠡᠨ ᠡᠵᠡᠮᠳᠡᠬᠦ ᠨᠢ ᠠᠷᠠᠳ ᠤᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠲᠦᠢᠯ ᠤᠨ ᠶᠡᠭᠡ ᠪᠠᠷ | ᠨᠥᠯᠥᠭᠡᠯᠡᠬᠦ ᠪᠠᠷ ᠪᠠᠷᠠᠬᠤ ᠦᠭᠡᠢ ᠠᠮᠠᠷᠬᠠᠨ ᠪᠤᠬᠢᠨᠢᠳᠤᠬᠤ ᠰᠡᠳᠬᠢᠯᠭᠡ ᠶᠢ ᠡᠭᠦᠰᠬᠡᠵᠦ ᠂ ᠠᠮᠢᠳᠤᠷᠠᠯ ᠤᠨ ᠬᠦᠴᠢᠷᠳᠡᠯ ᠢ ᠪᠤᠢ ᠪᠣᠯᠭᠠᠳᠠᠭ ᠃ ᠡᠶᠢᠮᠦᠷᠬᠦᠦ ᠪᠠᠶᠢᠳᠠᠯ ᠢ | ᠡᠷᠬᠡᠪᠰᠢ ᠵᠠᠯᠠᠷᠠᠭᠤᠯᠬᠤ ᠪᠠ ᠵᠠᠶᠢᠯᠠᠰᠬᠢᠬᠦ ᠬᠡᠷᠡᠭᠲᠡᠢ ᠃ ᠡᠶᠢᠮᠦ ᠠᠴᠠ ᠂ ᠡᠯ᠎ᠡ ᠭᠠᠵᠠᠷ ᠤᠨ ᠬᠢᠨ ᠥᠨᠳᠥᠷ ᠳᠣᠣᠷ᠎ᠠ ᠳᠡᠰ ᠤᠨ ᠲᠦᠭᠰᠢᠭᠦᠷᠢᠲᠦ ᠣᠷᠣᠨ ᠢ | ᠬᠤᠪᠢᠶᠠᠷᠢᠯᠠᠬᠤ ᠪᠠᠷᠢᠮᠵᠢᠶ᠎ᠠ ᠶᠢᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ ᠂ ᠲᠦᠭᠰᠢᠭᠦᠷᠢᠲᠦ ᠣᠷᠣᠨ ᠢ ᠬᠤᠪᠢᠶᠠᠷᠢᠯᠠᠨ ᠲᠣᠭᠲᠠᠭᠠᠬᠤ ᠪᠠ | ᠬᠠᠮᠢᠶᠠᠷᠬᠤ ᠶᠢ ᠵᠣᠬᠢᠶᠠᠨ ᠪᠠᠶᠢᠭᠤᠯᠤᠨ ᠰᠠᠶᠢᠲᠤᠷ ᠬᠢᠵᠦ ᠂ ᠵᠠᠷᠴᠢᠮ ᠳᠡᠭᠡᠷ᠎ᠡ ᠪᠠᠨ ᠥᠨᠳᠥᠷ ᠳᠡᠰ ᠤᠨ ᠲᠦᠭᠰᠢᠭᠦᠷᠢᠲᠦ ᠣᠷᠣᠨ ᠢ ᠡᠩ ᠤᠨ ᠪᠠᠶᠢᠳᠠᠯ ᠳᠤ ᠣᠷᠣᠴᠠ ᠂ | ᠠᠰᠠᠷ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠬᠤ ᠬᠡᠷᠡᠭᠲᠡᠢ ᠂ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ ᠃ ᠬᠢᠵᠢᠭ ᠤᠨ ᠪᠠᠶᠢᠳᠠᠯ ᠤᠨ | ᠬᠠᠯᠳᠠᠪᠤᠷᠢᠯᠠᠬᠤ ᠲᠦᠭᠰᠢᠭᠦᠷᠢ ᠨᠢ ᠲᠣᠳᠣᠷᠬᠠᠢ ᠦᠭᠡᠢ ᠪᠤᠶᠤ ᠨᠡᠶᠢᠭᠡᠮ ᠲᠣᠭᠤᠷᠢᠭ ᠲᠤ ᠥᠷᠭᠡᠨ ᠢᠶᠠᠷ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠶᠢᠭ᠎ᠠ ᠪᠠᠶᠢᠳᠠᠯ | ᠳᠣᠣᠷ᠎ᠠ ᠂ ᠥᠨᠳᠥᠷ ᠳᠡᠰ ᠤᠨ ᠲᠦᠭᠰᠢᠭᠦᠷᠢᠲᠦ ᠣᠷᠣᠨ ᠤ ᠬᠤᠪᠢᠶᠠᠷᠢᠯᠠᠨ ᠲᠣᠭᠲᠠᠭᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠵᠦ ᠪᠣᠯᠣᠨ᠎ᠠ ᠂ | ᠭᠡᠬᠦ ᠳᠤ ᠪᠠᠨ ᠴᠠᠭ ᠲᠤᠬᠠᠢ ᠳᠤ ᠨᠢ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ ᠂ | ᠲᠦᠷᠭᠡᠨ ᠪᠢᠲᠡᠭᠦᠮᠵᠢᠯᠡᠵᠦ ᠲᠦᠷᠭᠡᠨ ᠲᠠᠶᠢᠯᠬᠤ ᠬᠡᠷᠡᠭᠲᠡᠢ ᠃ ᠲᠦᠭᠰᠢᠭᠦᠷᠢᠲᠦ ᠬᠥᠮᠥᠰ ᠢ ᠮᠠᠭᠠᠳᠯᠠᠨ ᠲᠣᠭᠲᠠᠭᠠᠬᠤ ᠳᠤ ᠪᠠᠨ ᠲᠤᠬᠠᠢ ᠶᠢᠨ ᠲᠠᠯᠠᠪᠤᠷ ᠤᠨ | ᠬᠠᠯᠳᠠᠪᠤᠷᠢᠲᠦ ᠡᠪᠡᠳᠴᠢᠨ ᠤ ᠪᠠᠶᠢᠴᠠᠭᠠᠯᠲᠠ ᠪᠠᠷ ᠦᠨᠳᠦᠰᠦᠯᠡᠯ ᠪᠣᠯᠭᠠᠬᠤ ᠬᠡᠷᠡᠭᠲᠡᠢ ᠂ ᠴᠠᠭ ᠬᠤᠭᠤᠴᠠᠭ᠎ᠠ ᠪᠠ ᠣᠷᠣᠨ ᠵᠠᠢ ᠶᠢᠨ ᠳᠠᠭᠠᠯᠲᠠ ᠪᠠᠷ ᠳᠠᠮᠵᠢᠭᠤᠯᠤᠨ | ᠬᠡᠪᠴᠢᠶ᠎ᠡ ᠶᠢ ᠨᠢ ᠥᠷᠭᠡᠳᠬᠡᠵᠦ ᠂ ᠶᠡᠭᠡ ᠬᠡᠪᠴᠢᠶ᠎ᠡ ᠪᠠᠷ ︽ ᠠᠳᠡᠭᠦᠷᠡᠨ ᠪᠢᠲᠡᠭᠦᠮᠵᠢᠯᠡᠵᠦ ︾ ᠪᠣᠯᠬᠤ ᠦᠭᠡᠢ ᠃ ᠬᠢᠵᠢᠭ ᠤᠨ ᠪᠠᠶᠢᠳᠠᠯ ᠠᠴᠠ ᠪᠣᠯᠵᠤ ᠣᠯᠠᠨ | ᠲᠦᠮᠡᠨ ᠳᠤ ᠶᠠᠷᠰᠢᠭ ᠲᠦᠪᠡᠭ ᠤᠴᠠᠷᠠᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ ᠃ ᠥᠨᠳᠥᠷ ᠳᠡᠰ ᠤᠨ ᠲᠦᠭᠰᠢᠭᠦᠷᠢᠲᠦ ᠣᠷᠣᠨ ᠢ | ᠴᠢᠩᠭ᠎ᠠ ᠬᠠᠮᠢᠶᠠᠷᠤᠨ ᠡᠵᠡᠮᠳᠡᠵᠦ ᠂ ︽ ᠭᠡᠷ ᠠᠴᠠ ᠪᠠᠨ ᠭᠠᠷᠬᠤ ᠦᠭᠡᠢ ︾ ᠪᠠᠶᠢᠬᠤ ᠶᠢ ᠪᠡᠶᠡᠯᠡᠭᠦᠯᠬᠦ ᠪᠠᠷ ᠪᠠᠷᠠᠬᠤ ᠦᠭᠡᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ | ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠣᠯᠠᠨ ᠲᠦᠮᠡᠨ ᠤ ᠦᠨᠳᠦᠰᠦᠨ ᠠᠮᠢᠳᠤᠷᠠᠯ ᠪᠠ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠬᠡᠷᠡᠭᠲᠡᠢ ᠃ ᠡᠭᠦᠨ ᠤ ᠵᠡᠷᠭᠡ ᠳᠤ ᠂ ᠪᠢᠲᠡᠭᠦᠮᠵᠢᠯᠡᠨ ᠡᠵᠡᠮᠳᠡᠬᠦ ᠪᠠ ᠲᠤᠰᠠᠭᠠᠷᠯᠠᠬᠤ ᠬᠥᠮᠥᠰ ᠢ ᠬᠥᠲᠥᠯᠥᠨ ᠵᠢᠯᠤᠭᠤᠳᠬᠤ ᠠᠵᠢᠯ ᠢ | ᠰᠠᠶᠢᠲᠤᠷ ᠬᠢᠵᠦ ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠵᠢᠷᠮᠦᠰᠦᠨ ᠵᠡᠷᠭᠡ ᠣᠨᠴᠠᠭᠠᠶ ᠬᠥᠮᠥᠰ ᠢ ᠬᠠᠯᠠᠮᠵᠢᠯᠠᠨ ᠬᠠᠪᠰᠤᠷᠬᠤ ᠡᠷᠴᠢᠮ ᠢᠶᠠᠨ ᠴᠢᠩᠭᠠᠷᠠᠭᠤᠯᠵᠤ ᠂ | ᠠᠷᠠᠳ ᠣᠯᠠᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ ᠦᠶ᠋ᠯᠡ ᠠᠵᠢᠯᠯᠠᠭ᠎ᠠ ᠶᠢ ᠵᠠᠷᠯᠠᠨ ᠨᠡᠶᠢᠲᠡᠯᠡᠬᠦ ᠂ ᠢᠯᠡ ᠪᠠᠷ ᠢᠯᠡᠴᠢᠯᠡᠬᠦ ᠡᠷᠴᠢᠮ ᠢᠶᠠᠨ | ᠴᠢᠩᠭᠠᠷᠠᠭᠤᠯᠬᠤ ᠬᠡᠷᠡᠭᠲᠡᠢ | ᠣᠳᠣᠬᠠᠨ ᠳᠤ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠨᠡᠯᠢᠶᠡᠳ ᠲᠦᠷᠭᠡᠨ ᠥᠷᠪᠢᠰᠬᠦ ᠬᠠᠨᠳᠤᠰᠢ ᠲᠠᠢ ᠪᠣᠯᠵᠤ ᠂ ᠬᠢᠵᠢᠭ ᠤᠨ | ᠪᠠᠶᠢᠳᠠᠯ ᠤᠨ ᠬᠠᠮᠤᠷᠬᠤ ᠬᠡᠪᠴᠢᠶ᠎ᠡ ᠥᠷᠭᠡᠳᠴᠦ ᠂ ᠬᠡᠰᠡᠭ ᠭᠠᠵᠠᠷ ᠣᠷᠣᠨ ᠳᠤ ᠬᠢᠵᠢᠭ ᠤᠨ ᠪᠠᠶᠢᠳᠠᠯ ᠤᠨ ᠬᠡᠪᠴᠢᠶᠡᠵᠢᠯ ᠤᠨ ᠴᠢᠨᠠᠷᠲᠠᠢ ᠳᠠᠬᠢᠨ ᠨᠡᠮᠡᠭᠳᠡᠬᠦ ᠠᠶᠤᠯ | ᠲᠦᠭᠰᠢᠭᠦᠷᠢ ᠢᠯᠡᠷᠡᠵᠦ ᠂ ᠵᠠᠷᠢᠮ ᠭᠠᠵᠠᠷ ᠣᠷᠣᠨ ᠳᠤ ᠭᠤᠷᠪᠠᠨ ᠵᠢᠯ ᠤᠨ ᠲᠤᠷᠰᠢᠬᠢ ᠬᠠᠮᠤᠭ ᠤᠨ ᠪᠤᠳᠤᠯᠢᠶᠠᠨᠲᠠᠢ ᠂ ᠬᠠᠮᠤᠭ ᠤᠨ ᠬᠦᠨᠳᠦ ᠨᠣᠴᠢᠲᠠᠢ ᠪᠠᠶᠢᠳᠠᠯ ᠳᠤ | ᠲᠤᠯᠭᠠᠷᠠᠵᠤ ᠪᠠᠶᠢᠨ᠎ᠠ ᠃ | ᠤᠯᠤᠰ ᠤᠨ ︽ ᠶᠢᠰᠦ ᠶᠢ ᠥᠯᠥ ᠵᠥᠪᠰᠢᠶᠡᠷᠡᠬᠦ ︾ ᠦᠭᠡ ᠦᠯᠡᠳᠡᠭᠡᠬᠦ ᠰᠠᠮᠪᠠᠷ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢᠶᠠᠷ ᠳᠡᠮᠵᠢᠨ ᠣᠶᠢᠯᠠᠭᠠᠭᠰᠠᠨ ᠢᠶᠠᠷ ᠂ | ᠣᠳᠣᠬᠠᠨ ᠳᠤ ᠣᠯᠠᠨ ᠲᠦᠮᠡᠨ ᠤ ᠲᠤᠰᠬᠠᠭᠰᠠᠨ ᠭᠤᠣᠯ ᠠᠰᠠᠭᠤᠳᠠᠯ ᠳᠤ ᠡᠨᠡ ᠬᠡᠳᠦᠨ ᠲᠠᠯ᠎ᠠ ᠪᠠᠭᠲᠠᠨ᠎ᠠ ᠄ ᠨᠢᠭᠡ ᠳᠤ ᠂ ᠵᠠᠷᠢᠮ ᠭᠠᠵᠠᠷ ᠣᠷᠣᠨ ᠤ ᠠᠪᠤᠭᠰᠠᠨ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠣᠨᠣᠪᠴᠢᠲᠠᠶ ᠪᠢᠰᠢ ᠪᠠᠶᠢᠵᠤ ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ | ᠦᠵᠡᠭᠦᠯᠵᠦ ᠪᠠᠶᠢᠬᠤ ᠮᠥᠷᠲᠡᠭᠡᠨ ᠤᠯᠤᠰ ᠤᠨ ᠲᠥᠷᠥ ᠶᠢᠨ ᠪᠣᠳᠣᠯᠭ᠎ᠠ ᠲᠠᠢ ᠨᠡᠶᠢᠴᠡᠬᠦ ᠦᠭᠡᠢ ᠪᠠᠶᠢᠨ᠎ᠠ ︔ ᠬᠤᠶᠠᠷ ᠲᠤ ᠂ ᠣᠨᠴᠠ ᠵᠠᠷᠢᠮ ᠦᠨᠳᠦᠰᠦᠨ ᠱᠠᠲᠤᠨ ᠤ | ᠠᠵᠢᠯᠲᠠᠨ ᠤ ᠠᠵᠢᠯᠯᠠᠬᠤ ᠠᠷᠭ᠎ᠠ ᠨᠢ ᠲᠠᠩ ᠴᠤᠯᠭᠤᠢ ᠂ ᠣᠪᠣᠷ ᠨᠢ ᠮᠠᠭᠤ ᠂ ᠬᠦᠯᠢᠴᠡᠩᠭᠦᠢ ᠪᠤᠰᠤ ᠂ ᠤᠯᠠᠨ ᠲᠦᠮᠡᠨ ᠲᠠᠢ ᠨᠡᠪᠲᠡᠷᠡᠯᠴᠡᠬᠦ ᠨᠢ ᠰᠢᠯᠤᠭᠤᠨ ᠪᠢᠰᠢ ᠂ | ᠵᠥᠷᠢᠴᠡᠯ ᠢ ᠠᠮᠠᠷᠬᠠᠨ ᠬᠤᠷᠴᠠᠳᠬᠠᠵᠤ ᠪᠠᠶᠢᠨ᠎ᠠ ︔ ᠭᠤᠷᠪᠠ ᠳᠤ ᠂ ᠴᠥᠭᠡᠨ ᠲᠣᠭᠠᠨ ᠤ ᠭᠠᠵᠠᠷ ᠣᠷᠣᠨ ᠤ ᠬᠢᠵᠢᠭ ᠲᠤ ᠬᠤᠯᠪᠣᠭᠳᠠᠭᠰᠠᠨ ᠮᠡᠳᠡᠭᠡ ᠵᠠᠩᠭᠢ ᠶᠢ ᠴᠠᠭ | ᠲᠤᠬᠠᠢ ᠳᠤ ᠨᠢ ᠪᠦᠷᠢᠨ ᠭᠦᠢᠴᠡᠳ ᠨᠡᠶᠢᠲᠡᠯᠡᠭᠰᠡᠨ ᠦᠭᠡᠢ ᠠᠴᠠ ᠪᠣᠯᠵᠤ ᠤᠯᠠᠨ ᠲᠦᠮᠡᠨ ᠳᠤ ᠠᠮᠠᠷᠬᠠᠨ ᠡ᠊ᠨᠳᠡᠭᠦᠦ ᠣᠶᠢᠯᠠᠭᠠᠯᠲᠠ ᠥᠭᠴᠦ ᠪᠠᠶᠢᠨ᠎ᠠ ᠃ | ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠶᠢ ᠴᠡᠭᠴᠡᠯᠡᠨ ᠵᠠᠰᠠᠵᠤ ᠂ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠬᠠᠷᠢᠶ᠎ᠠ | ᠣᠷᠣᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠤᠯᠤᠰ ᠤᠨ ᠰᠡᠷᠭᠡᠶᠢᠯᠡᠨ ᠡᠵᠡᠮᠳᠡᠬᠦ ᠨᠢᠭᠡᠳᠦᠯᠲᠡᠢ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ ᠂ | ᠳᠤᠷ᠎ᠠ ᠪᠠᠷ ᠰᠤᠷᠭᠠᠭᠤᠯᠢ ᠶᠢ ᠪᠢᠲᠡᠭᠦᠮᠵᠢᠯᠡᠨ ᠬᠢᠴᠢᠶᠡᠯ ᠢ ᠵᠣᠭᠰᠤᠭᠠᠬᠤ ᠂ ᠠᠵᠢᠯ ᠢ ᠵᠣᠭᠰᠣᠭᠠᠵᠤ ᠦᠢᠯᠡᠳᠪᠦᠷᠢᠯᠡᠯ ᠢ ᠵᠣᠭᠰᠤᠭᠠᠬᠤ ᠂ ᠪᠠᠰᠠ ᠵᠥᠪᠰᠢᠶᠡᠷᠡᠯ | ᠦᠭᠡᠢ ᠪᠠᠷ ᠵᠠᠮ ᠬᠠᠷᠢᠯᠴᠠᠭ᠎ᠠ ᠶᠢ ᠲᠠᠰᠤᠯᠬᠤ ᠂ ᠳᠤᠷ᠎ᠠ ᠪᠠᠷ ︽ ᠲᠣᠭᠲᠠᠩᠭᠤᠢ ︾ ᠬᠠᠮᠢᠶᠠᠷᠤᠯᠲᠠ ᠶᠠᠪᠤᠭᠤᠯᠬᠤ ᠂ ᠳᠤᠷ᠎ᠠ ᠪᠠᠷ ᠪᠢᠲᠡᠭᠦᠮᠵᠢᠯᠡᠨ ᠡᠵᠡᠮᠳᠡᠬᠦ ᠂ ᠣᠷᠳᠣ | ᠬᠤᠭᠤᠴᠠᠭ᠎ᠠ ᠪᠠᠷ ᠪᠢᠲᠡᠭᠦᠮᠵᠢᠯᠡᠯ ᠢ ᠲᠠᠶᠢᠯᠬᠤ ᠦᠭᠡᠢ ᠂ ᠳᠤᠷ᠎ᠠ ᠪᠠᠷ ᠡᠮᠴᠢᠯᠡᠭᠡ ᠶᠢ ᠵᠣᠭᠰᠤᠭᠠᠬᠤ ᠵᠡᠷᠭᠡ ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ ᠡᠯ᠎ᠡ ᠲᠥᠷᠥᠯ ᠤᠨ | ᠦᠶ᠋ᠯᠡ ᠠᠵᠢᠯᠯᠠᠭ᠎ᠠ ᠶᠢ ᠵᠠᠷᠯᠠᠨ ᠮᠡᠳᠡᠭᠳᠡᠬᠦ ᠂ ᠢᠯᠡ ᠪᠠᠷ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ ᠂ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ | ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ | ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠬᠤ | ᠬᠡᠷᠡᠭᠲᠡᠢ | ᠵᠠᠷᠢᠮ ᠭᠠᠵᠠᠷ ᠤᠨ ᠬᠢᠨ ᠠᠳᠠᠯᠢ ᠪᠤᠰᠤ ᠬᠡᠯᠪᠡᠷᠢ ᠪᠠᠷ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠠᠵᠢᠯ ᠢ ᠥᠷᠨᠢᠭᠦᠯᠬᠦ ᠪᠠᠷ ᠲᠤᠷᠰᠢᠵᠤ ᠪᠠᠶᠢᠨ᠎ᠠ ᠂ | ᠭᠡᠪᠡᠴᠦ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠵᠢᠷᠤᠮᠵᠢᠭᠤᠨ ᠴᠢᠨᠠᠷ ᠂ ᠪᠦᠲᠦᠮᠵᠢᠲᠦ ᠴᠢᠨᠠᠷ ᠪᠠ ᠠᠶᠤᠯ ᠦᠭᠡᠢ ᠴᠢᠨᠠᠷ ᠢ ᠣᠨᠴᠠᠭᠠᠶᠢᠯᠠᠨ ᠠᠩᠬᠠᠷᠴᠤ ᠂ | ᠪᠦᠷᠢᠨ ᠲᠡᠭᠦᠯᠳᠡᠷ ᠬᠡᠷᠡᠭᠵᠢᠭᠦᠯᠬᠦ ᠲᠥᠰᠥᠯ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ ᠬᠢᠵᠦ ᠂ ᠮᠡᠷᠭᠡᠵᠢᠯ ᠤᠨ | ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠢ ᠃ ᠤᠴᠢᠷ ᠨᠢ ᠦᠯᠢᠭᠡᠷ ᠠᠪᠬᠤ ᠶᠢᠨ ᠶᠠᠰᠤ ᠴᠢᠨᠠᠷ ᠤᠨ ᠵᠢᠷᠤᠮᠵᠢᠭᠤᠨ ᠴᠢᠨᠠᠷ ᠪᠠ ᠠᠶᠤᠯ ᠦᠭᠡᠢ ᠴᠢᠨᠠᠷ ᠪᠣᠯ | ᠲᠦᠢᠯ ᠤᠨ ᠴᠢᠬᠤᠯᠠ ᠶᠤᠮ ᠂ ᠡᠶᠢᠮᠦ ᠠᠴᠠ ᠪᠥᠭᠡᠮ ᠬᠦᠴᠢᠯ ᠢ ᠥᠪᠡᠰᠦᠪᠡᠨ ᠴᠤᠭᠯᠠᠭᠤᠯᠬᠤ ᠳᠤ ᠴᠤ ᠦᠯᠢᠭᠡᠷ ᠠᠪᠬᠤ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠢ ᠃ | | ᠣᠮᠢᠺᠷᠦᠨ ᠣᠨᠳᠣᠣᠰᠢᠭᠰᠠᠨ ᠸᠢᠷᠦ᠋ᠰ ᠵᠢᠴᠢ ᠲᠡᠭᠦᠨ ᠤ ᠬᠤᠪᠢᠰᠤᠭᠰᠠᠨ ᠰᠠᠯᠪᠤᠷᠢ ᠶᠢᠨ ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ | ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ ᠪᠠᠭᠤᠷᠠᠵᠠᠢ | ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠢᠨᠠᠨ ᠰᠢᠨᠵᠢᠯᠡᠭᠰᠡᠨ ᠲᠤᠭ᠎ᠠ ᠪᠠᠷᠢᠮᠲᠠ ᠶᠢᠨ ᠭᠡᠷᠡᠴᠢᠯᠡᠭᠰᠡᠨ ᠢᠶᠠᠷ ᠂ ᠣᠮᠢᠺᠷᠦᠨ ᠣᠨᠳᠣᠣᠰᠢᠭᠰᠠᠨ | ᠸᠢᠷᠦ᠋ᠰ ᠵᠢᠴᠢ ᠲᠡᠭᠦᠨ ᠤ ᠰᠠᠯᠪᠤᠷᠢᠯᠠᠨ ᠬᠤᠪᠢᠰᠤᠭᠰᠠᠨ BA.1 ᠂ BA.2 ᠂ BA.5 ᠂ BF.7 ᠂ BQ.1 ᠪᠠ ᠳᠠᠬᠢᠨ ᠨᠡᠶᠢᠯᠡᠭᠰᠡᠨ ᠴᠣᠭᠴᠠ XBB ᠶᠢᠨ | ᠡᠪᠡᠳᠴᠢᠯᠡᠭᠦᠯᠬᠦ ᠬᠦᠴᠦᠨ ᠪᠠ ᠬᠤᠣᠷᠲᠤ ᠴᠢᠨᠠᠷ ᠨᠢ ᠠᠩᠬᠠᠨ ᠤ ᠸᠢᠷᠦ᠋ᠰ ᠪᠠ ᠳ᠋ᠧᠯᠲ᠋ᠠ ᠵᠡᠷᠭᠡ ᠣᠨᠳᠣᠣᠰᠢᠭᠰᠠᠨ ᠸᠢᠷᠦ᠋ᠰ ᠲᠠᠢ ᠬᠠᠷᠢᠴᠠᠭᠤᠯᠪᠠᠯ ᠢᠯᠡᠳᠲᠡ | ᠪᠠᠭᠤᠷᠠᠭᠰᠠᠨ ᠪᠠᠶᠢᠨ᠎ᠠ ᠃ ᠤᠯᠤᠰ ᠤᠨ ᠭᠠᠳᠠᠭᠠᠳᠤ ᠶᠢᠨ ᠰᠤᠳᠤᠯᠭᠠᠨ ᠠᠴᠠ ᠦᠵᠡᠪᠡᠯ ᠂ ᠣᠮᠢᠺᠷᠦᠨ ᠣᠨᠳᠣᠣᠰᠢᠭᠰᠠᠨ ᠸᠢᠷᠦ᠋ᠰ ᠠᠴᠠ ᠪᠣᠯᠤᠭᠰᠠᠨ ᠬᠦᠨᠳᠦ | ᠡᠪᠡᠳᠴᠢᠨ ᠳᠤ ᠨᠡᠷᠪᠡᠭᠳᠡᠬᠦ ᠪᠠ ᠦᠬᠦᠬᠦ ᠬᠠᠷᠢᠴᠠᠯ ᠨᠢ ᠠᠩᠬᠠᠨ ᠤ ᠸᠢᠷᠦ᠋ᠰ ᠪᠠ ᠠᠩᠬᠠᠷᠤᠯ ᠲᠠᠯᠪᠢᠵᠤ ᠪᠠᠶᠢᠭᠰᠠᠨ ᠣᠨᠳᠣᠣᠰᠢᠭᠰᠠᠨ ᠸᠢᠷᠦ᠋ᠰ ᠠᠴᠠ ᠢᠯᠡᠳᠲᠡ | ᠳᠣᠣᠷ᠎ᠠ ᠪᠠᠶᠢᠵᠤ ᠂ ᠡᠨᠡ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠣᠨᠴᠠᠯᠢᠭ ᠪᠣᠯᠬᠤ ᠪᠠᠷ ᠪᠠᠷᠠᠬᠤ ᠦᠭᠡᠢ ᠸᠠᠺᠼᠢᠨ ᠤ ᠲᠠᠷᠢᠯᠭ᠎ᠠ ᠶᠢᠨ ᠬᠥᠮᠥᠰ ᠤᠨ | ᠡᠭᠡᠯᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠪᠠ ᠴᠠᠭ ᠲᠤᠬᠠᠢ ᠳᠤ ᠨᠢ ᠡᠮᠴᠢᠯᠡᠭᠰᠡᠨ ᠵᠡᠷᠭᠡ ᠬᠦᠴᠦᠨ ᠵᠦᠢᠯ ᠲᠠᠢ ᠬᠤᠯᠪᠣᠭ᠎ᠠ ᠲᠠᠢ ᠪᠠᠶᠢᠵᠤ ᠮᠡᠳᠡᠨ᠎ᠡ ᠃ | ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠠᠴᠠ ᠪᠣᠯᠤᠭᠰᠠᠨ ᠬᠦᠨᠳᠦ ᠡᠪᠡᠳᠴᠢᠨ ᠳᠤ ᠨᠡᠷᠪᠡᠭᠳᠡᠭᠰᠡᠳ ᠵᠢᠴᠢ ᠲᠡᠭᠦᠨ ᠲᠠᠢ ᠬᠤᠯᠪᠣᠭᠳᠠᠬᠤ | ᠦᠬᠦᠯ ᠤᠨ ᠨᠣᠷᠮ᠎ᠠ ᠨᠢ ᠨᠡᠯᠢᠶᠡᠳ ᠳᠣᠣᠷ᠎ᠠ ᠲᠦᠪᠰᠢᠨ ᠳᠤ ᠣᠷᠣᠰᠢᠵᠤ ᠪᠠᠶᠢᠨ᠎ᠠ ᠂ ᠡᠨᠡ ᠨᠢ ᠮᠠᠨ ᠤ ᠢᠳᠡᠪᠬᠢᠲᠡᠢ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ | ᠪᠠ ᠴᠢᠨᠠᠷ ᠰᠠᠶᠢᠲᠠᠢ ᠠᠪᠤᠷᠠᠨ ᠵᠠᠰᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠦᠭᠰᠡᠨ ᠲᠠᠢ ᠬᠤᠯᠪᠣᠭ᠎ᠠ ᠲᠠᠢ ᠶᠤᠮ ᠃ ᠬᠢᠲᠠᠳ ᠡᠮ ᠡᠮᠨᠡᠯᠭᠡ ᠨᠢ ᠪᠠᠰᠠ | ᠢᠳᠡᠪᠬᠢᠲᠡᠢ ᠦᠢᠯᠡᠳᠦᠯ ᠭᠠᠷᠭᠠᠭᠰᠠᠨ ᠪᠣᠯᠪᠠᠴᠤ ᠰᠠᠭᠤᠷᠢ ᠴᠢᠨᠠᠷᠲᠠᠢ ᠡᠪᠡᠳᠴᠢᠨ ᠲᠠᠢ ᠂ ᠥᠨᠳᠥᠷ ᠨᠠᠰᠤᠲᠠᠢ ᠡᠪᠡᠳᠴᠢᠲᠡᠨ ᠪᠠ ᠸᠠᠺᠼᠢᠨ ᠤ ᠲᠠᠷᠢᠯᠭ᠎ᠠ ᠬᠢᠭᠰᠡᠨ | ᠦᠭᠡᠢ ᠬᠥᠮᠥᠰ ᠬᠡᠷᠪᠡ ᠣᠮᠢᠺᠷᠦᠨ ᠣᠨᠳᠣᠣᠰᠢᠭᠰᠠᠨ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠮᠥᠨ ᠬᠦ ᠵᠣᠬᠢᠬᠤ ᠬᠠᠷᠢᠴᠠᠯ ᠢᠶᠠᠷ ᠬᠦᠨᠳᠦ ᠡᠪᠡᠳᠴᠢᠨ ᠳᠤ | ᠨᠡᠷᠪᠡᠭᠳᠡᠵᠦ ᠮᠡᠳᠡᠨ᠎ᠡ ᠃ ᠭᠡᠪᠡᠴᠦ ᠣᠲᠣ ᠶᠢᠨ ᠪᠠᠶᠢᠭ᠎ᠠ ᠸᠠᠺᠼᠢᠨ ᠨᠢ ᠣᠮᠢᠺᠷᠦᠨ ᠣᠨᠳᠣᠣᠰᠢᠭᠰᠠᠨ ᠸᠢᠷᠦ᠋ᠰ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ | ᠡᠪᠡᠳᠴᠢᠨ ᠳᠤ ᠨᠡᠷᠪᠡᠭᠳᠡᠭᠰᠡᠳ ᠪᠠ ᠦᠬᠦᠬᠦ ᠨᠤᠷᠮ᠎ᠠ ᠶᠢ ᠪᠠᠭᠠᠰᠬᠠᠬᠤ ᠳᠤ ᠮᠥᠨ ᠨᠡᠯᠢᠶᠡᠳ ᠰᠠᠶᠢᠨ ᠦᠢᠯᠡᠳᠦᠯ ᠲᠠᠢ ᠶᠤᠮ ᠃ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠯᠲᠠ ᠶᠢᠨ ᠦᠢᠯᠡᠳᠦᠯᠭᠡ ᠠᠴᠠ ᠦᠵᠡᠪᠡᠯ ᠂ ᠭᠤᠷᠪᠠᠨ ᠲᠥᠷᠥᠯ ᠤᠨ ᠬᠥᠮᠥᠰ | ᠬᠦᠨᠳᠦ ᠡᠪᠡᠳᠴᠢᠨ ᠳᠤ ᠨᠡᠷᠪᠡᠭᠳᠡᠬᠦ ᠬᠠᠨᠳᠤᠰᠢ ᠲᠠᠢ | ᠨᠢᠭᠡ ᠳᠤ ᠂ ᠨᠠᠰᠤᠲᠠᠶᠢᠴᠤᠳ ᠃ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ | ᠡᠪᠡᠳᠴᠢᠨ ᠨᠢ ᠬᠦᠨᠳᠦᠷᠡᠬᠦ ᠠᠶᠤᠯᠲᠠᠢ ᠬᠥᠮᠥᠰ ᠪᠣᠯᠣᠨ᠎ᠠ ᠃ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠣᠯ ᠨᠡᠩ ᠴᠤ ᠡᠪᠡᠳᠴᠢᠨ ᠬᠦᠨᠳᠦᠷᠡᠬᠦ ᠠᠶᠤᠯ | ᠶᠡᠬᠡᠲᠡᠢ ᠬᠥᠮᠥᠰ ᠪᠣᠯᠣᠨ᠎ᠠ ᠃ ᠡᠶᠢᠮᠦ ᠠᠴᠠ ᠨᠠᠰᠤᠲᠠᠶᠢᠴᠤᠳ ᠲᠠᠢ ᠭᠡᠷ ᠪᠦᠯᠢ ᠪᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠬᠠᠯᠳᠠᠪᠤᠷᠢᠯᠠᠯ ᠤᠨ | ᠲᠦᠭᠰᠢᠭᠦᠷᠢ ᠶᠢ ᠨᠠᠩ ᠢᠯᠡᠭᠦᠦ ᠰᠡᠷᠭᠡᠶᠢᠯᠡᠬᠦ ᠬᠡᠷᠡᠭᠲᠡᠢ ᠃ ᠬᠢᠵᠢᠭ ᠤᠨ ᠪᠠᠶᠢᠳᠠᠯ ᠡᠭᠦᠰᠬᠦ ᠦᠶ᠎ᠡ ᠳᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠨᠢ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠨᠠᠰᠤᠲᠠᠶᠢᠴᠤᠳ ᠤᠨ ᠬᠠᠯᠳᠠᠪᠤᠷᠢᠯᠠᠭᠳᠠᠬᠤ ᠠᠴᠠ ᠰᠡᠷᠭᠡᠶᠢᠯᠡᠬᠦ ᠬᠡᠷᠡᠭᠲᠡᠢ ᠃ ᠡᠭᠦᠨ ᠤ ᠬᠠᠮᠲᠤ ᠨᠠᠰᠤᠲᠠᠶᠢᠴᠤᠳ ᠪᠠᠰᠠ ᠠᠮᠠᠪᠴᠢ | ᠵᠡᠭᠦᠬᠦ ᠂ ᠭᠠᠷ ᠢᠶᠠᠨ ᠰᠠᠶᠢᠲᠤᠷ ᠤᠬᠢᠶᠠᠬᠤ ᠂ ᠦᠷᠭᠦᠯᠵᠢ ᠰᠠᠯᠬᠢ ᠨᠡᠪᠲᠡᠷᠡᠭᠦᠯᠬᠦ ᠂ ᠴᠤᠭᠯᠠᠷᠠᠬᠤ ᠦᠭᠡᠢ ᠵᠡᠷᠭᠡ ᠬᠤᠪᠢ ᠬᠥᠮᠥᠨ ᠤ ᠪᠦᠲᠦᠮᠵᠢᠲᠡᠶ ᠬᠠᠮᠠᠭᠠᠯᠠᠯᠲᠠ ᠶᠢᠨ | ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠃ | ᠬᠤᠶᠠᠷ ᠲᠤ ᠂ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠳ ᠃ ᠡᠮᠴᠢᠯᠡᠭᠡᠨ ᠤ ᠳᠤᠮᠳᠠ ᠂ ᠰᠠᠭᠤᠷᠢ ᠴᠢᠨᠠᠷᠲᠠᠢ ᠡᠪᠡᠳᠴᠢᠨ ᠲᠠᠢ ᠂ ᠢᠯᠠᠩᠭᠤᠶ᠎ᠠ ᠵᠢᠷᠦᠬᠡ | ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠂ ᠠᠮᠢᠰᠬᠤᠯ ᠤᠨ ᠰᠢᠰᠲ᠋ᠧᠮ ᠤᠨ ᠡᠪᠡᠳᠴᠢᠨ ᠂ ᠬᠠᠪᠤᠳᠠᠷ ᠂ ᠤᠳᠠᠭᠠᠨ ᠴᠢᠨᠠᠷᠲᠠᠢ ᠪᠥᠭᠡᠷᠡᠨ ᠤ ᠠᠵᠢᠯᠯᠠᠭ᠎ᠠ ᠪᠦᠷᠢᠨ | ᠪᠤᠰᠤ ᠵᠡᠷᠭᠡ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠡᠪᠡᠳᠴᠢᠨ ᠨᠢ ᠬᠦᠨᠳᠦᠷᠡᠬᠦ | ᠲᠦᠭᠰᠢᠭᠦᠷᠢ ᠨᠢ ᠨᠠᠩ ᠶᠡᠭᠡ ᠪᠠᠶᠢᠳᠠᠭ ᠃ | ᠭᠤᠷᠪᠠ ᠳᠤ ᠂ ᠸᠠᠺᠼᠢᠨ ᠤ ᠲᠠᠷᠢᠯᠭ᠎ᠠ ᠬᠢᠭᠰᠡᠨ ᠦᠭᠡᠢ ᠬᠥᠮᠥᠰ ᠃ ᠸᠠᠺᠼᠢᠨ ᠤ ᠲᠠᠷᠢᠯᠭ᠎ᠠ ᠨᠢ ᠡᠪᠡᠳᠴᠢᠨ ᠬᠦᠨᠳᠦᠷᠡᠬᠦ ᠪᠠ ᠦᠬᠦᠯ ᠤᠨ ᠲᠦᠭᠰᠢᠭᠦᠷᠢ ᠶᠢ | ᠪᠦᠲᠦᠮᠵᠢᠲᠡᠶ ᠪᠠᠭᠤᠷᠠᠭᠤᠯᠵᠤ ᠪᠣᠯᠣᠨ᠎ᠠ ᠃ ᠴᠡᠭᠡᠷᠯᠡᠬᠦ ᠡᠪᠡᠳᠴᠢᠨ ᠦᠭᠡᠢ ᠂ ᠲᠠᠷᠢᠯᠭ᠎ᠠ ᠬᠢᠬᠦ ᠨᠥᠬᠦᠴᠡᠯ ᠳᠤ ᠨᠡᠶᠢᠴᠡᠬᠦ ᠬᠥᠮᠥᠰ ᠂ ᠢᠯᠠᠩᠭᠤᠶ᠎ᠠ ᠨᠠᠰᠤᠲᠠᠶᠢᠴᠤᠳ | ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠲᠦᠷᠭᠡᠬᠡᠨ ᠳᠠᠷᠢᠵᠤ ᠂ ᠪᠠᠲᠤᠳᠬᠠᠨ ᠲᠠᠷᠢᠬᠤ ᠨᠥᠬᠦᠴᠡᠯ ᠳᠤ ᠨᠡᠶᠢᠴᠡᠪᠡᠯ ᠳᠠᠷᠤᠢ ᠲᠦᠷᠭᠡᠨ ᠪᠠᠲᠤᠳᠬᠠᠬᠤ | ᠲᠠᠷᠢᠯᠭ᠎ᠠ ᠶᠢ ᠲᠠᠷᠢᠬᠤ ᠶᠢ ᠰᠠᠨᠠᠭᠤᠯᠬᠤ ᠬᠡᠷᠡᠭᠲᠡᠢ ᠃ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠦᠶ᠎ᠡ ᠶᠢᠨ ᠬᠠᠯᠳᠠᠪᠤᠷᠢᠯᠠᠯ ᠤᠨ ᠲᠦᠭᠰᠢᠭᠦᠷᠢ ᠠᠴᠠ ᠬᠡᠷᠬᠢᠨ ᠵᠠᠶᠢᠯᠠᠰᠬᠢᠬᠦ ᠪᠣᠶ ︖ | ᠬᠤᠪᠢ ᠬᠥᠮᠥᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠠᠪᠤᠴᠠ ᠳᠤ ᠠᠮᠠᠪᠴᠢ ᠪᠠᠨ ᠰᠠᠶᠢᠲᠤᠷ ᠵᠡᠭᠦᠬᠦ ᠶᠢ ᠵᠢᠷᠤᠮᠵᠢᠭᠤᠯᠵᠤ ᠂ ᠴᠤᠭᠯᠠᠷᠠᠬᠤ ᠦᠭᠡᠢ | ᠪᠠᠶᠢᠬᠤ ᠶᠢᠨ ᠬᠠᠮᠲᠤ ᠡᠮᠦᠨ᠎ᠡ ᠬᠤᠶᠢᠨᠠᠬᠢ ᠬᠥᠮᠥᠰ ᠲᠠᠢ ᠪᠠᠨ ᠨᠢᠭᠡ ᠮᠧᠳ᠋ᠷ ᠠᠴᠠ ᠳᠡᠭᠡᠭᠰᠢ ᠵᠠᠢ ᠶᠢ ᠪᠠᠲᠤᠯᠠᠵᠤ ᠂ ᠲᠤᠬᠠᠢ ᠶᠢᠨ ᠲᠠᠯᠠᠪᠤᠷ ᠤᠨ ᠠᠵᠢᠯᠲᠠᠨ ᠤ | ᠵᠢᠯᠣᠭᠤᠳᠤᠯᠭ᠎ᠠ ᠶᠢ ᠤᠬᠠᠮᠰᠠᠷ ᠠᠴᠠ ᠪᠠᠨ ᠳᠠᠭᠠᠬᠤ ᠬᠡᠷᠡᠭᠲᠡᠢ ᠃ ᠦᠯᠢᠭᠡᠷ ᠠᠪᠬᠤ ᠶᠠᠪᠤᠴᠠ ᠳᠤ ᠡᠮᠦᠨᠡᠬᠢ ᠬᠥᠮᠥᠨ ᠶᠠᠪᠤᠭᠰᠠᠨ ᠤ ᠳᠠᠷᠠᠭ᠎ᠠ ᠦᠯᠢᠭᠡᠷ ᠠᠪᠤᠭᠴᠢ | ᠭᠠᠷ ᠢᠶᠠᠨ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠤᠷᠤᠭᠰᠢ ᠪᠠᠨ ᠣᠴᠢᠵᠤ ᠥᠯᠢᠭᠡᠷ ᠠᠪᠤᠭᠤᠯᠬᠤ ᠬᠡᠷᠡᠭᠲᠡᠢ ᠃ ᠡᠭᠦᠨ ᠤ ᠬᠠᠮᠲᠤ ᠂ ᠦᠯᠢᠭᠡᠷ ᠠᠪᠬᠤ | ᠦᠶ᠎ᠡ ᠳᠤ ᠂ ᠦᠯᠢᠭᠡᠷ ᠠᠪᠤᠭᠤᠯᠤᠭᠴᠢ ᠦᠯᠢᠭᠡᠷ ᠠᠪᠬᠤ ᠲᠠᠪᠴᠠᠩ ᠳᠡᠭᠡᠷᠡᠬᠢ ᠶᠠᠮᠠᠷ ᠴᠤ ᠶᠠᠭᠤᠮ᠎ᠠ ᠶᠢ ᠬᠥᠨᠳᠡᠵᠦ ᠪᠣᠯᠬᠤ ᠦᠭᠡᠢ ᠂ ᠦᠯᠢᠭᠡᠷ ᠠᠪᠤᠭᠤᠯᠤᠭᠰᠠᠨ ᠤ | ᠳᠠᠷᠠᠭ᠎ᠠ ᠪᠠᠰᠠ ᠠᠮᠠᠪᠴᠢ ᠪᠠᠨ ᠲᠦᠷᠭᠡᠨ ᠵᠡᠭᠦᠵᠦ ᠂ ᠦᠯᠢᠭᠡᠷ ᠠᠪᠬᠤ ᠲᠠᠯᠠᠪᠤᠷ ᠠᠴᠠ ᠲᠦᠷᠭᠡᠨ ᠵᠠᠶᠢᠯᠠᠬᠤ ᠬᠡᠷᠡᠭᠲᠡᠢ ᠃ | ᠬᠤᠳᠠᠯ ᠬᠠᠭᠤᠷᠮᠠᠭ ᠪᠥᠭᠡᠮ ᠬᠦᠴᠢᠯ ᠤᠨ ᠪᠠᠶᠢᠴᠠᠭ᠋ᠯᠲᠡ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶ᠋ᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ | ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠲᠠᠯ᠎ᠠ ᠪᠠᠷ ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠶᠡᠷᠦ ᠠᠴᠠ | ᠪᠠᠶᠢᠴᠠᠭᠠᠨ ᠰᠢᠯᠭᠠᠬᠤ ᠬᠢᠷᠢ ᠬᠡᠮ ᠤᠨ ᠵᠥᠪᠰᠢᠶᠡᠷᠡᠨ ᠣᠷᠣᠭᠤᠯᠬᠤ ᠪᠠ ᠶᠠᠰᠤ ᠴᠢᠨᠠᠷ ᠤᠨ ᠡᠵᠡᠮᠳᠡᠯ ᠢ ᠴᠢᠩᠳᠠᠯᠠᠵᠤ ᠂ ᠮᠡᠷᠭᠡᠵᠢᠯ ᠤᠨ ᠵᠢᠷᠤᠮᠵᠢᠯ ᠢ ᠲᠠᠰᠤᠷᠠᠯᠲᠠ | ᠦᠭᠡᠢ ᠰᠢᠯᠢᠳᠡᠭᠵᠢᠭᠦᠯᠬᠦ ᠶᠢᠨ ᠬᠠᠮᠲᠤ ᠂ ᠭᠤᠷᠪᠠᠳᠠᠭᠴᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠪᠠᠭᠲᠠᠭᠠᠭᠰᠠᠨ ᠪᠠᠶᠢᠴᠠᠭᠠᠨ ᠰᠢᠯᠭᠠᠬᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠭᠤᠣᠯᠳᠠᠯᠭ᠎ᠠ ᠲᠠᠢ ᠴᠢᠩᠭᠠᠳᠬᠠᠭᠰᠠᠭᠠᠷ ᠢᠷᠡᠵᠡᠶ ᠃ ᠡᠨᠡ ᠵᠢᠯ ᠠᠴᠠ ᠨᠠᠭᠠᠰᠢ ᠂ ᠪᠡᠭᠡᠵᠢᠩ ᠂ ᠠᠨᠾᠦ᠋ᠢ ᠶᠢᠨ ᠾᠧᠹᠧᠢ ᠂ | ᠾᠧᠪᠧᠢ ᠶᠢᠨ ᠱᠢ ᠵᠢᠶᠠ ᠵᠤᠸᠠᠩ ᠂ ᠾᠧᠨᠠᠨ ᠤ ᠰᠢᠦᠢ ᠴᠠᠩ ᠂ ᠥᠪᠥᠷ ᠮᠣᠩᠭᠤᠯ ᠵᠡᠷᠭᠡ ᠭᠠᠵᠠᠷ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠳ ᠴᠥᠮ ᠪᠠᠶᠢᠴᠠᠭᠠᠨ ᠰᠢᠯᠭᠠᠬᠤ ᠪᠠᠶᠢᠭᠤᠯᠤᠮᠵᠢ ᠶᠢ ᠬᠢᠨᠠᠨ ᠬᠠᠮᠢᠶᠠᠷᠬᠤ ᠳᠤᠮᠳᠠ ᠪᠠᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠠᠤᠯᠢ | ᠲᠣᠭᠲᠠᠭᠠᠯ ᠢ ᠵᠥᠷᠢᠴᠡᠭᠰᠡᠨ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠥᠭᠡᠳ ᠴᠥᠮ ᠴᠢᠩᠭ᠎ᠠ ᠰᠢᠢᠳᠬᠡᠯ ᠥᠭᠴᠦ ᠂ ᠬᠠᠤᠯᠢ ᠶᠢ | ᠵᠥᠷᠢᠴᠡᠭᠰᠡᠨ ᠵᠠᠷᠢᠮ ᠪᠠᠶᠢᠭᠤᠯᠤᠮᠵᠢ ᠪᠠ ᠬᠤᠪᠢ ᠬᠥᠮᠥᠨ ᠠᠴᠠ ᠪᠠᠰᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠬᠤᠳᠠᠯ ᠬᠠᠭᠤᠷᠮᠠᠭ ᠪᠠᠶᠢᠴᠠᠭᠠᠯᠲᠠ ᠶᠢᠨ ᠮᠡᠳᠡᠭᠦᠯᠦᠯᠲᠡ ᠭᠠᠷᠭᠠᠭᠰᠠᠨ ᠬᠠᠤᠯᠢ ᠶᠢ | ᠵᠥᠷᠢᠴᠡᠭᠰᠡᠨ ᠬᠦᠨᠳᠦ ᠨᠣᠴᠢᠲᠠᠢ ᠦᠶ᠋ᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠡᠷᠡᠰ ᠴᠢᠩᠭ᠎ᠠ ᠰᠢᠢᠳᠪᠦᠷᠢᠯᠡᠨ᠎ᠡ ᠃ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠢ ᠬᠡᠷᠬᠢᠨ ᠬᠠᠮᠢᠶᠠᠷᠬᠤ ᠪᠣᠶ ︖ | ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠬᠠᠮᠲᠤ ᠰᠠᠭᠤᠭᠰᠠᠳ ᠪᠤᠶᠤ ᠠᠰᠠᠷᠠᠵᠤ ᠰᠤᠪᠢᠯᠠᠭᠴᠢᠳ ᠭᠡᠷ ᠲᠤ ᠪᠠᠨ ᠲᠤᠰᠠᠭᠠᠷᠯᠠᠬᠤ ᠠᠨᠠᠭᠠᠬᠤ | ᠤᠬᠠᠭᠠᠨ ᠤ ᠠᠵᠢᠭᠯᠠᠯᠲᠠ ᠬᠢᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠬᠠᠮᠲᠤ ᠳᠤ ᠨᠢ ᠵᠢᠷᠤᠮᠯᠠᠬᠤ ᠬᠡᠷᠡᠭᠲᠡᠢ ᠃ | ᠨᠢᠭᠡ ᠳᠤ ᠂ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠠᠳᠠᠭᠰᠢ ᠭᠠᠷᠬᠤ ᠦᠭᠡᠢ ᠪᠠᠶᠢᠬᠤ ᠶᠢ ᠴᠢᠩᠭ᠎ᠠ ᠪᠠᠷᠢᠮᠲᠠᠯᠠᠨ ᠂ ᠠᠯᠢᠪᠠ ᠪᠣᠯᠭᠤᠭᠠᠨ ᠦᠵᠡᠬᠦ ᠶᠢ | ᠲᠡᠪᠴᠢᠬᠦ ᠬᠡᠷᠡᠭᠲᠡᠢ ︔ ᠡᠪᠡᠳᠴᠢᠨ ᠦᠵᠡᠭᠦᠯᠬᠦ ᠵᠡᠷᠭᠡ ᠠᠴᠠ ᠪᠣᠯᠣᠭᠠᠳ ᠦᠨᠡᠨ ᠬᠦ ᠭᠠᠳᠠᠭᠰᠢ ᠭᠠᠷᠬᠤ ᠬᠡᠷᠡᠭᠴᠡᠭᠡ ᠲᠠᠢ ᠬᠥᠮᠥᠰ ᠲᠤ ᠂ ᠨᠡᠶᠢᠭᠡᠮ ᠲᠣᠭᠤᠷᠢᠭ ᠲᠤ | ᠭᠤᠶᠤᠴᠢᠯᠠᠯ ᠳᠡᠪᠰᠢᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠲᠤᠰᠬᠠᠢ ᠬᠥᠮᠥᠨ ᠲᠤᠰᠬᠠᠢ ᠲᠡᠷᠭᠡ ᠲᠣᠬᠢᠷᠠᠭᠤᠯᠵᠤ ᠂ ᠬᠤᠪᠢ ᠬᠥᠮᠥᠨ ᠤ ᠬᠠᠮᠠᠭᠠᠯᠠᠯᠲᠠ ᠶᠢ ᠪᠥᠬᠦ | ᠶᠠᠪᠤᠴᠠ ᠳᠤ ᠰᠠᠶᠢᠲᠤᠷ ᠬᠢᠵᠦ ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠬᠤ ᠬᠡᠷᠡᠭᠲᠡᠢ ᠃ | ᠬᠤᠶᠠᠷ ᠲᠤ ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠬᠥᠮᠥᠰ ᠤᠨ ᠥᠷᠥᠭᠡᠨ ᠳᠤ ᠠᠯᠢ ᠴᠢᠳᠠᠬᠤ ᠪᠠᠷ ᠣᠷᠣᠵᠤ ᠪᠣᠯᠬᠤ ᠦᠭᠡᠢ ᠂ ᠵᠣᠷᠯᠣᠩ ᠪᠤᠶᠤ | ᠠᠮᠢᠳᠤᠷᠠᠯ ᠤᠨ ᠬᠡᠷᠡᠭᠰᠡᠯ ᠢ ᠬᠠᠮᠲᠤ ᠪᠠᠷ ᠬᠡᠷᠡᠭᠯᠡᠬᠦ ᠠᠴᠠ ᠵᠠᠶᠢᠯᠠᠰᠬᠢᠨ᠎ᠡ ᠃ ᠬᠡᠷᠪᠡ ᠶᠠᠮᠠᠷ ᠨᠢᠭᠡᠨ ᠰᠢᠭᠤᠳ ᠬᠦᠷᠦᠯᠴᠡᠬᠦ ᠪᠣᠯᠣᠮᠵᠢ ᠪᠤᠶᠤ ᠪᠣᠬᠢᠷᠳᠤᠯ ᠪᠣᠳᠠᠰ ᠢ | ᠰᠢᠢᠳᠪᠦᠷᠢᠯᠡᠬᠦ ᠦᠶ᠎ᠡ ᠳᠤ ᠡᠷᠬᠡᠪᠰᠢ ᠥᠪᠡᠷ ᠤᠨ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠵᠦ ᠂ ᠴᠠᠭ ᠲᠤᠬᠠᠢ ᠳᠤ ᠨᠢ ᠭᠠᠷ ᠢᠶᠠᠨ ᠴᠡᠪᠡᠷᠯᠡᠵᠦ ᠠᠷᠢᠭᠤᠳᠬᠠᠬᠤ | ᠬᠡᠷᠡᠭᠲᠡᠢ ᠃ | ᠭᠤᠷᠪᠠ ᠳᠤ ᠂ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠨᠠᠰᠤᠲᠠᠶᠢᠴᠤᠳ ᠮᠡᠲᠦ ᠶᠢᠨ ᠬᠦᠨᠳᠦ ᠡᠪᠡᠳᠴᠢᠨ ᠳᠤ ᠨᠡᠷᠪᠡᠭᠳᠡᠬᠦ ᠠᠶᠤᠯ ᠲᠦᠭᠰᠢᠭᠦᠷᠢ ᠲᠠᠢ | ᠬᠥᠮᠥᠰ ᠢᠶᠠᠷ ᠭᠡᠷ ᠲᠤ ᠪᠠᠨ ᠲᠤᠰᠠᠭᠠᠷᠯᠠᠬᠤ ᠬᠥᠮᠥᠰ ᠤᠨ ᠠᠰᠠᠷᠠᠭᠴᠢ ᠪᠣᠯᠭᠠᠵᠤ ᠪᠣᠯᠬᠤ ᠦᠭᠡᠢ ᠃ | ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ ᠢᠷᠡᠭᠰᠡᠨ ᠬᠥᠮᠥᠰ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠠᠷᠭ᠎ᠠ ᠴᠢᠨᠠᠷ ᠢ | ᠪᠠᠶᠢᠴᠠᠭᠠᠵᠤ ᠭᠠᠷᠭᠠᠪᠠᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ | ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠢ | ᠬᠤᠷᠢᠨ ᠵᠦᠢᠯ ᠤᠨ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠲᠣᠭᠲᠠᠭᠠᠯ ᠢ ᠦᠨᠳᠦᠰᠦᠯᠡᠪᠡᠯ ᠂ ᠥᠨᠳᠥᠷ ᠳᠡᠰ ᠤᠨ ᠲᠦᠭᠰᠢᠭᠦᠷᠢᠲᠦ ᠣᠷᠣᠨ ᠠᠴᠠ ᠭᠠᠷᠴᠤ | ᠢᠷᠡᠭᠰᠡᠨ ᠬᠥᠮᠥᠰ ᠲᠤ 7 ᠡᠳᠦᠷ ᠤᠨ ᠭᠡᠷ ᠲᠤ ᠪᠠᠨ ᠲᠤᠰᠠᠭᠠᠷᠯᠠᠬᠤ ᠵᠠᠢ ᠬᠡᠷᠡᠭᠵᠢᠭᠦᠯᠵᠦ ᠂ ᠡᠨᠡ ᠬᠤᠭᠤᠴᠠᠭᠠᠨ ᠳᠤ ᠺᠣᠳ᠋ ᠣᠯᠭᠤᠬᠤ ᠬᠠᠮᠢᠶᠠᠷᠤᠯᠲᠠ ᠶᠢ | ᠬᠡᠷᠡᠭᠵᠢᠭᠦᠯᠦᠨ ᠂ ᠭᠠᠳᠠᠭᠰᠢ ᠭᠠᠷᠴᠤ ᠪᠣᠯᠬᠤ ᠦᠭᠡᠢ ᠃ ᠭᠡᠷ ᠲᠤ ᠪᠠᠨ ᠲᠤᠰᠠᠭᠠᠷᠯᠠᠭᠰᠠᠨ ᠤ 1 ᠂ 3 ᠂ 5 ᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭ᠎ᠠ | ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ ᠃ ᠬᠠᠮᠢᠶ᠎ᠠ ᠪᠦᠬᠦᠢ ᠬᠥᠮᠥᠰ ᠨᠢ ᠭᠡᠷ ᠲᠤ ᠪᠠᠨ ᠲᠤᠰᠠᠭᠠᠷᠯᠠᠬᠤ ᠬᠤᠭᠤᠴᠠᠭᠠᠨ ᠳᠤ ᠭᠡᠷ ᠲᠤ ᠪᠠᠨ ᠲᠤᠰᠠᠭᠠᠷᠯᠠᠬᠤ | ᠬᠠᠮᠢᠶᠠᠷᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠪᠥᠭᠡᠮ ᠬᠦᠴᠢᠯ ᠤᠨ ᠠᠷᠭ᠎ᠠ ᠴᠢᠨᠠᠷ ᠢ ᠪᠠᠶᠢᠴᠠᠭᠠᠵᠤ ᠢᠯᠡᠷᠡᠭᠦᠯᠬᠦ ᠳᠤ | ᠭᠦᠷᠪᠡᠯ ᠴᠠᠭ ᠲᠤᠬᠠᠢ ᠳᠤ ᠨᠢ ᠮᠡᠳᠡᠭᠦᠯᠬᠦ ᠶᠢᠨ ᠬᠠᠮᠲᠤ 2 ᠴᠠᠭ ᠤᠨ ᠳᠣᠲᠣᠷ᠎ᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠪᠤᠶᠤ ᠴᠢᠩᠭᠡᠯᠢᠭᠲᠦ ᠡᠮᠨᠡᠯᠭᠡ ᠶᠢᠨ | ᠬᠤᠷᠢᠶ᠎ᠠ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠠᠵᠢᠭᠯᠠᠬᠤ ᠪᠠ ᠡᠮᠨᠡᠨ ᠵᠠᠰᠠᠭᠤᠯᠵᠤ ᠂ ᠬᠠᠮᠲᠤ ᠰᠠᠭᠤᠭ᠎ᠠ ᠬᠥᠮᠥᠰ ᠲᠤ ᠪᠥᠭᠡᠮ ᠬᠦᠴᠢᠯ ᠤᠨ ᠪᠠᠶᠢᠴᠠᠭᠠᠯᠲᠠ | ᠬᠢᠬᠦ ᠶᠢ ᠱᠠᠭᠠᠷᠳᠠᠬᠤ ᠶᠢᠨ ᠬᠠᠮᠲᠤ ᠲᠦᠭᠰᠢᠭᠦᠷᠢ ᠶᠢ ᠰᠤᠳᠤᠯᠤᠨ ᠮᠠᠭᠠᠳᠯᠠᠵᠤ ᠂ ᠬᠠᠮᠢᠶ᠎ᠠ ᠪᠦᠬᠦᠢ ᠲᠦᠭᠰᠢᠭᠦᠷᠢᠲᠦ ᠬᠥᠮᠥᠰ ᠢ ᠮᠥᠷᠳᠡᠨ ᠬᠠᠮᠢᠶᠠᠷᠬᠤ ᠬᠡᠷᠡᠭᠲᠡᠢ ᠃ | ᠨᠠᠰᠤᠲᠠᠶᠢᠴᠤᠳ ᠵᠡᠷᠭᠡ ᠪᠠᠭᠤᠷᠠᠢ ᠬᠥᠮᠥᠰ ᠰᠢᠨ᠎ᠡ ᠲᠢᠲᠢᠮᠯᠢᠭ ᠸᠢᠷᠦ᠋ᠰ ᠲᠤ ᠨᠡᠷᠪᠡᠭᠳᠡᠭᠰᠡᠨ ᠤ ᠳᠠᠷᠠᠭ᠎ᠠ ᠠᠮᠠᠷᠬᠠᠨ ᠡᠪᠡᠳᠴᠢᠨ ᠨᠢ ᠬᠦᠨᠳᠦᠷᠡᠵᠦ ᠂ ᠬᠦᠨᠳᠦ | ᠲᠦᠭᠰᠢᠭᠦᠷᠢᠲᠡᠢ ᠡᠪᠡᠳᠴᠢᠨ ᠴᠢᠨᠠᠭᠰᠢᠯᠠᠨ ᠦᠬᠦᠵᠦ ᠮᠡᠳᠡᠨ᠎ᠡ ᠂ ᠡᠶᠢᠮᠦ ᠠᠴᠠ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠬᠢᠪᠡᠯ ᠬᠠᠮᠤᠭ ᠤᠨ ᠶᠡᠭᠡ | ᠠᠰᠢᠭ ᠬᠦᠷᠲᠡᠵᠦ ᠪᠣᠯᠣᠨ᠎ᠠ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.394 ᠳ᠋ᠦᠩᠰᠢᠭᠤᠷ ᠬᠥᠮᠥᠨ ᠲᠠᠷᠢᠯᠭ᠎ᠠ ᠳᠠᠷᠢᠵᠤ ᠂ 2.28165 ᠳ᠋ᠦᠩᠰᠢᠭᠤᠷ ᠬᠥᠮᠥᠨ ᠪᠥᠬᠦ | ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ ᠲᠣᠰ ᠲᠣᠰ | ᠨᠠᠰᠤᠲᠠᠶᠢᠴᠤᠳ ᠤᠨ 90.68% ᠪᠠ 86.42% ᠢ ᠡᠵᠡᠯᠡᠨ ᠂ 1.81511 ᠳ᠋ᠦᠩᠰᠢᠭᠤᠷ ᠬᠥᠮᠥᠨ ᠡᠭᠡᠯᠢᠯᠡᠭᠡ ᠶᠢᠨ ᠪᠠᠲᠤᠳᠬᠠᠬᠤ ᠲᠠᠷᠢᠯᠭ᠎ᠠ ᠬᠢᠪᠡ ᠃ | ᠡᠭᠦᠨ ᠳᠤ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠠᠷᠢᠯᠭ᠎ᠠ ᠬᠢᠭᠰᠡᠨ ᠬᠥᠮᠥᠨ ᠤ ᠲᠤᠭ᠎ᠠ 2742.6 ᠲᠦᠮᠡ ᠪᠠᠶᠢᠵᠤ ᠂ 2356.3 ᠲᠦᠮᠡᠨ | ᠬᠥᠮᠥᠨ ᠪᠥᠬᠦ ᠶᠠᠪᠤᠴᠠ ᠶᠢᠨ ᠲᠠᠷᠢᠯᠭ᠎ᠠ ᠬᠢᠬᠦ ᠶᠢ ᠪᠡᠶᠡᠯᠡᠭᠦᠯᠵᠦ ᠂ ᠬᠠᠮᠤᠷᠤᠭᠰᠠᠨ ᠬᠥᠮᠥᠨ ᠤ ᠲᠤᠭ᠎ᠠ ᠪᠠ ᠪᠥᠬᠦ ᠶᠠᠪᠤᠴᠠ ᠶᠢᠨ ᠲᠠᠷᠢᠯᠭ᠎ᠠ ᠬᠢᠭᠰᠡᠨ ᠬᠥᠮᠥᠨ ᠤ ᠲᠤᠭ᠎ᠠ | ᠲᠣᠰ ᠲᠣᠰ 80 ᠨᠠᠰᠤᠨ ᠠᠴᠠ ᠳᠡᠭᠡᠭᠰᠢᠬᠢ ᠬᠥᠮᠥᠨ ᠠᠮᠠ ᠶᠢᠨ 76.6% ᠂ 65.8% ᠶᠢ ᠡᠵᠡᠯᠡᠨ ᠂ 1445.6 ᠲᠦᠮᠡᠨ ᠬᠥᠮᠥᠨ ᠡᠭᠡᠯᠢᠯᠡᠭᠡ ᠶᠢᠨ | ᠪᠠᠲᠤᠳᠬᠠᠬᠤ ᠲᠠᠷᠢᠯᠭ᠎ᠠ ᠬᠢᠪᠡ ᠃ | ᠨᠠᠰᠤᠲᠠᠶᠢᠴᠤᠳ ᠤᠨ ᠲᠠᠷᠢᠯᠭ᠎ᠠ ᠬᠢᠬᠦ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠥᠯᠥᠭᠡ ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ | ᠲᠠᠷᠢᠯᠭ᠎ᠠ ᠶᠢ ᠴᠢᠩᠭᠠᠳᠬᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠵᠤ ᠂ ᠲᠣᠭᠲᠠᠴᠠ ᠶᠢ ᠪᠦᠷᠢᠨᠰᠢᠭᠦᠯᠬᠦ ᠂ ᠪᠠᠶᠢᠳᠠᠯ ᠢ ᠣᠶᠢᠯᠠᠭᠠᠬᠤ ᠂ ᠦᠢᠯᠡᠴᠢᠯᠡᠭᠡ ᠶᠢ | ᠰᠢᠯᠢᠳᠡᠭᠵᠢᠭᠦᠯᠬᠦ ᠂ ᠨᠠᠷᠢᠯᠢᠭᠵᠢᠭᠤᠯᠤᠨ ᠤᠬᠠᠭᠤᠯᠬᠤ ᠵᠡᠷᠭᠡ ᠲᠠᠯ᠎ᠠ ᠪᠠᠷ ᠪᠠᠶᠢᠷᠢᠯᠠᠭᠤᠯᠤᠨ ᠠᠬᠢᠭᠤᠯᠪᠠ ᠃ ᠲᠠᠷᠠᠭᠠᠴᠢ ᠶᠢᠨ ᠠᠯᠬᠤᠮ ᠳᠤ ᠂ ᠪᠢᠳᠡ ᠲᠥᠰᠥᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠡᠯ᠎ᠡ ᠭᠠᠵᠠᠷ ᠤᠨ ᠬᠢᠨ ᠢ ᠵᠢᠯᠣᠭᠤᠳᠤᠨ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ ᠂ | ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠡᠭᠡᠯᠢᠯᠡᠭᠡ ᠶᠢ ᠴᠢᠩᠭᠠᠳᠬᠠᠬᠤ ᠪᠠ | ᠨᠠᠰᠤᠲᠠᠶᠢᠴᠤᠳ ᠤᠨ ᠲᠠᠷᠢᠯᠭ᠎ᠠ ᠶᠢᠨ ᠠᠵᠢᠯ ᠢ ᠰᠠᠶᠢᠲᠤᠷ ᠬᠢᠨ᠎ᠡ ᠃ ᠪᠠᠰᠠ ᠨᠠᠰᠤᠲᠠᠶᠢᠴᠤᠳ ᠂ ᠢᠯᠠᠩᠭᠤᠶ᠎ᠠ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ | ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ ᠂ ᠬᠤᠪᠢ ᠬᠥᠮᠥᠨ ᠤ ᠡᠷᠡᠭᠦᠯ ᠮᠡᠨᠳᠦ ᠪᠠᠨ ᠬᠠᠮᠠᠭᠠᠯᠠᠬᠤ ᠶᠢ ᠬᠦᠰᠡᠵᠦ ᠪᠠᠶᠢᠨ᠎ᠠ ᠃ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠢ ᠰᠢᠨᠵᠢᠯᠡᠬᠦ ᠤᠬᠠᠭᠠᠨᠴᠢ ᠪᠠᠷ | ᠲᠥᠷᠥᠯ ᠬᠤᠪᠢᠶᠠᠨ ᠡᠮᠨᠡᠨ ᠵᠠᠰᠠᠬᠤ ᠬᠡᠷᠡᠭᠲᠡᠢ | ᠥᠨᠳᠥᠷ ᠨᠠᠰᠤᠲᠠᠢ ᠨᠠᠰᠤᠲᠠᠶᠢᠴᠤᠳ ᠪᠠ ᠬᠠᠪᠤᠳᠠᠷ ᠡᠪᠡᠳᠴᠢᠨ ᠳᠤ ᠨᠡᠷᠪᠡᠭᠳᠡᠭᠰᠡᠳ ᠂ ᠣᠨᠴᠠᠭᠠᠶᠢᠯᠠᠨ ᠬᠠᠪᠤᠳᠠᠷ ᠡᠪᠡᠳᠴᠢᠨ ᠢ ᠡᠮᠨᠡᠨ ᠵᠠᠰᠠᠬᠤ | ᠬᠤᠭᠤᠴᠠᠭᠠᠨ ᠳᠤ ᠪᠠᠶᠢᠭ᠎ᠠ ᠡᠪᠡᠳᠴᠢᠲᠡᠨ ᠪᠣᠯ ᠬᠦᠨᠳᠦ ᠡᠪᠡᠳᠴᠢᠨ ᠳᠤ ᠠᠮᠠᠷᠬᠠᠨ ᠨᠡᠷᠪᠡᠭᠳᠡᠳᠡᠭ ᠲᠦᠭᠰᠢᠭᠦᠷᠢ ᠶᠡᠬᠡᠲᠡᠢ ᠬᠥᠮᠥᠰ ᠲᠤ ᠲᠣᠭᠠᠴᠠᠭᠳᠠᠨ᠎ᠠ ᠂ | ᠡᠶᠢᠮᠦ ᠠᠴᠠ ᠡᠮᠨᠡᠨ ᠵᠠᠰᠠᠬᠤ ᠶᠠᠪᠤᠴᠠ ᠳᠤ ᠣᠨᠴᠠᠭᠠᠶᠢᠯᠠᠨ ᠠᠩᠬᠠᠷᠬᠤ ᠬᠡᠷᠡᠭᠲᠡᠢ ᠃ ᠡᠩ ᠲᠡᠷᠢᠭᠦᠨ ᠳᠤ ᠥᠨᠳᠥᠷ ᠨᠠᠰᠤᠲᠠᠢ ᠨᠠᠰᠤᠲᠠᠶᠢᠴᠤᠳ ᠲᠤ ᠠᠪᠴᠤ ᠬᠡᠯᠡᠪᠡᠯ ᠂ | ᠪᠢᠳᠡᠨ ᠤ ᠮᠡᠳᠡᠬᠦ ᠪᠠᠷ ᠥᠨᠳᠥᠷ ᠨᠠᠰᠤᠲᠠᠢ ᠨᠠᠰᠤᠲᠠᠶᠢᠴᠤᠳ ᠶᠡᠷᠦ ᠨᠢ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠵᠦ ᠂ ᠵᠠᠷᠢᠮ ᠰᠠᠭᠤᠷᠢ ᠴᠢᠨᠠᠷᠲᠠᠢ ᠡᠪᠡᠳᠴᠢᠨ ᠨᠢ | ᠪᠠᠰᠠ ᠨᠡᠯᠢᠶᠡᠳ ᠬᠦᠨᠳᠦ ᠪᠠᠶᠢᠵᠤ ᠂ ᠵᠠᠷᠢᠮ ᠨᠠᠰᠤᠲᠠᠨ ᠣᠯᠠᠨ ᠵᠦᠢᠯ ᠤᠨ ᠰᠠᠭᠤᠷᠢ ᠴᠢᠨᠠᠷᠲᠠᠢ ᠡᠪᠡᠳᠴᠢᠨ ᠳᠤ ᠨᠡᠷᠪᠡᠭᠳᠡᠭᠰᠡᠨ ᠪᠣᠯᠬᠤᠷ ᠂ ᠰᠢᠨ᠎ᠡ ᠲᠢᠲᠢᠮᠯᠢᠭ | ᠸᠢᠷᠦ᠋ᠰ ᠲᠤ ᠨᠡᠷᠪᠡᠭᠳᠡᠪᠡᠯ ᠂ ᠨᠢᠭᠡ ᠲᠠᠯ᠎ᠠ ᠪᠠᠷ ᠵᠠᠷᠢᠮ ᠰᠠᠭᠤᠷᠢ ᠴᠢᠨᠠᠷᠲᠠᠢ ᠡᠪᠡᠳᠴᠢᠨ ᠢ ᠨᠢ ᠬᠦᠨᠳᠦᠷᠡᠭᠦᠯᠵᠦ ᠮᠡᠳᠡᠨ᠎ᠡ ᠃ ᠬᠠᠪᠤᠳᠠᠷ ᠡᠪᠡᠳᠴᠢᠨ ᠢ ᠡᠮᠨᠡᠨ ᠵᠠᠰᠠᠬᠤ | ᠬᠤᠭᠤᠴᠠᠭᠠᠨ ᠳᠤ ᠪᠠᠶᠢᠭ᠎ᠠ ᠡᠪᠡᠳᠴᠢᠲᠡᠨ ᠳᠤ ᠠᠪᠴᠤ ᠬᠡᠯᠡᠪᠡᠯ ᠂ ᠮᠡᠰᠡ ᠵᠠᠰᠠᠯ ᠪᠤᠶᠤ ᠰᠠᠴᠤᠷᠠᠭ ᠬᠢᠮᠢ ᠶᠢᠨ ᠵᠠᠰᠠᠯ ᠠᠴᠠ ᠪᠣᠯᠵᠤ ᠡᠭᠡᠯᠢᠯᠡᠭᠡ ᠶᠢᠨ ᠴᠢᠳᠠᠪᠤᠷᠢ ᠨᠢ | ᠪᠠᠭᠤᠷᠠᠳᠠᠭ ᠂ ᠡᠶᠢᠮᠦ ᠠᠴᠠ ᠮᠥᠨ ᠴᠦ ᠡᠪᠡᠳᠴᠢᠨ ᠨᠢ ᠬᠦᠨᠳᠦᠷᠡᠬᠦ ᠠᠶᠤᠯ ᠲᠠᠢ ᠲᠦᠭᠰᠢᠭᠦᠷᠢᠲᠦ ᠬᠥᠮᠥᠰ ᠪᠣᠯᠣᠨ᠎ᠠ ᠃ ᠪᠢᠳᠡᠨ ᠤ ᠮᠡᠳᠡᠭᠡᠵᠢ ᠪᠠᠷ ᠂ ᠬᠠᠪᠤᠳᠠᠷ | ᠡᠪᠡᠳᠴᠢᠨ ᠤ ᠵᠠᠰᠠᠯᠭ᠎ᠠ ᠶᠢᠨ ᠬᠤᠭᠤᠴᠠᠭᠠᠨ ᠳᠠᠬᠢ ᠡᠪᠡᠳᠴᠢᠲᠡᠨ ᠤ ᠬᠠᠪᠤᠳᠠᠷ ᠤᠨ ᠵᠠᠰᠠᠯᠭ᠎ᠠ ᠶᠢ ᠲᠠᠰᠤᠯᠳᠠᠭᠤᠯᠵᠤ ᠪᠣᠯᠬᠤ ᠦᠭᠡᠢ ᠂ ᠡᠨᠡ ᠨᠢ ᠮᠥᠨ ᠴᠦ ᠪᠢᠳᠡᠨ ᠤ | ᠪᠠᠷᠢᠮᠲᠠᠯᠠᠭᠰᠠᠭᠠᠷ ᠢᠷᠡᠭᠰᠡᠨ ᠰᠠᠭᠤᠷᠢ ᠴᠢᠨᠠᠷᠲᠠᠢ ᠡᠪᠡᠳᠴᠢᠨ ᠪᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠵᠠᠪᠠᠯ ᠬᠠᠮᠲᠤ ᠳᠤ ᠨᠢ ᠵᠠᠰᠠᠬᠤ ᠵᠠᠷᠴᠢᠮ ᠪᠣᠯᠣᠨ᠎ᠠ ᠃ | ᠡᠶᠢᠮᠦ ᠠᠴᠠ ᠡᠶᠢᠮᠦᠷᠬᠦᠦ ᠪᠠᠶᠢᠳᠠᠯ ᠳᠣᠣᠷ᠎ᠠ ᠂ ᠡᠷᠬᠡᠪᠰᠢ ᠡᠶᠢᠮᠦᠷᠬᠦᠦ ᠬᠠᠯᠳᠠᠪᠤᠷᠢᠯᠠᠭᠰᠠᠳ ᠢ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠨ ᠡᠮᠨᠡᠨ ᠵᠠᠰᠠᠵᠤ ᠂ | ᠠᠪᠤᠷᠠᠨ ᠵᠠᠰᠠᠬᠤ ᠠᠵᠢᠯ ᠢ ᠲᠣᠬᠢᠲᠠᠢ ᠰᠠᠶᠢᠲᠤᠷ ᠬᠢᠵᠦ ᠂ ᠰᠠᠭᠤᠷᠢ ᠴᠢᠨᠠᠷᠲᠠᠢ ᠡᠪᠡᠳᠴᠢᠨ ᠢ ᠢᠳᠡᠪᠬᠢᠲᠡᠢ ᠡᠮᠨᠡᠨ ᠵᠠᠰᠠᠵᠤ ᠂ ᠡᠪᠡᠳᠴᠢᠲᠡᠨ ᠤ ᠡᠷᠡᠭᠦᠯ ᠮᠡᠨᠳᠦ ᠪᠠ | ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ | ︽ ᠬᠥᠮᠥᠨ ᠤ ᠠᠮᠢ ᠨᠠᠰᠤ ᠮᠢᠩᠭᠠᠨ ᠯᠠᠩ ᠠᠯᠲᠠ ᠮᠥᠩᠭᠦᠨ ᠠᠴᠠ ᠴᠤ ᠴᠤᠬᠠᠭ ︾ ᠭᠡᠳᠡᠭᠴᠢᠯᠡᠨ ᠂ ᠡᠮᠴᠢᠯᠡᠭᠡᠨ ᠤ ᠠᠪᠤᠷᠠᠨ ᠵᠠᠰᠠᠬᠤ ᠠᠵᠢᠯ ᠤᠨ | ᠳᠤᠮᠳᠠ ᠪᠠᠨ ᠪᠢᠳᠡ ︽ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ︾ ᠣᠨᠣᠯᠵᠢᠬᠤᠨ ᠢ ᠢᠮᠠᠭᠲᠠ ᠪᠠᠷᠢᠮᠲᠠᠯᠠᠵᠤ ᠂ ᠬᠥᠮᠥᠨ ᠢᠶᠠᠷ ᠦᠨᠳᠦᠰᠦ | ᠪᠣᠯᠭᠠᠬᠤ ᠵᠣᠷᠢᠯᠲᠠ ᠶᠢ ᠪᠠᠷᠢᠮᠲᠠᠯᠠᠵᠤ ᠂ ᠥᠨᠳᠥᠷ ᠨᠠᠰᠤᠲᠠᠢ ᠨᠠᠰᠤᠲᠠᠶᠢᠴᠤᠳ ᠂ ᠡᠪᠡᠳᠴᠢᠨ ᠳᠤ ᠨᠡᠷᠪᠡᠭᠳᠡᠭᠰᠡᠳ ᠵᠡᠷᠭᠡ ᠭᠤᠣᠯᠳᠠᠯᠭ᠎ᠠ ᠲᠠᠢ ᠬᠥᠮᠥᠰ ᠤᠨ | ᠡᠮᠴᠢᠯᠡᠭᠡᠨ ᠤ ᠠᠵᠢᠯ ᠢ ᠵᠣᠬᠢᠰᠲᠠᠢ ᠰᠠᠶᠢᠲᠤᠷ ᠵᠣᠬᠢᠶᠠᠨ ᠪᠠᠶᠢᠭᠤᠯᠵᠤ ᠂ ᠡᠪᠡᠳᠴᠢᠲᠡᠨ ᠢ ᠬᠠᠮᠤᠭ ᠤᠨ ᠰᠠᠶᠢᠨ ᠠᠪᠤᠷᠠᠨ ᠵᠠᠰᠠᠬᠤ ᠪᠠ ᠬᠠᠷᠠᠭᠠᠯᠵᠠᠨ ᠰᠤᠪᠢᠯᠠᠬᠤ ᠶᠢ | ᠪᠠᠲᠤᠯᠠᠵᠤ ᠂ ᠡᠪᠡᠳᠴᠢᠲᠡᠨ ᠤ ᠡᠷᠲᠡᠬᠡᠨ ᠡᠷᠡᠭᠦᠯᠵᠢᠬᠦ ᠶᠢ ᠠᠬᠢᠭᠤᠯᠬᠤ ᠬᠡᠷᠡᠭᠲᠡᠢ ᠃ | | | |