| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠤᠨ ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠤᠷᠳᠠᠨ ᠂ ᠵᠡᠭᠦᠨᠭᠠᠷ ᠬᠤᠰᠢᠭᠤᠨ ᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠰᠦᠷ ᠳᠠᠯᠠᠶᠢᠴᠠᠲᠠᠢ ᠬᠦᠴᠦᠨ ᠢ ᠨᠢᠬᠳᠠᠷᠭᠤᠯᠬᠤ ᠶᠢᠨ ᠳᠤᠰᠠᠳᠠ᠂ ︽ ᠵᠡᠭᠦᠨᠭᠠᠷ ᠬᠤᠰᠢᠭᠤᠨ ᠤ | ᠨᠡᠶᠢᠲᠡᠯᠡᠯ ︾ ᠨᠢ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠤᠶᠠ ︾ ᠭᠡᠬᠦ ᠰᠢᠷᠢᠰ ᠲᠤᠰᠬᠠᠢ ᠪᠤᠯᠤᠩ | ᠭᠠᠷᠭᠠᠵᠤ ᠂ ᠮᠠᠨ ᠤ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠡᠮᠡᠴᠡᠵᠦ ᠂ ᠡᠷᠡᠯᠬᠡᠭᠯᠡᠨ ᠤᠷᠤᠭᠰᠢᠯᠠᠵᠤ ᠂ ᠢᠲᠡᠭᠡᠯ | ᠲᠡᠭᠦᠯᠳᠡᠷ ᠢᠶᠠᠷ ᠰᠢᠨ᠎ᠡ ᠠᠶᠠᠨ ᠵᠠᠮ ᠳᠤ ᠤᠷᠤᠭᠰᠢᠯᠠᠨ ᠂ ᠰᠢᠨ᠎ᠡ ᠴᠠᠭ ᠦᠶ᠎ᠡ ᠳᠤ ᠵᠢᠳᠬᠦᠯ ᠴᠢᠷᠮᠠᠶᠢᠯᠭ᠎ᠠ ᠭᠠᠷᠭᠠᠬᠰᠠᠨ ᠠᠮᠢᠳᠤᠯᠢᠭ ᠦᠢᠯᠡᠳᠦᠯᠭᠡ ᠶᠢ ᠳᠡᠯᠭᠡᠨ | ᠦᠵᠡᠭᠦᠯᠬᠦ ᠪᠤᠯᠤᠯ᠎ᠠ ᠃ | | | ᠣᠶᠢᠷ᠎ᠠ ᠶᠢᠨ ᠵᠢᠯ ᠠᠴᠠ ᠨᠠᠭᠠᠰᠢ ᠂ ᠮᠠᠨ ᠤ ᠬᠤᠰᠢᠭᠤ ᠲᠠᠷᠢᠮᠠᠯ ᠤᠨ ᠦᠢᠯᠡᠰ ᠤᠨ ᠪᠦᠲᠦᠴᠡ ᠳᠡᠭᠡᠨ ᠢᠳᠡᠪᠬᠢᠲᠡᠢ ᠪᠠᠷ ᠲᠣᠬᠢᠷᠠᠭᠤᠯᠤᠯᠳᠠ ᠬᠢᠵᠤ ᠂ ᠭᠠᠵᠠᠷ | ᠣᠷᠣᠨ ᠤ ᠪᠠᠶᠢᠳᠠᠯ ᠳᠠᠭᠠᠨ ᠵᠤᠬᠢᠴᠠᠭᠤᠯᠤᠨ ᠬᠦᠯᠡᠮᠵᠢ ᠶᠢᠨ ᠳᠠᠷᠢᠮᠠᠯ ᠢ ᠬᠦᠭᠵᠢᠬᠦᠯᠵᠤ ᠂ ᠠᠮᠢ ᠠᠬᠤᠢ ᠶᠢᠨ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ ᠂ ᠠᠵᠤ | ᠦᠢᠯᠡᠰ ᠬᠥᠭᠵᠢᠯ ᠪᠠᠳᠠᠷᠠᠯ ᠲᠠᠢ ᠂ ᠲᠠᠷᠢᠶᠠᠴᠢᠳ ᠤᠨ ᠣᠷᠣᠯᠭ᠎ᠠ ᠨᠡᠮᠡᠭᠳᠡᠯ ᠲᠠᠢ ᠪᠠᠶᠢᠳᠠᠯ ᠢ ᠪᠡᠶᠡᠯᠡᠭᠦᠯᠪᠡ ᠃ ᠡᠪᠦᠯ ᠤᠨ ᠡᠬᠢᠨ ᠳᠤ ᠂ ᠮᠠᠨ ᠤ ᠬᠤᠰᠢᠭᠤ ᠡᠪᠦᠯ ᠤᠨ | ᠭᠦᠵᠡᠯᠵᠡᠭᠡᠨ᠎ᠡ ᠶᠢ ᠵᠠᠬ᠎ᠠ ᠳᠡᠯᠭᠡᠭᠦᠷ ᠲᠤ ᠶᠡᠭᠡ ᠬᠡᠮᠵᠢᠶ᠎ᠡ ᠪᠠᠷ ᠭᠠᠷᠬᠤ ᠪᠠᠷ ᠪᠤᠢ ᠂ ᠢᠩᠬᠢᠭᠡᠳ ︽ ᠭᠦᠵᠡᠯᠵᠡᠭᠡᠨ᠎ᠡ ︾ ᠢᠳᠡᠬᠦ ᠰᠠᠶᠢᠬᠠᠨ ᠴᠠᠭ ᠬᠦᠷᠴᠤ ᠢᠷᠡᠬᠦ | ᠪᠤᠯᠤᠨ᠎ᠠ ᠃ | | | | | ᠰᠤᠷᠪᠤᠯᠵᠢᠯᠠᠭᠴᠢ ᠵᠦᠨ ᠺᠠᠩ ᠨᠦᠩ ᠬᠤᠢ ᠲᠠᠷᠢᠮᠠᠯ ᠤᠨ ᠰᠠᠭᠤᠷᠢᠨ ᠳᠤ ᠬᠦᠷᠬᠦ ᠳᠤ ᠂ ᠲᠣᠮᠣ ᠬᠦᠯᠡᠮᠵᠢ ᠨᠦᠭᠦᠳ ᠵᠢᠭᠳᠡᠷᠡᠨ ᠬᠠᠷᠠᠬᠳᠠᠨ᠎ᠠ ᠃ | ᠭᠦᠵᠡᠯᠵᠡᠭᠡᠨ᠎ᠡ ᠶᠢᠨ ᠬᠦᠷᠢᠶᠡᠯᠡᠩ ᠳᠤ ᠂ ᠤᠳᠠᠯ ᠦᠭᠡᠢ ᠪᠣᠯᠪᠠᠰᠤᠷᠠᠬᠤ ᠭᠡᠵᠦ ᠪᠠᠶᠢᠭ᠎ᠠ ᠭᠦᠵᠡᠯᠵᠡᠭᠡᠨ᠎ᠡ ᠨᠢ ᠨᠣᠭᠤᠭᠠᠨ ᠨᠠᠪᠴᠢ ᠶᠢᠨ ᠳᠤᠮᠳᠠ ᠪᠦᠷᠦᠭ ᠪᠠᠷᠤᠭ | ᠬᠠᠷᠠᠭᠳᠠᠨ᠂ ᠨᠡᠷᠡᠨ ᠤ ᠭᠡᠷᠡᠯ ᠳᠤ ᠶᠠᠭᠠᠨ ᠤᠯᠠᠭᠠᠨ ᠭᠦᠵᠡᠯᠵᠡᠭᠡᠨ᠎ᠡ ᠨᠦᠭᠦᠳ ᠬᠥᠮᠥᠰ ᠤᠨ ᠰᠢᠯᠦᠰᠦ ᠶᠢ ᠬᠤᠷᠠᠭᠤᠯᠤᠨ᠎ᠠ ᠃ | ᠵᠦᠨ ᠺᠠᠩ ᠨᠦᠩ ᠬᠤᠢ ᠶᠢᠨ ᠮᠡᠷᠭᠡᠵᠢᠯᠲᠡᠨ ᠯᠢᠦ ᠳ᠋ᠦᠩ ᠳ᠋ᠦᠩ ᠄ ᠮᠠᠨ ᠤ ᠭᠦᠵᠡᠯᠵᠡᠭᠡᠨ᠎ᠡ ᠶᠢ ᠳᠠᠷᠢᠬᠤ ᠪᠥᠬᠦ ᠶᠠᠪᠤᠴᠠ ᠳᠤ ᠬᠤᠷᠭᠤᠯ ᠂ ᠠᠷᠭᠠᠯ ᠤᠨ | ᠪᠤᠷᠳᠤᠭᠤᠷ ᠤᠷᠤᠭᠤᠯᠤᠨ ᠂ ᠨᠢᠭᠡ ᠮᠥᠬᠦᠯᠢᠭ ᠬᠢᠮᠢ ᠶᠢᠨ ᠪᠣᠷᠳᠣᠭᠤᠷ ᠴᠤ ᠤᠷᠤᠭᠤᠯᠤᠬᠰᠠᠨᠦᠭᠡᠢ ᠂ ᠢᠩᠬᠢᠵᠤ ᠬᠢᠭᠰᠡᠨ ᠨᠢ ᠳᠠᠷᠤᠢ ᠣᠯᠠᠨ ᠳᠦᠮᠡᠨ ᠳᠤ | ᠬᠠᠮᠤᠭ ᠤᠨ ᠰᠠᠶᠢᠨ ᠭᠦᠵᠡᠯᠵᠡᠭᠡᠨ᠎ᠡ ᠶᠢ ᠢᠳᠡᠭᠦᠯᠬᠦ ᠶᠢᠨ ᠲᠥᠯᠥᠭᠡ ᠶᠤᠮ ᠃ ᠣᠳᠣᠬᠠᠨ ᠳᠤ ᠭᠦᠵᠡᠯᠵᠡᠭᠡᠨ᠎ᠡ ᠶᠢᠨ ᠠᠩᠬᠠᠨ ᠤ ᠪᠦᠯᠦᠭ ᠵᠢᠮᠢᠰ ᠨᠢᠭᠡᠨᠲᠡ | ᠪᠣᠯᠪᠠᠰᠤᠷᠠᠪᠠ ᠂ ᠵᠢᠱᠢᠯᠲᠡ ᠪᠠᠷ ᠡᠨᠡ ᠵᠢᠯ ᠤᠨ ᠬᠤᠶᠠᠷ ᠬᠦᠯᠡᠮᠵᠢ ᠶᠢᠨ ᠭᠦᠵᠡᠯᠵᠡᠭᠡᠨ᠎ᠡ ᠶᠢᠨ ᠣᠷᠣᠯᠭ᠎ᠠ ᠠᠷᠪᠠᠨ ᠲᠦᠮᠡᠨ ᠲᠥᠭᠦᠷᠢᠭ ᠲᠤ ᠬᠦᠷᠬᠦ ᠪᠣᠯᠣᠨ᠎ᠠ ᠃ | | | | | ᠳ᠋ᠠ ᠯᠦ ᠪᠠᠯᠭᠠᠰᠤᠨ ᠤ ᠮᠢᠶᠣᠣ ᠵᠢᠶᠠ ᠲᠠᠨ ᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠦᠷᠢᠶᠡᠯᠡᠩ ᠳᠤ ᠂ ᠣᠷᠭᠠᠨᠢᠭ ᠰᠢᠯᠢᠳᠡᠭ | ᠭᠦᠵᠡᠯᠵᠡᠭᠡᠨ᠎ᠡ ᠶᠢᠨ ᠤᠷᠭᠤᠴᠠ ᠨᠢ ᠬᠥᠮᠥᠨ ᠢ ᠪᠠᠶᠠᠷᠯᠠᠭᠤᠯᠤᠮ᠎ᠠ ᠪᠠᠶᠢᠵᠤ ᠂ ᠲᠠᠷᠢᠮᠠᠯ ᠤᠨ ᠡᠷᠦᠬᠡ ᠨᠦᠭᠦᠳ ᠲᠡᠭᠦᠬᠦ ᠪᠠᠷ ᠶᠠᠭᠠᠷᠠᠯᠳᠤᠨ ᠂ ᠡᠯᠪᠡᠭ ᠬᠤᠷᠢᠶᠠᠯᠲᠠ ᠲᠠᠢ | ︽ ᠭᠦᠵᠡᠯᠵᠡᠭᠡᠨ᠎ᠡ ︾ ᠶᠢᠨ ᠦᠵᠡᠮᠵᠢ ᠨᠢ ᠬᠥᠮᠥᠰ ᠤᠨ ᠪᠠᠭ᠋ᠠᠷᠬᠠᠯ ᠢ ᠲᠠᠲᠠᠨ᠎ᠠ ᠃ | ᠣᠶᠢᠯᠠᠭᠠᠭᠰᠠᠨ ᠢᠶᠠᠷ ᠂ ᠳ᠋ᠠ ᠯᠦ ᠪᠠᠯᠭᠠᠰᠤᠨ ᠤ ᠮᠢᠶᠣᠣ ᠵᠢᠶᠠ ᠲᠠᠨ ᠨᠡᠶᠢᠭᠡᠮ ᠲᠣᠭᠤᠷᠢᠭ ᠡᠨᠡ ᠵᠢᠯ ᠲᠤᠯᠤᠭᠠᠨ ᠬᠦᠯᠡᠮᠵᠢᠨ ᠳᠤ ᠭᠦᠵᠡᠯᠵᠡᠭᠡᠨ᠎ᠡ ᠳᠠᠷᠢᠵᠤ ᠂ | ᠪᠦᠬᠦᠯᠢ ᠴᠣᠭᠴᠠ ᠶᠢᠨ ᠤᠷᠭᠤᠴᠠ ᠶᠢᠨ ᠪᠠᠶᠢᠳᠠᠯ ᠨᠢ ᠨᠡᠯᠢᠶᠡᠳ ᠰᠠᠶᠢᠨ ᠪᠠᠶᠢᠵᠤ ᠂ ᠵᠢᠱᠢᠯᠲᠡ ᠪᠠᠷ ᠬᠦᠯᠡᠮᠵᠢ ᠪᠦᠷᠢ ᠶᠢᠨ ᠤᠨᠠᠯᠳᠠ ᠨᠢ 3500 ︱ 4500 | ᠵᠢᠩ ᠪᠠᠶᠢᠵᠤ ᠂ ᠵᠢᠩ ᠪᠦᠷᠢ ᠳᠡᠭᠡᠨ 30 ᠲᠥᠭᠦᠷᠢᠭ ᠣᠷᠴᠢᠮ ᠬᠤᠳᠠᠯᠳᠤᠨ᠎ᠠ ᠃ | | | | | ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠰᠢᠨ᠎ᠡ ᠬᠡᠯᠪᠡᠷᠢ ᠶᠢᠨ ᠠᠵᠤ ᠦᠢᠯᠡᠰ ᠢ ᠳᠡᠮᠵᠢᠬᠦ ᠡᠷᠴᠢᠮ ᠢᠶᠠᠨ ᠲᠠᠰᠤᠷᠠᠯᠳᠡ ᠦᠭᠡᠢ ᠴᠢᠩᠭᠠᠷᠠᠭᠤᠯᠵᠤ ᠂ | ᠬᠦᠯᠡᠮᠵᠢ ᠶᠢᠨ ᠠᠵᠤ ᠠᠬᠤᠢ ᠶᠢ ᠬᠥᠭᠵᠢᠭᠦᠯᠬᠦ ᠶᠢ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠬᠦ ᠂ ᠲᠠᠷᠢᠶᠠᠴᠢᠳ ᠤᠨ | ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠪᠠ ᠃ ᠣᠶᠢᠷ᠎ᠠ ᠶᠢᠨ ᠬᠡᠳᠦᠨ ᠵᠢᠯ ᠤᠨ ᠬᠥᠭᠵᠢᠯᠲᠡ ᠪᠠᠷ ᠳᠡᠮᠵᠢᠨ ᠂ ᠭᠦᠵᠡᠯᠵᠡᠭᠡᠨ᠎ᠡ ᠶᠢᠨ | ᠠᠵᠤ ᠦᠢᠯᠡᠰ ᠨᠢ ᠨᠢᠭᠡᠨᠲᠡ ᠮᠠᠨ ᠤ ᠬᠤᠰᠢᠭᠤᠨ ᠤ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠰᠢᠨ᠎ᠡ ᠵᠠᠮ ᠪᠤᠯᠵᠤ ᠪᠤᠢ ᠃ | | | | | |