| ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ ᠤᠨ ᠠᠯᠪᠠᠨ ᠵᠠᠷᠯᠠᠯ | ︵ 1 ᠳ᠋ᠦ᠋ᠭᠡᠷ ᠲᠣᠭᠠᠲᠤ ︶ | | | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠢᠶᠠᠩ ᠽᠧ ᠮᠢᠨ ᠨᠥᠬᠦᠷ ᠢ ᠬᠢᠵᠠᠭᠠᠯᠠᠰᠢ ᠦᠭᠡᠢ ᠪᠢᠰᠢᠷᠡᠨ | ᠬᠦᠨᠳᠦᠳᠬᠡᠵᠦ ᠪᠠᠶᠢᠬᠤ ᠪᠠ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠰᠡᠳᠬᠢᠯᠭᠡ ᠶᠢ ᠢᠯᠡᠳᠬᠡᠬᠦ ᠶᠢᠨ ᠲᠥᠯᠥᠭᠡ ᠂ ᠡᠳᠦᠭᠡ ᠲᠣᠭᠲᠠᠭᠠᠬᠤ ᠨᠢ ᠄ | ︵ ᠨᠢᠭᠡ ︶ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ ᠢ ᠨᠡᠶᠢᠲᠡᠯᠡᠭᠰᠡᠨ | ᠡᠳᠦᠷ ᠠᠴᠠ ᠡᠬᠢᠯᠡᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠬᠤᠷᠠᠯ ᠢ ᠬᠢᠬᠦ ᠪᠣᠯᠲᠠᠯ᠎ᠠ ᠂ ᠪᠡᠭᠡᠵᠢᠩ ᠤᠨ ᠲᠢᠶᠠᠨ ᠠᠨ ᠮᠧᠨ ᠂ ᠰᠢᠨᠬᠤᠸᠠ ᠮᠧᠨ ᠂ | ᠠᠷᠠᠳ ᠤᠨ ᠶᠡᠭᠡ ᠬᠤᠷᠠᠯ ᠤᠨ ᠲᠢᠩᠬᠢᠮ ᠂ ᠭᠠᠳᠠᠭᠠᠳᠤ ᠶᠠᠪᠤᠳᠠᠯ ᠤᠨ ᠶᠠᠮᠣᠨ ᠪᠣᠯᠣᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ | ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ | ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ | ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠨ᠎ᠠ ᠃ ᠡᠨᠡ ᠬᠤᠭᠤᠴᠠᠭᠠᠨ ᠳᠤ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ | ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ | ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ | ᠭᠠᠵᠠᠷ ᠲᠤ ᠭᠠᠰᠢᠭᠤᠳᠠᠯ ᠤᠨ ᠲᠠᠩᠬᠢᠮ ᠭᠠᠷᠭᠠᠵᠤ ᠂ ᠰᠢᠶᠠᠩᠭᠠᠩ ᠣᠣᠮᠧᠨ ᠣᠷᠣᠨ ᠪᠠ ᠭᠠᠳᠠᠭᠠᠳᠤ ᠬᠠᠷᠢᠯᠴᠠᠭᠠᠨ ᠤ ᠠᠵᠢᠯᠲᠠᠳ ᠤᠨ ᠰᠠᠭᠤᠭ᠎ᠠ ᠤᠯᠤᠰ ᠤᠨ | ᠭᠠᠰᠢᠭᠤᠳᠠᠯ ᠢ ᠬᠦᠯᠢᠶᠡᠨ ᠠᠪᠤᠨ᠎ᠠ ᠃ | ︵ ᠬᠤᠶᠠᠷ ︶ ᠮᠠᠨ ᠤ ᠤᠯᠤᠰ ᠤᠨ ᠵᠤᠷᠰᠢᠯ ᠶᠣᠰᠣᠭᠠᠷ ᠭᠠᠳᠠᠭᠠᠳᠤ ᠤᠯᠤᠰ ᠤᠨ ᠵᠠᠰᠠᠭ ᠤᠨ ᠣᠷᠳᠣᠨ ᠂ ᠲᠥᠷᠥ ᠶᠢᠨ ᠨᠠᠮ ᠪᠠ ᠨᠥᠬᠦᠷᠰᠡᠭ ᠬᠦᠮᠦᠰ ᠤᠨ | ᠲᠥᠯᠥᠭᠡᠯᠡᠭᠴᠢ ᠶᠢᠨ ᠪᠦᠯᠬᠦᠮ ᠪᠤᠶᠤ ᠲᠥᠯᠥᠭᠡᠯᠡᠭᠴᠢ ᠲᠣᠮᠢᠯᠠᠨ ᠳᠤᠮᠳᠠᠳᠤ ᠤᠯᠤᠰ ᠲᠤ ᠢᠷᠡᠭᠦᠯᠦᠨ ᠭᠠᠰᠢᠭᠤᠳᠠᠬᠤ ᠠᠵᠢᠯᠯᠠᠭ᠎ᠠ ᠳᠤ ᠣᠷᠣᠯᠴᠠᠭᠤᠯᠬᠤ ᠶᠢ ᠤᠷᠢᠬᠤ | ᠦᠭᠡᠢ ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | | ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ | ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ | 2022 ᠣᠨ ᠤ 11 ᠰᠠᠷ᠎ᠠ ᠶᠢᠨ 30 ᠤ ᠡᠳᠦᠷ | | |