| ᠵᠢᠶᠠᠩ ᠽᠧ ᠮᠢᠨ ᠨᠥᠬᠦᠷ ᠤᠨ ᠨᠠᠮ ᠪᠠ ᠲᠦᠷᠦ ᠶᠢᠨ ᠲᠡᠦᠬᠡᠨ ᠬᠥᠭᠵᠢᠯᠲᠡ ᠳᠤᠮᠳᠠᠬᠢ ᠣᠨᠴᠠᠭᠠᠢ ᠭᠠᠪᠢᠶ᠎ᠠ ᠵᠢᠳᠬᠦᠯ ᠵᠢᠴᠢ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠦᠨᠳᠦᠰᠦᠯᠡᠵᠦ ᠂ ᠡᠳᠦᠭᠡ ᠲᠣᠭᠲᠠᠭᠠᠬᠤ ᠨᠢ ᠄ | ︵ ᠨᠢᠭᠡ ︶ 12 ᠰᠠᠷ᠎ᠠ ᠶᠢᠨ 6 ᠤ ᠦᠳᠡ ᠶᠢᠨ ᠡᠮᠦᠨᠡᠬᠢ 10 ᠴᠠᠭ ᠲᠤ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ | ᠬᠤᠷᠠᠯ ᠢ ᠦᠪᠡᠳᠡᠭᠰᠢ ᠶᠡᠭᠡ ᠪᠠᠷ ᠬᠢᠨ᠎ᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠂ ᠤᠯᠠᠨ | ᠲᠦᠮᠡᠨ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠭᠠᠰᠢᠭᠤᠳᠠᠯ ᠤᠨ ᠶᠡᠭᠡ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ | ᠦᠵᠡᠵᠦ ᠰᠣᠨᠣᠰᠬᠤ ᠬᠡᠷᠡᠭᠲᠡᠢ ᠃ | ︵ ᠬᠤᠶᠠᠷ ︶ ᠭᠠᠰᠢᠭᠤᠳᠠᠯ ᠤᠨ ᠶᠡᠭᠡ ᠬᠤᠷᠠᠯ ᠤᠨ ᠲᠤᠬᠠᠢ ᠶᠢᠨ ᠡᠳᠦᠷ ᠂ ᠪᠦᠭᠦ ᠤᠯᠤᠰ ᠪᠠ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ | ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠵᠢᠴᠢ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠵᠤ ᠂ | ᠣᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠡᠳᠦᠷ ᠵᠣᠭᠰᠣᠭᠠᠨ᠎ᠠ ᠃ | ︵ ᠭᠤᠷᠪᠠ ︶ 12 ᠰᠠᠷ᠎ᠠ ᠶᠢᠨ 6 ᠤ ᠦᠳᠡ ᠶᠢᠨ ᠡᠮᠦᠨ᠎ᠡ ᠭᠠᠰᠢᠭᠤᠳᠠᠯ ᠤᠨ ᠶᠡᠭᠡ ᠬᠤᠷᠠᠯ ᠳᠤ ᠨᠠᠮᠠᠨᠴᠢᠯᠠᠨ ᠭᠠᠰᠢᠭᠤᠳᠠᠬᠤ ᠦᠶ᠎ᠡ ᠳᠤ ᠂ ᠪᠦᠭᠦ ᠤᠯᠤᠰ ᠤᠨ | ᠠᠷᠠᠳ ᠲᠦᠮᠡᠨ 3 ᠮᠢᠨᠦ᠋ᠲ ᠨᠠᠮᠠᠨᠴᠢᠯᠠᠨ ᠭᠠᠰᠢᠭᠤᠳᠠᠵᠤ ᠂ ᠠᠯᠢᠪᠠ ᠠᠭᠤᠷ ᠤᠨ ᠱᠤᠤᠭᠢᠯ ᠪᠠᠶᠢᠬᠤ ᠭᠠᠵᠠᠷ ᠪᠦᠭᠦᠨ 3 ᠮᠢᠨᠦ᠋ᠲ ᠳᠤᠤᠭᠠᠷᠭᠠᠵᠤ ᠂ ᠠᠭᠠᠷ ᠤᠨ | ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ 3 ᠮᠢᠨᠦ᠋ᠲ ᠳᠤᠤᠭᠠᠷᠭᠠᠨ᠎ᠠ ᠃ ︵ ᠳᠥᠷᠪᠡ ︶ ᠴᠢᠨᠳᠠᠷ ᠠᠴᠠ ᠰᠠᠯᠬᠤ ᠶᠣᠰᠣᠯᠠᠯ ᠬᠢᠬᠦ ᠦᠭᠡᠢ ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ ᠃ | ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ | ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ | 2022 ᠣᠨ ᠤ 12 ᠰᠠᠷ᠎ᠠ ᠶᠢᠨ 1 ᠤ ᠡᠳᠦᠷ | | |