| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠳᠤᠭᠤᠰᠢᠯᠠᠭᠤᠯᠤᠨ ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠮᠤᠷᠳᠠᠨ ᠂ ᠵᠡᠭᠦᠨᠭᠠᠷ ᠬᠤᠰᠢᠭᠤᠨ ᠤ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠰᠦᠷ ᠳᠠᠯᠠᠶᠢᠴᠠᠲᠠᠢ ᠬᠦᠴᠦᠨ ᠢ ᠨᠢᠬᠳᠠᠷᠭᠤᠯᠬᠤ ᠶᠢᠨ ᠳᠤᠰᠠᠳᠠ᠂ ︽ ᠵᠡᠭᠦᠨᠭᠠᠷ ᠬᠤᠰᠢᠭᠤᠨ ᠤ | ᠨᠡᠶᠢᠲᠡᠯᠡᠯ ︾ ᠨᠢ ︽ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠤᠶᠠ ︾ ᠭᠡᠬᠦ ᠰᠢᠷᠢᠰ ᠲᠤᠰᠬᠠᠢ ᠪᠤᠯᠤᠩ | ᠭᠠᠷᠭᠠᠵᠤ ᠂ ᠮᠠᠨ ᠤ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠡᠷᠡᠮᠡᠬᠡᠶᠢᠯᠡᠨ ᠲᠡᠮᠡᠴᠡᠵᠦ ᠂ ᠡᠷᠡᠯᠬᠡᠭᠯᠡᠨ ᠤᠷᠤᠭᠰᠢᠯᠠᠵᠤ ᠂ ᠢᠲᠡᠭᠡᠯ | ᠲᠡᠭᠦᠯᠳᠡᠷ ᠢᠶᠠᠷ ᠰᠢᠨ᠎ᠡ ᠠᠶᠠᠨ ᠵᠠᠮ ᠳᠤ ᠤᠷᠤᠭᠰᠢᠯᠠᠨ ᠂ ᠰᠢᠨ᠎ᠡ ᠴᠠᠭ ᠦᠶ᠎ᠡ ᠳᠤ ᠵᠢᠳᠬᠦᠯ ᠴᠢᠷᠮᠠᠶᠢᠯᠭ᠎ᠠ ᠭᠠᠷᠭᠠᠬᠰᠠᠨ ᠠᠮᠢᠳᠤᠯᠢᠭ ᠦᠢᠯᠡᠳᠦᠯᠭᠡ ᠶᠢ ᠳᠡᠯᠭᠡᠨ | ᠦᠵᠡᠭᠦᠯᠬᠦ ᠪᠤᠯᠤᠯ᠎ᠠ ᠃ | 2009 ᠣᠨ ᠳᠤ ᠂ ᠬᠠᠶᠢᠷ ᠴᠢᠯᠠᠭᠤᠯᠢᠭ ᠬᠦᠷᠤᠰᠤ ᠲᠠᠢ ᠭᠠᠵᠠᠷ ᠣᠷᠣᠨ ᠳᠤ ᠬᠠᠷᠢᠶᠠᠯᠠᠭᠳᠠᠬᠤ ᠨᠤᠸᠠᠨ ᠱᠦᠢ ᠰᠢᠶᠠᠩ ᠨᠢ ᠪᠦᠬᠦ ᠰᠢᠶᠠᠩ ᠤᠨ ᠠᠮᠢ | ᠠᠬᠤᠢ ᠶᠢᠨ ᠠᠷᠠᠳ ᠢ ᠨᠡᠭᠦᠯᠭᠡᠬᠦ ᠶᠢ ᠬᠡᠷᠡᠭᠵᠢᠭᠦᠯᠪᠡ ᠃ ᠰᠠᠶᠢᠨ ᠳᠤᠷ᠎ᠠ ᠠᠴᠠ ᠪᠠᠨ ᠤᠷᠤᠯᠴᠠᠬᠤ ᠵᠠᠷᠴᠢᠮ ᠢᠶᠠᠷ ᠂ ᠢᠦᠢ ᠱᠤ᠋ ᠬᠤᠤ ᠲᠣᠰᠬᠤᠨ ᠤ ᠠᠷᠠᠳ ᠵᠠᠯᠭ᠎ᠠ | ᠵᠠᠯᠭ᠎ᠠ ᠪᠠᠷ ᠲᠣᠰᠬᠤᠨ ᠠᠴᠠ ᠪᠠᠨ ᠨᠡᠭᠦᠵᠦ ᠭᠠᠷᠤᠬᠰᠠᠨ ᠴᠤ ᠂ ᠵᠠᠷᠢᠮ ᠲᠣᠰᠬᠤᠨ ᠤ ᠠᠷᠠᠳ ᠪᠣᠯᠣᠨ ᠭᠡᠷ ᠠᠴᠠ ᠪᠠᠨ ᠰᠠᠯᠬᠤ ᠳᠤᠷ᠎ᠠ ᠦᠭᠡᠢ ᠨᠠᠰᠤᠲᠠᠳ ᠪᠠᠰᠠ ᠯᠠ | ᠠᠳᠡ ᠪᠠᠨ ᠰᠠᠭᠤᠬᠰᠠᠭᠠᠷ ᠪᠠᠶᠢᠪᠠ ᠃ ᠲᠠᠷᠢᠶᠠᠨ ᠭᠠᠵᠠᠷ ᠨᠢ ᠠᠲᠠᠷᠰᠢᠨ ᠂ ᠠᠵᠤ ᠦᠢᠯᠡᠰ ᠤᠨ ᠬᠦᠭᠵᠢᠯᠳᠡ ᠨᠢ ᠳᠠᠭᠠᠵᠤ ᠠᠮᠵᠢᠬᠤ ᠦᠭᠡᠢ ᠂ ᠰᠠᠭᠤᠷᠢ | ᠳᠦᠬᠦᠭᠡᠷᠤᠮᠵᠢ ᠂ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠵᠢᠴᠢ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠶᠢᠨ ᠬᠥᠭᠵᠢᠯᠲᠡ ᠨᠢ ᠪᠤᠰᠤᠳ | ᠠᠴᠠ ᠬᠤᠴᠤᠷᠤᠩᠭᠤᠢ ᠪᠤᠯᠤᠬᠰᠠᠨ ᠪᠠᠶᠢᠪᠠ ᠃ | | | | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠠᠪᠤᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠦᠷᠲᠡᠯᠡᠬᠢ ᠡᠨᠡ ᠠᠷᠪᠠᠨ ᠵᠢᠯ ᠤᠨ ᠬᠤᠭᠤᠴᠠᠭᠠᠨ ᠳᠤ ᠂ ᠨᠤᠸᠠᠨ ᠱᠦᠢ ᠰᠢᠶᠠᠩ ᠤᠨ ᠢᠦᠢ ᠱᠤ᠋ ᠬᠤᠤ ᠲᠣᠰᠬᠤᠨ ᠤ ᠡᠨᠡᠬᠦ ᠨᠤᠳᠤᠭ ᠳᠡᠪᠢᠰᠭᠡᠷ | ᠳᠡᠭᠡᠷ᠎ᠠ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ ᠂ ᠬᠠᠮᠲᠤ ᠶᠢᠨ ᠠᠵᠤ ᠠᠬᠤᠢ ᠬᠦᠷ ᠬᠥᠭᠵᠢᠶᠡᠨ ᠲᠠᠢ ᠪᠣᠯᠵᠤ ᠂ ᠦᠨᠳᠦᠰᠦᠨ ᠱᠠᠲᠤᠨ ᠤ ᠵᠠᠰᠠᠯᠲᠠ | ᠲᠣᠭᠲᠠᠭᠤᠨ ᠢᠶᠠᠷ ᠳᠡᠭᠡᠭᠰᠢᠯᠡᠨ᠂ ᠠᠮᠢ ᠠᠬᠤᠢ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ ᠂ ᠠᠷᠠᠳ ᠤᠯᠠᠨ ᠤ ᠣᠷᠣᠯᠭ᠎ᠠ ᠤᠯᠠᠮ ᠠᠴᠠ ᠤᠯᠠᠮ | ᠳᠡᠭᠡᠭᠰᠢᠯᠡᠵᠡᠢ ᠃ ᠳᠡᠭᠡᠪᠡᠯ ᠥᠩᠭᠡᠷᠡᠭᠰᠡᠨ ᠤ ᠳᠡᠷᠡᠬᠦ ︽ ᠪᠤᠶᠢᠳᠠ ᠪᠥᠭᠯᠡᠭᠦᠦ ᠶᠠᠳᠠᠭᠤ ᠲᠣᠰᠬᠤᠨ︾ ᠢ ᠬᠡᠷᠬᠢᠨ ᠤᠳᠤ ᠶᠢᠨ ︽ ᠪᠠᠶᠠᠨ ᠲᠠᠩᠰᠤᠭ ᠰᠢᠨ᠎ᠡ ᠬᠥᠳᠡᠭᠡ | ᠲᠣᠰᠬᠤᠨ ︾ ᠪᠣᠯᠭᠠᠭᠰᠠᠨ ᠪᠤᠢ ︖ | | | | | ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ ᠂ ᠲᠠᠷᠢᠶᠠᠨ ᠭᠠᠵᠠᠷ ᠢ ᠠᠲᠠᠷᠰᠢᠭᠤᠯᠬᠤ ᠶᠢ ᠪᠦᠲᠦᠮᠵᠢᠲᠡᠢ | ᠬᠤᠷᠢᠭᠯᠠᠬᠤ ᠶᠢᠨ ᠲᠥᠯᠥᠭᠡ ᠂ ᠲᠣᠰᠬᠤᠨ ᠤ ᠨᠠᠮ ᠤᠨ ᠡᠬᠦᠷ ᠳᠤᠰᠬᠤᠨ ᠤ ᠵᠥᠪᠯᠡᠯ ᠤᠨ ᠤᠳᠤᠷᠢᠳᠬᠤ ᠪᠠᠭ ᠢᠳᠡᠪᠬᠢᠲᠡᠢ ᠪᠠᠷ ᠨᠢᠭᠡᠳᠦᠯᠲᠡᠢ ᠲᠥᠯᠥᠪᠵᠢᠭᠦᠯᠦᠨ ᠂ | ᠬᠤᠷᠰᠢᠶ᠎ᠠ ᠬᠤᠪᠢᠶᠠᠨ ᠲᠥᠪᠯᠡᠷᠡᠭᠦᠯᠦᠨ ᠪᠠᠶᠢᠴᠠᠭᠠᠵᠤ ᠂ 1000 ᠭᠠᠷᠤᠢ ᠮᠦ ᠠᠲᠠᠷᠰᠢᠭᠰᠠᠨ ᠭᠠᠵᠠᠷ ᠢ ᠤᠷᠢᠳ ᠬᠤᠵᠢᠳ ᠴᠡᠭᠴᠡᠯᠡᠨ ᠵᠠᠰᠠᠵᠤ ᠂ ︽ ᠨᠠᠮ ᠤᠨ ᠡᠭᠦᠷ | + 6 ᠶᠠᠳᠠᠭᠤ ᠠᠴᠠ ᠠᠩᠭᠢᠵᠢᠷᠠᠭᠰᠠᠨ ᠡᠷᠦᠬᠡ ︾ ᠪᠠᠷ ᠪᠦᠷᠢᠯᠳᠦᠭᠰᠡᠨ ᠨᠤᠸᠠᠨ ᠱᠦᠢ ᠰᠢᠶᠠᠩ ᠤᠨ ᠢᠦᠢ ᠱᠤ᠋ ᠬᠤᠤ ᠲᠣᠰᠬᠤᠨ ᠤ ᠬᠠᠮᠲᠤ ᠶᠢᠨ ᠠᠵᠤ ᠠᠬᠤᠢ ᠶᠢᠨ | ᠳᠤᠰᠬᠠᠢ ᠬᠤᠷᠰᠢᠶᠠᠵᠢᠯ ᠢ ᠪᠠᠶᠢᠭᠤᠯᠵᠤ ᠂ ᠳᠤᠰᠬᠠᠢ ᠬᠤᠷᠰᠢᠶᠠᠵᠢᠯ ᠠᠴᠠ ᠦᠢᠯᠡᠳᠪᠦᠷᠢᠯᠡᠯ ᠡᠵᠡᠩᠨᠡᠯᠲᠡ ᠶᠢ ᠨᠢᠭᠡᠳᠦᠯᠲᠡᠢ ᠵᠣᠬᠢᠶᠠᠨ ᠪᠠᠶᠢᠭᠤᠯᠬᠤ ᠪᠤᠶᠤ ᠭᠠᠵᠠᠷ | ᠰᠢᠷᠣᠢ ᠶᠢ ᠲᠠᠷᠢᠮᠠᠯ ᠤᠨ ᠲᠣᠮᠣ ᠡᠷᠦᠬᠡ ᠳᠤ ᠲᠦᠷᠢᠶᠡᠰᠦᠯᠡᠨ ᠥᠭᠴᠦ ᠡᠵᠡᠩᠨᠡᠭᠦᠯᠤᠨ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ | ᠠᠮᠢᠵᠢᠷᠠᠯ ᠤᠨ ᠬᠦᠴᠦᠨ ᠢ ᠠᠪᠴᠢᠷᠠᠭᠰᠠᠨ ᠪᠠᠶᠢᠨ᠎ᠠ ᠃ ᠡᠨᠡ ᠵᠢᠯ ᠂ ᠲᠤᠰ ᠲᠣᠰᠬᠤᠨ 200 ᠭᠠᠷᠤᠢ ᠮᠦ ᠰᠠᠭᠠᠭ ᠲᠠᠷᠢᠵᠤ ᠂ ᠮᠦ ᠪᠦᠷᠢ ᠶᠢᠨ ᠤᠨᠠᠯᠲᠠ ᠨᠢ 100 | ᠭᠠᠷᠤᠢ ᠵᠢᠩ ᠳᠤ ᠬᠦᠷᠴᠦ ᠂ ᠲᠣᠰᠬᠤᠨ ᠤ ᠬᠠᠮᠲᠤ ᠶᠢᠨ ᠣᠷᠣᠯᠭ᠎ᠠ ᠨᠢ ᠵᠢᠱᠢᠯᠲᠡ ᠪᠠᠷ 10 ᠲᠦᠮᠡᠨ ᠲᠥᠭᠦᠷᠢᠭ ᠣᠷᠴᠢᠮ ᠳᠤ ᠬᠦᠷᠤᠨ᠎ᠠ ᠃ ᠲᠤᠰ ᠲᠣᠰᠬᠤᠨ | ᠪᠠᠰᠠ 100 ᠮᠦ ᠴᠤᠤ ᠲᠢᠶᠠᠨ ᠯᠠᠵᠤᠤ ᠂ 110 ᠮᠦ ᠰᠢᠷ᠎ᠠ ᠪᠤᠷᠴᠠᠭ ᠪᠠ ᠡᠷᠳᠡᠨᠢ ᠰᠢᠰᠢ ᠶᠢ ᠨᠡᠶᠢᠯᠡᠬᠦᠯᠤᠨ ᠲᠠᠷᠢᠬᠤ ᠪᠠᠷ ᠲᠤᠷᠰᠢᠵᠤ ᠂ ᠨᠢᠭᠡ ᠭᠠᠵᠠᠷ ᠲᠤ ᠬᠤᠶᠠᠷ | ᠵᠦᠢᠯ ᠤᠨ ᠳᠠᠷᠢᠮᠠᠯ ᠳᠠᠷᠢᠵᠤ ᠬᠤᠣᠰ ᠡᠯᠪᠡᠭ ᠬᠤᠷᠢᠶᠠᠯᠲᠠ ᠶᠢ ᠤᠯᠤᠬᠰᠠᠨ ᠪᠠᠶᠢᠨ᠎ᠠ ᠃ | | | | ᠪᠦᠬᠦ ᠲᠣᠰᠬᠤᠨ ᠤ ᠠᠷᠠᠳ ᠲᠤ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠨ ᠡᠳ᠋ᠯᠡᠭᠦᠯᠬᠦ ᠶᠢᠨ ᠲᠥᠯᠥᠭᠡ ᠂ ᠢᠦᠢ ᠱᠤ᠋ ᠬᠤᠤ ᠲᠣᠰᠬᠤᠨ ᠤᠷᠢᠳ | ᠬᠤᠵᠢᠳ ᠰᠣᠶᠣᠯ ᠤᠨ ᠠᠵᠢᠯᠯᠠᠭ᠎ᠠ ᠶᠢᠨ ᠠᠭᠤᠳᠠᠮ ᠲᠠᠯᠠᠪᠠᠢ ᠪᠠᠶᠢᠭᠤᠯᠵᠤ ᠂ ᠵᠠᠮ ᠤᠨ ᠳ᠋ᠧᠩ ᠤᠭᠰᠠᠷᠠᠨ ᠂ ᠬᠥᠳᠡᠭᠡ ᠲᠣᠰᠬᠤᠨ ᠤ ᠵᠠᠮ ᠵᠠᠰᠠᠵᠤ ᠂ 2018 | ᠣᠨ ᠳᠤ ᠂ ᠵᠣᠷᠯᠣᠩ ᠤᠨ ᠬᠤᠪᠢᠰᠬᠠᠯ ᠤᠨ ᠦᠭᠡᠷᠡᠴᠢᠯᠡᠯᠳᠡ ᠬᠢᠬᠦ ᠲᠤᠷᠤᠨ᠎ᠠ ᠶᠢᠨ ᠰᠠᠯᠬᠢᠨ ᠤ ᠡᠷᠴᠢᠮ ᠢ ᠠᠰᠢᠭᠯᠠᠨ ᠂ ᠪᠦᠬᠦ ᠲᠣᠰᠬᠤᠨ ᠤ ᠪᠤᠢ ᠪᠦᠬᠦᠢ ᠪᠠᠶᠢᠩᠭᠤ | ᠰᠠᠭᠤᠭ᠎ᠠ ᠡᠷᠦᠬᠡ ᠳᠤ ᠠᠷᠢᠭᠤᠨ ᠴᠡᠪᠡᠷ ᠵᠣᠷᠯᠣᠩ ᠬᠡᠷᠡᠭᠯᠡᠭᠦᠯᠵᠡᠢ ᠃ ᠡᠭᠦᠨ ᠤ ᠬᠠᠮᠲᠤ ᠂ ᠲᠣᠰᠬᠤᠨ ᠤ ᠨᠠᠮ ᠤᠨ ᠡᠭᠦᠷ ᠠᠴᠠ ᠲᠣᠰᠬᠤᠨ ᠤ ᠠᠷᠠᠳ ᠢ ᠬᠥᠲᠥᠯᠥᠨ | ᠳᠠᠭᠠᠭᠤᠯᠵᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠤᠨ ᠂ ᠲᠣᠰᠬᠤᠨ ᠤ ᠳᠣᠲᠣᠷᠠᠬᠢ ᠤᠳᠠᠭᠠᠨ | ᠵᠢᠯ ᠤᠨ ᠬᠤᠭ ᠨᠣᠪᠰᠢ ᠶᠢ ᠴᠡᠪᠡᠷᠯᠡᠨ ᠠᠷᠢᠯᠭᠠᠵᠤ ᠂ ᠲᠣᠰᠬᠤᠨ ᠤ ᠬᠤᠭᠤᠷᠣᠨᠳᠣᠬᠢ ᠵᠠᠮ ᠢ ᠭᠤᠶᠣᠵᠢᠭᠤᠯᠵᠠᠢ ᠃ ᠤᠳᠤ ᠢᠦᠢ ᠱᠤ᠋ ᠬᠤᠤ ᠲᠣᠰᠬᠤᠨ ᠳᠤ ᠂ ᠤᠯᠠᠨ | ᠲᠦᠮᠡᠨ ᠤ ᠰᠣᠶᠣᠯ ᠵᠤᠭ᠎ᠠ ᠴᠡᠩᠭᠡᠯ ᠤᠨ ᠠᠮᠢᠳᠤᠷᠠᠯ ᠤᠨ ᠲᠦᠪᠰᠢᠨ ᠮᠡᠳᠡᠭᠳᠡᠮ᠎ᠡ ᠳᠡᠭᠡᠭᠰᠢᠯᠡᠵᠦ ᠂ ᠲᠣᠰᠬᠤᠨ ᠤ ᠳᠦᠷᠰᠦ ᠪᠠᠶᠢᠳᠠᠯ ᠴᠦ᠋ ᠰᠢᠨ᠎ᠡ ᠪᠣᠯᠵᠤ ᠂ ᠠᠷᠠᠳ | ᠤᠯᠠᠨ ᠲᠣᠰᠬᠤᠨ ᠤ ᠳᠤᠮᠤ ᠬᠤᠪᠢᠷᠠᠯᠲᠠ ᠶᠢ ᠣᠯᠵᠤ ᠬᠠᠷᠠᠭᠠᠳ ᠂ ᠵᠣᠯ ᠵᠢᠷᠭᠠᠯᠳᠤ ᠲᠥᠷᠥᠭᠳᠡᠯ ᠨᠢ ᠤᠯᠠᠮ ᠳᠡᠭᠡᠭᠰᠢᠯᠡᠨ ᠂ ᠲᠦᠷᠦ ᠶᠢᠨ ᠪᠣᠳᠣᠯᠭ᠎ᠠ ᠶᠢ ᠰᠠᠶᠢᠨ ᠰᠢᠤ | ᠭᠡᠮᠡᠨ ᠮᠠᠭᠲᠠᠵᠠᠭᠠᠨ᠎ᠠ ᠃ | ᠲᠤᠰ ᠲᠣᠰᠬᠤᠨ ᠤ ᠬᠢᠨ ᠨᠠᠮ ᠤᠨ ᠡᠭᠦᠷ ᠤᠨ ᠲᠣᠰᠬᠤᠨ ᠤ ᠠᠷᠠᠳ ᠢ ᠬᠥᠲᠥᠯᠥᠨ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠵᠠᠮ | ᠳᠡᠭᠡᠷ᠎ᠡ ᠴᠢᠬᠤᠯᠠ ᠦᠢᠯᠡᠳᠦᠯ ᠦᠵᠡᠭᠦᠯᠦᠭᠰᠡᠨ ᠢ ᠠᠮᠵᠢᠯᠲᠠ ᠲᠠᠢ ᠭᠡᠷᠡᠴᠢᠯᠡᠵᠦ ᠂ ᠬᠡᠷᠬᠢᠨ ︽ ᠢᠯᠠᠯᠲᠠ ᠶᠢᠨ ᠡᠷᠴᠢᠨ ᠳᠡᠭᠡᠷ᠎ᠡ ᠪᠠᠨ ᠨᠡᠬᠡᠮᠵᠢᠯᠡᠨᠤᠷᠤᠬᠰᠢᠯᠠᠬᠤ ︾ ᠨᠢ | ᠢᠦᠢ ᠱᠤ᠋ ᠬᠤᠤ ᠲᠣᠰᠬᠤᠨ ᠤ ᠨᠠᠮ ᠤᠨ ᠡᠭᠦᠷ ᠤᠨ ᠰᠢᠨ᠎ᠡ ᠰᠡᠳᠦᠪ ᠪᠣᠯᠤᠭᠰᠠᠨ ᠪᠠᠶᠢᠨ᠎ᠠ ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠥᠷᠭᠡᠳᠬᠡᠨ᠎ᠡ ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ ᠮᠠᠶ᠋ᠢᠭ ᠤᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠪᠣᠯᠣᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ ᠂ ᠲᠠᠷᠢᠶᠠᠯᠠᠩ ᠤᠨ ᠵᠣᠬᠢᠬᠤ ᠬᠡᠪᠴᠢᠶᠡᠵᠢᠯ ᠲᠠᠢ ᠡᠵᠡᠩᠨᠡᠯᠲᠡ ᠶᠢ | ᠬᠥᠭᠵᠢᠭᠦᠯᠦᠨ᠎ᠡ ᠭᠡᠵᠦ ᠵᠢᠭᠠᠵᠤ ᠭᠠᠷᠭᠠᠪᠠ ᠃ ᠢᠯᠡᠳᠭᠡᠯ ᠨᠢ ᠢᠦᠢ ᠱᠤ᠋ ᠬᠤᠤ ᠲᠣᠰᠬᠤᠨ ᠤ ᠨᠠᠮ ᠤᠨ ᠡᠭᠦᠷ ᠤᠨ ᠱᠦᠵᠢ ᠭᠤᠤ ᠶᠠᠨ ᠳᠤ ᠨᠡᠩ ᠤᠯᠠᠨ | ᠰᠡᠩᠬᠡᠷᠡᠭᠦᠯᠦᠯ ᠦᠭᠴᠡᠢ ᠃ ︽ ᠣᠳᠣᠬᠠᠨ ᠳᠤ ᠮᠠᠨ ᠤ ᠲᠣᠰᠬᠤᠨ ᠤ ᠬᠠᠮᠲᠤ ᠶᠢᠨ ᠠᠵᠤ ᠠᠬᠤᠢ ᠨᠡᠯᠢᠶᠡᠳ ᠰᠠᠶᠢᠨ ᠪᠠᠶᠢᠵᠤ ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠭᠰᠡᠨ ᠪᠣᠯᠪᠠᠴᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠠᠭᠪᠤᠷ ᠲᠤ ᠪᠠᠰᠠ ᠨᠠᠩ | ᠵᠣᠷᠢᠭᠲᠠᠢ ᠪᠠᠷ ᠰᠢᠨ᠎ᠡ ᠶᠢ ᠡᠭᠦᠳᠴᠦ ᠂ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠬᠦ ᠪᠠ ᠲᠣᠰᠬᠤᠨ ᠤ ᠠᠷᠠᠳ ᠤᠨ ᠬᠠᠮᠲᠤ ᠪᠠᠷ ᠪᠠᠶᠠᠵᠢᠬᠤ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠥᠷᠳᠡᠬᠦ ᠰᠢᠨ᠎ᠡ ᠠᠷᠭ᠎ᠠ ᠵᠠᠮ ᠢ ᠡᠷᠢᠯᠬᠢᠯᠡᠬᠦ ᠴᠢᠬᠤᠯᠠᠲᠠᠢ ᠪᠠᠶᠢᠨ᠎ᠠ ᠃ ᠳᠠᠷᠠᠭᠠᠴᠢ ᠶᠢᠨ ᠠᠯᠬᠤᠮ ᠳᠤ᠂ ᠪᠢᠳᠡ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠠᠮᠲᠤ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠠᠷᠭ᠎ᠠ ᠬᠡᠯᠪᠡᠷᠢ ᠶᠢ ᠪᠦᠬᠦ ᠲᠠᠯ᠎ᠠ ᠪᠠᠷ | ᠰᠦᠪᠡᠭᠴᠢᠯᠡᠵᠦ ᠂ ᠲᠣᠰᠬᠤᠨ ᠤ ᠬᠠᠮᠲᠤ ᠶᠢᠨ ᠣᠷᠣᠯᠭ᠎ᠠ ᠶᠢ ᠦᠨᠡᠨᠬᠦ ᠳᠡᠭᠡᠭᠰᠢᠯᠡᠭᠦᠯᠵᠦ ᠂ ᠠᠷᠠᠳ ᠤᠯᠠᠨ ᠳᠤ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠦᠷ᠎ᠡ | ᠪᠦᠲᠦᠭᠡᠯ ᠪᠣᠯᠣᠨ ᠠᠰᠢᠭ ᠢ ᠦᠨᠡᠨᠬᠦ ᠡᠳ᠋ᠯᠡᠭᠦᠯᠦᠨ᠎ᠡ ︾ ᠭᠡᠵᠦ ᠭᠤᠤ ᠶᠠᠨ ᠶᠠᠷᠢᠨ᠎ᠠ ᠃ | ᠬᠥᠳᠡᠭᠡ ᠲᠣᠰᠬᠤᠨ ᠥᠷᠭᠡᠨ ᠠᠭᠤᠳᠠᠮ ᠂ ᠶᠡᠭᠡ ᠦᠢᠯᠡᠰ ᠢ ᠪᠦᠲᠦᠭᠡᠵᠦ ᠂ ᠨᠠᠮ ᠤᠨ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ ᠂ | ᠠᠷᠠᠳ ᠤᠯᠠᠨ ᠤ ᠠᠮᠢᠳᠤᠷᠠᠯ ᠯᠠᠪᠲᠠᠢ ᠤᠯᠠᠮ ᠠᠴᠠ ᠤᠯᠠᠮ ᠥᠭᠡᠳᠡᠯᠡᠨ ᠳᠠᠪᠰᠢᠬᠤ ᠶᠤᠮ ᠭᠡᠳᠡᠭ ᠲᠤ ᠭᠤᠣ ᠶᠠᠨ ᠪᠠᠲᠤ ᠢᠲᠡᠭᠡᠯ ᠲᠠᠢ ᠪᠠᠶᠢᠯ᠎ᠠ ᠃ | | | | |