2022 ᠤᠨ ᠤ ᠨᠠᠢᠮᠠᠳᠤᠭᠠᠷ ᠰᠠᠷ᠎ᠠ ᠶᠢᠨ ᠵᠠᠰᠠᠭ ᠤᠨ ᠣᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/12/2
     8 ᠰᠠᠷ᠎ᠠ ᠶᠢᠨ 1 ᠤ ᠡᠳᠦᠷ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠥᠪᠥᠷ ᠮᠣᠩᠭᠤᠯ ᠤᠨ ᠨᠡᠭᠦᠷᠡᠰᠦᠨ ᠤ ᠬᠠᠶᠢᠨ ᠰᠢᠨᠵᠢᠯᠡᠯᠲᠡ ᠶᠢᠨ ᠪᠦᠯᠦᠭᠯᠡᠯ ᠤᠨ ᠶᠠᠷᠢᠯᠴᠠᠬᠤ ᠬᠤᠷᠠᠯ ᠤᠨ ᠭᠠᠷ ᠤᠨ ᠥᠰᠥᠭ ᠵᠢᠷᠤᠬᠤ ᠶᠣᠰᠣᠯᠠᠯ ᠳ᠋ᠠ ᠯᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ ᠶᠣᠰᠣᠯᠠᠯ ᠢ ᠡᠷᠭᠢᠯᠡᠵᠦ᠂ ᠥᠪᠥᠷ ᠮᠣᠩᠭᠤᠯ ᠤᠨ ᠨᠡᠭᠦᠷᠡᠰᠦᠨ ᠤ ᠬᠠᠶᠢᠨ ᠰᠢᠨᠵᠢᠯᠡᠯᠲᠡ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠫᠠᠨ ᠶᠢᠨ ᠱᠧᠩ᠂ ᠳᠡᠳ᠋ ᠶᠡᠷᠦᠩᠬᠡᠢ ᠳᠠᠭᠠᠭᠠᠮᠠᠯ ᠶᠤᠸᠠᠨ ᠸᠧᠢ ᠵᠢᠴᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃ ᠰᠤᠷᠭᠠᠯᠳᠤ ᠵᠢᠭᠠᠵᠤ ᠭᠠᠷᠭᠠᠬᠤ ᠳᠠᠭᠠᠨ᠂ ᠬᠤᠶᠠᠷ ᠡᠳᠡᠭᠡᠳ  ᠢᠶᠠᠷ ᠢᠶᠠᠨ ᠨᠡᠭᠦᠷᠡᠰᠦᠨ ᠤ ᠪᠤᠰᠤ ᠡᠬᠢ ᠪᠠᠶᠠᠯᠢᠭ ᠢ ᠬᠠᠶᠢᠨ ᠰᠢᠨᠵᠢᠬᠦ᠂ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠬᠢᠬᠦ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠵᠡᠭᠦᠨᠭᠠᠷ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ  ᠭᠡᠷᠡᠭᠳᠡᠢ ᠭᠡᠪᠠ᠃     ᠳᠤᠰ ᠡᠳᠦᠷ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ 2021 ᠣᠨ ᠤ ᠠᠨᠠᠭᠠᠬᠤ ᠤᠬᠠᠭᠠᠨ ᠪᠤᠯᠤᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠲᠥᠷᠥᠯ ᠵᠦᠢᠯ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠲᠣᠬᠢᠷᠠᠭᠰᠠᠨ ᠰᠠᠪᠠ ᠶᠢᠨ ᠬᠦᠵᠦᠭᠦᠨ ᠤ ᠥᠮᠡᠨ ᠢ ᠠᠷᠢᠯᠭᠠᠬᠤ ᠶᠡᠷᠦᠩᠬᠡᠶᠢᠯᠡᠭᠰᠡᠨ ᠰᠡᠷᠭᠡᠶᠢᠯᠡᠨ ᠡᠵᠡᠮᠳᠡᠬᠦ ᠮᠡᠷᠭᠡᠵᠢᠯ ᠬᠢᠭᠡᠳ ᠠᠷᠭ᠎ᠠ ᠪᠣᠳᠣᠯᠭ᠎ᠠ ᠶᠢᠨ ᠰᠤᠳᠤᠯᠭᠠᠨ ᠨᠢ ᠵᠡᠭᠦᠨᠭᠠᠷ ᠬᠤᠰᠢᠭᠤᠨ ᠳᠤ ᠡᠬᠢᠯᠡᠪᠡ᠃ ︽ᠬᠤᠶᠠᠷ ᠥᠮᠡᠨ︾ ᠢ ᠪᠠᠶᠢᠴᠠᠭᠠᠬᠤ ᠲᠥᠷᠥᠯ ᠵᠦᠢᠯ ᠤᠨ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠵᠢᠭᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠢᠶᠣᠤ ᠶᠧᠦ ᠯᠢᠨ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠪᠥᠬᠦ ᠤᠯᠤᠰ ᠤᠨ ᠡᠯ᠎ᠡ ᠭᠠᠵᠠᠷ ᠤᠨ ︽ᠬᠤᠶᠠᠷ ᠥᠮᠡᠨ︾ ᠤ ᠡᠷᠬᠡ ᠰᠦᠷᠲᠦ ᠲᠤᠰᠬᠠᠢ ᠮᠡᠷᠭᠡᠵᠢᠯᠲᠡᠨ ᠡᠷᠳᠡᠮᠲᠡᠨ᠂ ᠬᠤᠲᠠ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠬᠡ ᠨᠢᠯᠬᠠᠰ ᠤᠨ ᠡᠷᠡᠬᠦᠯ ᠮᠡᠨᠳᠤ ᠶᠢ ᠬᠠᠮᠠᠭᠠᠯᠠᠬᠤ ᠬᠤᠷᠢᠶ᠎ᠠ᠂ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠨᠢᠭᠡᠴᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠯᠪᠤᠬᠳᠠᠯ ᠪᠦᠬᠦᠢ ᠬᠥᠮᠥᠰ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠰᠦᠢᠳᠬᠡᠯ ᠬᠤᠷᠢᠶᠠᠬᠤ ᠦᠭᠡᠢ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠲᠥᠷᠥᠯ ᠵᠦᠢᠯ ᠢ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠬᠤ ᠬᠡᠷᠡᠭᠲᠡᠢ᠃ ᠵᠡᠬᠦᠠᠭᠠᠷ ᠬᠤᠰᠢᠭᠤᠨ ᠤ ︽ᠬᠤᠶᠠᠷ ᠥᠮᠡᠨ︾ ᠢ ᠡᠷᠲᠡ ᠣᠨᠣᠰᠢᠯᠠᠵᠤ ᠡᠷᠲᠡ ᠵᠠᠰᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠤᠨ᠂ ᠥᠷᠭᠡᠨ ᠣᠯᠠᠨ ᠡᠮᠡᠭᠲᠡᠶᠢᠴᠦᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠪᠥᠬᠦ ᠲᠠᠯ᠎ᠠ ᠪᠠᠷ ᠪᠠᠲᠤᠯᠠᠵᠤ᠂ ᠵᠡᠬᠦᠠᠭᠠᠷ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠪᠡ᠃     ᠳᠤᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠵᠡᠭᠦᠨᠭᠠᠷ ᠵᠣᠤ ᠪᠠᠯᠭᠠᠰᠤ ᠪᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ ᠬᠦᠷᠴᠦ ︽8·1︾  ᠤ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠠᠬᠠᠮᠠᠳ ᠴᠡᠷᠢᠭ ᠠᠴᠠ ᠬᠠᠯᠠᠭᠳᠠᠭᠰᠠᠳ ᠪᠠ ᠭᠠᠯ ᠤᠨᠲᠠᠷᠠᠭᠠᠬᠤ ᠪᠦᠭᠦ ᠵᠢᠯᠣᠭᠤᠳᠤᠭᠴᠢ ᠪᠠᠶᠢᠯᠳᠤᠭᠴᠢᠳ ᠲᠤ ᠳᠣᠲᠣᠨᠣ ᠮᠡᠨᠳᠦᠴᠢᠯᠡᠯ ᠪᠠ ᠪᠠᠶᠠᠷ ᠤᠨ ᠡᠳᠦᠷ ᠤᠨ ᠵᠦᠩᠨᠡᠯ ᠳᠡᠪᠰᠢᠭᠦᠯᠵᠡᠢ᠃ ᠵᠡᠭᠦᠨᠭᠠᠷ ᠵᠤᠤ ᠪᠠᠯᠭᠠᠰᠤ ᠪᠣᠯᠣᠨ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠪᠠ᠃     8 ᠰᠠᠷ᠎ᠠ ᠶᠢᠨ 2 ᠤᠨ ᠡᠳᠦᠷ᠂ ᠲᠢᠶᠠᠨ ᠾᠧ ᠭᠡᠷᠡᠯ ᠤᠨ ᠡᠨᠧᠷᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠠᠩᠬᠠᠳᠠᠭᠴᠢ ᠲᠣᠮᠣ ᠲᠣᠨᠣᠭᠯᠠᠯ ᠢ ᠠᠮᠵᠢᠯᠲᠠ ᠲᠠᠢ ᠪᠠᠷ ᠤᠶᠢᠯᠡᠳᠪᠤᠷᠢᠯᠡᠨ ᠭᠠᠷᠭᠠᠪᠠ᠃ ᠡᠨᠡ ᠨᠢ ᠲᠢᠶᠠᠨ ᠾᠧ ᠭᠡᠷᠡᠯ ᠤᠨ ᠡᠨᠧᠷᠭᠢ ᠶᠢᠨ ᠥᠪᠥᠷ ᠮᠣᠩᠭᠤᠯ ᠤᠨ ᠨᠡᠷᠡᠨ ᠡᠨᠧᠷᠭᠢ ᠶᠢᠨ ᠲᠣᠨᠣᠭᠯᠠᠯ ᠤᠨ ᠲᠥᠷᠥᠯ ᠵᠦᠢᠯ ᠠᠮᠵᠢᠯᠲᠠ ᠲᠠᠢ ᠪᠠᠷ ᠠᠰᠢᠭᠯᠠᠯᠲᠠ ᠳᠤ ᠤᠷᠤᠬᠰᠠᠨ  ᠢ ᠬᠠᠷᠠᠭᠤᠯᠵᠤ ᠪᠤᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ   ᠴᠢ᠊ ᠪᠠᠳᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠵᠧᠩ᠂ ᠬᠤᠳᠠ ᠶᠢᠨ ᠨᠠᠮ ‍ᠤᠨ‌ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ᠂ ᠲᠢᠶᠠᠨ ᠾᠧ ᠭᠡᠷᠡᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠥᠭᠡᠳ ᠲᠡᠷᠢᠭᠦᠨ ᠭᠦᠢᠴᠡᠳᠭᠡᠭᠴᠢ ᠲᠤᠰᠢᠶᠠᠯᠲᠠᠨ ᠭᠤᠤ ᠵᠢᠢ ᠹᠠᠨ ᠶᠣᠰᠣᠯᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠢᠶᠠᠩ ᠪᠥᠸᠧ ᠪᠣᠯᠣᠨ ᠲᠢᠶᠠᠨ ᠾᠧ ᠭᠡᠷᠡᠯ ᠤᠨ ᠡᠨᠧᠷᠬᠢ ᠶᠢᠨ ᠬᠢᠵᠠᠭᠠᠷᠳᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠸ ᠵᠢᠢ ᠹᠠᠨ ᠲᠣᠰ ᠲᠣᠰ ᠪᠠᠶᠠᠷ ᠤᠨ ᠦᠭᠡ ᠬᠡᠯᠡᠵᠦ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠶᠣᠰᠣᠯᠠᠯ ᠢ ᠡᠷᠭᠢᠯᠡᠪᠡ᠃     8 ᠰᠠᠷ᠎ᠠ ᠶᠢᠨ 2 ︱ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠧ ᠰᠢ ᠸᠧᠨ ᠵᠡᠭᠦᠨᠭᠠᠷ ᠬᠤᠰᠢᠭᠤᠨ ᠳᠤ ᠬᠦᠷᠴᠦ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠵᠢᠶᠣᠣ ᠵᠢᠩ᠂ ᠯᠢ ᠶᠣᠣ ᠵᠢᠶᠦ᠋ᠨ᠂ ᠬᠠᠨ ᠶᠠᠨ ᠪᠠᠷ᠎ᠠ ᠪᠣᠯᠪᠠ᠃ ᠱᠧ ᠰᠢ ᠸᠧᠨ ᠵᠡᠭᠦᠨᠭᠠᠷ ᠬᠤᠰᠢᠭᠤᠨ ᠤ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠲᠥᠷᠥᠯ ᠵᠦᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠳᠠᠷᠠᠭ᠎ᠠ ᠨᠢ᠂ ᠱᠧ ᠰᠢ ᠸᠧᠨ ᠵᠠᠷᠢᠮ ᠰᠤᠮᠤ ᠰᠢᠶᠠᠩ ᠪᠠᠯᠭᠠᠰᠤᠨ ᠳᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠳᠠ᠂ ︽ᠵᠢᠷᠭᠤᠭᠠᠨ ᠨᠢᠭᠡ︾  ᠶᠢᠨ ᠲᠣᠭᠲᠠᠴᠠ  ᠶᠢᠨ ᠨᠠᠶᠢᠳᠠᠪᠤᠷᠢᠵᠢᠭᠤᠯᠤᠯᠳᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃ ᠳᠡᠷᠨ ᠵᠢᠭᠠᠵᠤ ᠭᠠᠷᠭᠠᠬᠤ ᠳᠠᠭᠠᠨ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ᠂ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠲᠠᠷᠢᠵᠤ ᠳᠡᠵᠢᠭᠡᠨ ᠦᠷᠡᠵᠢᠭᠦᠯᠬᠦ ᠠᠵᠤ ᠦᠢᠯᠡᠰ ᠲᠤ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠭᠡᠪᠴᠢᠶᠡᠵᠢᠯ  ᠢ ᠥᠷᠭᠡᠳᠬᠡᠬᠦ ᠬᠡᠷᠡᠭᠲᠡᠢ᠃ ᠤᠶᠢᠷ᠎ᠠ ᠬᠠᠪᠢ ᠶᠢᠨ ᠠᠵᠤ ᠠᠬᠤᠶᠢᠯᠠᠯ ᠢ ᠲᠠᠶᠢᠴᠢᠯᠠᠨ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠦᠯᠵᠦ᠂ ᠲᠠᠷᠢᠶᠠᠴᠢᠳ ᠢ ᠢᠳᠡᠪᠬᠢᠲᠡᠢ ᠪᠠᠷ ᠬᠠᠪᠰᠤᠷᠤᠨ ᠦᠢᠯᠡᠳᠪᠦᠷᠢᠯᠡᠯ ᠪᠣᠷᠤᠯᠠᠭᠤᠯᠭ᠎ᠠ ᠬᠦᠴᠢᠷᠲᠡᠢ ᠪᠠᠶᠢᠬᠤ ᠵᠡᠷᠭᠡ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃      8 ᠰᠠᠷ᠎ᠠ ᠶᠢᠨ 4 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠨᠠᠷᠠᠰᠤᠨ ᠪᠠᠯᠭᠠᠰᠤᠨ ᠳᠤ ᠬᠦᠷᠴᠦ ᠭᠠᠯ  ᠳᠤᠶᠢᠮᠠᠷ ᠭᠠᠷᠳᠠᠭ ᠣᠷᠣᠨ  ᠤ ᠵᠠᠰᠠᠯᠳᠠ ᠶᠢᠨ ᠠᠵᠢᠯ ᠢ ᠪᠠᠶᠢᠴᠠᠭᠠᠨ ᠰᠤᠳᠤᠯᠪᠠ᠃ ᠰᠤᠷᠭᠠᠯᠳᠤ ᠴᠢᠬᠤᠯᠠᠴᠢᠯᠠᠬᠤ ᠳᠠᠭᠠᠨ᠂ ᠵᠠᠰᠠᠯᠳᠠ ᠶᠢᠨ ᠳᠦᠰᠤᠯ ᠪᠣᠯᠣᠨ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠴᠢᠩᠭ᠎ᠠ ᠵᠢᠷᠤᠮᠯᠠᠨ᠂ ᠡᠯ᠎ᠡ ᠳᠦᠷᠤᠯ ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠵᠢᠬᠰᠠᠭᠠᠵᠤ᠂ ᠪᠠᠷᠢᠯᠭ᠎ᠠ ᠶᠢᠨ ᠠᠬᠢᠴᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ ᠳᠠᠬᠢᠨ ᠬᠠᠭᠠᠯᠪᠤᠷᠢᠯᠠᠵᠤ ᠨᠣᠭᠤᠭᠠᠷᠠᠭᠤᠯᠬᠤ ᠲᠥᠰᠥᠯ ᠢ ᠥᠨᠳᠥᠷ ᠪᠠᠷᠢᠮᠵᠢᠶ᠎ᠠ ᠲᠠᠢ ᠪᠠᠷ ᠲᠡᠭᠦᠯᠳᠡᠷᠵᠢᠭᠦᠯᠤᠨ᠂ ᠠᠮᠢ ᠠᠬᠤᠢ ᠶᠢ ᠰᠡᠷᠭᠦᠭᠡᠬᠦ ᠪᠠ ᠨᠣᠭᠤᠭᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠠᠰᠠᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ᠂ ᠨᠠᠷᠠᠰᠤᠨ ᠪᠠᠯᠭᠠᠰᠤ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠢ᠃       ᠳᠤᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠠᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ ᠬᠤᠷᠠᠯ ᠠᠴᠠ ᠱᠠᠭᠠᠷᠳᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠤᠭᠤᠰᠢᠯᠠᠭᠤᠯᠤᠨ᠂ ᠬᠤᠯᠪᠤᠬᠳᠠᠯ ᠪᠦᠬᠦᠢ ᠠᠵᠢᠯ ᠤᠨ ᠲᠣᠭᠲᠠᠴᠠ ᠶᠢ ᠦᠳᠲᠡᠷ ᠲᠦᠷᠭᠡᠨ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠳᠦᠷᠤᠯ ᠤᠨ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      8 ᠰᠠᠷ᠎ᠠ ᠶᠢᠨ 5 ᠤ ᠡᠳᠦᠷ᠂ ᠪᠥᠬᠦ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠷᠠᠯ ᠵᠢᠴᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠣᠭ᠎ᠠ ᠪᠠᠶᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠵᠢᠶᠣᠣ ᠵᠢᠩ᠂ ᠤᠶᠤᠨᠪᠢᠯᠢᠭ᠌᠂ ᠵᠠᠩ ᠶᠠ ᠨᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ᠂ ᠬᠤᠰᠢᠭᠤᠨ  ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠵᠢᠴᠢ ᠬᠤᠯᠪᠤᠬᠳᠠᠯ ᠪᠦᠬᠦᠢ ᠲᠠᠰᠤᠭ ᠂ ᠬᠤᠯᠪᠤᠬᠳᠠᠯ ᠪᠦᠬᠦᠢ ᠰᠤᠷᠭᠠᠭᠤᠯᠢ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠠᠬᠢᠭᠤᠯᠤᠨ᠂ ᠳᠠᠪᠠᠭᠤᠯᠢᠭ ᠠᠵᠤ ᠠᠬᠤᠶᠢᠯᠠᠯ ᠪᠣᠯᠣᠨ ᠰᠤᠷᠭᠠᠭᠤᠯᠢ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠰᠡᠨ ᠦᠢᠯᠡᠳᠪᠦᠷᠢᠯᠡᠯ ᠤᠨ ᠴᠢᠨᠠᠷᠲᠠᠢ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠤᠷᠤᠭᠤᠯᠤᠨ ᠠᠪᠴᠢᠷᠠᠬᠤ ᠬᠡᠷᠡᠭᠲᠡᠢ᠃ ᠬᠥᠮᠥᠨ ᠢ ᠪᠦᠬᠦ ᠲᠠᠯ᠎ᠠ ᠪᠠᠷ ᠬᠥᠮᠥᠵᠢᠭᠦᠯᠵᠦ ᠰᠢᠯᠢᠳᠡᠭᠵᠢᠬᠦᠯᠬᠦ ᠶᠢ ᠪᠠᠷᠢᠮᠲᠠᠯᠠᠨ᠂ ᠪᠦᠬᠦ ᠬᠦᠮᠤᠰ ᠪᠦᠬᠦ ᠶᠠᠪᠤᠴᠠ ᠪᠦᠬᠦ ᠲᠠᠯ᠎ᠠ ᠪᠠᠷ ᠬᠥᠮᠥᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰ ᠰᠤᠷᠭᠠᠭᠤᠯᠢ ᠶᠢᠨ ᠣᠨᠴᠠᠯᠢᠭ ᠲᠠᠢ ᠬᠢᠴᠢᠶᠡᠯ ᠤᠨ ᠪᠠᠷᠢᠮᠵᠢᠶ᠎ᠠ ᠶᠢ ᠳᠤᠬᠳᠠᠭᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠤᠬᠠᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠣᠨᠣᠪᠴᠢᠲᠠᠶ ᠲᠠᠶᠢᠯᠪᠤᠷᠢᠯᠠᠬᠤ ᠪᠠ ᠤᠯᠠᠮᠵᠢᠯᠠᠬᠤ ᠬᠡᠷᠡᠭᠲᠡᠢ ᠭᠡᠪᠡ᠃      ᠲᠣᠰ ᠡᠳᠦᠷ᠂ ᠪᠥᠬᠦ ᠬᠤᠰᠢᠭᠤᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠵᠢᠴᠢ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠨ ᠬᠤᠷᠠᠯ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠵᠢᠶᠣᠣ ᠵᠢᠩ᠂ ᠤᠶᠤᠨᠪᠢᠯᠢᠭ᠌᠂ ᠵᠠᠩ ᠶᠠ ᠨᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠨ ᠵᠢᠴᠢ ᠬᠤᠯᠪᠤᠬᠳᠠᠯ ᠪᠦᠬᠦᠢ ᠲᠠᠰᠤᠭ ᠤᠨ ᠬᠠᠷᠢᠭᠤᠴᠠᠯᠭᠠᠲᠠᠳ᠂ ᠬᠤᠯᠪᠤᠬᠳᠠᠯ ᠪᠦᠬᠦᠢ ᠰᠤᠷᠭᠠᠭᠤᠯᠢ ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯ᠎ᠡ ᠳᠦᠷᠤᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠵᠢᠶᠠᠯᠠᠨ ᠬᠠᠷᠭᠤᠭᠤᠯᠬᠤ ᠬᠡᠷᠡᠭᠲᠡᠢ᠃ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠦᠨᠳᠦᠰᠦᠲᠡᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠡᠨᠡ ᠬᠦ ᠭᠤᠣᠯᠳᠠᠯᠭ᠎ᠠ ᠶᠢ ᠴᠢᠩᠭ᠎ᠠ ᠠᠩᠬᠠᠷᠴᠤ᠂ ᠵᠢᠭᠠᠨ ᠰᠤᠷᠭᠠᠯᠳᠠ ᠶᠢᠨ ᠰᠤᠳᠤᠯᠭᠠᠨ ᠢ ᠵᠢᠭᠠᠨ ᠵᠢᠯᠤᠭᠤᠳᠬᠤ᠂ ᠬᠤᠯᠪᠤᠭᠠᠯᠠᠨ ᠬᠠᠪᠰᠤᠷᠴᠤ ᠲᠡᠳᠬᠦᠬᠦ᠂ ᠪᠠᠭᠰᠢ ᠶᠢᠨ ᠪᠣᠯᠪᠠᠰᠤᠷᠠᠯ᠂ ᠵᠢᠭᠠᠨ ᠰᠤᠷᠭᠠᠯᠲᠠ ᠶᠢ ᠵᠣᠯᠭᠠᠭᠤᠯᠬᠤ ᠵᠡᠷᠭᠡ ᠡᠯ᠎ᠡ ᠳᠦᠷᠤᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠪᠡ᠃      ᠲᠣᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠰᠢᠤᠸᠠᠢ ᠵᠢᠶᠠ ᠸᠠᠨ ᠬᠤᠲᠠ ᠲᠣᠭᠤᠷᠢᠭ ᠲᠤ ᠢᠷᠡᠵᠦ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠠ ᠨᠠᠨ᠂ ᠸᠠᠩ ᠢᠦᠢ ᠵᠢᠶᠧ᠂ ᠬᠠᠨ ᠶᠠᠨ᠂ ᠦ᠋ ᠰᠢᠦᠢ ᠳ᠋ᠦᠩ᠂ ᠡᠯ᠎ᠡ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃      8 ᠰᠠᠷ᠎ᠠ ᠶᠢᠨ 6 ᠤ ᠡᠳᠦᠷ᠂ ᠪᠥᠬᠦ ᠬᠤᠰᠢᠭᠤᠨ ᠤ ︽ᠲᠠᠯᠠᠪᠤᠷ ᠭᠠᠵᠠᠷ ᠤᠨ ᠺᠤᠳ᠋︾ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠵᠤ᠂ ᠬᠤᠰᠢᠭᠤᠨ ᠤ ᠤᠳᠤᠷᠢᠳᠤᠯᠭ᠎ᠠ ᠤᠶᠤᠨᠪᠢᠯᠢᠭ᠌᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠤᠪᠢᠶᠠᠷᠢᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠳ ᠵᠢᠴᠢ ᠬᠤᠯᠪᠤᠬᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠶ᠎ᠠ ᠤᠷᠤᠨ ᠤ ᠪᠠᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ︽ᠲᠠᠯᠠᠪᠤᠷ ᠭᠠᠵᠠᠷ ᠤᠨ ᠺᠤᠳ᠋︾  ᠢ ᠪᠦᠬᠦ ᠲᠠᠯ᠎ᠠ ᠪᠠᠷ ᠲᠦᠷᠭᠡᠨ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠬᠠᠷᠢᠶ᠎ᠠ ᠣᠷᠣᠨ ᠪᠤᠶᠤ ᠭᠤᠣᠯᠯᠠᠨ ᠬᠠᠮᠢᠶᠠᠷᠴᠤ ᠪᠦᠬᠦᠢ ᠠᠵᠢᠯ ᠲᠥᠷᠥᠯ ᠡᠯ᠎ᠡ ᠭᠠᠵᠠᠷ ᠲᠠᠯᠠᠪᠤᠷ  ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠦᠨᠡᠨ ᠨᠡᠷ᠎ᠡ ᠪᠠᠷ ᠨᠢ ᠳᠠᠩᠰᠠᠯᠠᠭᠤᠯᠵᠤ᠂ ᠪᠠᠶᠢᠴᠠᠭᠠᠬᠤ ᠴᠢᠬᠤᠯᠠᠳᠠᠢ ᠪᠥᠬᠦᠨ  ᠢ ᠴᠦᠮ ᠪᠠᠶᠢᠴᠠᠭᠠᠨ᠂ ᠣᠷᠣᠬᠰᠠᠨ ᠪᠥᠬᠦᠨ ᠵᠠᠪᠠᠯ ᠺᠤᠳ᠋ ᠰᠢᠷᠪᠢᠬᠦ ᠬᠡᠷᠡᠭᠲᠡᠢ᠃ ︽ᠲᠠᠯᠠᠪᠤᠷ ᠭᠠᠵᠠᠷ ᠤᠨ ᠺᠤᠳ᠋︾ ᠢ ᠳᠡᠯᠭᠡᠷᠡᠭᠦᠯᠦᠨ ᠬᠡᠷᠡᠭᠯᠡᠬᠦ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠱᠠᠭᠠᠷᠳᠠᠯᠭ᠎ᠠ ᠶᠣᠰᠣᠭᠠᠷ ᠳᠡᠩᠰᠡᠯᠡᠨ ᠪᠠᠶᠢᠳᠠᠯ  ᠢ ᠤᠶᠢᠯᠠᠭᠠᠨ ᠪᠠᠶᠢᠴᠠᠭᠠᠬᠤ᠂ ᠶᠡᠷᠦ ᠶᠢᠨ ᠭᠡᠷᠡᠭᠯᠡᠭᠡᠨ ᠤ ᠠᠵᠢᠯ ᠢ ᠰᠠᠶᠢᠲᠤᠷ ᠬᠢᠵᠦ᠂ ᠪᠦᠬᠦᠨ ᠢ ᠬᠠᠮᠤᠷᠬᠤ᠂ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠪᠡ᠃      8 ᠰᠠᠷ᠎ᠠ ᠶᠢᠨ 8 ᠤ ᠡᠳᠦᠷ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠵᠢᠴᠢ ᠨᠠᠰᠤᠳᠠᠨ ᠤ ᠠᠰᠠᠷᠠᠮᠵᠢ ᠶᠢᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠤᠰᠬᠠᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠬᠤ ᠵᠡᠭᠦᠨᠭᠠᠷ ᠬᠤᠰᠢᠭᠤᠨ ᠤ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠡᠳ᠋ ᠱᠦᠵᠢ᠂ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢᠦ ᠵᠧᠨ ᠬᠠᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠣᠣ ᠵᠢᠩ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠴᠢ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠵᠢᠶᠣᠣ ᠵᠢᠩ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠤ ᠬᠠᠮᠲᠤ ᠵᠢᠭᠠᠪᠤᠷᠢ ᠥᠭᠴᠡᠢ᠃ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠣᠯᠣᠭᠰᠠᠨ ᠠᠮᠵᠢᠯᠲᠠ ᠶᠢ ᠨᠤᠲᠠᠯᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠵᠢᠯᠤᠭᠤᠳᠬᠤ ᠴᠢᠨᠠᠷᠲᠠᠢ ᠰᠠᠨᠠᠯ ᠳᠤᠷᠠᠳᠤᠭᠰᠠᠨ ᠪᠠᠶᠢᠨ᠎ᠠ᠃       8 ᠰᠠᠷ᠎ᠠ ᠶᠢᠨ 9 ᠤ ᠡᠳᠦᠷ᠂ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ ᠵᠡᠭᠦᠨᠭᠠᠷ ᠬᠤᠰᠢᠭᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠨᠢᠭᠡᠳᠦᠭᠡᠷ ᠠᠵᠤ ᠦᠢᠯᠡᠰ ᠤᠨ ᠠᠵᠤ ᠠᠬᠤᠢ ᠶᠢᠨ ᠲᠤᠭ᠎ᠠ ᠪᠦᠷᠢᠳᠬᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠳᠡᠳ᠋ ᠳᠠᠷᠤᠭ᠎ᠠ ᠸᠠᠩ ᠵᠢᠩ ᠯᠦᠩ ᠵᠢᠴᠢ ᠬᠤᠲᠠ᠂ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠨᠡᠭᠦᠷᠡᠰᠦᠨ ᠠᠭᠤᠷᠬᠠᠢ ᠶᠢᠨ ᠲᠠᠬᠢᠨ ᠬᠠᠭᠠᠯᠪᠤᠷᠢᠯᠠᠬᠰᠠᠨ ᠣᠷᠣᠨ ᠳᠤ᠂ ᠡᠷᠳᠡᠨᠢᠪᠢᠯᠢᠭ ᠶᠦᠩ ᠯᠢ ᠨᠡᠭᠦᠷᠡᠰᠦᠨ ᠠᠭᠤᠷᠬᠠᠢ ᠶᠢᠨ ᠭᠠᠵᠠᠷ ᠰᠢᠷᠣᠢ ᠶᠢ ᠲᠠᠬᠢᠨ ᠬᠠᠭᠠᠯᠪᠤᠷᠢᠯᠠᠭᠰᠠᠨ ᠪᠠ ᠠᠮᠢ ᠠᠬᠤᠢ ᠶᠢ ᠰᠡᠷᠭᠦᠭᠡᠨ ᠵᠠᠰᠠᠭᠰᠠᠨ ᠪᠠᠶᠢᠳᠠᠯ᠂ ᠵᠡᠭᠦᠨᠭᠠᠷ ᠵᠤᠤ ᠪᠠᠯᠭᠠᠰᠤ ᠶᠢᠨ ᠨᠢᠦ ᠴᠤᠸᠠᠨ ︽ᠸᠠᠨ ᠨᠢᠦ︾ ᠲᠡᠵᠢᠭᠡᠨ ᠦᠷᠡᠵᠢᠭᠦᠯᠬᠦ ᠲᠦᠷᠦᠯ ᠵᠦᠢᠯ ᠤᠨ ᠰᠠᠭᠤᠷᠢᠨ ᠭᠠᠵᠠᠷ ᠪᠣᠯᠣᠨ ᠱᠠᠬᠳᠠᠷ ᠪᠠᠯᠭᠠᠰᠤ ᠶᠢᠨ ᠵᠠᠷᠢᠮ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠨ ᠦᠷᠡᠵᠢᠭᠦᠯᠦᠭᠰᠡᠨ ᠪᠠᠶᠢᠳᠠᠯ᠂ ᠥᠪᠥᠷ ᠮᠣᠩᠭᠤᠯ ᠤᠨ ᠭᠤᠤ ᠶᠤᠸᠠᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠠᠵᠢᠯᠯᠠᠭᠠᠨ ᠤ ᠪᠠᠶᠢᠳᠠᠯ ᠢ  ᠳᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠭᠦᠨ ᠤ ᠬᠠᠮᠲᠤ ᠲᠦᠷᠦᠯ ᠵᠦᠢᠯ ᠪᠤᠯᠭᠠᠨ ᠤ ᠲᠤᠬᠠᠢ ᠲᠤᠰ ᠲᠤᠰ ᠴᠢᠬᠤᠯᠠ ᠵᠢᠯᠤᠭᠤᠳᠬᠤ ᠰᠠᠨᠠᠭᠤᠯᠭ᠎ᠠ ᠪᠠᠨ ᠳᠤᠷᠠᠳᠴᠠᠢ᠃      8 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠵᠡᠭᠦᠨᠭᠠᠷ ᠬᠤᠰᠢᠭᠤᠨ ᠳᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠭᠠᠯ ᠳᠤᠶᠢᠮᠠᠷ ᠭᠠᠷᠳᠠᠭ ᠣᠷᠣᠨ  ᠤ ᠵᠠᠰᠠᠯᠳᠠ᠂ ᠰᠣᠶᠣᠯ ᠵᠤᠭᠠᠴᠠᠯ ᠪᠠ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠳᠤ᠂ ᠯᠢ ᠯᠢ ᠱᠠᠭᠠᠷᠳᠠᠬᠤ ᠳᠠᠭᠠᠨ᠂ ᠠᠵᠤ ᠠᠬᠤᠶᠢᠯᠠᠯ ᠢ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠪᠰᠤᠷᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠪᠡ᠃ ᠵᠢᠤ ᠲᠠᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠨᠡᠶᠢᠯᠡᠯᠭᠡ ᠬᠡᠢ ᠪᠠᠷ ᠦᠨᠦᠷᠲᠦ ᠨᠡᠭᠦᠷᠦᠭᠴᠢ ᠦᠢᠯᠡᠳᠬᠦ ᠠᠵᠤ ᠦᠢᠯᠡᠳᠪᠦᠷᠢ ᠶᠢᠨ ᠲᠤᠷᠰᠢᠯᠲᠠ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠳᠠᠨᠢᠯᠴᠠᠭᠤᠯᠭ᠎ᠠ ᠶᠢ ᠰᠤᠨᠤᠰᠪᠠ᠃ ᠨᠠᠷᠠᠰᠤᠨ ᠪᠠᠯᠭᠠᠰᠤᠨ ᠳᠤ ᠭᠠᠯ ᠳᠤᠶᠢᠮᠠᠷ ᠭᠠᠷᠳᠠᠭ ᠣᠷᠣᠨ ᠤ ᠲᠥᠪᠯᠡᠷᠡᠨ ᠵᠠᠯᠭᠠᠯᠳᠤᠭᠰᠠᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠳᠠᠯ ᠢ ᠣᠶᠢᠯᠠᠭᠠᠵᠤ ᠱᠠᠭᠠᠷᠳᠠᠬᠤ ᠳᠠᠭᠠᠨ᠂ ᠵᠠᠰᠠᠯᠳᠠ ᠶᠢᠨ ᠲᠥᠰᠥᠯ ᠢ ᠴᠢᠩᠭ᠎ᠠ ᠵᠢᠷᠤᠮᠯᠠᠨ ᠠᠮᠢ ᠠᠬᠤᠢ  ᠶᠢ ᠰᠡᠷᠭᠦᠭᠡᠬᠦ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠯ ᠳᠤᠶᠢᠮᠠᠷ ᠭᠠᠷᠳᠠᠭ ᠣᠷᠣᠨ ᠤ ᠭᠠᠮᠰᠢᠭ ᠢ ᠰᠠᠶᠢᠲᠤᠷ ᠵᠠᠰᠠᠵᠤ᠂ ᠪᠣᠬᠢᠷᠳᠤᠯ ᠦᠭᠡᠢ ᠠᠭᠤᠷᠬᠠᠢ ᠶᠢ ᠥᠨᠳᠥᠷ ᠪᠠᠷᠢᠮᠵᠢᠶ᠎ᠠ ᠲᠠᠢ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠠᠭᠤᠷᠬᠠᠢ ᠶᠢᠨ ᠣᠷᠣᠨ ᠤ ᠭᠠᠵᠠᠷ ᠰᠢᠷᠣᠢ ᠶᠢ ᠲᠠᠬᠢᠨ ᠬᠠᠭᠠᠯᠪᠤᠷᠢᠯᠠᠬᠤ ᠶᠢ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠲᠠᠢ ᠤᠶᠠᠯᠳᠤᠭᠤᠯᠤᠨ᠂ ᠭᠠᠵᠠᠷ ᠰᠢᠷᠣᠢ ᠶᠢ ᠭᠠᠮᠳᠠᠢ ᠪᠦᠭᠡᠳ ᠡᠷᠴᠢᠮᠯᠢᠭ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠪᠡ᠃ ᠵᠡᠭᠦᠨᠭᠠᠷ ᠬᠤᠰᠢᠭᠤᠨ ᠤ ᠵᠠᠰᠠᠭ ᠶᠠᠮᠤᠨ ᠤ ᠬᠠᠭᠤᠴᠢᠨ ᠪᠠᠭᠤᠷᠢ ᠪᠣᠯᠣᠨ ᠨᠠᠷᠠᠰᠤᠨ ᠸᠠᠩ ᠤᠨ ᠵᠤᠭᠠᠴᠠᠯ ᠤᠨ ᠣᠷᠣᠨ ᠳᠤ᠂ ᠯᠢ ᠯᠢ ᠱᠠᠭᠠᠷᠳᠠᠬᠤ ᠳᠠᠭᠠᠨ᠂ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠤ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠬᠦ ᠬᠡᠷᠡᠭᠲᠡᠢ ᠭᠡᠪᠠ᠃ ᠬᠤᠲᠠ ᠶᠢᠨ ᠤᠳᠤᠷᠢᠳᠤᠯᠭ᠎ᠠ ᠰᠤ᠋ ᠼᠦᠢ ᠹᠠᠩ᠂ ᠵᠠᠩ ᠸᠧᠢ᠂ ᠮᠢᠶᠣᠣ ᠴᠧᠩ ᠢᠦᠢ᠂ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠰᠤᠷᠭᠠᠯᠳᠤ ᠲᠣᠰ ᠲᠣᠰ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      8 ᠰᠠᠷ᠎ᠠ ᠶᠢᠨ 9 ᠠᠴᠠ 10 ᠤ ᠡᠳᠦᠷ ᠪᠣᠯᠲᠠᠯ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ  ᠳᠤ ᠡᠷᠬᠢᠯᠡᠭᠴᠢ  ᠨᠠᠷ ᠤᠨ ᠬᠠᠮᠲᠤ ᠶᠢᠨ ᠰᠢᠨᠵᠢᠯᠡᠨ ᠪᠠᠶᠢᠴᠠᠭᠠᠯᠲᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠦ ᠵᠠᠨ ᠴᠢᠩ ᠵᠡᠷᠭᠡ ᠬᠤᠰᠢᠭᠤ ᠰᠢᠶᠠᠨ ᠤ ᠱᠠᠲᠤᠨ ᠤ ᠤᠳᠤᠷᠢᠳᠤᠯᠭ᠎ᠠ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠬᠤᠯᠪᠤᠬᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠱᠠᠭᠠᠷᠳᠠᠬᠤ ᠳᠠᠭᠠᠨ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠦᠢᠯᠡᠳᠬᠦᠨ ᠤ ᠳᠠᠭᠠᠯᠳᠠ ᠨᠡᠮᠡᠭᠳᠡᠯ ᠥᠷᠲᠡᠭ ᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠪᠠᠷᠢᠮᠲᠠᠯᠠᠨ᠂ ᠪᠣᠬᠢᠷᠳᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠠᠵᠤ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠪᠡᠷ ᠡᠨᠧᠷᠭᠢ ᠶᠢ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠠᠬᠢᠭᠤᠯᠤᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠂ ᠡᠬᠢ ᠪᠠᠶᠠᠯᠢᠭ ᠤᠨ ᠦᠷ᠎ᠡ ᠠᠰᠢᠭ᠂ ᠣᠷᠴᠢᠨ ᠲᠣᠭᠤᠷᠢᠨ ᠤ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠤᠨ ᠵᠣᠬᠢᠴᠠᠩᠭᠤᠢ ᠨᠢᠭᠡᠳᠦᠯ ᠢ ᠪᠡᠶᠡᠯᠡᠭᠦᠯᠬᠦ ᠬᠡᠷᠡᠭᠲᠡᠢ ᠭᠡᠪᠡ᠃  8 ᠰᠠᠷ᠎ᠠ ᠶᠢᠨ 11 ᠤ ᠡᠳᠦᠷ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠪᠤᠳᠤᠭᠠᠷ ᠤᠳᠠᠭ᠎ᠠ ᠶᠢᠨ ᠬᠤᠷᠠᠯ ᠬᠤᠰᠢᠭᠤᠨ ᠤ ᠬᠤᠷᠠᠯ ᠤᠨ ᠲᠥᠪ ᠲᠤ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠦ ᠵᠠᠨ ᠴᠢᠩ᠂ ᠳᠡᠳ᠋ ᠡᠷᠬᠢᠯᠡᠭᠴᠢ ᠠᠨ ᠰᠢᠶᠠ᠂ ᠸᠠᠩ ᠮᠢᠨ᠂ ᠶᠠᠨ ᠹᠧᠢ᠂ ᠷᠧᠨ ᡁᠢ ᠶᠤᠸᠠᠨ ᠵᠢᠴᠢ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠥᠬᠦ ᠪᠦᠷᠢᠯᠳᠦᠭᠦᠨ ᠬᠤᠷᠠᠯ ᠳᠤ ᠣᠷᠣᠯᠴᠠᠵᠠᠢ᠃ ᠬᠤᠰᠢᠭᠤᠨ ᠤ ᠳᠡᠳ᠋ ᠳᠠᠷᠤᠭ᠎ᠠ ᠤᠶᠤᠨᠪᠢᠯᠢᠭ᠌᠂ ᠯᠢᠦ ᠢᠦᠢ ᠴᠧᠩ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ ᠵᠢᠴᠢ ᠲᠤᠰᠢᠶᠠᠯ ᠡᠭᠦᠷᠭᠡᠯᠡᠬᠦ ᠪᠠᠷ ᠪᠠᠶᠢᠭ᠎ᠠ ᠬᠥᠮᠥᠰ᠂ 3 ᠣᠷᠣᠨ ᠳᠤᠭᠠᠳᠤ ᠪᠠᠶᠢᠴᠠᠭᠠᠬᠤ ᠳᠤᠰᠢᠶᠠᠯᠳᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠷᠢᠮ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃ ᠬᠤᠷᠠᠯ ᠠᠴᠠ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠠᠵᠢᠯᠲᠠᠨ  ᠤ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠤᠴᠢᠷ ᠶᠠᠪᠤᠳᠠᠯ ᠢ ᠲᠣᠭᠲᠠᠪᠠ᠃ ᠬᠤᠸᠠᠩ ᠯᠧᠢ ᠶᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠪᠠᠷ ᠲᠣᠮᠢᠯᠠᠬᠤ ᠪᠠᠷ ᠲᠣᠭᠲᠠᠪᠠ᠃ ᠯᠦ ᠵᠠᠨ ᠴᠢᠩ ᠴᠢᠬᠤᠯᠠᠴᠢᠯᠠᠬᠤ ᠳᠠᠭᠠᠨ᠂ ᠬᠤᠰᠢᠭᠤᠨ ᠤ ᠲᠣᠰ ᠱᠠᠲᠤᠨ ᠤ 2022 ᠣᠨ ᠤ ᠳᠡᠭᠡᠷ᠎ᠡ ᠬᠠᠭᠠᠰ ᠵᠢᠯ ᠤᠨ ᠡᠳ᠋ ᠤᠨ ᠵᠠᠰᠠᠭ ᠤᠨ ᠲᠥᠰᠥᠪ ᠤᠨ ᠬᠦᠢᠴᠡᠳᠭᠡᠯ ᠪᠠ 2022 ᠣᠨ ᠤ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢᠨ ᠪᠠᠶᠢᠳᠠᠯ ᠳᠤ ᠴᠢᠭᠯᠡᠭᠦᠯᠦᠨ᠂ ᠲᠥᠰᠥᠪ ᠢ ᠨᠠᠶᠢᠷᠠᠭᠤᠯᠤᠨ ᠵᠣᠬᠢᠶᠠᠬᠤ ᠶᠢᠨ ᠰᠢᠨᠵᠢᠯᠡᠬᠦ ᠤᠬᠠᠭᠠᠨᠴᠢ ᠴᠢᠨᠠᠷ᠂ ᠲᠥᠪ ᠴᠢᠩᠭ᠎ᠠ ᠴᠢᠨᠠᠷ ᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠲᠥᠪ ᠤᠨ ᠡᠯ᠎ᠡ ᠳᠦᠷᠤᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠳᠦᠷᠢᠮᠵᠢᠬᠦᠯᠵᠤ᠂ ᠲᠥᠰᠥᠪ ᠢ ᠰᠦᠯᠵᠢᠶᠡᠵᠢᠭᠦᠯᠦᠨ ᠬᠢᠨᠠᠬᠤ ᠠᠵᠢᠯ ᠢ ᠰᠠᠶᠢᠲᠤᠷ ᠬᠢᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠪᠡ᠃     ᠲᠤᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠵᠡᠷᠭᠡ  ᠨᠢᠭᠡᠴᠢ ᠠᠴᠠ ᠬᠠᠮᠲᠤᠷᠠᠨ ᠦᠢᠯᠡᠳᠬᠦ ᠲᠤᠰ ᠨᠤᠲᠤᠭ ᠤᠨ ᠺᠢᠨᠣ᠋ ︽ᠲᠡᠭᠷᠢ ᠮᠡᠲᠦ ᠠᠭᠤᠤ ᠬᠠᠶᠢᠷ᠎ᠠ︾  ᠶᠢ ᠰᠡᠬᠦᠳᠡᠷᠯᠡᠬᠦ ᠡᠬᠢᠯᠡᠯᠲᠡ ᠶᠢᠨ ᠶᠣᠰᠣᠯᠠᠯ ᠶᠠᠪᠤᠬᠳᠠᠭᠤᠯᠪᠠ᠃ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠤᠶᠤᠨᠪᠢᠯᠢᠭ᠌᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠴᠢ ᠳᠠᠷᠤᠭ᠎ᠠ ᠰᠡᠬᠦᠳᠡᠷᠯᠡᠬᠦ ᠡᠬᠢᠯᠡᠯᠳᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠺᠢᠨᠣ᠋ ᠶᠢᠨ ᠭᠤᠣᠯ ᠡᠭᠦᠳᠦᠭᠴᠢ᠂ ᠲᠣᠭᠯᠠᠭᠴᠢ ᠵᠢᠴᠢ ᠬᠤᠯᠪᠤᠬᠳᠠᠯ ᠪᠦᠬᠦᠢ ᠬᠠᠷᠢᠭᠤᠴᠠᠯᠭᠠᠲᠠᠨ ᠲᠠᠢ ᠬᠠᠮᠲᠤ ᠪᠠᠷ ᠺᠢᠨᠣ᠋  ︽ᠲᠡᠭᠷᠢ ᠮᠡᠲᠦ ᠠᠭᠤᠤ ᠬᠠᠶᠢᠷ᠎ᠠ︾ ᠶᠢ ᠰᠡᠬᠦᠳᠡᠷᠯᠡᠬᠦ ᠮᠠᠰᠢᠨ ᠢ ᠨᠡᠭᠡᠭᠡᠵᠦ ᠥᠭᠴᠡᠢ᠃     8 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠦᠶᠡᠷ ᠢ ᠰᠡᠷᠭᠡᠶᠢᠯᠡᠬᠦ ᠠᠵᠢᠯ ᠤᠨ ᠪᠠᠴᠢᠮ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠦᠶᠡᠷ ᠢ ᠰᠡᠷᠭᠡᠶᠢᠯᠡᠬᠦ ᠠᠵᠢᠯ ᠳᠤ ᠴᠢᠬᠤᠯᠠ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠤᠶᠤᠨᠪᠢᠯᠢᠭ᠌᠂ ᠦ᠋ ᠰᠢᠦᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠯᠪᠤᠬᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠭᠤᠣᠯ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ︔ ᠰᠢᠨᠵᠢᠯᠡᠬᠦ ᠤᠬᠠᠭᠠᠨᠴᠢ ᠪᠠᠷ ᠬᠢᠨᠠᠨ ᠬᠡᠮᠵᠢᠬᠦ᠂ ᠴᠠᠭ ᠲᠤᠬᠠᠢ ᠳᠤᠨᠢ ᠤᠷᠢᠳᠴᠢᠯᠠᠨ ᠮᠡᠳᠡᠭᠡᠯᠡᠬᠦ᠂ ᠪᠦᠲᠦᠮᠵᠢᠲᠡᠶ ᠪᠠᠷ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠳᠠᠯᠳᠠ ᠬᠡᠮ ᠢ ᠳᠠᠷᠤᠢ ᠲᠦᠷᠭᠡᠨ ᠵᠢᠭᠰᠠᠭᠠᠨ ᠪᠠᠶᠢᠴᠠᠭᠠᠵᠤ᠂ ᠪᠥᠬᠦ ᠬᠤᠰᠢᠭᠤᠨ ᠤ ᠬᠡᠪᠴᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠬᠡᠮ ᠤᠨ ᠴᠡᠭ ᠲᠤ ᠳᠠᠬᠢᠨᠲᠠ ᠪᠥᠬᠦ ᠲᠠᠯ᠎ᠠ ᠶᠢᠨ ᠵᠢᠭᠰᠠᠭᠠᠨ ᠪᠠᠶᠢᠴᠠᠭᠠᠯᠲᠠ ᠬᠢᠵᠦ᠂ ᠠᠰᠠᠭᠤᠳᠠᠯ ᠢᠯᠡᠷᠡᠪᠡᠯ ᠳᠠᠷᠤᠢ ᠲᠦᠷᠭᠡᠨ ᠬᠠᠯᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠦᠨᠡᠨ ᠬᠦ ᠠᠷᠢᠯᠭᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠭᠠᠬᠤ ᠴᠤᠤᠷᠢᠶᠠᠳᠤᠯᠭ᠎ᠠ ᠶᠢ ᠪᠥᠬᠦ ᠲᠠᠯ᠎ᠠ ᠪᠠᠷ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠪᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠲᠣᠬᠢᠷᠠᠭᠤᠯᠤᠯᠲᠠ ᠶᠢᠨ ᠪᠠᠶᠢᠳᠠᠯ ᠢ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢ ᠲᠣᠬᠢᠷᠠᠭᠤᠯᠬᠤ ᠬᠡᠷᠡᠭᠲᠡᠢ ᠭᠡᠪᠡ᠃      8 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠠᠨᠠᠯ︾ ᠢ ᠰᠤᠷᠤᠯᠴᠠᠨ ᠳᠤᠭᠤᠰᠢᠯᠠᠭᠤᠯᠵᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠶᠠᠷᠢᠯᠴᠠᠬᠤ ᠬᠤᠷᠠᠯ ᠵᠡᠭᠦᠨᠭᠠᠷ ᠬᠤᠰᠢᠭᠤᠨ ᠳᠤ ᠪᠠᠶᠢᠭ᠎ᠠ ᠣᠷᠳᠣᠰ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠰᠬᠠᠢ ᠮᠡᠷᠭᠡᠵᠢᠯ ᠤᠨ ᠴᠢᠳᠠᠪᠤᠷᠢᠳᠠᠨ ᠤ ᠤᠶᠢᠯᠡᠴᠢᠯᠡᠭᠡᠨ ᠤ ᠳᠦᠪ ᠲᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ ᠸᠧᠢ ᠱᠠᠨ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠲᠠ ᠶᠢᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠨᠡᠷ᠎ᠡ ᠬᠦᠨᠳᠦᠲᠦ ᠡᠷᠬᠢᠯᠡᠭᠴᠢ ᠱᠧ ᠰᠢ ᠸᠧᠨ᠂ ᠡᠯ᠎ᠡ ᠠᠶᠢᠮᠠᠭ ᠬᠤᠲᠠ ᠶᠢᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠬᠠᠷᠢᠭᠤᠴᠠᠯᠭᠠᠲᠠᠳ᠂ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠵᠢᠶᠣᠣ ᠵᠢᠩ᠂ ᠯᠢ ᠶᠣᠣ ᠵᠢᠶᠦ᠋ᠨ ᠬᠤᠷᠠᠯ ᠳᠤ ᠣᠷᠣᠯᠴᠠᠵᠠᠢ᠃     8 ᠰᠠᠷ᠎ᠠ ᠶᠢᠨ 16 ᠤ ᠡᠳᠦᠷ᠂ 2022 ᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠡᠬᠢᠯᠡᠯᠲᠡ ᠶᠢᠨ ᠶᠣᠰᠣᠯᠠᠯ ᠵᠢᠴᠢ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ︽ᠬᠤᠶᠠᠷ ᠳᠦᠬᠦᠷᠢᠭ ᠢᠶᠠᠷ ᠭᠠᠶᠢᠬᠠᠮᠰᠢᠭ ᠢ ᠡᠬᠦᠳᠬᠦ︾ ᠵᠡᠭᠦᠨᠭᠠᠷ ᠬᠤᠰᠢᠭᠤᠨ ᠤ ᠪᠡᠶ᠎ᠡ ᠴᠢᠭᠢᠷᠠᠭᠵᠢᠭᠤᠯᠬᠤ ᠲᠠᠮᠢᠷ᠂ ᠠᠭᠤᠳᠠᠮ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠭᠦᠨᠭᠠᠷ ᠠᠭᠤᠳᠠᠮ ᠲᠠᠯᠠᠪᠠᠶ ᠳᠤ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠠᠨ ᠰᠢᠶᠠ᠂ ᠬᠤᠸᠠᠩ ᠯᠧᠢ᠂ ᠬᠤᠲᠠ ᠶᠢᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠬᠠᠮᠢᠶᠠᠷᠤᠯᠲᠠ ᠶᠢᠨ ᠲᠥᠪ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠤᠭᠠᠴᠠᠯ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠬᠠᠷᠢᠭᠤᠴᠠᠯᠭᠠᠲᠠᠳ ᠵᠢᠴᠢ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ  ᠠᠴᠠ ᠬᠦᠷᠤᠯᠴᠡᠨ ᠢᠷᠡᠭᠰᠡᠨ 19 ᠲᠥᠯᠥᠭᠡᠯᠡᠭᠴᠢ  ᠶᠢᠨ ᠠᠩᠭᠢ ᠣᠷᠣᠯᠴᠠᠵᠠᠢ᠃ ᠶᠣᠰᠣᠯᠠᠯ  ᠠᠴᠠ ᠴᠢᠬᠤᠯᠠᠴᠢᠯᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠬᠥᠳᠡᠯᠦᠯᠴᠡᠨ᠂ ᠪᠡᠶ᠎ᠡ ᠴᠢᠭᠢᠷᠠᠭᠵᠢᠭᠤᠯᠬᠤ ᠲᠠᠮᠢᠷ ᠤᠨ ᠠᠭᠤᠳᠠᠮ ᠲᠠᠯᠠᠪᠠᠢ ᠶᠢᠨ ᠪᠥᠵᠢᠭ ᠤᠨ ᠤᠷᠤᠯᠳᠤᠭᠠᠨ᠂ ᠬᠠᠳᠤᠨ ᠳᠤᠬᠤᠢ ᠶᠢᠨ ᠰᠣᠶᠣᠯ ᠵᠤᠭᠠᠴᠠᠯ ᠤᠨ ᠨᠠᠶᠢᠷ᠂ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠤᠨ ᠠᠵᠢᠯᠯᠠᠭ᠎ᠠ᠂ ᠨᠠᠭᠠᠳᠤᠮ ᠤᠨ ᠶᠡᠭᠡ ᠬᠤᠷᠠᠯ ᠵᠡᠷᠭᠡ ᠰᠢᠷᠢᠰ ᠤᠷᠤᠯᠳᠤᠭᠠᠨ ᠢᠶᠠᠷ ᠳᠠᠮᠵᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ ᠭᠡᠪᠠ᠃      8 ᠰᠠᠷ᠎ᠠ ᠶᠢᠨ 17 ᠤ ᠡᠳᠦᠷ᠂ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠤᠰᠢᠭᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠠᠴᠠ ᠬᠠᠮᠵᠢᠯᠴᠠᠨ ᠡᠷᠭᠢᠯᠡᠭᠰᠡᠨ ᠵᠡᠭᠦᠨᠭᠠᠷ ᠬᠤᠰᠢᠭᠤᠨ ᠤ ᠠᠵᠤ ᠠᠬᠤᠶᠢᠯᠠᠯ ᠤᠨ ᠰᠲ᠋ᠤᠺ ᠤᠨ ᠵᠠᠬ᠎ᠠ  ᠳᠤ ᠭᠠᠷᠬᠤ ᠫᠠᠶᠢᠰᠠ ᠡᠯᠭᠦᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠰᠢᠤᠸᠠᠢ ᠵᠢᠶᠠ ᠸᠠᠨ ᠳᠤ ᠶᠠᠪᠤᠭᠳᠠᠪᠠ᠃ ᠬᠤᠰᠢᠭᠤᠨ ᠤ ᠳᠡᠳ᠋ ᠳᠠᠷᠤᠭ᠎ᠠ ᠬᠤᠸᠠᠩ ᠯᠧᠢ᠂ ᠺᠠᠢ ᠶᠤᠸᠠᠨ ᠦᠨᠡᠲᠦ ᠲᠡᠮᠳᠡᠭᠲᠦ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠂ ᠭᠦᠸᠧ ᠶᠤᠸᠠᠨ ᠦᠨᠡᠲᠦ ᠲᠡᠮᠳᠡᠭᠲᠦ᠂ ᠳ᠋ᠠᠲ᠋ᠦ᠋ᠩ ᠦᠨᠡᠲᠦ ᠲᠡᠮᠳᠡᠭᠲᠦ ᠶᠢᠨ ᠣᠷᠳᠣᠰ ᠤᠨ ᠡᠵᠡᠩᠨᠡᠯᠲᠡ ᠶᠢᠨ ᠭᠠᠵᠠᠷ᠂ ᠫᠤ ᠹᠠ ᠪᠠᠩᠬᠢ ᠶᠢᠨ ᠬᠢᠶ᠎ᠠ ᠪᠠᠭᠰᠢ ᠳᠠᠬᠢ ᠰᠠᠯᠪᠤᠷᠢ ᠪᠠᠩᠬᠢ ᠶᠢᠨ ᠬᠠᠷᠢᠭᠤᠴᠠᠯᠭᠠᠲᠠᠨ᠂ ᠬᠤᠰᠢᠭᠤᠨ ᠤ ᠠᠵᠤ ᠦᠢᠯᠡᠳᠪᠦᠷᠢ  ᠪᠠ ᠮᠡᠳᠡᠭᠡ ᠵᠠᠩᠬᠢᠵᠢᠯᠳᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠪ ᠵᠢᠴᠢ ᠵᠡᠭᠦᠨᠭᠠᠷ ᠬᠤᠰᠢᠭᠤᠨ ᠤ ᠰᠲ᠋ᠤᠺ ᠤᠨ ᠵᠠᠬ᠎ᠠ  ᠳᠤ ᠭᠠᠷᠬᠤ 14 ᠪᠡᠯᠡᠳᠬᠡᠯ ᠠᠵᠤ ᠠᠬᠤᠶᠢᠯᠠᠯ ᠪᠠ ᠵᠠᠷᠢᠮ ᠰᠢᠯᠢᠳᠡᠭ ᠠᠵᠤ ᠠᠬᠤᠶᠢᠯᠠᠯ ᠤᠨ 14 ᠬᠠᠷᠢᠭᠤᠴᠠᠯᠭᠠᠲᠠᠨ ᠣᠷᠣᠯᠴᠠᠵᠠᠢ᠃      8 ᠰᠠᠷ᠎ᠠ ᠶᠢᠨ 18 ᠤ ᠡᠳᠦᠷ᠂ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 35 ᠳ᠋ᠤᠭᠠᠷ ᠤᠳᠠᠭᠠᠨ ᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠶᠢᠯ ᠡᠷᠦᠬᠡ ᠶᠢᠨ ᠵᠣᠷᠯᠣᠩ ᠤᠨ ᠥᠭᠡᠷᠡᠴᠢᠯᠡᠯᠲᠡ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠷᠠᠯ ᠡᠷᠭᠢᠯᠡᠪᠡ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠮ ᠤᠨ ᠨᠢᠭᠡᠳᠦᠮᠡᠯ ᠹᠷᠣᠨᠲ ᠤᠨ ᠠᠵᠢᠯ ᠳᠠᠬᠢ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠪᠠᠶᠢᠭᠤᠯᠤᠯᠲᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠵᠦ᠂ ᠪᠥᠬᠦ ᠨᠡᠶᠢᠭᠡᠮ  ᠢᠶᠠᠷ ᠢᠶᠠᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ︽ᠬᠢᠵᠢᠭ ᠤᠨ ᠪᠠᠶᠢᠳᠠᠯ ᠢ ᠰᠡᠷᠭᠡᠶᠢᠯᠡᠨ᠂ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃     8 ᠰᠠᠷ᠎ᠠ ᠶᠢᠨ 19 ᠤ ᠡᠳᠦᠷ᠂ ᠵᠡᠭᠦᠨᠭᠠᠷ ᠬᠤᠰᠢᠭᠤ ︽︿ᠡᠮᠴᠢ﹀ ᠨᠠᠮ  ᠢᠶᠠᠨ ᠳᠠᠭᠠᠵᠤ ᠵᠣᠷᠢᠭᠲᠠᠢ ᠪᠠᠷ ᠡᠷᠡᠮᠡᠭᠡᠶᠢᠯᠡᠨ ᠤᠷᠤᠭᠰᠢᠯᠠᠬᠤ︾ ︽8.19︾ ᠤ ᠲᠠᠪᠤᠳᠠᠭᠢ ᠳᠤᠮᠳᠠᠳᠤ ᠤᠯᠤᠰ ᠤᠨ ᠡᠮᠴᠢ ᠶᠢᠨ ᠪᠠᠶᠠᠷ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠪᠠ᠃ ᠬᠤᠷᠠᠯ ᠳᠡᠭᠡᠷ᠎ᠡ᠂ ᠵᠠᠩ ᠰᠢᠶᠦ᠋ᠩ ᠸᠧᠢ ᠂ ᠯᠢᠦ ᡁᠢ ᠷᠦᠩ ᠵᠡᠷᠭᠡ 89 ᠡᠮᠨᠡᠯᠭᠡ ᠵᠢᠨ‌‍ᠰᠢᠯᠢᠳᠡᠭ ᠠᠵᠢᠯᠲᠠᠨ ᠪᠣᠯᠣᠨ ᠬᠢᠵᠢᠭ  ᠲᠠᠢ ᠳᠡᠮᠡᠴᠡᠭᠰᠡᠨ ᠬᠤᠰᠢᠭᠤᠴᠢ ᠶᠢ ᠬᠥᠬᠢᠭᠦᠯᠦᠨ ᠰᠠᠶᠢᠰᠢᠶᠠᠪᠠ᠃ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠭᠡᠰᠢᠭᠦᠨ᠂ ᠡᠯ᠎ᠡ ᠲᠠᠰᠤᠭ ︵ᠲᠥᠪ︶ ᠤᠨ ᠬᠠᠷᠢᠭᠤᠴᠠᠯᠭᠠᠲᠠᠳ᠂ ᠬᠤᠰᠢᠭᠤᠨ ᠤ ᠡᠯ᠎ᠡ ᠰᠢᠭᠤᠳ ᠬᠠᠷᠢᠶ᠎ᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠨᠢᠭᠡᠴᠢ᠂ ᠡᠯ᠎ᠡ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠠᠷᠠᠳ  ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠵᠡᠷᠭᠡ ᠶᠢᠨ ᠬᠠᠷᠢᠭᠤᠴᠠᠯᠭᠠᠲᠠᠳ᠂ ᠡᠯ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠨᠢᠭᠡᠴᠢ ᠶᠢᠨ ᠬᠥᠬᠢᠭᠦᠯᠦᠯ ᠬᠦᠷᠲᠡᠭᠰᠡᠨ ᠬᠦᠮᠤᠰ ᠬᠤᠷᠠᠯ ᠳᠤ ᠣᠷᠣᠯᠴᠠᠵᠠᠢ᠃      8 ᠰᠠᠷ᠎ᠠ ᠶᠢᠨ 20 ᠤ ᠡᠳᠦᠷ᠂ ᠪᠥᠬᠦ ᠬᠤᠰᠢᠭᠤᠨ ᠤ ᠵᠥᠪᠰᠢᠶᠡᠷᠡᠬᠦ ᠪᠠᠷ ᠪᠠᠶᠢᠭ᠎ᠠ ᠲᠥᠷᠥᠯ ᠵᠦᠢᠯ᠂ ︽ᠬᠠᠭᠠᠰ ᠳᠤᠷᠭᠤᠨ ᠤᠷᠬᠢᠬᠰᠠᠨ︾ ᠪᠠᠷᠢᠯᠭ᠎ᠠ ᠶᠢ ᠶᠡᠭᠡ ᠪᠠᠷ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠥᠰᠥᠯ ᠤᠨ ᠱᠠᠭᠠᠷᠳᠠᠯᠭ᠎ᠠ ᠶᠣᠰᠣᠭᠠᠷ ᠠᠵᠢᠯ ᠤᠨ ᠲᠣᠭᠲᠠᠴᠠ ᠪᠠᠶᠢᠭᠤᠯᠤᠨ᠂ ᠲᠥᠷᠥᠯ ᠬᠤᠪᠢᠶᠠᠨ ᠭᠦᠢᠴᠡᠳᠬᠡᠵᠦ᠂ ᠴᠠᠭ ᠲᠤᠬᠠᠢ ᠳᠤᠨᠢ ᠮᠥᠷᠳᠡᠨ ᠳᠠᠭᠠᠬᠤ ᠬᠡᠷᠡᠭᠲᠡᠢ᠃ ᠰᠠᠭᠠᠳ ᠦᠭᠡᠢ ᠨᠡᠪᠲᠡᠷᠡᠬᠦ ᠱᠤᠭᠤᠮ ᠢ ᠪᠠᠶᠢᠭᠤᠯᠵᠤ᠂ ᠰᠢᠭᠤᠳ ᠰᠢᠯᠤᠭᠤᠨ᠂ ᠲᠦᠷᠭᠡᠨ ᠬᠤᠯᠪᠤᠭᠠᠯᠠᠨ ᠬᠥᠳᠡᠯᠦᠯᠴᠡᠵᠤ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠬᠤ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠬᠤᠰᠢᠭᠤᠨ ᠤ ᠨᠠᠮ ᠵᠠᠰᠠᠭ ᠤᠨ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ ᠬᠢᠨ ᠦᠨᠳᠦᠰᠦᠨ ᠱᠠᠲᠤᠨ ᠤ ᠠᠵᠢᠯ ᠤᠨ ᠠᠬᠢᠴᠠ ᠶᠢ ᠦᠨᠳᠦᠰᠦᠯᠡᠵᠦ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ ᠭᠡᠪᠡ᠃      8 ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠰᠢᠩ ᠭᠤᠸᠠᠩ ᠨᠡᠭᠦᠷᠡᠰᠦᠨ ᠤ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠭᠤᠸ ᠸᠧᠨ ᡁᠢ ᠨᠠᠷ ᠵᠡᠭᠦᠨᠭᠠᠷ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠰᠢᠨᠵᠢᠯᠡᠨ ᠪᠠᠶᠢᠴᠠᠭᠠᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠸᠠᠩ ᠢᠦᠢ ᠵᠢᠶᠧ᠂ ᠬᠤᠯᠪᠤᠬᠳᠠᠯ ᠪᠦᠬᠦᠢ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠵᠡᠭᠦᠨᠭᠠᠷ ᠵᠤᠤ ᠶᠢᠨ ᠳᠠᠷᠢᠶᠠᠯᠠᠩ ᠤᠨ ᠲᠣᠭᠤᠷᠢᠨ ᠦᠵᠡᠵᠦ ᠰᠡᠯᠡᠬᠦᠴᠡᠬᠦ ᠪᠠ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠠᠵᠤ ᠤᠶᠢᠯᠡᠰ᠂ ᠰᠧ ᠳ᠋ᠣᠣ ᠯᠢᠦ ᠲᠣᠰᠬᠤᠨ ᠤ ᠲᠦᠮᠡᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ᠂ ᠡᠵᠡᠩᠨᠡᠯᠲᠡ ᠶᠢᠨ ᠵᠠᠭᠪᠤᠷ᠂ ᠵᠠᠬ᠎ᠠ ᠳᠡᠯᠭᠡᠭᠦᠷ ᠤᠨ ᠣᠷᠣᠨ ᠵᠠᠢ ᠪᠣᠯᠣᠨ ᠲᠠᠷᠢᠶᠠᠯᠠᠩ ᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠷ ᠰᠠᠶᠢᠲᠠᠢ ᠠᠬᠢᠭᠤᠯᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃      8 ᠰᠠᠷ᠎ᠠ ᠶᠢᠨ 22 ᠤᠨ ᠡᠳᠦᠷ᠂ ᠪᠥᠬᠦ ᠬᠤᠰᠢᠭᠤᠨ ᠤ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠵᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠴᠢ ︽ᠠᠵᠤ ᠠᠬᠤᠶᠢᠯᠠᠯ ᠪᠤᠯᠤᠨ ᠭᠠᠵᠠᠷ ᠣᠷᠣᠨ ᠠᠵᠤ ᠠᠬᠤᠶᠢᠯᠠᠯ ᠪᠤᠯᠤᠨ ᠤᠯᠠᠨ ᠲᠦᠮᠡᠨ ᠭᠠᠷ ᠬᠤᠯᠪᠣᠯᠴᠠᠨ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠪᠦᠲᠦᠭᠡᠨ ᠪᠠᠶᠢᠭᠤᠯᠬᠤ︾ ᠲᠤᠰᠬᠠᠢ ᠠᠵᠢᠯᠯᠠᠭ᠎ᠠ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠣᠣ ᠵᠢᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤᠨ ᠤ ᠤᠳᠤᠷᠢᠳᠤᠯᠭ᠎ᠠ ᠲᠠᠩ ᠳᠠᠯᠠᠢ᠂ ᠬᠤᠸᠠᠩ ᠯᠧᠢ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠡᠯ᠎ᠡ ᠳᠦᠷᠤᠯ ᠤᠨ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠤ ᠲᠡᠷᠢᠭᠦᠨ ᠤ ᠬᠡᠪ ᠵᠠᠭᠪᠤᠷ ᠢ ᠰᠤᠷᠤᠯᠴᠠᠵᠤ᠂ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ᠂ ᠲᠤᠰ ᠪᠡᠶ᠎ᠡ ᠶᠢᠨ ᠬᠥᠭᠵᠢᠯᠲᠡ ᠳᠡᠭᠡᠨ ᠲᠣᠬᠢᠷᠠᠭᠰᠠᠨ ᠬᠠᠮᠲᠤᠷᠠᠨ ᠠᠵᠢᠯᠯᠠᠬᠤ ᠲᠣᠭᠲᠠᠴᠠ᠂ ᠠᠰᠢᠭ ᠲᠤᠰᠠ  ᠶᠢᠨ ᠬᠤᠯᠪᠣᠭᠠᠯᠠᠯ ᠤᠨ ᠲᠣᠭᠲᠠᠴᠠ ᠪᠠ ᠠᠰᠢᠭ ᠬᠤᠨᠵᠢᠪᠤᠷᠢ ᠶᠢ ᠬᠤᠪᠢᠶᠠᠷᠢᠯᠠᠬᠤ ᠲᠣᠭᠲᠠᠴᠠ ᠶᠢ ᠲᠣᠭᠲᠠᠭᠠᠬᠤ ᠬᠡᠷᠡᠭᠲᠡᠢ᠃ ᠰᠠᠭᠤᠭ᠎ᠠ ᠭᠠᠵᠠᠷ᢭ ᠤᠨ ᠠᠵᠤ ᠠᠬᠤᠶᠢᠯᠠᠯ ᠤᠨ ᠢᠵᠢ ᠪᠦᠷᠢᠳᠦᠭᠦᠯᠬᠦ ᠦᠢᠯᠡᠴᠢᠯᠡᠭᠡᠨ ᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ᢭ ᠳᠤ ᠴᠢᠭᠯᠡᠬᠦᠯᠤᠨ ᠪᠠᠶᠢᠴᠠᠭᠠᠨ ᠪᠦᠷᠢᠳᠬᠡᠬᠦ ᠠᠵᠢᠯ᢭ ᠢ ᠰᠠᠶᠢᠲᠤᠷ ᠬᠢᠵᠦ᠂ ᠠᠵᠤ ᠦᠢᠯᠡᠰ᢭ ᠤᠨ ᠬᠥᠭᠵᠢᠯᠲᠡ ᠶᠢᠨ ᠴᠢᠭᠯᠡᠯ ᠢ ᠲᠣᠭᠲᠠᠭᠠᠬᠤ ᠬᠡᠷᠡᠭᠲᠡᠢ ᠭᠡᠪᠡ᠃       8 ᠰᠠᠷ᠎ᠠ ᠶᠢᠨ 23 ᠤ ᠡᠳᠦᠷ᠂ ᠵᠢᠩ ᠲᠠᠢ ᠰᠤᠸᠠᠨ ᠼᠢ ᠭᠸᠦ ᠶᠢᠨ ᠴᠠᠬᠢᠯᠭᠠᠨ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 1000 ᠺᠢᠯᠤᠸᠤᠯᠲ  ᠤᠨ ᠴᠠᠬᠢᠯᠭᠠᠨ ᠬᠦᠷᠭᠡᠬᠦ ᠱᠤᠭᠤᠮ ᠤᠨ ᠪᠠᠷᠢᠯᠭ᠎ᠠ ᠶᠢᠨ ᠠᠵᠢᠯ ᠡᠬᠢᠯᠡᠭᠦᠯᠬᠦ ᠳᠠᠶᠢᠴᠢᠯᠠᠯᠲᠠ ᠶᠢᠨ ᠬᠤᠷᠠᠯ ᠵᠢᠴᠢ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠬᠥᠳᠡᠯᠮᠦᠷᠢ ᠶᠢᠨ ᠤᠷᠤᠯᠳᠤᠭᠠᠨ ᠤ ᠡᠬᠢᠯᠡᠯᠲᠡ ᠶᠢᠨ ᠶᠣᠰᠣᠯᠠᠯ ᠵᠢᠩ ᠲᠠᠢ ᠰᠤᠸᠠᠨ ᠼᠢ ᠭᠸᠦ ᠶᠢᠨ ᠴᠠᠬᠢᠯᠭᠠᠨ ᠦᠢᠯᠡᠳᠪᠦᠷᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ᠂ ᠵᠠᠷᠢᠮ ᠰᠢᠶᠠᠩ ᠪᠠᠯᠭᠠᠰᠤ᠂ ᠬᠤᠯᠪᠤᠬᠳᠠᠯ ᠪᠦᠬᠦᠢ ᠨᠢᠭᠡᠴᠢ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠶᠣᠰᠣᠯᠠᠯ  ᠠᠴᠠ ᠴᠢᠬᠤᠯᠠᠴᠢᠯᠠᠬᠤ ᠳᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠵᠢᠷᠤᠭ ᠲᠥᠯᠥᠪᠯᠡᠭᠡ ᠶᠢᠨ ᠲᠥᠯᠦᠪᠵᠢᠭᠦᠯᠭᠡ ᠶᠢ ᠴᠢᠩᠭ᠎ᠠ ᠵᠢᠷᠤᠮᠯᠠᠨ ᠠᠮᠤᠷ ᠲᠦᠪᠰᠢᠨ ᠥᠨᠳᠥᠷ ᠪᠦᠲᠦᠮᠵᠢᠲᠡᠢ ᠪᠠᠷ ᠪᠠᠷᠢᠯᠭ᠎ᠠ ᠶᠢᠨ ᠠᠵᠢᠯ ᠬᠢᠵᠦ᠂ ᠠᠵᠤ ᠠᠬᠤᠶᠢᠯᠠᠯ ᠪᠣᠯᠣᠨ ᠣᠷᠣᠨ ᠨᠤᠲᠤᠭ ᠤᠨ ᠬᠢᠨ ᠬᠠᠮᠲᠤᠷᠠᠨ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠠᠷᠢᠯᠭ᠎ᠠ ᠶᠢᠨ ᠠᠵᠢᠯ  ᠢ ᠡᠷᠲᠡᠬᠡᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠬᠡᠷᠡᠭᠲᠡᠢ ᠭᠡᠪᠠ᠃      ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠪᠤᠷᠤᠳᠤᠬᠤᠢ ᠰᠤᠮᠤᠨ ᠳᠤ ᠳᠥᠷᠪᠡᠳᠦᠭᠡᠷ ᠬᠤᠭᠤᠴᠠᠭᠠᠨ ᠤ ᠨᠠᠭᠠᠳᠤᠮ ᠤᠨ ᠬᠤᠷᠠᠯ ᠤᠨ ᠪᠡᠯᠡᠳᠬᠡᠯ ᠠᠵᠢᠯ ᠪᠠ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠲᠠᠩ ᠳᠠᠯᠠᠢ᠂ ᠸᠠᠩ ᠢᠦᠢ ᠵᠢᠶᠧ᠂ ᠸᠠᠩ ᠵᠢᠩ ᠯᠦᠩ᠂ ᠬᠠᠷᠢᠶ᠎ᠠ ᠭᠠᠵᠠᠷ ᠤᠨ ᠰᠢᠶᠠᠩ ᠪᠠᠯᠭᠠᠰᠤ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃ ᠰᠤ᠋ ᠰᠢᠨ ᠶᠠ ᠨᠠᠭᠠᠳᠤᠮ ᠤᠨ ᠬᠤᠷᠠᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠨᠠᠷᠢᠨ ᠣᠶᠢᠯᠠᠭᠠᠭᠰᠠᠨ ᠪᠥᠭᠡᠳ ᠵᠢᠭᠠᠪᠤᠷᠢ ᠦᠭᠬᠦ ᠳᠠᠭᠠᠨ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠰᠠᠶᠢᠲᠤᠷ ᠬᠢᠵᠦ᠂ ᠦᠢᠯᠡᠴᠢᠯᠡᠭᠡ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠭᠠᠳᠤᠮ ᠤᠨ ᠬᠤᠷᠠᠯ  ᠶᠠᠪᠤᠬᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠰᠢᠵᠢᠮ ᠢ ᠢᠮᠠᠭᠲᠠ ᠴᠢᠩᠭᠠᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠵᠤ ᠨᠠᠷᠢᠨ ᠠᠳᠬᠤᠬᠤ ᠬᠡᠷᠡᠭᠲᠡᠢ ᠭᠡᠪᠡ᠃       8 ᠰᠠᠷ᠎ᠠ ᠶᠢᠨ 25 ᠤ ᠡᠳᠦᠷ᠂ ᠵᠡᠭᠦᠨᠭᠠᠷ ᠬᠤᠰᠢᠭᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠩᠬᠠᠳᠤᠭᠠᠷ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠠ ᠨᠠᠨ ᠵᠡᠭᠦᠨᠭᠠᠷ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠢᠨ᠎ᠡ ᠠᠬᠢᠴᠠ ᠶᠢᠨ ᠪᠠᠶᠢᠳᠠᠯ ᠢ ᠵᠠᠷᠯᠠᠨ ᠮᠡᠳᠡᠭᠳᠡᠪᠡ᠃ ᠬᠢᠵᠢᠭ ᠤᠨ ᠪᠠᠶᠢᠳᠠᠯ ᠤᠨ ᠦᠨᠳᠦᠰᠦᠨ ᠪᠠᠶᠢᠳᠠᠯ ᠭᠡᠪᠡᠯ᠄ 8 ᠰᠠᠷ᠎ᠠ ᠶᠢᠨ 24 ᠤ ᠡᠳᠦᠷ ᠤᠨ 22᠄ 00 ᠴᠠᠭ ᠤᠨ ᠦᠶᠡᠰ᠂ ᠮᠠᠨ ᠤ ᠬᠤᠰᠢᠭᠤᠨ ᠤ ᠵᠡᠭᠦᠨᠭᠠᠷ ᠵᠣᠤ ᠪᠠᠯᠭᠠᠰᠤᠨ  ᠤ ᠬᠦᠷᠦᠭᠰᠡᠨ ᠭᠠᠵᠠᠷ ᠤᠨ ᠪᠦᠭᠡᠮ ᠬᠦᠴᠢᠯ  ᠤᠨ ᠪᠠᠶᠢᠴᠠᠭᠠᠯᠳᠠ ᠬᠢᠭᠰᠡᠨ ᠬᠥᠮᠥᠰ ᠤᠨ ᠳᠤᠮᠳᠠ  ᠨᠢᠭᠡᠨ 20᠄ 1 ᠶᠢᠨ ᠬᠤᠯᠢᠮᠠᠭ ᠦᠯᠢᠭᠡᠷ ᠡᠳ᠋ ᠠᠪᠤᠬᠰᠠᠨ ᠭᠤᠤᠷᠰᠤᠨ ᠳᠤ ᠠᠩᠬ᠎ᠠ ᠠᠯᠬᠤᠮ ᠤᠨ ᠠᠷᠭ᠎ᠠ ᠴᠢᠨᠠᠷ ᠪᠠᠶᠢᠬᠤ ᠶᠢ ᠣᠯᠵᠤ ᠮᠡᠳᠡᠭᠡᠳ᠂ 25 ᠤ ᠡᠳᠦᠷ ᠤᠨ 8᠄ 00 ᠴᠠᠭ ᠤᠨ ᠦᠶᠡᠰ ᠳᠠᠬᠤᠯ ᠡᠪᠡᠳᠴᠢᠨ ᠤ ᠪᠠᠶᠢᠴᠠᠭᠠᠯᠳᠠ ᠶᠢ ᠡᠬᠢᠯᠡᠭᠦᠯᠪᠡ᠃ 18᠄ 15 ᠮᠢᠨᠦ᠋ᠲ ᠤᠨ ᠵᠡᠭᠦᠨᠭᠠᠷ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠪᠣᠯᠣᠨ ᠵᠡᠭᠦᠨᠭᠠᠷ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠬᠯᠠᠬᠤ ᠲᠥᠪ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠠᠴᠠ ᠦᠵᠡᠪᠡᠯ᠂ ᠡᠭᠦᠨ ᠳᠤ 3 ᠬᠥᠮᠥᠨ ᠨᠢ ᠠᠷᠭ᠎ᠠ ᠴᠢᠨᠠᠷ ᠢᠯᠡᠷᠡᠭᠰᠡᠨ ᠪᠠᠶᠢᠨ᠎ᠠ᠃      8 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠬᠤᠢ ᠲᠠᠯᠠᠪᠠᠶ ᠳᠤ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠤ᠋ ᠰᠢᠨ ᠶᠠ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠬᠤᠢ ᠲᠠᠯᠠᠪᠠᠶ ᠳᠤ ᠰᠢᠢᠳᠪᠦᠷᠢᠯᠡᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠴᠢᠦᠢ ᠱᠤ᠋ ᠴᠢᠩ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠢᠤᠢ ᠵᠢᠶᠧ᠂ ᠬᠠᠨ ᠶᠠᠨ᠂ ᠸᠠᠩ ᠵᠢᠩ ᠯᠦᠩ᠂ ᠤᠶᠤᠨᠪᠢᠯᠢᠭ᠌᠂ ᠵᠠᠩ ᠶᠠ ᠨᠠᠨ᠂ ᠯᠢᠦ ᠢᠦᠢ ᠴᠧᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠬᠤᠰᠢᠭᠤᠨ ᠤ ᠬᠢᠵᠢᠭ ᠤᠨ ᠪᠠᠶᠢᠳᠠᠯ ᠢ ᠠᠬᠤᠢ ᠲᠠᠯᠠᠪᠠᠶ ᠳᠤ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠠᠵᠢᠯ ᠤᠨ ᠳᠤᠭᠤᠶᠢᠯᠠᠩ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠰᠤ᠋ ᠰᠢᠨ ᠶᠠ ᠴᠢᠬᠤᠯᠠᠴᠢᠯᠠᠬᠤ ᠳᠠᠭᠠᠨ᠂ ᠦᠯᠢᠭᠡᠷ ᠠᠪᠬᠤ᠂ ᠬᠦᠷᠭᠡᠬᠦ᠂ ᠪᠠᠶᠢᠴᠠᠭᠠᠬᠤ ᠡᠯ᠎ᠡ ᠭᠤᠭᠴᠤᠭ᠎ᠠ ᠶᠢ ᠲᠠᠰᠤᠷᠠᠯᠲᠠ ᠦᠭᠡᠢ ᠰᠠᠭᠠᠳ ᠦᠭᠡᠢ ᠨᠠᠪᠲᠠᠷᠡᠭᠦᠯᠵᠦ᠂ ᠬᠦᠮᠤᠰ᠂ ᠥᠯᠢᠭᠡᠷ ᠡᠳ᠋ ᠢ ᠰᠢᠯᠵᠢᠭᠦᠯᠦᠨ ᠲᠡᠭᠡᠭᠡᠪᠦᠷᠢᠯᠡᠬᠦ ᠦᠷ᠎ᠡ ᠪᠦᠲᠦᠮᠵᠢ ᠪᠠ ᠥᠯᠢᠭᠡᠷ ᠡᠳ᠋ ᠢ ᠪᠠᠶᠢᠴᠠᠭᠠᠨ ᠰᠢᠯᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠳᠠᠬᠤᠯ ᠡᠪᠡᠳᠴᠢᠨ ᠤ ᠪᠠᠶᠢᠴᠠᠭᠠᠯᠳᠠ ᠶᠢᠨ ᠠᠵᠢᠯ ᠢ ᠤᠨᠤᠴᠠᠳᠠᠢ ᠥᠨᠳᠥᠷ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠭᠠᠳᠠᠨ᠎ᠠ ᠠᠴᠠ ᠬᠠᠯᠳᠠᠪᠤᠷᠢᠯᠠᠭᠳᠠᠬᠤ ᠶᠢ ᠰᠡᠷᠭᠡᠶᠢᠯᠡᠬᠦ ᠬᠠᠰᠢᠬᠤ ᠴᠡᠭ ᠢ ᠴᠢᠩᠭ᠎ᠠ ᠰᠠᠬᠢᠬᠤ ᠬᠡᠷᠡᠭᠲᠡᠢ᠃ ᠨᠡᠭᠦᠷᠡᠰᠦᠨ ᠠᠭᠤᠷᠬᠠᠢ᠂ ᠨᠡᠭᠦᠷᠡᠰᠦᠨ ᠲᠡᠷᠭᠡ ᠪᠣᠯᠣᠨ ᠵᠢᠯᠣᠭᠤᠴᠢ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ  ᠨᠢ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠡᠷᠡᠰ ᠬᠠᠮᠠᠭᠠᠯᠠᠬᠤ ᠬᠡᠷᠡᠭᠲᠡᠢ ᠭᠡᠪᠡ᠃      ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠵᠡᠭᠦᠨᠭᠠᠷ ᠵᠣᠤ ᠪᠠᠯᠭᠠᠰᠤ᠂ ᠨᠠᠷᠠᠰᠤᠨ ᠪᠠᠯᠭᠠᠰᠤᠨ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠸᠠᠩ ᠢᠦᠢ ᠵᠢᠶᠧ᠂ ᠬᠤᠰᠢᠭᠤᠨ ᠤ ᠳᠡᠳ᠋ ᠳᠠᠷᠤᠭ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠤᠪᠴᠢᠶᠠᠨ ᠳᠠᠷᠤᠭ᠎ᠠ ᠤᠶᠤᠨᠪᠢᠯᠢᠭ᠌᠂ ᠬᠤᠯᠪᠤᠬᠳᠠᠯ ᠪᠦᠬᠦᠢ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ᠃ ᠰᠤ᠋ ᠰᠢᠨ ᠶᠠ ᠡᠯ᠎ᠡ ᠬᠠᠰᠢᠬᠤ ᠴᠡᠭ ᠤᠨ ᠬᠠᠮᠢᠶᠠᠷᠤᠯᠲᠠ ᠶᠢᠨ ᠠᠵᠢᠯᠯᠠᠭᠠᠨ ᠪᠠ ᠬᠦᠮᠤᠰ ᠤᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠳᠡᠷᠨ ᠱᠠᠭᠠᠷᠳᠠᠬᠤ ᠳᠠᠭᠠᠨ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠡᠯ᠎ᠡ ᠳᠦᠷᠤᠯ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠨᠠᠭᠠᠰᠢ ᠴᠠᠭᠠᠰᠢ ᠶᠠᠪᠤᠬᠤ ᠬᠥᠮᠥᠰ ᠤᠨ ︽ᠭᠤᠷᠪᠠᠨ ᠺᠣᠳ᠋︾ ᠪᠠ ᠪᠥᠭᠡᠮ ᠬᠦᠴᠢᠯ ᠤᠨ ᠮᠡᠳᠡᠭᠦᠯᠦᠯᠲᠡ ᠶᠢ ᠴᠢᠩᠭ᠎ᠠ ᠪᠠᠶᠢᠴᠠᠭᠠᠨ ᠰᠢᠯᠭᠠᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠨᠢᠭᠡᠳᠦᠭᠡᠷ ᠹᠷᠣᠨᠲ ᠤᠨ ᠠᠵᠢᠯᠲᠠᠳ ᠢ ᠰᠡᠷᠭᠡᠶᠢᠯᠡᠨ ᠬᠠᠮᠠᠭᠠᠯᠠᠬᠤ ᠪᠠ ᠡᠳ᠋ ᠪᠣᠳᠠᠰ ᠤᠨ ᠬᠠᠩᠭᠠᠯᠭ᠎ᠠ ᠶᠢ ᠦᠨᠡᠨᠬᠦ ᠰᠠᠶᠢᠲᠤᠷ ᠬᠢᠬᠦ ᠬᠡᠷᠡᠭᠲᠡᠢ ᠬᠡᠪᠡ᠃      8 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠸᠠᠩ ᠮᠢᠨ᠂ ᠸᠠᠩ ᠵᠢᠩ ᠯᠦᠩ᠂ ᠤᠶᠤᠨᠪᠢᠯᠢᠭ᠌᠂ ᠦ᠋ ᠰᠢᠦᠢ ᠳ᠋ᠦᠩ᠂ ᠵᠠᠩ ᠶᠠ ᠨᠠᠨ᠂ ᠬᠤᠸᠠᠩ ᠯᠧᠢ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠰᠤᠷᠭᠠᠯᠳᠤ ᠪᠥᠬᠦ ᠬᠤᠰᠢᠭᠤᠨ ᠤ ᠣᠳᠣᠬᠠᠨ ᠤ ᠭᠤᠣᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠂ ᠲᠡᠷᠡ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭᠠᠴᠠᠭᠠᠨ ᠰᠢᠢᠳᠪᠦᠷᠢᠯᠡᠬᠦ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠡᠩ ᠤᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ︔ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠬᠰᠠᠨ ᠪᠠᠶᠢᠴᠠᠭᠠᠯᠳᠠ ᠶᠢ ᠤᠬᠳᠤᠬᠤ ᠠᠵᠢᠯ ᠢ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠠᠮᠲᠤᠷᠠᠯ ᠬᠦᠴᠦᠨ ᠢ ᠦᠨᠡᠨᠬᠦ ᠪᠦᠷᠢᠯᠳᠦᠭᠦᠯᠬᠦ ᠬᠡᠷᠡᠭᠲᠡᠢ︔ ᠳᠠᠪᠤ ᠶᠢ ᠳᠤᠶᠢᠯᠪᠤᠷᠢᠳᠠᠢ ᠪᠠᠶᠢᠴᠠᠭᠠᠬᠤ ᠲᠤᠰᠬᠠᠢ ᠠᠵᠢᠯᠯᠠᠭ᠎ᠠ ᠶᠢ ᠰᠠᠶᠢᠲᠤᠷ ᠠᠳᠬᠤᠵᠤ᠂ ᠭᠠᠵᠠᠷ ᠰᠢᠷᠣᠢ ᠶᠢ ᠵᠤᠷᠰᠢᠯ ᠲᠠᠢ ᠪᠠᠷ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠬᠦ ᠬᠡᠷᠡᠭᠲᠡᠢ︔ ᠡᠳᠦᠷ ᠲᠤᠳᠤᠮ ᠤᠨ ᠠᠶᠤᠯᠭᠦᠢ ᠦᠢᠯᠡᠳᠪᠦᠷᠢᠯᠡᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭᠠᠳᠬᠠᠬᠤ ᠬᠡᠷᠡᠭᠲᠡᠢ︔ ᠭᠠᠮᠰᠢᠭᠳᠠᠭᠰᠠᠨ ᠤᠯᠠᠨ ᠲᠦᠮᠡᠨ ᠢ ᠠᠪᠤᠷᠠᠨ ᠲᠤᠰᠠᠯᠠᠵᠤ ᠲᠣᠬᠤᠨᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠵᠡᠷᠭᠡ ᠡᠯ᠎ᠡ ᠳᠦᠷᠤᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ︔ ᠵᠠᠬᠢᠳᠠᠯ ᠰᠣᠷᠪᠤᠯᠵᠢᠯᠠᠯ ᠤᠨ ᠡᠯ᠎ᠡ ᠳᠦᠷᠤᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ︔ ᠡᠨᠧᠷᠭᠢ ᠶᠢᠨ ᠬᠠᠩᠭᠠᠯᠭ᠎ᠠ ᠶᠢ ᠪᠥᠬᠦ ᠲᠠᠯ᠎ᠠ ᠪᠠᠷ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠳᠦᠷᠤᠯ ᠤᠨ ᠠᠵᠢᠯ ᠢ ᠨᠢᠭᠡᠳᠦᠯᠲᠡᠢ ᠲᠥᠯᠥᠪᠯᠡᠬᠦ ᠬᠡᠷᠡᠭᠲᠡᠢ ᠭᠡᠪᠡ᠃       8 ᠰᠠᠷ᠎ᠠ ᠶᠢᠨ 28 ᠤ ᠡᠳᠦᠷ᠂ ᠵᠡᠭᠦᠨᠭᠠᠷ ᠬᠤᠰᠢᠭᠤᠨ ᠤ ᠭᠤᠣᠯ ᠬᠤᠷᠠᠯ ᠤᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠰᠠᠯᠬᠢ ᠭᠡᠷᠡᠯ ᠴᠡᠨᠡᠭ ᠢᠶᠠᠷ ᠤᠰᠦᠳᠦ᠋ᠷᠦᠭᠴᠢ ᠭᠡᠢ ᠤᠶᠢᠯᠡᠳᠪᠤᠷᠢᠯᠡᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠲᠦᠷᠦᠯ ᠵᠦᠢᠯ ᠢ ᠲᠥᠪᠯᠡᠷᠡᠭᠦᠯᠦᠨ ᠡᠬᠢᠯᠡᠭᠦᠯᠦᠭᠰᠡᠨ ᠢ ᠵᠠᠷᠯᠠᠪᠠ᠃ ᠪᠠᠷᠢᠯᠭ᠎ᠠ ᠡᠬᠢᠯᠡᠬᠦ ᠶᠣᠰᠣᠯᠠᠯ ᠤᠨ ᠭᠤᠣᠯ ᠬᠤᠷᠠᠯ ᠤᠨ ᠲᠠᠯᠠᠪᠠᠢ ᠶᠢ ᠣᠷᠳᠣᠰ ᠬᠤᠳᠠ ᠶᠢᠨ ᠵᠡᠭᠦᠨᠭᠠᠷ ᠬᠤᠰᠢᠭᠤᠨ ᠳᠤ ᠲᠣᠬᠢᠷᠠᠭᠤᠯᠵᠠᠢ᠃ ᠸᠠᠩ ᠯᠢ ᠰᠢᠶᠠ ᠪᠠᠰᠠ ᠢᠦᠢ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠴᠢᠨᠠᠷ ᠰᠠᠶᠢᠲᠠᠢ ᠣᠨᠴᠠ ᠲᠦᠷᠦᠯ ᠤᠨ ᠰᠢᠯ ᠢ ᠶᠡᠷᠦᠩᠬᠡᠶᠢᠯᠡᠨ ᠠᠰᠢᠭᠯᠠᠬᠤ ᠶᠢ ᠨᠢᠭᠡ ᠴᠣᠭᠴᠠᠵᠢᠭᠤᠯᠤᠨ ᠪᠠᠶᠢᠭᠤᠯᠵᠤ ᠪᠠᠶᠢᠭ᠎ᠠ ᠲᠦᠷᠦᠯ ᠵᠦᠢᠯ ᠪᠣᠯᠣᠨ ᠲᠢᠶᠠᠨ ᠷᠦᠨ ᠬᠢᠮᠢ ᠶᠢᠨ ᠪᠣᠷᠳᠣᠭᠤᠷ᠂ ᠵᠢᠤ ᠲᠠᠢ ᠰᠢᠨ᠎ᠡ ᠮᠠᠲ᠋ᠧᠷᠢᠶᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠡᠶᠢᠯᠡᠮᠡᠯ ᠲᠣᠰᠣ᠂ ᠢ ᠲᠠᠢ ᠨᠡᠭᠦᠷᠡᠰᠦ ᠪᠠᠷ ᠲᠣᠰᠣ ᠦᠢᠯᠡᠳᠪᠤᠷᠢᠯᠡᠬᠦ ᠵᠡᠷᠭᠡ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠢ ᠡᠷᠭᠢᠯᠡᠭᠰᠡᠨ ᠪᠥᠭᠡᠳ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠤᠳᠤᠷᠢᠳᠤᠯᠭ᠎ᠠ ᠯᠢ ᠯᠢ᠂ ᠳ᠋ᠦ᠋ ᠬᠤᠶ ᠯᠢᠶᠠᠩ ᠨᠠᠷ᠂ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠰᠤᠷᠭᠠᠯᠳᠤ᠂ ᠴᠢᠶᠣᠤ ᠠᠢ ᠫᠢᠩ ᠪᠠᠷᠠᠳᠠᠨ ᠠᠵᠢᠯᠯᠠᠭ᠎ᠠ ᠳᠤ ᠣᠷᠣᠯᠴᠠᠵᠠᠢ᠃       8 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠳ᠋ᠠ ᠯᠦ ᠪᠠᠯᠭᠠᠰᠤᠨ ᠳᠤ ᠬᠦᠷᠴᠦ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠳᠤᠷᠢᠳᠤᠯᠭ᠎ᠠ ᠸᠠᠩ ᠢᠦᠢ ᠵᠢᠶᠧ᠂ ᠯᠢᠦ ᠢᠦᠢ ᠴᠧᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠲᠥᠪ ᠵᠢᠴᠢ ᠳ᠋ᠠ ᠯᠦ ᠪᠠᠯᠭᠠᠰᠤᠨ ᠤ ᠭᠤᠣᠯ ᠬᠠᠷᠢᠭᠤᠴᠠᠯᠭᠠᠲᠠᠳ ᠣᠷᠣᠯᠴᠠᠵᠠᠢ᠃ ᠳ᠋ᠠ ᠯᠦ ᠪᠠᠯᠭᠠᠰᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠰᠤ᠋ ᠰᠢᠨ ᠶᠠ ᠪᠠᠰᠠ ᠲᠣᠭᠠᠴᠢᠯᠠᠭᠰᠠᠨ ᠰᠢᠶᠠᠩ ᠪᠠᠯᠭᠠᠰᠤᠨ ᠤ ᠲᠠᠪᠴᠠᠩ ᠤᠨ ᠪᠠᠶᠢᠭᠤᠯᠤᠯᠲᠠ ᠶᠢ ᠪᠠᠶᠢᠴᠠᠭᠠᠨ ᠰᠤᠳᠤᠯᠤᠭᠰᠠᠨ ᠪᠥᠭᠡᠳ ᠳ᠋ᠠ ᠯᠦ ᠪᠠᠯᠭᠠᠰᠤᠨ ᠤ ᠵᠠᠬᠢᠳᠠᠯ ᠰᠣᠷᠪᠤᠯᠵᠢᠯᠠᠯ ᠢ ᠭᠥᠯᠢᠶᠡᠨ ᠠᠪᠬᠤ ᠲᠠᠰᠤᠭ ᠲᠤ ᠵᠠᠬᠢᠳᠠᠯ ᠰᠤᠷᠪᠤᠯᠵᠢᠯᠠᠯ ᠬᠢᠬᠦ ᠪᠠᠷ ᠢᠷᠡᠭᠰᠡᠨ ᠤᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ ᠠᠭᠤᠯᠵᠠᠪᠠ᠃      8 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ 2022 ᠣᠨ ᠤ 19 ᠳ᠋ᠤᠭᠡᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠠᠪᠤ ᠶᠢ ᠳᠤᠶᠢᠯᠪᠤᠷᠢᠳᠠᠢ ᠪᠠᠶᠢᠴᠠᠭᠠᠬᠤ︾᠂ ᠰᠢᠨ᠎ᠡ ᠡᠨᠧᠷᠭᠢ ᠶᠢᠨ ᠠᠵᠤ ᠦᠢᠯᠡᠰ᠂ ᠭᠤᠣᠯᠳᠠᠯᠭ᠎ᠠ ᠲᠠᠢ ᠲᠥᠷᠥᠯ ᠵᠦᠢᠯ᠂ ᠠᠷᠠᠯᠵᠢᠶᠠᠴᠢᠨ ᠤᠷᠢᠵᠤ ᠪᠡᠯᠡ ᠲᠠᠲᠠᠬᠤ ᠵᠡᠷᠭᠡ ᠪᠠᠶᠢᠳᠠᠯ ᠤᠨ ᠳᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ᠂ ᠴᠢᠶᠣᠤ ᠠᠢ ᠫᠢᠩ ᠂ ᠴᠢᠦᠢ ᠱᠤ᠋ ᠴᠢᠩ᠂ ᠲᠠᠩ ᠳᠠᠯᠠᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠢᠦᠢ ᠵᠢᠶᠧ᠂ ᠬᠠᠨ ᠶᠠᠨ᠂ ᠸᠠᠩ ᠵᠢᠩ ᠯᠦᠩ᠂ ᠦ᠋ ᠰᠢᠦᠢ ᠳ᠋ᠦᠩ᠂ ᠵᠠᠩ ᠶᠠ ᠨᠠᠨ᠂ ᠯᠢᠦ ᠢᠦᠢ ᠴᠧᠩ᠂ ᠬᠤᠸᠠᠩ ᠯᠧᠢ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠴᠢᠬᠤᠯᠠᠴᠢᠯᠠᠬᠤ ᠳᠠᠭᠠᠨ᠂ ᠨᠠᠷᠢᠨ ᠳᠠᠩᠰᠠ ᠶᠢ ᠵᠢᠭᠰᠠᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠪᠡᠶᠡᠯᠡᠭᠦᠯᠬᠦ ᠴᠠᠭ ᠤᠨ ᠬᠢᠵᠠᠭᠠᠷᠯᠠᠯ ᠢ ᠲᠣᠳᠣᠷᠬᠠᠶᠢᠯᠠᠨ᠂ ᠦᠪᠡᠷ ᠢ ᠪᠠᠨ ᠳᠤᠶᠢᠯᠪᠤᠷᠢᠳᠠᠢ ᠪᠠᠶᠢᠴᠠᠭᠠᠬᠤ ᠶᠢ ᠭᠦᠨᠵᠡᠭᠡᠢ ᠬᠢᠵᠦ᠂ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠡᠬᠢ ᠪᠠᠶᠠᠯᠢᠭ ᠪᠡᠯᠡ ᠮᠥᠩᠭᠦ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠤᠶᠢᠯᠪᠤᠷᠢᠳᠠᠢ ᠪᠠᠶᠢᠴᠠᠭᠠᠬᠤ ᠪᠣᠳᠠᠲᠤ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      8 ᠰᠠᠷ᠎ᠠ ᠶᠢᠨ 30 ᠠᠴᠠ 31 ᠤ ᠡᠳᠦᠷ ᠪᠣᠯᠲᠠᠯ᠎ᠠ᠂ ᠰᠤ᠋ ᠰᠢᠨ ᠶᠠ᠂ ᠯᠦ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠰᠢᠬᠤ ᠴᠡᠭ ᠲᠤ ᠭᠦᠨᠵᠡᠭᠡᠶᠢᠷᠡᠨ᠂ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠡᠮᠦᠨ᠎ᠡ ᠹᠷᠣᠨᠲ ᠲᠤ ᠴᠢᠷᠮᠠᠶᠢᠨ ᠠᠵᠢᠯᠯᠠᠵᠤ ᠪᠠᠶᠢᠭ᠎ᠠ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠪᠠ ᠲᠠᠯᠠᠷᠬᠠᠯ ᠢᠶᠠᠨ ᠳᠡᠪᠰᠢᠭᠦᠯᠪᠡ᠃ ᠡᠯ᠎ᠡ ᠬᠠᠰᠢᠬᠤ ᠠᠮᠠ ᠬᠠᠰᠢᠬᠤ ᠴᠡᠭ ᠲᠤ᠂ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠤᠯᠪᠤᠬᠳᠠᠯ ᠪᠦᠬᠦᠢ ᠠᠵᠢᠯ ᠤᠨ ᠪᠠᠶᠢᠳᠠᠯ ᠢ ᠨᠠᠷᠢᠨ ᠣᠶᠢᠯᠠᠭᠠᠬᠰᠠᠨ ᠤ ᠬᠠᠮᠲᠤ ᠴᠢᠬᠤᠯᠠ ᠵᠢᠭᠠᠪᠤᠷᠢ ᠥᠭᠴᠡᠢ᠃
ᠢᠷᠡᠯᠲᠡ᠄ ᠲᠤᠰ ᠰᠦᠯᠵᠢᠶ᠎ᠡ