2022 ᠤᠨ ᠤ ᠶᠢᠰᠤᠳᠤᠭᠡᠷ ᠰᠠᠷ᠎ᠠ ᠶᠢᠨ ᠵᠠᠰᠠᠭ ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/12/7
     9 ᠰᠠᠷ᠎ᠡ ᠶᠢᠨ 1 ᠤ ᠡᠳᠦᠷ᠂ ᠪᠦᠬᠦ ᠬᠤᠰᠢᠭᠤᠨ ᠤ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ  ᠤᠨ ᠳ᠋ᠥᠡᠭᠨᠡᠯᠳᠡ ᠶᠢᠨ ᠬᠤᠷᠡᠯ ᠬᠤᠷᠠᠯᠳᠤᠵᠦ᠂ ᠬᠤᠰᠢᠭᠤᠨ ᠤ ᠤᠳᠤᠷᠢᠳᠤᠯᠭ᠎ᠠ ᠴᠢᠶᠤᠤ ᡁᠢ ᠫᠢᠡᠭ᠂ ᠸᠠᠩ ᠵᠢᠩ ᠯᠦᠡᠭ᠂ ᠤᠶᠦᠨᠪᠢᠯᠢᠭ᠂ ᠵᠠᠩ ᠶᠠ ᠨᠠᠨ᠂ ᠯᠢᠦ ᠢᠤᠢ ᠴᠸᠡᠭ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠵᠢᠴᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃ ᠬᠤᠷᠡᠯ ᠠᠴᠠ ᠤᠶᠢᠷ᠎ᠡ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠭᠰᠡᠨ ᠠᠵᠢᠯ ᠳᠤ ᠪᠦᠬᠦ ᠳᠠᠯ᠎ᠠ ᠪᠠᠷ ᠳ᠋ᠦᠡᠭᠨᠡᠯᠳᠡ ᠬᠢᠵᠤ᠂ ᠤᠷᠤᠰᠢᠵᠤ ᠪᠠᠶᠢᠭ᠎ᠠ ᠠᠰᠠᠭᠤᠳᠠᠯ ᠢ ᠬᠦᠨᠵᠡᠬᠡᠢ ᠵᠠᠳᠠᠯᠵᠤ᠂ ᠳᠠᠷᠠᠭᠠᠴᠢ ᠶᠢᠨ ᠱᠠᠳᠤᠨ ᠤ ᠠᠵᠢᠯ ᠳᠤ ᠪᠠᠶᠢᠷᠢᠯᠠᠭᠤᠯᠤᠯᠳᠠ ᠬᠢᠪᠡ᠃     9 ᠰᠠᠷ᠎ᠡ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠡᠨ ᠤ ᠤᠨᠤᠯ ᠰᠤᠷᠤᠯᠴᠠᠯᠭ᠎ᠠ ᠶᠢᠨ ᠭᠤᠤᠯ ᠳᠤᠭᠤᠶᠢᠯᠠᠩ 2022 ᠤᠨ ᠤ ᠠᠷᠪᠠᠳᠤᠭᠠᠷ ᠤᠳᠠᠭᠠᠨ ᠤ ᠬᠠᠮᠳᠤ ᠶᠢᠨ ᠰᠤᠷᠤᠯᠴᠠᠯᠭ᠎ᠠ ᠵᠢᠴᠢ ᠪᠦᠬᠦ ᠬᠤᠳᠠ ᠶᠢᠨ ᠵᠢᠷᠭᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠶᠠᠷᠢᠶᠡᠨ ᠤ ᠳᠠᠪᠴᠠᠩ ᠢ ᠦᠷᠨᠢᠬᠦᠯᠪᠡ᠃ ᠬᠤᠷᠡᠯ ᠢ ᠸᠢᠳᠢᠤ᠋ ᠬᠡᠯᠪᠡᠷᠢ ᠪᠠᠷ ᠬᠤᠰᠢᠭᠤ ᠳᠤᠭᠤᠷᠢᠭ ᠬᠦᠷᠳᠡᠯ᠎ᠡ ᠶᠠᠪᠤᠬᠳᠠᠭᠤᠯᠪᠠ᠃ ᠬᠤᠰᠢᠭᠤᠨ ᠤ ᠤᠳᠤᠷᠢᠳᠤᠯᠭ᠎ᠠ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠳᠦᠷᠪᠡᠨ ᠶᠡᠭᠡ ᠤᠳᠤᠷᠢᠳᠬᠤ ᠪᠠᠭ ᠤᠨ ᠠᠯᠪᠠᠨ ᠳᠠᠭᠠᠨ ᠪᠠᠶᠢᠭ᠎ᠠ ᠤᠳᠤᠷᠢᠳᠤᠯᠭ᠎ᠠ᠂ ᠬᠤᠰᠢᠭᠤᠨ ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶ᠎ᠠ ᠶᠢᠨ《ᠬᠤᠶᠡᠷ ᠳᠠᠷᠤᠭ᠎ᠠ》᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠵᠡᠬᠦᠡᠭᠠᠷ ᠬᠤᠰᠢᠭᠤᠨ ᠤ ᠬᠤᠪᠢᠶᠠᠷᠢ ᠬᠤᠷᠡᠯ ᠤᠨ ᠳᠠᠯᠠᠪᠠᠢ ᠳᠤ ᠬᠤᠷᠡᠯ ᠳᠤ ᠤᠷᠤᠯᠴᠠᠪᠠ᠃     9 ᠰᠠᠷ᠎ᠡ ᠶᠢᠨ 5 ᠤ ᠡᠳᠦᠷ᠂ ᠬᠤᠶᠠᠳᠤᠭᠠᠷ ᠬᠤᠭᠤᠴᠠᠭᠠᠨ ᠤ ᠤᠷᠳᠤᠰ ᠤᠨ ᠬᠠᠳᠤᠨ ᠭᠤᠤᠯ ᠤᠨ ᠳᠤᠬᠤᠢ ᠶᠢᠨ ᠠᠮᠢ ᠠᠬᠤᠢ ᠰᠤᠶᠤᠯ ᠵᠤᠭᠠᠴᠠᠯ ᠤᠨ ᠨᠡᠶᠢᠷ᠂ ᠵᠡᠬᠦᠡᠭᠠᠷ ᠬᠤᠰᠢᠭᠤᠨ ᠤ ᠶᠢᠰᠦᠳᠦᠬᠡᠷ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠤᠨ ᠦᠳᠡᠰᠢᠯᠡᠭᠡ ᠵᠡᠬᠦᠡᠭᠠᠷ ᠠᠭᠤᠳᠠᠮ ᠳᠠᠯᠠᠪᠠᠢ ᠳᠤ ᠦᠪᠡᠳᠡᠭᠰᠢ ᠶᠡᠭᠡ ᠪᠠᠷ ᠡᠬᠢᠯᠡᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠬᠡᠰᠢᠬᠦᠨ ᠸᠠᠩ ᠢᠤᠢ ᠴᠸᠡᠭ᠂ ᠦᠪᠡᠷᠳᠡᠬᠡᠨ ᠵᠠᠰᠠᠬᠤ ᠤᠷᠤᠨ ᠤ ᠰᠤᠶᠤᠯ ᠵᠤᠭᠠᠴᠠᠯ ᠤᠨ ᠳᠢᠩᠬᠢᠮ ᠤᠨ ᠳᠡᠳ᠋ ᠳᠠᠷᠤᠭ᠎ᠠ ᠵᠤᠤ ᠽᠢ ᠢ᠂ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠫᠢᠡᠭ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠴᠢᠶᠤᠤ ᠮᠢᠩ᠂ ᠪᠡᠬᠡᠵᠢᠩ ᠶᠡᠭᠡ ᠰᠤᠷᠭᠠᠭᠤᠯᠢ ᠶᠢᠨ ᠰᠤᠶᠤᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠳᠤᠰᠠᠯᠠᠬᠴᠢ᠂ ᠳᠤᠮᠳᠠᠳᠤ ᠤᠯᠤᠰ ᠤᠨ ᠨᠡᠷᠡᠳᠤ ᠲᠡᠮᠳᠡᠭ ᠤᠨ ᠰᠤᠳᠤᠯᠭᠠᠨ ᠤ ᠳᠦᠪ ᠤᠨ ᠡᠷᠬᠢᠯᠡᠭᠴᠢ ᠸᠠᠩ ᠴᠢ ᠭᠦᠸᠧ᠂ ᠦᠪᠤᠷ ᠮᠤᠩᠭᠤᠯ ᠤᠨ ᠤᠷᠠᠯᠢᠭ ᠤᠨ ᠬᠦᠷᠢᠶᠠᠯᠠᠩ ᠤᠨ ᠤᠷᠠᠯᠢᠭ ᠤᠨ ᠶᠡᠷᠦᠩᠬᠡᠢ ᠬᠢᠨᠠᠬᠴᠢ ᠶᠧ ᠡᠯ ᠳ᠋ᠠ᠂ ᠵᠡᠬᠦᠡᠭᠠᠷ ᠬᠤᠰᠢᠭᠤᠨ ᠳᠤ ᠠᠵᠢᠯᠯᠠᠵᠤ ᠦᠡᠭᠬᠡᠷᠡᠭᠰᠡᠨ ᠠᠬᠠᠮᠠᠳ ᠤᠳᠤᠷᠢᠳᠤᠯᠭ᠎ᠠ᠂ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ᠂ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠬᠢᠯᠡᠭᠴᠢ ᠯᠤ᠋ ᠵᠠᠨ ᠴᠢᠩ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠵᠡᠷᠭᠡ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠠᠯᠪᠠᠨ ᠳᠠᠭᠠᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ᠂ ᠬᠤᠰᠢᠭᠤᠨ ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶ᠎ᠠ ᠶᠢᠨ《ᠬᠤᠶᠡᠷ ᠳᠠᠷᠤᠭ᠎ᠠ》᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠰᠢᠭᠤᠨ ᠤ ᠳᠤᠳᠤᠷᠡᠬᠢ ᠠᠵᠢᠯ ᠠᠴᠠ ᠪᠠᠨ ᠰᠠᠯᠵᠦ ᠠᠮᠠᠷᠠᠬᠰᠠᠨ ᠠᠬᠠᠮᠠᠳ ᠺᠠᠳ᠋ᠷ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠰᠠᠭᠤᠭ᠎ᠠ ᠠᠵᠤ ᠠᠬᠤᠶᠢᠯᠡᠯ ᠤᠨ ᠬᠠᠷᠢᠭᠤᠴᠠᠯᠭᠠᠳᠠᠨ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃     ᠳᠤᠰ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠮᠠᠨ ᠤ ᠬᠤᠰᠢᠭᠤᠨ ᠤ  ᠪᠦᠬᠦ ᠤᠯᠤᠰ ᠤᠨ《ᠠᠷᠡᠳ ᠳᠦᠮᠡᠨ ᠤ ᠬᠠᠨᠤᠮᠵᠢᠳᠡᠢ ᠤᠯᠤᠰ ᠤᠨ ᠠᠯᠪᠠᠳᠠᠨ》ᠰᠤᠶᠤᠯᠳᠤ ᠨᠦᠬᠦᠷ ᠲᠠᠢ ᠠᠭᠤᠯᠵᠠᠵᠦ᠂ ᠬᠤᠰᠢᠭᠤᠨ ᠤ ᠤᠳᠤᠷᠢᠳᠤᠯᠭ᠎ᠠ ᠯᠢ ᠶᠤᠤ ᠵᠢᠶᠦ᠋ᠨ᠂ ᠸᠠᠩ ᠢᠤᠢ ᠵᠢᠶᠧ ᠠᠭᠤᠯᠵᠠᠯᠳᠠ ᠳᠤ ᠤᠷᠤᠯᠴᠠᠪᠠ᠃     9 ᠰᠠᠷ᠎ᠡ ᠶᠢᠨ 6 ᠤ ᠡᠳᠦᠷ᠂ ᠵᠡᠬᠦᠡᠭᠠᠷ ᠬᠤᠰᠢᠭᠤᠨ ᠤ 2022 ᠤᠨ ᠤ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠡᠯᠳᠡ ᠶᠢᠨ ᠪᠠᠶᠠᠷ᠂ ᠳᠦᠷᠪᠡᠳᠦᠬᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠡᠯ ᠪᠤᠷᠤᠳᠤᠬᠤᠢ ᠰᠤᠮᠤ ᠶᠢᠨ ᠤᠷᠬᠢᠬᠤ ᠭᠠᠴᠠᠭᠠᠨ ᠳᠤ ᠡᠬᠢᠯᠡᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠬᠡᠰᠢᠬᠦᠨ ᠸᠠᠩ ᠢᠤᠢ ᠴᠸᠡᠭ᠂ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠫᠢᠡᠭ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠴᠢᠶᠤᠤ ᠮᠢᠩ᠂ ᠪᠡᠬᠡᠵᠢᠩ ᠶᠡᠭᠡ ᠰᠤᠷᠭᠠᠭᠤᠯᠢ ᠶᠢᠨ ᠰᠤᠶᠤᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠶᠢᠨ ᠳᠤᠰᠠᠯᠠᠬᠴᠢ᠂ ᠳᠤᠮᠳᠠᠳᠤ ᠤᠯᠤᠰ ᠤᠨ ᠨᠡᠷᠡᠳᠤ ᠲᠡᠮᠳᠡᠭ ᠤᠨ ᠰᠤᠳᠤᠯᠭᠠᠨ ᠤ ᠳᠦᠪ ᠤᠨ ᠡᠷᠬᠢᠯᠡᠭᠴᠢ ᠸᠠᠩ ᠴᠢ ᠭᠦᠸᠧ᠂ ᠦᠪᠡᠷᠳᠡᠬᠡᠨ ᠵᠠᠰᠠᠬᠤ ᠤᠷᠤᠨ ᠤ ᠤᠯᠤᠰ ᠤᠨ ᠦᠮᠴᠢᠯᠡᠯᠳᠤ ᠡᠳ᠋ ᠬᠦᠷᠦᠩᠬᠡ ᠶᠢᠨ ᠬᠢᠨᠠᠨ ᠬᠠᠮᠢᠶᠠᠷᠤᠯᠳᠡ ᠶᠢᠨ ᠵᠦᠪᠯᠡᠯ ᠤᠨ ᠤᠤᠯ ᠤᠨ ᠳᠡᠳ᠋ ᠡᠷᠬᠢᠯᠡᠭᠴᠢ᠂ ᠤᠯᠤᠰ ᠤᠨ ᠪᠠᠳᠤᠯᠠᠨ ᠬᠠᠮᠠᠭᠠᠯᠠᠯᠳᠠ  ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠠᠵᠤ ᠦᠢᠯᠡᠳᠪᠦᠷᠢ ᠶᠢᠨ ᠠᠯᠪᠠᠨ ᠬᠡᠷ ᠤᠨ ᠤᠤᠯ ᠤᠨ ᠡᠷᠬᠢᠯᠡᠭᠴᠢ ᠶᠠᠩ ᠵᠠᠨ ᠯᠢᠨ᠂ ᠤᠤᠯ ᠤᠨ ᠶᠡᠭᠡ ᠵᠤᠤ ᠠᠶᠢᠮᠠᠭ  ᠤᠨ ᠳᠤᠮᠳᠠ ᠵᠡᠷᠭᠡ ᠶᠢᠨ ᠠᠷᠡᠳ ᠤᠨ ᠰᠢᠬᠦᠬᠦ ᠬᠤᠷᠢᠶᠡᠨ ᠤ ᠳᠠᠷᠤᠭ᠎ᠠ ᠵᠠᠩ ᠱᠢ ᠵᠢᠶᠧ᠂ ᠳᠠᠷᠢᠶᠠᠯᠠᠩ ᠬᠦᠳᠡᠭᠡ ᠳᠤᠰᠬᠤᠨ ᠤ ᠶᠠᠮᠤᠨ ᠤ ᠳᠠᠷᠢᠶᠠᠯᠠᠩ ᠤᠨ ᠪᠦᠳᠦᠭᠡᠭᠳᠡᠬᠦᠨ ᠤ ᠶᠠᠰᠤ ᠴᠢᠨᠡᠷ ᠤᠨ ᠪᠠᠷᠢᠮᠵᠢᠶᠡᠨ ᠤ ᠰᠤᠳᠤᠯᠭᠠᠨ ᠤ ᠳᠦᠪ᠂ ᠰᠢᠯᠢᠳᠡᠭ ᠳᠠᠷᠢᠶᠠᠯᠠᠩ ᠤᠨ ᠪᠦᠳᠦᠭᠡᠭᠳᠡᠬᠦᠨ ᠤ ᠬᠠᠮᠳᠤᠷᠠᠨ ᠰᠢᠨ᠎ᠡ ᠶᠢ ᠡᠬᠦᠳᠬᠦ ᠳᠤᠷᠰᠢᠯᠳᠡ ᠶᠢᠨ ᠳᠠᠰᠤᠭ ᠤᠨ ᠳᠡᠳ᠋ ᠡᠷᠬᠢᠯᠡᠭᠴᠢ ᠰᠢᠤᠢ ᠬᠠᠢ ᠶᠤᠸᠠᠨ︔ ᠰᠤ᠋ ᠰᠢᠨ ᠶᠠ᠂ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠠᠯᠪᠠᠨ ᠳᠠᠭᠠᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ᠂ ᠬᠤᠰᠢᠭᠤᠨ ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶ᠎ᠠ ᠶᠢᠨ《ᠬᠤᠶᠡᠷ ᠳᠠᠷᠤᠭ᠎ᠠ》᠂ ᠬᠤᠰᠢᠭᠤᠨ ᠤ ᠲᠤᠳᠤᠷᠠᠬᠢ ᠬᠡᠰᠡᠭ ᠠᠵᠢᠯ ᠠᠴᠠ ᠪᠠᠨ ᠰᠠᠯᠵᠦ ᠠᠮᠠᠷᠠᠬᠰᠠᠨ ᠠᠬᠠᠮᠠᠳ ᠺᠠᠳ᠋ᠷ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠳᠠ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠ ᠠᠬ᠎ᠠ ᠳᠡᠬᠦᠦ ᠬᠤᠰᠢᠭᠤ ᠳᠤᠭᠤᠷᠢᠭ ᠤᠨ ᠬᠤᠯᠪᠤᠬᠳᠠᠯ ᠪᠦᠬᠦᠢ ᠤᠳᠤᠷᠢᠳᠬᠤ ᠨᠦᠬᠦᠳ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃ ᠳᠤᠰ ᠤᠳᠠᠭᠠᠨ ᠤ ᠶᠡᠭᠡ ᠬᠤᠷᠡᠯ ᠢ ᠤᠷᠳᠤᠰ ᠬᠤᠳᠠ ᠶᠢᠨ ᠰᠤᠶᠤᠯ ᠪᠠ ᠵᠤᠭᠠᠴᠠᠯ ᠤᠨ ᠳᠤᠪᠴᠢᠶ᠎ᠡ᠂ ᠵᠡᠬᠦᠡᠭᠠᠷ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠪᠡ᠃ ᠠᠵᠢᠯᠯᠠᠭᠠᠨ ᠤ ᠬᠤᠭᠤᠴᠠᠭᠠᠨ ᠳᠤ᠂ ᠮᠤᠷᠢ ᠤᠷᠤᠯᠳᠤᠬᠤ᠂ ᠪᠦᠬᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠳᠤ ᠪᠡᠶ᠎ᠡ ᠳᠠᠮᠢᠷ ᠤᠨ ᠤᠷᠤᠯᠳᠤᠭᠠᠨ ᠠᠴᠠ ᠭᠠᠳᠠᠨ᠎ᠠ ᠪᠠᠰᠠ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠭᠡᠭᠳᠡᠬᠦᠨ ᠤ ᠳᠡᠯᠬᠡᠨ ᠦᠵᠡᠬᠦᠯᠬᠡ᠂ ᠨᠠᠭᠠᠳᠤᠮ ᠤᠨ ᠭᠤᠤᠯ ᠰᠡᠳᠦᠪᠳᠤ ᠬᠡᠷᠡᠯ ᠵᠢᠷᠤᠭ ᠴᠠᠭᠠᠰᠤᠨ ᠬᠠᠶᠢᠴᠢᠯᠠᠮᠠᠯ ᠵᠡᠷᠭᠡ ᠠᠵᠢᠯᠯᠠᠭ᠎ᠠ ᠶᠢ ᠳᠤᠬᠢᠷᠠᠭᠤᠯᠪᠠ᠃      ᠳᠤᠰ ᠡᠳᠦᠷ᠂ ᠵᠡᠬᠦᠡᠭᠠᠷ ᠬᠤᠰᠢᠭᠤᠨ ᠤ ᠶᠢᠰᠦᠳᠦᠬᠡᠷ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠤᠨ ᠵᠠᠭᠤᠨ ᠰᠤᠳᠤᠨ ᠳᠠᠭᠤᠤ ᠶᠢᠨ ᠰᠤᠩᠭᠤᠮᠠᠯ᠂ ᠰᠤᠶᠤᠯ ᠤᠨ ᠪᠦᠳᠦᠭᠡᠯᠴᠢ ᠪᠦᠳᠦᠭᠡᠭᠳᠡᠬᠦᠨ᠂ ᠭᠤᠷᠪᠠᠳᠤᠭᠠᠷ ᠪᠦᠯᠦᠭ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ᠵᠢᠴᠢ ᠤᠯᠠᠮᠵᠢᠯᠠᠬᠴᠢ ᠶᠢ ᠨᠡᠶᠢᠳᠡᠯᠡᠬᠦ ᠬᠤᠷᠡᠯ ᠬᠤᠰᠢᠭᠤᠨ ᠤ ᠬᠤᠷᠡᠯ ᠤᠨ ᠳᠦᠪ ᠲᠤ ᠶᠠᠪᠤᠬᠳᠠᠪᠠ᠃ ᠦᠪᠤᠷ ᠮᠤᠩᠭᠤᠯ ᠤᠨ ᠺᠢᠨᠤ᠋ ᠶᠢᠨ ᠪᠦᠯᠦᠭᠯᠡᠯ ᠤᠨ ᠨᠠᠮ ᠤᠨ ᠬᠤᠷᠢᠶᠡᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠽᠸᠡᠭ ᠬᠠᠨ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠬᠤᠰᠢᠭᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠵᠢᠴᠢ ᠬᠡᠰᠡᠭ ᠠᠯᠳᠠᠷᠳᠤ ᠰᠢᠯᠦᠭᠴᠢᠨ᠂ ᠲᠠᠭᠤᠯᠠᠯ ᠤᠨ ᠵᠤᠬᠢᠶᠠᠯᠴᠢ᠂ ᠲᠠᠭᠤᠯᠠᠯ ᠤᠨ ᠵᠤᠬᠢᠶᠠᠬᠴᠢ ᠤᠷᠤᠯᠴᠠᠪᠠ᠃      9 ᠰᠠᠷ᠎ᠡ ᠶᠢᠨ 5 — 7 ᠤ ᠡᠳᠦᠷ ᠪᠤᠯᠳᠠᠯ᠎ᠠ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠴᠢᠶᠤᠤ ᠮᠢᠩ ᠨᠡᠷ ᠮᠠᠨ ᠤ ᠬᠤᠰᠢᠭᠤᠨ ᠳᠤ ᠢᠷᠡᠵᠤ᠂《 ᠵᠡᠬᠦᠡᠭᠠᠷ ᠤᠨ ᠬᠠᠳᠤᠨ ᠭᠤᠤᠯ ᠤᠨ ᠳᠤᠮᠤ ᠬᠠᠪᠴᠢᠯ ᠤᠨ ᠤᠷᠤᠨ ᠪᠦᠰᠡ ᠰᠤᠨᠳᠠᠯᠠᠬᠰᠠᠨ ᠬᠠᠮᠳᠤᠷᠠᠯᠴᠠᠭ᠎ᠠ ᠶᠢ ᠬᠠᠶᠢᠨ ᠰᠦᠪᠡᠭᠴᠢᠯᠡᠵᠤ᠂ ᠰᠤᠶᠤᠯ ᠵᠤᠭᠠᠴᠠᠯ ᠤᠨ ᠡᠬᠢ ᠪᠠᠶᠠᠯᠢᠭ ᠢ ᠬᠠᠮᠳᠤᠪᠡᠷ ᠡᠳ᠋ᠯᠡᠬᠦ ᠪᠠ ᠰᠤᠶᠤᠯ ᠵᠤᠭᠠᠴᠠᠯ ᠤᠨ ᠴᠢᠨᠡᠷ ᠰᠠᠶᠢᠳᠠᠢ ᠬᠦᠭᠵᠢᠯᠳᠡ ᠶᠢ ᠠᠬᠢᠭᠤᠯᠬᠤ》ᠰᠡᠳᠦᠪ ᠤᠨ ᠲᠤᠭᠤᠷᠢᠨ ᠳᠤ ᠪᠠᠶᠢᠴᠠᠭᠠᠨ ᠰᠤᠳᠤᠯᠤᠯᠳᠠ ᠬᠢᠵᠤ᠂ ᠪᠠᠶᠢᠴᠠᠭᠠᠨ ᠰᠤᠳᠤᠯᠤᠯᠳᠠ ᠨᠢ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠬᠦ ᠪᠠ ᠰᠠᠭᠤᠨ ᠶᠠᠷᠢᠯᠴᠠᠬᠤ ᠠᠷᠭ᠎ᠠ ᠬᠡᠯᠪᠡᠷᠢ ᠪᠠᠷ ᠶᠠᠪᠤᠬᠳᠡᠵᠡᠢ᠃ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠵᠢᠶᠠ ᠭᠤᠸᠠᠩ ᠬᠤᠸᠠ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠭᠤᠤ ᠷᠦᠨ ᠬᠤᠸᠠ᠂ ᠭᠦᠸᠧ ᠶᠦᠡᠭ ᠯᠢᠨ ᠵᠢᠴᠢ ᠬᠤᠯᠪᠤᠬᠳᠠᠯ ᠪᠦᠬᠦᠢ ᠪᠠᠶᠢᠭᠤᠯᠭ᠎ᠠ ᠨᠢᠬᠡᠴᠢ ᠶᠢᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠨᠢ ᠬᠠᠷᠢᠭᠤ ᠮᠡᠳᠡᠬᠦᠯᠦᠯᠳᠡ ᠶᠢ ᠰᠤᠨᠤᠰᠴᠤ᠂ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠬᠦ ᠪᠠᠷ ᠲᠠᠮᠵᠢᠭᠠᠳ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠵᠢᠴᠢ ᠡᠵᠡᠩᠨᠡᠯᠳᠡ ᠶᠢᠨ ᠪᠠᠶᠢᠳᠠᠯ ᠢ ᠨᠠᠷᠢᠨ ᠦᠢᠯᠠᠭᠠᠬᠰᠠᠨ ᠤ ᠬᠠᠮᠳᠤ ᠰᠠᠨᠠᠭᠤᠯᠭ᠎ᠠ ᠦᠭᠪᠠ᠃      9 ᠰᠠᠷ᠎ᠡ ᠶᠢᠨ 7 ᠤ ᠦᠳᠡᠰᠢ᠂ ᠵᠡᠬᠦᠡᠭᠠᠷ ᠬᠤᠰᠢᠭᠤᠨ ᠤ ᠶᠢᠰᠦᠳᠦᠬᠡᠷ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ ᠵᠢᠴᠢ 2022 ᠭᠤᠷᠪᠠᠳᠤᠭᠠᠷ ᠬᠤᠭᠤᠴᠠᠭᠠᠨ ᠤ ᠤᠷᠳᠤᠰ ᠤᠨ ᠳᠠᠯ᠎ᠠ ᠨᠤᠳᠤᠭ ᠤᠨ ᠳᠤᠷᠭᠠᠨ ᠵᠠᠮ ᠤᠨ ᠨᠠᠶᠢᠷᠡᠯ ᠳᠠᠭᠤᠤ ᠶᠢᠨ ᠨᠠᠶᠢᠷ ᠵᠡᠬᠦᠡᠭᠠᠷ ᠡᠨᠧᠷᠬᠢ ᠶᠢᠨ ᠪᠦᠯᠦᠭᠯᠡᠯ ᠤᠨ ᠲᠢᠶᠠᠲᠷ ᠲᠤ ᠶᠠᠪᠤᠬᠳᠠᠪᠠ᠃      9 ᠰᠠᠷ᠎ᠡ ᠶᠢᠨ 6 —7 ᠤ ᠡᠳᠦᠷ ᠪᠤᠯᠳᠠᠯ᠎ᠠ᠂ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠸᠠᠩ ᠫᠢᠡᠭ ᠨᠡᠷ ᠵᠡᠬᠦᠡᠭᠠᠷ ᠬᠤᠰᠢᠭᠤᠨ ᠳᠤ ᠢᠷᠡᠵᠤ ᠲᠠᠪᠤ ᠶᠢ ᠲᠤᠶᠢᠯᠪᠤᠷᠢᠳᠡᠢ ᠪᠠᠶᠢᠴᠠᠭᠠᠬᠤ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠬᠢᠯᠡᠭᠴᠢ ᠯᠤ᠋ ᠵᠠᠨ ᠴᠢᠩ᠂ ᠳᠡᠳ᠋ ᠡᠷᠬᠢᠯᠡᠭᠴᠢ ᠶᠠᠨ ᠹᠸᠢ᠂ ᠬᠤᠰᠢᠭᠤᠨ ᠤ ᠳᠡᠳ᠋ ᠳᠠᠷᠤᠭ᠎ᠠ ᠡᠤ ᠰᠢᠤᠢ ᠳ᠋ᠦᠡᠭ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠡᠷ᠎ᠡ ᠪᠤᠯᠪᠠ᠃ ᠸᠠᠩ ᠫᠢᠡᠭ ᠨᠡᠷ ᠪᠤᠳᠠᠳᠠᠢ ᠭᠠᠵᠠᠷ ᠲᠤᠨᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠠᠵᠢᠯ ᠤᠨ ᠶᠠᠪᠤᠬᠳᠠᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠬᠰᠠᠨ ᠤ ᠬᠠᠮᠳᠤ ᠰᠠᠭᠤᠨ ᠶᠠᠷᠢᠯᠴᠠᠪᠠ᠃      9 ᠰᠠᠷ᠎ᠡ ᠶᠢᠨ 7 — 8 ᠤ ᠡᠳᠦᠷ ᠪᠤᠯᠳᠠᠯ᠎ᠠ᠂ 38 ᠳᠠᠬᠢ ᠪᠠᠭᠰᠢ ᠶᠢᠨ ᠪᠠᠶᠠᠷ ᠤᠨ ᠡᠳᠦᠷ ᠬᠦᠷᠴᠤ ᠢᠷᠡᠬᠦ ᠳᠠᠰᠢᠷᠡᠮ ᠢᠶᠠᠷ᠂ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠰᠤ᠋ ᠰᠢᠨ ᠶᠠ᠂ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ᠂ ᠵᠢᠶᠤᠤ ᠵᠢᠩ᠂ ᠸᠠᠩ ᠢᠤᠢ ᠵᠢᠶᠧ ᠨᠡᠷ ᠳᠤᠰᠪᠤᠷᠢ ᠰᠢᠤᠸᠠᠢ ᠵᠢᠶᠠ ᠸᠠᠨ ᠪᠠᠯᠭᠠᠰᠤ᠂ ᠱᠠᠬᠳᠠᠷ ᠪᠠᠯᠭᠠᠰᠤ᠂ ᠳ᠋ᠠ ᠯᠤ᠋ ᠰᠢᠨ᠎ᠡ ᠳᠤᠭᠤᠷᠢᠭ ᠤᠨ ᠡᠯ᠎ᠡ ᠰᠤᠷᠭᠠᠭᠤᠯᠢ ᠨᠤᠭᠤᠳ ᠢᠶᠠᠷ ᠬᠦᠷᠴᠤ ᠨᠢᠬᠡᠳᠦᠬᠡᠷ ᠹᠷᠤᠨᠲ ᠲᠡᠭᠡᠷ᠎ᠠ ᠠᠵᠢᠯᠯᠠᠵᠦ ᠪᠠᠶᠢᠭ᠎ᠠ ᠪᠠᠭᠰᠢ ᠨᠡᠷ ᠤᠨ ᠳᠦᠯᠦᠭᠡᠯᠡᠭᠴᠢ ᠶᠢ ᠪᠤᠯᠭᠤᠭᠠᠨ ᠦᠵᠡᠵᠤ᠂ ᠳᠠᠳᠠᠨᠠᠷ ᠲᠤ ᠨᠠᠮ ᠪᠠ ᠵᠠᠰᠠᠭ ᠤᠨ ᠤᠷᠳᠤᠨ ᠤ ᠬᠠᠶᠢᠷ᠎ᠡ ᠬᠠᠯᠠᠮᠵᠢ ᠶᠢ ᠬᠦᠷᠬᠡᠬᠦ ᠶᠢᠨ ᠬᠠᠮᠳᠤ ᠦᠷᠬᠡᠨ ᠤᠯᠠᠨ ᠪᠠᠭᠰᠢ ᠪᠠ ᠰᠤᠷᠭᠠᠨ ᠬᠦᠮᠦᠵᠢᠯ ᠤᠨ ᠠᠵᠢᠯᠳᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠬᠦᠨᠳᠦᠳᠬᠡᠯ ᠳᠡᠪᠰᠢᠬᠦᠯᠪᠡ᠃9 ᠰᠠᠷ᠎ᠡ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ 2022 ᠤᠨ ᠤ ᠬᠤᠰᠢᠭᠤᠨ ᠤ ᠨᠠᠮ ᠤᠨ ᠬᠤᠷᠢᠶᠡᠨ ᠤ ᠬᠠᠤᠯᠢ ᠶᠤᠰᠤᠭᠠᠷ ᠬᠤᠰᠢᠭᠤ ᠪᠠᠨ ᠪᠦᠬᠦ ᠳᠠᠯ᠎ᠠ ᠪᠠᠷ ᠵᠠᠰᠠᠬᠤ ᠵᠦᠪᠯᠡᠯ ᠤᠨ ᠠᠩᠬᠠᠳᠤᠭᠠᠷ ᠤᠳᠠᠭ᠎ᠠ ᠶᠢᠨ ᠬᠤᠷᠡᠯ ᠢ ᠡᠷᠬᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠵᠢᠶᠤᠤ ᠵᠢᠩ᠂ ᠴᠢᠶᠤᠤ ᠠᠢ ᠫᠢᠡᠭ᠂ ᠸᠠᠩ ᠢᠤᠢ ᠵᠢᠶᠧ᠂ ᠸᠠᠩ ᠮᠢᠨ᠂ ᠤᠶᠦᠨᠪᠢᠯᠢᠭ᠂ ᠭᠤᠤ ᠷᠦᠨ ᠬᠤᠸᠠ᠂ ᠬᠤᠰᠢᠭᠤᠨ ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶ᠎ᠡ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃       9 ᠰᠠᠷ᠎ᠡ ᠶᠢᠨ 9 ᠤ ᠡᠳᠦᠷ᠂ ᠵᠡᠬᠦᠡᠭᠠᠷ ᠬᠤᠰᠢᠭᠤ ᠪᠦᠬᠦ ᠬᠤᠰᠢᠭᠤᠨ ᠤ 38 ᠳᠠᠬᠢ ᠪᠠᠭᠰᠢ ᠶᠢᠨ ᠪᠠᠶᠠᠷ ᠤᠨ ᠡᠳᠦᠷ ᠢ ᠪᠡᠯᠬᠡᠯᠡᠬᠦ ᠶᠡᠭᠡ ᠬᠤᠷᠡᠯ ᠢ ᠦᠪᠡᠳᠡᠭᠰᠢ ᠶᠡᠭᠡ ᠪᠠᠷ ᠡᠷᠬᠢᠯᠡᠨ ᠶᠠᠪᠤᠬᠳᠠᠭᠤᠯᠵᠤ᠂ ᠪᠦᠬᠦ ᠬᠤᠰᠢᠭᠤᠨ ᠤ ᠰᠤᠷᠭᠠᠨ ᠬᠦᠮᠦᠵᠢᠯ ᠤᠨ ᠦᠢᠯᠡᠰ ᠲᠤ ᠲᠤᠪᠤᠶᠢᠮ᠎ᠠ ᠵᠢᠳᠬᠦᠯ ᠴᠢᠷᠮᠠᠶᠢᠯᠭ᠎ᠠ ᠭᠠᠷᠭᠠᠬᠰᠠᠨ ᠳᠡᠷᠢᠬᠦᠨ ᠤ ᠬᠠᠮᠳᠤ ᠨᠠᠶᠢᠳᠠ ᠪᠠ ᠬᠤᠪᠢ ᠬᠦᠮᠦᠨ ᠢ ᠬᠦᠬᠢᠬᠦᠯᠦᠨ ᠱᠠᠩᠨᠠᠪᠠ᠃ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠠᠯᠪᠠᠨ ᠳᠠᠭᠠᠨ ᠪᠠᠶᠢᠭ᠎ᠠ ᠤᠳᠤᠷᠢᠳᠤᠯᠭ᠎ᠠ ᠬᠤᠷᠡᠯ ᠳᠤ ᠤᠷᠤᠯᠴᠠᠪᠠ᠃ ᠬᠤᠰᠢᠭᠤᠨ ᠤ ᠰᠢᠬᠦᠬᠦ ᠬᠤᠷᠢᠶ᠎ᠡ ᠪᠠᠶᠢᠴᠠᠭᠠᠬᠤ ᠬᠤᠷᠢᠶ᠎ᠠ ᠶᠢᠨ《ᠬᠤᠶᠡᠷ ᠳᠠᠷᠤᠭ᠎ᠠ》᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠤᠰᠢᠭᠤᠨ ᠤ ᠠᠵᠢᠯ ᠠᠴᠠ ᠪᠠᠨ ᠰᠠᠯᠵᠦ ᠠᠮᠠᠷᠠᠬᠰᠠᠨ ᠰᠢᠶᠠᠨ ᠤ ᠲᠡᠰ ᠤᠨ ᠬᠡᠰᠡᠭ ᠤᠳᠤᠷᠢᠳᠤᠯᠭ᠎ᠠ᠂ ᠡᠯ᠎ᠡ ᠰᠤᠮᠤ ᠰᠢᠶᠠᠩ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠵᠠᠰᠠᠭ ᠤᠨ ᠭᠤᠤᠯ ᠬᠠᠷᠢᠭᠤᠴᠠᠯᠭᠠᠳᠠᠨ᠂ ᠬᠡᠰᠡᠭ ᠠᠵᠤ ᠠᠬᠤᠶᠢᠯᠠᠯᠳᠠᠨ ᠤ ᠳᠦᠯᠦᠭᠡᠯᠡᠭᠴᠢ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠵᠡᠬᠢᠷᠤᠯ᠂ ᠬᠦᠬᠢᠬᠦᠯᠦᠭᠳᠡᠨ ᠱᠠᠩᠨᠠᠬᠳᠠᠬᠰᠠᠨ ᠪᠦᠬᠦ ᠬᠦᠮᠦᠰ᠂ ᠬᠡᠰᠡᠭ ᠪᠠᠭᠰᠢ ᠶᠢᠨ ᠳᠦᠯᠦᠭᠡᠯᠡᠭᠴᠢ ᠶᠡᠭᠡ ᠬᠤᠷᠡᠯ ᠳᠤ ᠤᠷᠤᠯᠴᠠᠪᠠ᠃      ᠳᠤᠰ ᠡᠳᠦᠷ᠂ ᠳᠦᠷᠦ ᠶᠢᠨ ᠶᠠᠪᠤᠳᠠᠯ ᠤᠨ ᠬᠤᠷᠢᠶᠡᠨ ᠤ ᠬᠠᠮᠳᠤᠷᠠᠨ ᠰᠡᠷᠬᠡᠶᠢᠯᠡᠵᠤ ᠬᠠᠮᠳᠤᠷᠠᠨ ᠡᠵᠡᠮᠳᠡᠬᠦ ᠳᠤᠬᠳᠠᠴᠠ ᠶᠢᠨ ᠲᠧᠯᠸᠢᠰ ᠳ᠋ᠢᠶᠠᠩᠬᠤᠸᠠ ᠬᠤᠷᠡᠯ ᠬᠤᠷᠠᠯᠳᠤᠪᠠ᠃ ᠬᠤᠷᠡᠯ ᠤᠨ ᠳᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠸᠠᠩ ᠯᠢ ᠰᠢᠶᠠ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠸᠢᠳᠢᠤ᠋ ᠳᠤᠬᠢᠷᠠᠭᠤᠯᠤᠯᠳᠠ ᠶᠢᠨ ᠬᠤᠷᠡᠯ ᠢ ᠳᠠᠷᠤᠢ ᠳᠦᠷᠬᠡᠨ ᠡᠷᠬᠢᠯᠡᠨ ᠬᠤᠷᠠᠯᠳᠤᠭᠤᠯᠪᠠ᠃ ᠳᠠᠷᠠᠭ᠎ᠠ ᠨᠢ᠂ ᠤᠷᠳᠤᠰ ᠬᠤᠳᠠ ᠶᠢᠨ ᠬᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠸᠢᠳᠢᠤ᠋ ᠳᠤᠰᠬᠠᠢ ᠰᠡᠳᠦᠪᠳᠤ ᠬᠤᠷᠡᠯ ᠢ ᠡᠷᠬᠢᠯᠡᠨ ᠬᠤᠷᠠᠯᠳᠤᠭᠤᠯᠪᠠ᠃ ᠬᠤᠷᠡᠯ ᠢ ᠸᠢᠳᠢᠤ᠋ ᠬᠡᠯᠪᠡᠷᠢ ᠪᠠᠷ ᠶᠠᠪᠤᠬᠳᠠᠭᠤᠯᠪᠠ᠃ ᠬᠤᠰᠢᠭᠤᠨ ᠤ ᠤᠳᠤᠷᠢᠳᠤᠯᠭ᠎ᠠ ᠤᠶᠦᠨᠪᠢᠯᠢᠭ᠂ ᠵᠠᠩ ᠶᠠ ᠨᠠᠨ᠂ ᠵᠡᠬᠦᠡᠭᠠᠷ ᠠᠵᠤ ᠠᠬᠤᠢ  ᠶᠢᠨ ᠨᠡᠬᠡᠬᠡᠯᠳᠡ ᠶᠢᠨ ᠤᠷᠤᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠳᠤᠰᠬᠠᠢ ᠳᠦᠷᠦᠯ  ᠤᠨ ᠳᠤᠭᠤᠶᠢᠯᠠᠩ᠂ ᠳᠤᠰᠬᠠᠢ ᠠᠩᠬᠢ ᠶᠢᠨ ᠳᠤᠭᠤᠶᠢᠯᠠᠩ ᠤᠨ ᠳᠠᠷᠤᠭ᠎ᠠ ᠵᠢᠴᠢ ᠬᠤᠯᠪᠤᠬᠳᠠᠯ ᠪᠦᠬᠦᠢ ᠪᠠᠶᠢᠭᠤᠯᠭ᠎ᠠ ᠨᠢᠬᠡᠴᠢ ᠶᠢᠨ ᠭᠤᠤᠯ ᠬᠠᠷᠢᠭᠤᠴᠠᠯᠭᠠᠳᠠᠨ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠳᠠᠨ ᠮᠠᠨ ᠤ ᠬᠤᠰᠢᠭᠤᠨ ᠤ ᠬᠤᠪᠢᠶᠠᠷᠢ ᠬᠤᠷᠡᠯ ᠤᠨ ᠳᠠᠯᠠᠪᠠᠢ ᠳᠤ ᠬᠤᠷᠡᠯ ᠳᠤ ᠤᠷᠤᠯᠴᠠᠪᠠ᠃      ᠳᠤᠰ ᠡᠳᠦᠷ᠂ ᠵᠡᠬᠦᠡᠭᠠᠷ ᠬᠤᠰᠢᠭᠤᠨ ᠤ 2022 ᠤᠨ ᠤ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠡᠯᠳᠡ ᠶᠢᠨ ᠪᠠᠶᠠᠷ᠂ ᠬᠤᠶᠠᠳᠤᠭᠠᠷ ᠬᠤᠭᠤᠴᠠᠭᠠᠨ ᠤ ᠤᠷᠳᠤᠰ ᠤᠨ ᠬᠠᠳᠤᠨ ᠭᠤᠤᠯ ᠤᠨ ᠳᠤᠬᠤᠢ ᠶᠢᠨ ᠠᠮᠢ ᠠᠬᠤᠢ ᠰᠤᠶᠤᠯ ᠵᠤᠭᠠᠴᠠᠯ ᠤᠨ ᠨᠠᠶᠢᠷ᠂ ᠶᠢᠰᠦᠳᠦᠬᠡᠷ ᠬᠤᠭᠤᠴᠠᠭᠠᠨ ᠤ ᠮᠠᠩᠬᠠᠨ ᠠᠶᠠᠯᠭᠤ ᠶᠢᠨ ᠤᠷᠠᠯᠢᠭ ᠤᠨ ᠨᠠᠶᠢᠷ᠂ ᠳᠦᠷᠪᠡᠳᠦᠬᠡᠷ ᠬᠤᠭᠤᠴᠠᠭᠠᠨ ᠤ ᠨᠠᠭᠠᠳᠤᠮ ᠤᠨ ᠶᠡᠭᠡ ᠬᠤᠷᠡᠯ ᠵᠡᠬᠦᠡᠭᠠᠷ ᠠᠭᠤᠳᠠᠮ ᠳᠠᠯᠠᠪᠠᠢ ᠳᠤ ᠠᠮᠵᠢᠯᠳᠡ ᠲᠠᠢ ᠦᠨᠳᠦᠷᠯᠡᠪᠡ᠃ ᠬᠤᠰᠢᠭᠤᠨ ᠤ ᠤᠳᠤᠷᠢᠳᠤᠯᠭ᠎ᠠ ᠳᠠᠩ ᠳᠠᠯᠠᠢ᠂ ᠶᠠᠨ ᠹᠸᠢ᠂ ᠵᠠᠩ ᠶᠠ ᠨᠠᠨ᠂ ᠭᠦᠸᠧ ᠶᠦᠡᠭ ᠯᠢᠨ᠂ ᠵᠠᠩ ᠳ᠋ᠦᠡᠭ᠂ ᠬᠤᠰᠢᠭᠤᠨ ᠤ ᠰᠢᠬᠦᠬᠦ ᠬᠤᠷᠢᠶ᠎ᠡ᠂ ᠪᠠᠶᠢᠴᠠᠭᠠᠬᠤ ᠬᠤᠷᠢᠶ᠎ᠡ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ ᠡᠯ᠎ᠡ ᠠᠷᠡᠳ ᠤᠨ ᠪᠦᠯᠬᠦᠮ ᠤᠨ ᠭᠤᠤᠯ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠪᠠ᠃      9 ᠰᠠᠷ᠎ᠡ ᠶᠢᠨ13 ᠤ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ2022 ᠤᠨ ᠤ 20 ᠳ᠋ᠤᠭᠠᠷ ᠤᠳᠠᠭ᠎ᠠ ᠶᠢᠨ ᠱᠦᠵᠢ ᠨᠠᠷ  ᠤᠨ ᠳᠤᠰᠬᠠᠢ ᠰᠡᠳᠦᠪᠳᠤ ᠬᠤᠷᠡᠯ ᠢ ᠡᠷᠬᠢᠯᠡᠨ ᠬᠤᠷᠠᠯᠳᠤᠭᠤᠯᠵᠦ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ᠂ ᠠᠷᠡᠯᠵᠢᠶᠠᠴᠢᠨ ᠤᠷᠢᠵᠤ ᠪᠡᠯᠡ ᠲᠠᠳᠠᠬᠰᠠᠨ ᠵᠡᠷᠭᠡ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠬᠠᠮᠢᠶ᠎ᠠ ᠪᠦᠬᠦᠢ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠴᠢᠶᠤᠤ ᠠᠢ ᠫᠢᠡᠭ᠂ ᠴᠢᠤᠢ ᠱᠤ᠋ ᠴᠢᠩ᠂ ᠸᠠᠩ ᠢᠤᠢ ᠵᠢᠶᠧ᠂ ᠡᠤ ᠰᠢᠤᠢ ᠳ᠋ᠦᠡᠭ᠂ ᠵᠠᠩ ᠶᠠ ᠨᠠᠨ᠂ ᠯᠢᠦ ᠢᠤᠢ ᠴᠸᠡᠭ᠂ ᠬᠤᠸᠠᠩ ᠯᠸᠢ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃      9 ᠰᠠᠷ᠎ᠡ ᠶᠢᠨ 14 ᠤ ᠡᠳᠦᠷ᠂ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠪᠠᠶᠠᠷ ᠨᠡᠷ ᠮᠠᠨ ᠤ ᠬᠤᠰᠢᠭᠤᠨ ᠳᠤ ᠢᠷᠡᠵᠤ᠂ 《ᠤᠷᠳᠤᠰ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠳᠦᠯᠦᠪᠵᠢᠬᠦᠯᠦᠨ ᠪᠦᠳᠦᠬᠡᠨ ᠪᠠᠶᠢᠭᠤᠯᠬᠤ ᠲᠦᠷᠢᠮ》 ︵ᠳᠤᠤᠷ᠎ᠡ ᠲᠦᠷᠢᠮ ᠬᠡᠵᠤ ᠳᠦᠬᠦᠮᠴᠢᠯᠡᠨ᠎ᠡ︶ ᠢ ᠳᠤᠭᠤᠰᠢᠯᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠳᠤᠬᠠᠢ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠬᠢᠪᠠ᠃ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠷᠧᠨ ᠠᠨ ᠰᠢᠶᠠ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠵᠢᠴᠢ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠰᠤᠶᠤᠯ ᠡᠷᠡᠬᠦᠯ ᠬᠠᠮᠠᠭᠠᠯᠠᠯ ᠤᠨ ᠵᠦᠪᠯᠡᠯ᠂ ᠬᠤᠰᠢᠭᠤᠨ ᠤ ᠰᠤᠷᠭᠠᠨ ᠬᠦᠮᠦᠵᠢᠯ ᠪᠡᠶ᠎ᠡ ᠳᠠᠮᠢᠷ᠂ ᠪᠠᠶᠢᠭᠠᠯᠢ ᠶᠢᠨ ᠡᠬᠢ ᠪᠠᠶᠠᠯᠢᠭ᠂ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ᠂ ᠬᠤᠳᠠ ᠶᠢᠨ ᠬᠠᠮᠢᠶᠠᠷᠤᠯᠳᠡ ᠵᠡᠷᠭᠡ ᠴᠢᠳᠠᠪᠬᠢ ᠰᠠᠯᠠᠭ᠎ᠠ ᠮᠦᠴᠢᠷ  ᠤᠨ ᠬᠠᠷᠢᠭᠤᠴᠠᠯᠭᠠᠳᠠᠨ᠂ ᠬᠡᠰᠡᠭ ᠬᠤᠳᠠ ᠶᠢᠨ ᠠᠷᠡᠳ ᠤᠨ ᠳᠦᠯᠦᠭᠡᠯᠡᠭᠴᠢ᠂ ᠬᠡᠷ ᠤᠨ ᠠᠬᠠᠮᠠᠳ ᠤᠨ ᠳᠦᠯᠦᠭᠡᠯᠡᠭᠴᠢ ᠪᠠᠶᠢᠴᠠᠭᠠᠯᠳᠠ ᠳᠤ ᠪᠡᠷ᠎ᠡ ᠪᠤᠯᠪᠠ᠃       9 ᠰᠠᠷ᠎ᠡ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠪᠠᠶᠢᠡᠭᠭᠤ ᠶᠢᠨ ᠬᠤᠷᠢᠶ᠎ᠡ ᠬᠤᠷᠡᠯ ᠬᠤᠷᠠᠯᠳᠤᠭᠤᠯᠵᠦ᠂ ᠶᠡᠷᠦᠩᠬᠡᠢ ᠱᠦᠵᠢ ᠰᠢ  ᠶᠢᠨ ᠫᠢᠡᠭ ᠤᠨ ᠪᠠᠶᠠᠷ ᠤᠨ ᠵᠠᠬᠢᠳᠡᠯ ᠤᠨ ᠵᠤᠷᠢᠭ ᠰᠠᠨᠠᠭ᠎ᠠ ᠪᠠ ᠳᠡᠬᠡᠳᠦ ᠱᠠᠳᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠡᠯ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠠᠵᠢᠯ ᠤᠨ ᠬᠤᠪᠢᠶᠠᠷᠢᠯᠠᠯᠳᠠ᠂ ᠨᠡᠬᠦᠷᠡᠰᠤᠨ ᠤ ᠵᠠᠰᠠᠨ ᠴᠡᠭᠴᠡᠯᠡᠯᠳᠡ᠂《ᠨᠢᠬᠡ ᠬᠦᠬᠦᠷᠬᠡ ᠶᠢᠨ ᠪᠠᠬᠢᠯᠡᠯᠳᠡ》 ᠶᠢᠨ ᠪᠦᠳᠦᠬᠡᠨ ᠪᠠᠶᠢᠭᠤᠯᠤᠯᠳᠠ᠂ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠤᠷᠴᠢᠨ ᠳᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠵᠠᠷᠭᠤ ᠶᠢ ᠬᠦᠯᠢᠶᠡᠨ ᠠᠪᠤᠮᠠᠬᠴᠠ ᠳᠠᠷᠤᠢ ᠰᠢᠢᠳᠪᠤᠷᠢᠯᠡᠬᠦ᠂ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠰᠢᠯᠢᠳᠡᠭᠵᠢᠬᠦᠯᠬᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠵᠡᠷᠬᠡ ᠠᠵᠢᠯ ᠢ ᠰᠤᠳᠤᠯᠪᠠ᠃ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ ᠬᠤᠷᠡᠯ ᠢ ᠡᠷᠬᠢᠯᠡᠪᠡ᠃ ᠬᠤᠰᠢᠭᠤᠨ ᠤ ᠤᠳᠤᠷᠢᠳᠤᠯᠭ᠎ᠠ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ᠂ ᠵᠢᠶᠤᠤ ᠵᠢᠩ᠂ ᠴᠢᠶᠤᠤ ᠠᠢ ᠫᠢᠡᠭ᠂ ᠴᠢᠤᠢ ᠱᠤ᠋ ᠴᠢᠩ᠂ ᠳᠠᠩ ᠳᠠᠯᠠᠢ᠂ ᠴᠢᠶᠤᠤ ᡁᠢ ᠫᠢᠡᠭ᠂ ᠯᠢ ᠶᠤᠤ ᠵᠢᠶᠦ᠋ᠨ᠂ ᠸᠠᠩ ᠢᠤᠢ ᠵᠢᠶᠧ᠂ ᠸᠠᠩ ᠵᠢᠩ ᠯᠦᠡᠭ᠂ ᠤᠶᠦᠨᠪᠢᠯᠢᠭ᠂ ᠵᠠᠩ ᠶᠠ ᠨᠠᠨ᠂ ᠯᠢᠦ ᠢᠤᠢ ᠴᠸᠡᠭ᠂ ᠬᠤᠸᠠᠩ ᠯᠸᠢ ᠬᠤᠷᠡᠯ ᠳᠤ ᠤᠷᠤᠯᠴᠠᠪᠠ᠃      ᠳᠤᠰ ᠡᠳᠦᠷ᠂ ᠬᠤᠰᠢᠭᠤᠨ ᠤ ᠠᠷᠡᠳ ᠤᠨ ᠰᠢᠬᠦᠬᠦ ᠬᠤᠷᠢᠶᠡᠨ ᠤ《 ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠠᠵᠢᠯ ᠤᠨ ᠦᠷᠳᠡᠭᠡ》 ᠶᠢᠨ ᠫᠠᠶᠢᠰᠠ ᠰᠡᠬᠦᠬᠦ ᠶᠤᠰᠤᠯᠠᠯ ᠤᠯᠤᠰ ᠤᠨ ᠡᠨᠧᠷᠬᠢ ᠶᠢᠨ ᠪᠦᠯᠦᠭᠯᠡᠯ ᠤᠨ ᠵᠡᠬᠦᠡᠭᠠᠷ ᠡᠨᠧᠷᠬᠢ  ᠶᠢᠨ ᠪᠦᠯᠦᠭᠯᠡᠯ ᠳᠤ ᠶᠠᠪᠤᠬᠳᠠᠪᠠ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶᠡᠨ ᠤ ᠬᠤᠶᠠᠳᠤᠭᠠᠷ ᠳᠡᠰ ᠤᠨ ᠲᠡᠬᠡᠳᠤ ᠵᠡᠷᠬᠡ ᠶᠢᠨ ᠰᠢᠬᠦᠬᠦ ᠲᠤᠰᠢᠶᠠᠯᠳᠠᠨ᠂ ᠤᠷᠴᠢᠨ ᠳᠤᠭᠤᠷᠢᠨ ᠡᠬᠢ ᠪᠠᠶᠠᠯᠢᠭ ᠤᠨ ᠳᠢᠩᠬᠢᠮ ᠤᠨ ᠳᠠᠷᠤᠭ᠎ᠠ ᠡᠤ ᠰᠢᠤᠸᠠᠢ ᠳ᠋ᠦᠡᠭ᠂ ᠬᠤᠳᠠ ᠶᠢᠨ ᠠᠷᠡᠳ ᠤᠨ ᠳᠤᠮᠳᠠ ᠵᠡᠷᠬᠡ ᠶᠢᠨ ᠰᠢᠬᠦᠬᠦ ᠬᠤᠷᠢᠶᠡᠨ ᠤ ᠳᠡᠳ᠋ ᠬᠤᠷᠢᠶᠡᠨ ᠳᠠᠷᠤᠭ᠎ᠠ ᠴᠢᠶᠠᠨ ᠤᠶᠤᠨ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶᠡᠨ ᠤ ᠱᠦᠵᠢ ᠵᠢᠶᠤᠤ ᠵᠢᠩ᠂ ᠵᠡᠬᠦᠡᠭᠠᠷ ᠡᠨᠧᠷᠬᠢ ᠶᠢᠨ ᠪᠦᠯᠦᠭᠯᠡᠯ ᠺᠤᠮᠫᠠᠨᠢ ᠶᠢᠨ ᠨᠠᠮ ᠤᠨ ᠬᠤᠷᠢᠶᠡᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠦ᠋ ᠱᠠᠨ ᠵᠸᠦ ᠫᠠᠶᠢᠰᠠ ᠰᠡᠬᠦᠬᠦ ᠶᠤᠰᠤᠯᠠᠯ ᠳᠤ ᠤᠷᠤᠯᠴᠠᠪᠠ᠃      ᠳᠤᠰ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠬᠢᠨᠡᠨ ᠪᠤᠳᠤᠬᠤ ᠵᠦᠪᠯᠡᠯ ᠳᠤᠯᠤᠳᠤᠭᠠᠷ ᠤᠳᠠᠭ᠎ᠠ ᠶᠢᠨ ᠬᠤᠷᠡᠯ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠡᠭ ᠤᠨ ᠬᠢᠨᠠᠨ ᠪᠤᠳᠤᠬᠤ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ᠂ ᠶᠡᠷᠦᠩᠬᠡᠢ ᠰᠠᠶᠢᠳ ᠯᠢ ᠺᠧ ᠴᠢᠶᠠᠩ ᠤᠨ ᠶᠠᠷᠢᠶᠡᠨ ᠤ ᠵᠤᠷᠢᠭ ᠰᠠᠨᠠᠭ᠎ᠠ ᠵᠢᠴᠢ ᠳᠡᠬᠡᠳᠦ ᠱᠠᠳᠤᠨ ᠤ ᠬᠠᠮᠢᠶ᠎ᠠ ᠪᠦᠬᠦᠢ ᠬᠤᠷᠡᠯ ᠤᠨ ᠵᠤᠷᠢᠭ ᠰᠠᠨᠠᠭ᠎ᠠ ᠶᠢ ᠤᠯᠠᠮᠵᠢᠯᠡᠨ ᠰᠤᠷᠤᠯᠴᠠᠵᠤ᠂ ᠬᠢᠨᠠᠨ ᠪᠤᠳᠤᠬᠤ ᠠᠵᠢᠯ  ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃ ᠬᠤᠰᠢᠭᠤᠨ ᠤ ᠨᠠᠮ ᠤᠨ ᠬᠤᠷᠢᠶᠡᠨ ᠤ ᠱᠦᠵᠢ᠂ ᠬᠤᠰᠢᠭᠤᠨ ᠤ ᠨᠠᠮ ᠤᠨ ᠬᠤᠷᠢᠶᠡᠨ ᠤ ᠬᠢᠨᠠᠨ ᠪᠤᠳᠤᠬᠤ ᠵᠦᠪᠯᠡᠯ  ᠤᠨ ᠡᠷᠬᠢᠯᠡᠭᠴᠢ ᠰᠤ᠋ ᠰᠢᠨ ᠶᠠ ᠬᠤᠷᠡᠯ ᠢ ᠡᠷᠬᠢᠯᠡᠭᠰᠡᠨ ᠪᠦᠬᠡᠳ ᠶᠠᠷᠢᠶ᠎ᠡ ᠳᠠᠯᠪᠢᠪᠠ᠃ ᠬᠤᠰᠢᠭᠤᠨ ᠤ ᠬᠢᠨᠠᠨ ᠪᠤᠳᠤᠬᠤ ᠵᠦᠪᠯᠡᠯ ᠤᠨ ᠳᠡᠳ᠋ ᠡᠷᠬᠢᠯᠡᠭᠴᠢ ᠰᠤᠷᠭᠠᠯᠳᠤ ᠂ ᠴᠢᠶᠤᠤ ᡁᠢ ᠫᠢᠡᠭ ᠬᠤᠷᠡᠯ ᠳᠤ ᠤᠷᠤᠯᠴᠠᠪᠠ᠃      9 ᠰᠠᠷ᠎ᠡ ᠶᠢᠨ16 ᠤ ᠡᠳᠦᠷ᠂ ᠵᠡᠬᠦᠡᠭᠠᠷ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠤᠯᠪᠠᠰᠤᠷᠡᠯ ᠤᠨ ᠠᠩᠬᠢ ᠶᠢᠨ ᠰᠤᠷᠤᠯᠭ᠎ᠠ ᠳᠡᠬᠦᠰᠬᠦ ᠬᠠᠷᠢᠭᠤ ᠮᠡᠳᠡᠬᠦᠯᠦᠯᠳᠡ ᠶᠢᠨ ᠬᠤᠷᠡᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ ᠬᠤᠷᠡᠯ ᠳᠤ ᠤᠷᠤᠯᠴᠠᠬᠰᠠᠨ ᠪᠦᠬᠡᠳ ᠶᠠᠷᠢᠶ᠎ᠡ ᠳᠠᠯᠪᠢᠪᠠ᠃ ᠬᠤᠰᠢᠭᠤᠨ ᠤ ᠤᠳᠤᠷᠢᠳᠤᠯᠭ᠎ᠠ ᠯᠢ ᠶᠤᠤ ᠵᠢᠶᠦ᠋ᠨ᠂ ᠸᠠᠩ ᠢᠤᠢ ᠵᠢᠶᠧ ᠬᠤᠷᠡᠯ ᠳᠤ ᠤᠷᠤᠯᠴᠠᠪᠠ᠃ ᠬᠤᠷᠡᠯ ᠠᠴᠠ ᠠᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠠᠩᠬᠢ ᠡᠷᠬᠢᠯᠡᠭᠰᠡᠨ ᠪᠠᠶᠢᠳᠠᠯ ᠢ ᠳᠠᠨᠢᠯᠴᠠᠭᠤᠯᠵᠤ᠂ ᠠᠩᠬᠢ ᠶᠢᠨ ᠡᠷᠬᠢᠯᠡᠭᠴᠢ ᠵᠢᠴᠢ ᠰᠤᠷᠤᠯᠭᠠᠳᠠᠨ ᠳᠠᠷᠠᠭᠠᠯᠠᠨ ᠦᠬᠡ ᠶᠠᠷᠢᠪᠡ᠃ ᠬᠤᠷᠡᠯ ᠳᠤ ᠤᠷᠤᠯᠴᠠᠬᠰᠠᠳ ᠠᠷᠪᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠠᠩᠬᠢ ᠶᠢᠨ ᠵᠢᠭᠠᠨ ᠰᠤᠷᠭᠠᠯᠳᠠ ᠶᠢᠨ ᠸᠢᠳᠢᠤ᠋ ᠪᠠ ᠰᠤᠷᠤᠯᠭᠠᠳᠠᠨ ᠤ ᠤᠷᠡᠨ ᠰᠠᠶᠢᠬᠠᠨ ᠤ ᠳᠤᠬᠯᠠᠯᠳᠠ ᠶᠢ ᠰᠤᠨᠢᠷᠬᠠᠪᠠ᠃      ᠳᠤᠰ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠨᠡᠷᠡᠰᠤᠨ ᠪᠠᠯᠭᠠᠰᠤᠨ ᠳᠤ ᠬᠦᠷᠴᠤ᠂ ᠲᠦᠢᠮᠠᠷ ᠭᠠᠷᠳᠠᠭ ᠤᠷᠤᠨ ᠤ ᠵᠠᠰᠠᠯᠳᠠ᠂ ᠠᠶᠤᠯ ᠦᠬᠡᠢ ᠦᠢᠯᠡᠳᠪᠦᠷᠢᠯᠡᠯ᠂ ᠵᠠᠬᠢᠳᠡᠯ ᠰᠤᠷᠪᠤᠯᠵᠢᠯᠠᠯ ᠳᠤᠬᠳᠠᠭᠤᠨ ᠢ ᠬᠠᠮᠠᠭᠠᠯᠠᠬᠤ ᠵᠡᠷᠬᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠬᠤᠰᠢᠭᠤᠨ ᠤ ᠳᠡᠳ᠋ ᠳᠠᠷᠤᠭ᠎ᠠ ᠯᠢᠦ ᠢᠤᠢ ᠴᠸᠡᠭ᠂ ᠨᠠᠷᠡᠰᠤᠨ ᠪᠠᠯᠭᠠᠰᠤ ᠶᠢᠨ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃ᠳᠤᠰ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ ᠵᠡᠬᠢᠳᠡᠯ ᠰᠤᠷᠪᠤᠯᠵᠢᠯᠠᠯ ᠤᠨ ᠲᠤᠪᠴᠢᠶᠠᠨ ᠳᠤ ᠰᠤᠷᠪᠤᠯᠵᠢᠯᠠᠯ ᠢᠶᠠᠷ ᠬᠦᠷᠴᠤ ᠢᠷᠡᠭᠰᠡᠨ ᠤᠯᠠᠨ ᠳᠦᠮᠡᠨ ᠢ ᠬᠦᠯᠢᠶᠡᠨ ᠠᠪᠴᠤ᠂ ᠳᠤᠬᠠᠢ ᠶᠢᠨ ᠳᠠᠯᠠᠪᠠᠢ ᠳᠤ ᠵᠠᠬᠢᠳᠡᠯ ᠰᠤᠷᠪᠤᠯᠵᠢᠯᠠᠯ ᠤᠨ ᠶᠠᠪᠤᠳᠠᠯ ᠢ ᠵᠤᠬᠢᠴᠠᠭᠤᠯᠤᠨ ᠰᠢᠢᠳᠪᠦᠷᠢᠯᠡᠪᠡ᠃ ᠰᠤ᠋ ᠰᠢᠨ ᠶᠠ ᠤᠷᠢᠳ ᠬᠤᠵᠢᠳ 7 ᠪᠦᠯᠦᠭ ᠤᠳᠠᠭ᠎ᠠ ᠰᠤᠷᠪᠤᠯᠵᠢᠯᠠᠯ ᠢᠶᠠᠷ ᠢᠷᠡᠭᠰᠡᠨ ᠤᠯᠠᠨ ᠳᠦᠮᠡᠨ ᠢ ᠬᠦᠯᠢᠶᠡᠨ ᠠᠪᠴᠤ᠂ ᠬᠤᠰᠢᠭᠤᠨ ᠤ ᠤᠳᠤᠷᠢᠳᠤᠯᠭ᠎ᠠ ᠴᠢᠤᠢ ᠱᠤ᠋ ᠴᠢᠩ᠂ ᠸᠠᠩ ᠢᠤᠢ ᠵᠢᠶᠧ ᠵᠠᠬᠢᠳᠠᠯ ᠰᠤᠷᠪᠤᠯᠵᠢᠯᠡᠯ ᠤᠨ ᠬᠦᠯᠢᠶᠡᠨ ᠠᠪᠬᠤ ᠳᠤ ᠤᠷᠤᠯᠴᠠᠪᠠ᠃      9 ᠰᠠᠷ᠎ᠡ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠤᠤ ᠵᠢᠩ ᠨᠠᠮ ᠤᠨ ᠬᠤᠷᠢᠳᠤᠭᠠᠷ ᠶᠡᠭᠡ ᠬᠤᠷᠡᠯ ᠤᠨ ᠬᠤᠭᠤᠴᠠᠭᠠᠨ ᠳᠠᠬᠢ ᠳᠤᠬᠳᠠᠭᠤᠨ ᠪᠠᠶᠢᠳᠠᠯ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠤᠭᠤᠳᠪᠠ᠃ ᠬᠤᠰᠢᠭᠤᠨ ᠤ ᠨᠠᠮ ᠤᠨ ᠬᠤᠷᠢᠶᠡᠨ ᠤ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ᠂ ᠬᠤᠰᠢᠭᠤᠨ ᠤ ᠳᠤᠳᠤᠭᠠᠳᠤ ᠶᠢ ᠬᠠᠮᠠᠭᠠᠯᠠᠬᠤ ᠳᠤᠪᠴᠢᠶ᠎ᠡ᠂ ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠡ ᠶᠢᠨ ᠳᠤᠪᠴᠢᠶ᠎ᠡ ᠵᠡᠷᠭᠡ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠡ ᠪᠤᠯᠪᠠ᠃ ᠬᠢᠨᠠᠨ ᠵᠢᠯᠤᠭᠤᠳᠬᠤ ᠳᠤᠭᠤᠶᠢᠯᠠᠩ ᠤᠷᠢᠳ ᠬᠤᠵᠢᠳ S31 ᠵᠠᠮ ᠤᠨ ᠰᠢᠤᠸᠠᠢ ᠵᠢᠶᠠ ᠸᠠᠨ ᠳᠠᠬᠢ ᠦᠨᠳᠦᠷ ᠬᠤᠷᠳᠤᠴᠠᠳᠤ ᠵᠠᠰᠠᠮᠠᠯ ᠵᠠᠮ ᠤᠨ ᠠᠮᠠᠰᠠᠷ᠂ ᠶᠦᠨ ᠳ᠋ᠠ ᠪᠠᠷᠠᠭᠠᠨ ᠤ ᠬᠦᠢᠯᠬᠡᠬᠡ᠂ ᠶᠠᠩ ᠭᠤᠸᠠᠩ ᠰᠢᠨ᠎ᠠ ᠠᠮᠢᠳᠤᠷᠡᠯ ᠤᠨ ᠬᠡᠳᠤ ᠳᠡᠯᠬᠡᠬᠦᠷ᠂ ᠵᠡᠬᠦᠡᠭᠠᠷ ᠤᠨ ᠭᠠᠯᠳᠤ ᠲᠡᠷᠬᠡᠨ ᠤ ᠦᠷᠳᠡᠭᠡ ᠵᠢᠴᠢ ᠵᠡᠬᠦᠡᠭᠠᠷ ᠬᠤᠰᠢᠭᠤᠨ ᠤ ᠵᠠᠮ ᠬᠠᠷᠢᠯᠴᠠᠭ᠎ᠠ ᠶᠢᠨ ᠴᠠᠬᠳᠠᠭᠠᠨ ᠤ ᠶᠡᠭᠡ ᠠᠩᠬᠢ ᠵᠡᠷᠭᠡ ᠭᠠᠵᠠᠷ ᠲᠤ ᠬᠦᠷᠴᠤ᠂ ᠬᠠᠷᠢᠭᠤ ᠮᠡᠳᠡᠬᠦᠯᠦᠯᠳᠡ ᠶᠢ ᠰᠤᠨᠤᠰᠴᠤ᠂ ᠮᠠᠲ᠋ᠧᠷᠢᠶᠡᠯ ᠢ ᠪᠠᠶᠢᠴᠠᠭᠠᠨ ᠦᠵᠡᠵᠦ᠂ ᠳᠤᠬᠠᠢ ᠶᠢᠨ ᠳᠠᠯᠠᠪᠠᠢ ᠳᠤ ᠪᠠᠶᠢᠴᠠᠭᠠᠨ ᠦᠵᠡᠬᠦ ᠵᠡᠷᠭᠡ ᠬᠡᠯᠪᠡᠷᠢ ᠪᠠᠷ ᠲᠠᠮᠵᠢᠭᠤᠯᠤᠨ᠂ ᠨᠠᠮ ᠤᠨ ᠬᠤᠷᠢᠳᠤᠭᠠᠷ ᠶᠡᠭᠡ ᠬᠤᠷᠡᠯ ᠤᠨ ᠬᠤᠭᠤᠴᠠᠭᠠᠨ ᠳᠠᠬᠢ ᠮᠠᠨ ᠤ ᠬᠤᠰᠢᠭᠤᠨ ᠤ ᠳᠤᠬᠳᠠᠭᠤᠨ ᠪᠠᠶᠢᠳᠠᠯ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠪᠠᠶᠢᠴᠠᠭᠠᠪᠠ᠃       9 ᠰᠠᠷ᠎ᠡ ᠶᠢᠨ 19 ᠤ ᠡᠳᠦᠷ᠂ ᠪᠦᠬᠦ ᠬᠤᠳᠠ ᠶᠢᠨ ᠨᠢᠬᠡᠳᠦᠬᠡᠷ ᠠᠵᠤ ᠦᠢᠯᠡᠰ ᠢ ᠲᠠᠬᠢᠨ ᠱᠤᠭᠤᠬᠤ ᠶᠢ ᠠᠬᠢᠭᠤᠯᠬᠤ ᠳᠤᠬᠠᠢ ᠶᠢᠨ ᠳᠠᠯᠠᠪᠠᠢ ᠶᠢᠨ ᠦᠵᠡᠬᠦᠯᠬᠡ ᠶᠢᠨ ᠬᠤᠷᠡᠯ ᠵᠡᠬᠦᠡᠭᠠᠷ ᠬᠤᠰᠢᠭᠤᠨ ᠳᠤ ᠶᠠᠪᠤᠬᠳᠠᠪᠠ᠃ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠡᠳ᠋ ᠳᠠᠷᠤᠭ᠎ᠠ ᠴᠧᠨ ᠰᠢ ᠷᠦᠡᠭ ᠂ ᠬᠤᠳᠠ ᠶᠢᠨ ᠨᠠᠮ ᠤᠨ ᠬᠤᠷᠢᠶᠡᠨ ᠤ ᠠᠯᠪᠠᠨ ᠬᠡᠷ ᠤᠨ ᠳᠡᠳ᠋ ᠡᠷᠬᠢᠯᠡᠭᠴᠢ ᠬᠤᠸᠠᠩ ᠸᠧᠢ ᠬᠤᠸᠠ᠂ ᠡᠯ᠎ᠡ ᠬᠤᠰᠢᠭᠤ ᠳᠤᠭᠤᠷᠢᠭ ᠤᠨ ᠨᠠᠮ ᠤᠨ ᠬᠤᠷᠢᠶ᠎ᠡ᠂ ᠵᠠᠰᠠᠭ ᠤᠨ ᠤᠷᠳᠤᠨ ᠵᠢᠴᠢ ᠬᠤᠳᠠ ᠶᠢᠨ ᠰᠢᠭᠤᠳ ᠬᠠᠷᠢᠶ᠎ᠡ ᠡᠯ᠎ᠡ ᠰᠠᠯᠠᠭ᠎ᠠ ᠮᠦᠴᠢᠷ ᠤᠨ ᠭᠤᠤᠯ ᠤᠳᠤᠷᠢᠳᠤᠯᠭ᠎ᠠ᠂ ᠬᠤᠰᠢᠭᠤᠨ ᠤ ᠤᠳᠤᠷᠢᠳᠤᠯᠭ᠎ᠠ ᠵᠢᠶᠤᠤ ᠵᠢᠩ ᠂ ᠸᠠᠩ ᠵᠢᠩ ᠯᠦᠡᠭ ᠠᠵᠢᠯᠯᠠᠭ᠎ᠠ ᠳᠤ ᠤᠷᠤᠯᠴᠠᠪᠠ᠃ ᠬᠤᠷᠡᠯ ᠳᠤ ᠤᠷᠤᠯᠴᠠᠬᠰᠠᠳ ᠳᠤᠬᠠᠢ ᠶᠢᠨ ᠳᠠᠯᠠᠪᠠᠢ ᠳᠤ ᠵᠡᠬᠦᠡᠭᠠᠷ ᠬᠤᠰᠢᠭᠤᠨ ᠤ ᠬᠠᠳᠤᠨ ᠭᠤᠤᠯ ᠤᠨ ᠳᠤᠳᠤᠷᠭ᠎ᠠ ᠵᠢᠭᠠᠰᠤᠨ ᠤ ᠠᠮᠢ ᠠᠬᠤᠢ ᠶᠢᠨ ᠵᠤᠭᠠᠴᠠᠯ ᠤᠨ ᠬᠦᠷᠢᠶᠡᠯᠡᠩ ᠤᠨ ᠳᠠᠷᠢᠶᠠᠯᠠᠩ ᠤᠨ ᠳᠠᠷᠢᠮᠡᠯ᠂ ᠵᠤᠭᠠᠴᠠᠯ ᠤᠨ ᠦᠵᠡᠮᠵᠢ ᠶᠢᠨ ᠴᠤᠬᠴᠠᠯᠠᠯᠳᠠ ᠪᠠ ᠬᠠᠳᠤᠨ ᠭᠤᠤᠯ ᠤᠨ ᠠᠮᠢ ᠠᠬᠤᠢ ᠶᠢ ᠴᠡᠭᠴᠡᠯᠡᠨ ᠵᠠᠰᠠᠬᠤ ᠵᠢᠴᠢ ᠰᠢᠷᠡᠯᠵᠢᠳᠡᠢ ᠰᠢᠶᠠᠩ ᠤᠨ ᠵᠦᠡᠭ ᠲᠢᠶᠡᠨ ᠰᠢᠨᠵᠢᠯᠡᠬᠦ ᠤᠬᠠᠭᠠᠨ ᠮᠡᠷᠬᠡᠵᠢᠯ ᠤᠨ ᠤᠳᠤ ᠦᠶ᠎ᠡ  ᠶᠢᠨ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠦᠨᠳᠦᠰᠤᠨ ᠪᠠᠶᠢᠳᠠᠯ᠂ ᠮᠡᠷᠬᠡᠵᠢᠯ ᠤᠨ ᠦᠢᠯᠡᠴᠢᠯᠡᠬᠡᠨ ᠤ ᠰᠢᠰᠲ᠋ᠧᠮ ᠪᠠ ᠲᠠᠷᠢᠶᠠᠯᠠᠩ ᠠᠵᠤ ᠠᠬᠤᠶᠢᠯᠡᠯ ᠤᠨ ᠬᠠᠮᠳᠤᠷᠠᠯᠴᠠᠭᠠᠨ ᠤ ᠵᠠᠬᠪᠤᠷ ᠢ ᠲᠤᠭᠤᠷᠢᠨ ᠦᠵᠡᠪᠡ᠃       9 ᠰᠠᠷ᠎ᠡ ᠶᠢᠨ 20 ᠤ ᠡᠳᠦᠷ᠂ ᠤᠷᠳᠤᠰ ᠬᠤᠳᠠ ᠶᠢᠨ ᠰᠢᠨ ᠴᠤᠸᠠᠩ ᠰᠢᠨ᠎ᠡ ᠮᠠᠲ᠋ᠧᠷᠢᠶᠡᠯ ᠤᠨ ᠬᠢᠵᠠᠭᠠᠷᠳᠤ ᠺᠤᠮᠫᠠᠨᠢ ᠶᠢᠨ ᠯᠢᠲ᠋ᠢ ᠢᠶᠤᠨ ᠳ᠋ᠢᠶᠡᠨ ‍ᠤᠤᠢ  ᠶᠢᠨ ᠪᠢᠯᠢᠭ ᠳᠦᠢᠯ ᠤᠨ ᠮᠠᠲ᠋ᠧᠷᠢᠶᠡᠯ ᠢ ᠨᠢᠬᠡ ᠴᠤᠬᠴᠠᠵᠢᠭᠤᠯᠤᠬᠰᠠᠨ ᠳᠦᠷᠦᠯ ᠵᠦᠢᠯ ᠵᠡᠬᠦᠡᠭᠠᠷ ᠬᠤᠰᠢᠭᠤᠨ ᠤ ᠳ᠋ᠠ ᠯᠤ᠋ ᠠᠵᠤ ᠦᠢᠯᠡᠰ ᠤᠨ ᠬᠦᠷᠢᠶᠡᠯᠡᠩ ᠳᠤᠭᠤᠷᠢᠭ ᠲᠤ ᠪᠠᠷᠢᠯᠭ᠎ᠠ ᠡᠬᠢᠯᠡᠬᠦᠯᠵᠤ ᠰᠠᠭᠤᠷᠢ ᠳᠠᠯᠪᠢᠪᠠ᠃ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ ᠪᠠᠷᠢᠯᠭ᠎ᠠ ᠡᠬᠢᠯᠡᠬᠦᠯᠬᠦ ᠶᠤᠰᠤᠯᠠᠯ ᠳᠤ ᠤᠷᠤᠯᠴᠠᠬᠰᠠᠨ ᠪᠦᠬᠡᠳ ᠳᠦᠷᠦᠯ ᠵᠦᠢᠯ ᠡᠬᠢᠯᠡᠭᠰᠡᠨ ᠢ ᠵᠠᠷᠯᠡᠪᠡ᠃ ᠬᠤᠰᠢᠭᠤᠨ ᠤ ᠤᠳᠤᠷᠢᠳᠤᠯᠭ᠎ᠠ ᠵᠢᠶᠠ ᠭᠤᠸᠠᠩ ᠬᠤᠸᠠ᠂ ᠴᠢᠶᠤᠤ ᠠᠢ ᠫᠢᠡᠭ᠂ ᠸᠠᠩ ᠢᠤᠢ ᠵᠢᠶᠧ᠂ ᠯᠢᠦ ᠢᠤᠢ ᠴᠸᠡᠭ᠂ ᠯᠢ ᠱᠤᠸᠠᠨ᠂ ᠭᠦᠸᠧ ᠶᠦᠡᠭ ᠯᠢᠨ᠂ ᠵᠠᠩ ᠳ᠋ᠦᠡᠭ᠂ ᠬᠤᠰᠢᠭᠤᠨ ᠤ ᠠᠷᠡᠳ ᠤᠨ ᠵᠡᠪᠰᠡᠭᠳᠦ ᠬᠦᠴᠤᠨ ᠤ ᠬᠡᠯᠳᠡᠰ ᠤᠨ ᠳᠠᠷᠤᠭ᠎ᠠ ᠯᠢ ᠪᠦᠸᠧ ᠨᠡᠷ ᠪᠠᠷᠢᠯᠭ᠎ᠠ ᠡᠬᠢᠯᠡᠬᠦᠯᠦᠨ ᠰᠠᠭᠤᠷᠢ ᠲᠠᠯᠪᠢᠬᠤ ᠶᠤᠰᠤᠯᠠᠯ ᠳᠤ ᠤᠷᠤᠯᠴᠠᠪᠠ᠃ ᠬᠤᠳᠠ ᠶᠢᠨ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠠᠷᠢᠶ᠎ᠡ ᠭᠠᠵᠠᠷ ᠤᠨ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ ᠬᠡᠰᠡᠭ ᠠᠵᠤ ᠠᠬᠤᠶᠢᠯᠡᠯ ᠤᠨ ᠬᠠᠷᠢᠭᠤᠴᠠᠯᠭᠠᠳᠠᠨ ᠪᠠᠷᠢᠯᠭ᠎ᠠ ᠡᠬᠢᠯᠡᠬᠦᠯᠬᠦ ᠶᠤᠰᠤᠯᠠᠯ ᠳᠤ ᠤᠷᠤᠯᠴᠠᠪᠠ᠃ ᠶᠤᠰᠤᠯᠠᠯ ᠤᠨ ᠳᠠᠷᠠᠭ᠎ᠠ᠂ ᠬᠤᠷᠡᠯ  ᠳᠤ ᠤᠷᠤᠯᠴᠠᠬᠰᠠᠳ ᠶᠤᠸᠠᠨ ᠵᠢᠩ ᠡᠨᠧᠷᠬᠢ᠂ ᠰᠢᠤᠢ ᠬᠦᠡᠭ᠂ ᠲᠢᠶᠡᠨ ᠾᠧ ᠬᠡᠷᠡᠯ ᠤᠨ ᠡᠨᠧᠷᠬᠢ ᠵᠡᠷᠬᠡ ᠠᠵᠤ ᠠᠬᠤᠶᠢᠯᠡᠯ ᠤᠨ ᠪᠦᠳᠦᠬᠡᠨ ᠪᠠᠶᠢᠭᠤᠯᠵᠤ ᠪᠠᠶᠢᠭ᠎ᠠ ᠳᠦᠷᠦᠯ ᠵᠦᠢᠯ ᠢ ᠲᠤᠭᠤᠷᠢᠨ ᠦᠵᠡᠪᠡ᠃       ᠲᠤᠰ ᠡᠳᠦᠷ᠂ ᠤᠷᠳᠤᠰ ᠬᠤᠳᠠ ᠶᠢᠨ ᠳᠡᠳ᠋ ᠳᠠᠷᠤᠭ᠎ᠠ᠂ ᠳᠤᠳᠤᠭᠠᠳᠤ ᠶᠢ ᠬᠠᠮᠠᠭᠠᠯᠠᠬᠤ ᠳᠤᠪᠴᠢᠶᠠᠨ ᠤ ᠳᠠᠷᠤᠭ᠎ᠠ ᠭᠤᠤ ᠸᠧᠨ ᠾᠧ ᠨᠡᠷ ᠮᠠᠨ ᠤ ᠬᠤᠰᠢᠭᠤᠨ ᠳᠤ ᠢᠷᠡᠵᠤ ᠨᠠᠮ ᠤᠨ ᠬᠤᠷᠢᠳᠤᠭᠠᠷ ᠶᠡᠭᠡ ᠬᠤᠷᠡᠯ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠳᠤᠬᠳᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠢᠨᠠᠨ ᠵᠢᠯᠤᠭᠤᠳᠪᠠ᠃ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠸᠠᠩ ᠢᠤᠢ ᠵᠢᠶᠧ᠂ ᠤᠶᠦᠨᠪᠢᠯᠢᠭ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ ᠪᠠ ᠬᠠᠮᠢᠶ᠎ᠠ ᠪᠦᠬᠦᠢ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠬᠢᠨᠠᠨ ᠵᠢᠯᠤᠭᠤᠳᠴᠤ ᠪᠠᠶᠢᠴᠠᠭᠠᠬᠤ ᠳᠤ ᠤᠷᠤᠯᠴᠠᠪᠠ᠃ ᠭᠤᠤ ᠸᠧᠨ ᠾᠧ ᠨᠡᠷ ᠤᠷᠢᠳ ᠬᠤᠵᠢᠳ ᠢ ᠳ᠋ᠦᠡᠭ ᠤᠨ ᠳ᠋ᠦᠡᠭ ᠬᠤᠸᠠ ᠡᠨᠧᠷᠬᠢ ᠶᠢᠨ ᠺᠤᠮᠫᠠᠨᠢ᠂ S31 ᠵᠠᠮ ᠤᠨ ᠰᠢᠤᠸᠠᠢ ᠵᠢᠶᠠ ᠸᠠᠨ ᠤ ᠦᠨᠳᠦᠷ ᠬᠤᠷᠳᠤᠴᠠᠳᠤ ᠵᠠᠰᠠᠮᠠᠯ ᠵᠠᠮ ᠤᠨ ᠠᠮᠠᠰᠠᠷ᠂ ᠬᠤᠸᠠ ᠢᠤᠢ ᠳᠡᠯᠪᠡᠴᠢᠬᠦ ᠺᠤᠮᠫᠠᠨᠢ᠂ ᠰᠢᠤᠸᠠᠢ ᠵᠢᠶᠠ ᠸᠠᠨ ᠤ ᠮᠠᠰᠢᠨ ᠳᠡᠷᠬᠡᠨ ᠤ ᠦᠷᠳᠡᠭᠡ᠂ ᠭᠦᠸᠧ ᠬᠤᠸᠠ ᠴᠠᠬᠢᠯᠭᠠᠨ ᠦᠢᠯᠡᠳᠪᠦᠷᠢ᠂ ᠤᠯᠠᠭᠠᠨ ᠳᠤᠮᠢᠯᠠᠬᠰᠠᠨ ᠰᠠᠯᠪᠤᠷᠢ ᠳᠤ ᠬᠦᠷᠴᠤ ᠬᠢᠨᠠᠨ ᠵᠢᠯᠤᠭᠤᠳᠴᠤ᠂ ᠵᠡᠬᠦᠡᠭᠠᠷ ᠬᠤᠰᠢᠭᠤᠨ ᠤ ᠠᠶᠤᠯ ᠦᠬᠡᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠳᠡᠯᠪᠡᠷᠡᠬᠦ ᠠᠶᠤᠯᠳᠡᠢ ᠡᠳ᠋ ᠪᠠᠷᠠᠭᠠᠨ ᠤ ᠬᠠᠮᠢᠶᠠᠷᠤᠯᠳᠡ᠂ ᠰᠦᠷᠳᠡᠬᠦᠯᠦᠯ ᠢ ᠡᠰᠡᠷᠬᠦᠴᠡᠬᠦ ᠴᠢᠬᠤᠯᠠ ᠬᠠᠷᠠᠯᠳᠠ ᠵᠡᠷᠬᠡ ᠠᠵᠢᠯ ᠢ ᠦᠷᠨᠢᠬᠦᠯᠦᠭᠰᠡᠨ ᠪᠠᠶᠢᠳᠠᠯ ᠢ ᠪᠦᠬᠦ ᠳᠠᠯ᠎ᠠ ᠪᠠᠷ ᠤᠶᠢᠯᠠᠭᠠᠪᠠ᠃       9 ᠰᠠᠷ᠎ᠡ ᠶᠢᠨ 21 ᠤ ᠡᠳᠦᠷ᠂ ᠵᠡᠬᠦᠡᠭᠠᠷ ᠬᠤᠰᠢᠭᠤ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠦᠭᠰᠡᠨ ᠦᠷ᠎ᠡ ᠪᠦᠳᠦᠬᠡᠯ ᠤᠨ ᠳᠤᠰᠬᠠᠢ ᠮᠡᠷᠬᠡᠵᠢᠯᠳᠡᠨ ᠤ ᠬᠢᠨᠠᠨ ᠲᠤᠭᠳᠠᠭᠠᠬᠤ ᠬᠤᠷᠡᠯ ᠬᠤᠷᠠᠯᠳᠤᠭᠤᠯᠵᠦ᠂ ᠦᠪᠤᠷ ᠮᠤᠩᠭᠤᠯ ᠤᠨ ᠪᠸᠢ ᠴᠧᠨ ᠤᠶᠤᠨ ᠤ ᠬᠦᠮᠦᠷᠬᠡ ᠶᠢᠨ ᠱᠦᠵᠢ᠂ ᠰᠤᠳᠤᠯᠤᠭᠠᠴᠢ ᠢᠤᠢ ᠽᠦᠡᠭ ᠺᠤᠸᠠᠨ᠂ ᠬᠡᠷᠡᠭ ᠡᠷᠬᠢᠯᠡᠭᠴᠢᠳ ᠤᠨ ᠳᠡᠳ᠋ ᠳᠠᠷᠤᠭ᠎ᠠ᠂ ᠰᠤᠳᠤᠯᠤᠭᠠᠴᠢ ᠫᠸᠢ ᠵᠢᠤᠢ ᠪᠢᠨ᠂ ᠰᠤᠳᠤᠯᠤᠭᠠᠴᠢ ᠮᠢ ᠪᠤᠤ ᠯᠢᠨ 3 ᠳᠤᠰᠬᠠᠢ ᠮᠡᠷᠬᠡᠵᠢᠯᠳᠡᠨ ᠢ ᠤᠷᠢᠵᠤ ᠵᠡᠬᠦᠡᠭᠠᠷ ᠬᠤᠰᠢᠭᠤᠨ ᠤ ᠦᠬᠡᠷᠡᠴᠢᠯᠡᠯᠳᠡ ᠶᠢᠨ ᠠᠵᠢᠯ ᠳᠤ ᠰᠠᠨᠠᠯ ᠵᠦᠪᠯᠡᠯᠬᠡ ᠦᠭᠴᠤ ᠵᠢᠯᠤᠭᠤᠳᠤᠯᠭ᠎ᠠ ᠬᠢᠯᠬᠡᠪᠡ᠃ ᠬᠤᠰᠢᠭᠤᠨ ᠤ ᠬᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠰᠤᠷᠭᠠᠨ ᠬᠦᠮᠦᠵᠢᠯ ᠪᠡᠶ᠎ᠡ ᠳᠠᠮᠢᠷ ᠤᠨ ᠳᠤᠪᠴᠢᠶ᠎ᠡ ᠵᠡᠷᠬᠡ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠬᠡᠰᠡᠭ ᠰᠤᠮᠤ ᠰᠢᠶᠠᠩ ᠪᠠᠯᠭᠠᠰᠤ ᠳᠤᠰᠬᠤᠨ ᠤ ᠬᠠᠷᠢᠭᠤᠴᠠᠯᠭᠠᠳᠠᠨ᠂ ᠠᠵᠤ ᠠᠬᠤᠶᠢᠯᠡᠯ ᠤᠨ ᠳᠦᠯᠦᠭᠡᠯᠡᠭᠴᠢ ᠨᠡᠷ ᠬᠤᠷᠡᠯ ᠳᠤ ᠤᠷᠤᠯᠴᠠᠪᠠ᠃ ᠬᠤᠷᠡᠯ ᠠᠴᠠ ᠰᠢᠶᠠᠩ ᠪᠠᠯᠭᠠᠰᠤ᠂ ᠰᠠᠯᠠᠭ᠎ᠠ ᠮᠦᠴᠢᠷ ᠤᠨ ᠦᠬᠡᠷᠡᠴᠢᠯᠡᠯᠳᠡ ᠶᠢᠨ ᠡᠬᠦᠷᠬᠡ ᠶᠢ ᠠᠬᠢᠭᠤᠯᠤᠨ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠬᠢᠨᠠᠨ ᠲᠤᠭᠳᠠᠭᠠᠬᠤ ᠳᠤᠰᠬᠠᠢ ᠮᠡᠷᠬᠡᠵᠢᠯᠳᠡᠨ ᠠᠴᠠ ᠵᠡᠬᠦᠡᠭᠠᠷ ᠬᠤᠰᠢᠭᠤᠨ ᠤ ᠪᠤᠬᠢᠷᠳᠤᠯ ᠦᠬᠡᠢ ᠠᠭᠤᠷᠬᠠᠢ ᠶᠢᠨ ᠤᠷᠤᠨ ᠤ ᠪᠦᠳᠦᠬᠡᠨ ᠪᠠᠶᠢᠭᠤᠯᠤᠯᠳᠠ ᠶᠢ ᠬᠦᠨᠵᠡᠬᠡᠢ ᠠᠬᠢᠭᠤᠯᠤᠬᠰᠠᠨ ᠪᠠᠶᠢᠳᠠᠯ᠂ ᠬᠦᠳᠡᠯᠮᠤᠷᠢ ᠦᠢᠯᠡᠳᠦᠯᠬᠡ ᠬᠦᠮᠦᠵᠢᠯ ᠤᠨ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠢ ᠠᠬᠢᠭᠤᠯᠤᠬᠰᠠᠨ ᠪᠠᠶᠢᠳᠠᠯ᠂ ᠤᠯᠠᠨ ᠴᠢᠳᠠᠪᠬᠢᠳᠤ ᠳᠠᠷᠢᠶᠠᠯᠠᠩ ᠤᠨ ᠨᠢᠬᠡ ᠴᠤᠬᠴᠠᠵᠢᠬᠰᠠᠨ ᠬᠦᠭᠵᠢᠯᠳᠡ ᠶᠢᠨ ᠦᠬᠡᠷᠡᠴᠢᠯᠡᠯᠳᠡ ᠵᠡᠷᠭᠡ ᠳᠤ ᠪᠦᠬᠦ ᠳᠠᠯ᠎ᠠ ᠶᠢᠨ ᠦᠨᠡᠯᠡᠯᠳᠡ ᠦᠭᠬᠦ ᠶᠢᠨ ᠬᠠᠮᠳᠤ ᠬᠢᠨᠠᠨ ᠲᠤᠭᠳᠠᠭᠠᠬᠰᠠᠨ ᠰᠠᠨᠠᠯ ᠢᠶᠠᠨ ᠳᠤᠷᠠᠳᠪᠠ᠃       9 ᠰᠠᠷ᠎ᠡ ᠶᠢᠨ 22 ᠤᠨ ᠡᠳᠦᠷ᠂ ᠦᠪᠡᠷᠳᠡᠬᠡᠨ ᠵᠠᠰᠠᠬᠤ ᠤᠷᠤᠨ ᠤ《ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠰᠠᠨ ᠰᠠᠶᠢᠨ ᠺᠠᠳ᠋ᠷ》 ᠢ ᠨᠡᠷᠡᠶᠢᠳᠬᠦ ᠶᠡᠭᠡ ᠬᠤᠷᠡᠯ ᠬᠦᠬᠡᠬᠤᠳᠠ ᠳᠤ ᠬᠤᠷᠡᠯᠳᠤᠪᠠ᠃ ᠵᠡᠬᠦᠡᠭᠠᠷ ᠬᠤᠰᠢᠭᠤᠨ ᠤ ᠨᠠᠮ ᠤᠨ ᠬᠤᠷᠢᠶᠡᠨ ᠤ ᠱᠦᠵᠢ ᠰᠤ᠋ ᠰᠢᠨ ᠶᠠ ᠳᠤᠬᠠᠢ ᠶᠢᠨ ᠳᠠᠯᠠᠪᠠᠢ ᠳᠤ ᠱᠠᠩᠨᠠᠯ ᠤᠨ ᠲᠡᠮᠳᠡᠭ ᠪᠠ ᠦᠨᠡᠮᠯᠡᠯ ᠭᠠᠷᠳᠠᠬᠤ ᠶᠢᠨ ᠬᠠᠮᠳᠤ 5 ᠳᠦᠯᠦᠭᠡᠯᠡᠭᠴᠢ ᠶᠢᠨ ᠨᠢᠬᠡ ᠶᠢᠨ ᠬᠤᠪᠢ ᠪᠠᠷ ᠲᠤᠷᠰᠢᠯᠭ᠎ᠠ ᠰᠤᠯᠢᠯᠴᠠᠵᠦ ᠶᠠᠷᠢᠶ᠎ᠡ ᠳᠠᠯᠪᠢᠪᠠ᠃ ᠵᠡᠬᠦᠡᠭᠠᠷ ᠬᠤᠰᠢᠭᠤᠨ ᠤ ᠨᠦᠬᠦᠬᠡ ᠨᠢᠬᠡ《 ᠬᠠᠷᠢᠭᠤᠴᠠᠯᠭ᠎ᠠ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠬᠰᠠᠨ ᠰᠠᠶᠢᠨ ᠺᠠᠳ᠋ᠷ》ᠪᠤᠯᠬᠤ ᠳ᠋ᠸᠡᠭ ᠢᠤᠢ ᠬᠤᠪᠢᠶᠠᠷᠢ ᠬᠤᠷᠡᠯ ᠤᠨ ᠳᠠᠯᠠᠪᠠᠢ ᠳᠤ ᠸᠢᠳᠢᠤ᠋ ᠬᠡᠯᠪᠡᠷᠢ ᠪᠠᠷ ᠤᠷᠤᠯᠴᠠᠪᠠ᠃       ᠲᠤᠰ ᠡᠳᠦᠷ᠂ ᠪᠦᠬᠦ ᠬᠤᠰᠢᠭᠤᠨ ᠤ ᠠᠶᠤᠯ ᠦᠬᠡᠢ ᠦᠢᠯᠡᠳᠪᠦᠷᠢᠯᠡᠯ ᠪᠠ ᠤᠢ ᠰᠢᠭᠤᠢ ᠨᠤᠳᠤᠭ ᠪᠡᠯᠴᠢᠬᠡᠷ ᠤᠨ ᠳᠤᠶᠢᠮᠡᠷ ᠢ ᠰᠡᠷᠬᠡᠶᠢᠯᠡᠨ ᠤᠨᠳᠠᠷᠠᠭᠠᠬᠤ ᠠᠵᠢᠯ ᠵᠢᠴᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠳᠤᠬᠢᠷᠠᠭᠤᠯᠤᠯᠳᠠ ᠶᠢᠨ ᠬᠤᠷᠡᠯ ᠬᠤᠷᠠᠯᠳᠤᠪᠠ᠃ ᠬᠤᠷᠡᠯ ᠠᠴᠠ ᠪᠦᠬᠦ ᠤᠯᠤᠰ ᠤᠨ ᠤᠢ ᠰᠢᠭᠤᠢ ᠨᠤᠳᠤᠭ ᠪᠡᠯᠴᠢᠬᠡᠷ ᠤᠨ ᠳᠦᠢᠮᠡᠷ ᠢ ᠰᠡᠷᠬᠡᠶᠢᠯᠡᠨ ᠤᠨᠳᠠᠷᠠᠭᠠᠬᠤ ᠠᠵᠢᠯ ᠤᠨ ᠬᠤᠷᠡᠯ᠂ ᠪᠦᠬᠦ ᠤᠷᠤᠨ ᠤ ᠠᠶᠤᠯ ᠦᠬᠡᠢ ᠶᠢᠨ ᠰᠡᠷᠬᠡᠶᠢᠯᠡᠯᠳᠡ ᠶᠢᠨ ᠠᠵᠢᠯ  ᠤᠨ ᠸᠢᠳᠢᠤ᠋ ᠬᠤᠷᠡᠯ ᠵᠢᠴᠢ ᠪᠦᠬᠦ ᠬᠤᠳᠠ ᠶᠢᠨ ᠠᠶᠤᠯ ᠦᠬᠡᠢ ᠦᠢᠯᠡᠳᠪᠦᠷᠢᠯᠡᠯ ᠪᠠ ᠤᠢ ᠰᠢᠭᠤᠢ ᠨᠤᠳᠤᠭ ᠪᠡᠯᠴᠢᠬᠡᠷ ᠤᠨ ᠲᠤᠶᠢᠮᠡᠷ ᠢ ᠰᠡᠷᠬᠡᠶᠢᠯᠡᠨ ᠤᠨᠳᠠᠷᠠᠭᠠᠬᠤ ᠠᠵᠢᠯ ᠵᠢᠴᠢ 2022 ᠤᠨ ᠤ 14 ᠳ᠋ᠤᠭᠡᠷ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ ᠪᠠᠶᠢᠷᠢᠯᠠᠭᠤᠯᠬᠤ ᠬᠤᠷᠡᠯ ᠤᠨ ᠵᠤᠷᠢᠭ ᠰᠠᠨᠠᠭ᠎ᠠ ᠶᠢ ᠤᠯᠠᠮᠵᠢᠯᠠᠵᠤ᠂ ᠪᠦᠬᠦ ᠬᠤᠰᠢᠭᠤᠨ ᠤ ᠠᠶᠤᠯ ᠦᠬᠡᠢ ᠦᠢᠯᠡᠳᠪᠦᠷᠢᠯᠡᠯ ᠪᠠ ᠤᠢ ᠰᠢᠭᠤᠢ ᠨᠤᠳᠤᠭ ᠪᠡᠯᠴᠢᠬᠡᠷ ᠤᠨ ᠳᠤᠶᠢᠮᠡᠷ ᠢ ᠰᠡᠷᠬᠡᠶᠢᠯᠡᠨ ᠤᠨᠳᠠᠷᠠᠭᠠᠬᠤ᠂ ᠬᠢᠵᠢᠭ  ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠠᠶᠢᠳᠠᠯ ᠢ ᠵᠠᠷᠯᠠᠵᠦ᠂ ᠳᠠᠷᠠᠭᠠᠴᠢ ᠶᠢᠨ ᠠᠯᠬᠤᠮ ᠤᠨ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ  ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠡᠯ ᠳᠤ ᠤᠷᠤᠯᠴᠠᠬᠰᠠᠨ ᠪᠦᠬᠡᠳ ᠶᠠᠷᠢᠶ᠎ᠡ ᠳᠠᠯᠪᠢᠪᠠ᠃       9 ᠰᠠᠷ᠎ᠡ ᠶᠢᠨ 22 ᠤᠨ ᠡᠳᠦᠷ᠂ ᠪᠦᠬᠦ ᠬᠤᠰᠢᠭᠤᠨ ᠤ ᠭᠠᠵᠠᠷ ᠰᠢᠷᠤᠢ ᠶᠢ ᠵᠤᠷᠰᠢᠯ ᠶᠤᠰᠤᠭᠠᠷ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ《ᠵᠠᠭᠤᠨ ᠡᠳᠦᠷ ᠤᠨ ᠪᠤᠭᠤᠮᠳᠠ ᠰᠢᠪᠳᠤᠯᠬᠤ 》ᠠᠵᠢᠯᠯᠠᠭ᠎ᠠ ᠶᠢᠨ ᠪᠠᠶᠢᠷᠢᠯᠠᠭᠤᠯᠤᠯᠳᠠ ᠶᠢ ᠠᠬᠢᠭᠤᠯᠬᠤ ᠬᠤᠷᠡᠯ ᠬᠤᠷᠡᠯᠳᠤᠪᠠ᠃ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠬᠤᠷᠡᠯ ᠢ ᠡᠷᠬᠢᠯᠡᠭᠰᠡᠨ ᠪᠦᠬᠡᠳ ᠶᠠᠷᠢᠶ᠎ᠡ ᠳᠠᠯᠪᠢᠪᠠ᠃ ᠬᠤᠰᠢᠭᠤᠨ ᠤ ᠳᠡᠳ᠋ ᠳᠠᠷᠤᠭ᠎ᠠ ᠯᠢᠦ ᠢᠤᠢ ᠴᠸᠡᠭ᠂ ᠵᠡᠬᠦᠡᠭᠠᠷ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠯᠪᠤᠬᠳᠠᠯ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃ ᠬᠤᠷᠡᠯ ᠠᠴᠠ ᠪᠦᠬᠦ ᠬᠤᠰᠢᠭᠤᠨ ᠤ ᠤᠶᠢᠷ᠎ᠡ ᠶᠢᠨ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ᠂ ᠤᠷᠤᠰᠢᠵᠤ ᠪᠠᠶᠢᠭ᠎ᠠ ᠠᠰᠠᠭᠤᠳᠠᠯ ᠪᠠ ᠳᠠᠷᠠᠭᠠᠴᠢ ᠶᠢᠨ ᠠᠯᠬᠤᠮ ᠤᠨ ᠠᠵᠢᠯ ᠤᠨ ᠳᠦᠯᠦᠪᠯᠡᠭᠡ  ᠶᠢ ᠰᠤᠨᠤᠰᠴᠤ᠂ ᠳᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃      9 ᠰᠠᠷ᠎ᠡ ᠶᠢᠨ 24 —25 ᠤ ᠡᠳᠦᠷ ᠪᠤᠯᠳᠠᠯ᠎ᠠ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠮᠴᠢ ᠶᠢᠨ ᠨᠡᠶᠢᠭᠡᠮᠯᠢᠭ ᠤᠨ ᠰᠢᠩᠭᠡᠭᠡᠯᠳᠡ  ᠶᠢᠨ ᠳᠤᠳᠤᠷ ᠳᠤᠷᠡᠨ ᠤ ᠡᠮᠴᠢ ᠶᠢᠨ ᠬᠤᠪᠢᠶᠠᠷᠢ ᠨᠡᠶᠢᠬᠡᠮᠯᠢᠭ ᠤᠨ ᠭᠤᠷᠪᠠᠳᠤᠭᠠᠷ ᠤᠳᠠᠭᠠᠨ ᠤ ᠡᠷᠳᠡᠮ ᠰᠢᠨᠵᠢᠯᠡᠬᠡᠨ ᠤ ᠬᠤᠷᠡᠯ ᠵᠡᠬᠦᠡᠭᠠᠷ ᠬᠤᠰᠢᠭᠤᠨ ᠤ ᠭᠤᠤᠯᠳᠠᠯᠭᠠᠳᠤ ᠡᠮᠨᠡᠯᠬᠡ ᠶᠢᠨ ᠬᠤᠷᠢᠶᠡᠨ ᠳᠤ ᠶᠠᠪᠤᠬᠳᠠᠪᠠ᠃ ᠬᠤᠷᠡᠯ ᠨᠢ ᠰᠦᠯᠵᠢᠶᠠᠨ ᠲᠡᠬᠡᠷᠡᠬᠢ ᠪᠡ ᠰᠦᠯᠵᠢᠶᠠᠨ ᠭᠠᠳᠠᠨᠠᠬᠢ ᠶᠢ ᠤᠶᠠᠯᠳᠤᠭᠤᠯᠬᠤ ᠬᠡᠯᠪᠡᠷᠢ ᠪᠠᠷ ᠶᠠᠪᠤᠬᠳᠠᠪᠠ᠃ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠵᠢᠴᠢ 30 ᠭᠠᠷᠤᠢ ᠳᠤᠰᠬᠠᠢ ᠮᠡᠷᠬᠡᠵᠢᠯᠳᠡᠨ᠂ 60 ᠭᠠᠷᠤᠢ ᠰᠢᠩᠭᠡᠭᠡᠯᠳᠡ ᠶᠢᠨ ᠮᠡᠷᠬᠡᠵᠢᠯ ᠤᠨ ᠡᠮᠴᠢ ᠬᠤᠷᠡᠯ ᠳᠤ ᠤᠷᠤᠯᠴᠠᠪᠠ᠃ ᠳᠤᠰ ᠤᠳᠠᠭᠠᠨ ᠤ ᠬᠤᠷᠡᠯ ᠤᠨ ᠬᠤᠭᠤᠴᠠᠭ᠎ᠠ 3 ᠡᠳᠦᠷ ᠪᠠᠶᠢᠵᠦ᠂《 ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠦᠨᠳᠦᠰᠤᠨ ᠱᠠᠳᠤᠨ ᠤ ᠤᠨᠤᠰᠢᠯᠠᠨ ᠡᠮᠨᠡᠬᠦ ᠬᠢᠷᠢ ᠳᠦᠪᠰᠢᠨ ᠢ ᠳᠡᠭᠡᠭᠰᠢᠯᠡᠬᠦᠯᠬᠦ》 ᠪᠠᠷ ᠭᠤᠤᠯ ᠰᠡᠳᠦᠪ ᠢᠶᠠᠨ ᠪᠤᠯᠭᠠᠪᠠ᠃      9 ᠰᠠᠷ᠎ᠡ ᠶᠢᠨ 26 ᠤ ᠡᠳᠦᠷ᠂ ᠦᠪᠤᠷ ᠮᠤᠩᠭᠤᠯ . ᠵᠡᠬᠦᠡᠭᠠᠷ ᠬᠤᠰᠢᠭᠤᠨ ᠤ ᠠᠯᠮᠤᠷᠡᠳ ᠤᠨ ᠠᠵᠤ ᠦᠢᠯᠡᠰ ᠤᠨ ᠴᠢᠨᠡᠷ ᠰᠠᠶᠢᠳᠡᠢ ᠬᠦᠭᠵᠢᠯᠳᠡ ᠵᠢᠴᠢ ᠤᠷᠤᠨ ᠪᠦᠰᠡ ᠶᠢᠨ ᠤᠯᠠᠨ ᠨᠡᠶᠢᠳᠡ ᠶᠢᠨ ᠬᠡᠷᠡᠭᠯᠡᠬᠡᠨ ᠤ ᠨᠡᠷᠡᠳᠤ ᠳᠡᠮᠳᠡᠭ ᠤᠨ ᠪᠠᠶᠢᠭᠤᠯᠤᠯᠳᠠ ᠶᠢᠨ ᠰᠤᠳᠤᠯᠤᠨ ᠶᠠᠷᠢᠯᠴᠠᠬᠤ ᠬᠤᠷᠡᠯ ᠵᠡᠬᠦᠡᠭᠠᠷ ᠬᠤᠰᠢᠭᠤᠨ ᠤ ᠬᠤᠷᠡᠯ ᠤᠨ ᠳᠦᠪ ᠲᠤ ᠶᠠᠪᠤᠬᠳᠠᠪᠠ᠃ ᠬᠤᠰᠢᠭᠤᠨ ᠤ ᠤᠳᠤᠷᠢᠳᠤᠯᠭ᠎ᠠ ᠯᠤ᠋ ᠵᠠᠨ ᠴᠢᠩ᠂ ᠵᠢᠶᠤᠤ ᠵᠢᠩ᠂ ᠸᠠᠩ ᠵᠢᠩ ᠯᠦᠡᠭ᠂ ᠬᠤᠸᠠᠩ ᠯᠸᠢ ᠬᠤᠷᠡᠯ ᠳᠤ ᠤᠷᠤᠯᠴᠠᠪᠠ᠃ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠪᠠᠶᠢᠭᠤᠯᠭ᠎ᠠ ᠨᠢᠬᠡᠴᠢ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠳᠠᠨ᠂ ᠤᠷᠢᠬᠳᠠᠬᠰᠠᠨ ᠳᠤᠰᠬᠠᠢ ᠮᠡᠷᠬᠡᠵᠢᠯᠳᠡᠨ ᠨᠡᠷ ᠬᠤᠷᠡᠯ ᠳᠤ ᠤᠷᠤᠯᠴᠠᠪᠠ᠃      ᠳᠤᠰ ᠡᠳᠦᠷ᠂ ᠵᠡᠬᠦᠡᠭᠠᠷ ᠬᠤᠰᠢᠭᠤᠨ ᠤ ᠵᠢᠷᠭᠤᠳᠤᠭᠠᠷ ᠬᠤᠭᠤᠴᠠᠭᠠᠨ ᠤ ᠠᠵᠢᠯᠳᠡᠨ ᠠᠵᠢᠯᠴᠢᠨ ᠤ ᠪᠡᠶ᠎ᠡ ᠳᠠᠮᠢᠷ ᠤᠨ ᠴᠤᠬᠯᠠᠭᠠᠨ ᠰᠢᠤᠸᠠᠢ ᠵᠢᠶᠠ ᠸᠠᠨ ᠤ ᠠᠷᠪᠠᠳᠤᠭᠠᠷ ᠪᠠᠭ᠎ᠠ ᠰᠤᠷᠭᠠᠭᠤᠯᠢ ᠳᠤ ᠡᠬᠢᠯᠡᠪᠡ᠃ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠢᠶᠤᠤ ᠵᠢᠩ᠂ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠳᠡᠷᠢᠬᠦᠯᠡᠭᠴᠢ ᠶᠢᠨ ᠨᠡᠷ᠎ᠡ ᠲᠤᠷᠠᠳᠤᠬᠰᠠᠨ ᠵᠢᠱᠢᠭᠳᠡᠭᠴᠢ ᠷᠧᠨ ᡁᠢ ᠶᠤᠸᠠᠨ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠭᠤᠤ ᠷᠦᠨ ᠬᠤᠸᠠ ᠵᠢᠴᠢ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠦᠮᠦᠵᠢᠯ ᠪᠡᠶ᠎ᠡ ᠳᠠᠮᠢᠷ ᠤᠨ ᠳᠤᠪᠴᠢᠶᠡᠨ ᠤ ᠬᠤᠯᠪᠤᠬᠳᠠᠯ ᠪᠦᠬᠦᠢ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃       9 ᠰᠠᠷ᠎ᠡ ᠶᠢᠨ 27 ᠤ ᠡᠳᠦᠷ᠂ ᠵᠡᠬᠦᠡᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠵᠢᠷᠭᠤᠳᠤᠭᠠᠷ ᠤᠳᠠᠭ᠎ᠠ ᠶᠢᠨ ᠬᠤᠷᠡᠯ ᠬᠤᠷᠡᠯᠳᠤᠪᠠ᠃ ᠬᠤᠰᠢᠭᠤᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠬᠢᠯᠡᠭᠴᠢ ᠯᠤ᠋ ᠵᠠᠨ ᠴᠢᠩ᠂ ᠳᠡᠳ᠋ ᠡᠷᠬᠢᠯᠡᠭᠴᠢ ᠠᠨ ᠰᠢᠶᠠ᠂ ᠸᠠᠩ ᠮᠢᠨ᠂ ᠶᠠᠨ ᠹᠸᠢ᠂ ᠷᠧᠨ ᡁᠢ ᠶᠤᠸᠠᠨ ᠵᠢᠴᠢ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠪᠦᠬᠦ ᠪᠦᠷᠢᠯᠳᠦᠬᠦᠨ ᠬᠤᠷᠡᠯ ᠳᠤ ᠤᠷᠤᠯᠴᠠᠪᠠ᠃ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠬᠤᠰᠢᠭᠤᠨ ᠤ ᠠᠷᠡᠳ ᠤᠨ ᠰᠢᠬᠦᠬᠦ ᠬᠤᠷᠢᠶᠡᠨ ᠤ ᠳᠠᠷᠤᠭ᠎ᠠ᠂ ᠬᠤᠰᠢᠭᠤᠨ ᠤ ᠠᠷᠡᠳ ᠤᠨ ᠪᠠᠶᠢᠴᠠᠭᠠᠬᠤ ᠬᠤᠷᠢᠶᠡᠨ ᠤ ᠪᠠᠶᠢᠴᠠᠭᠠᠬᠴᠢ ᠳᠠᠷᠤᠭ᠎ᠠ ᠵᠢᠴᠢ ᠳᠤᠰᠢᠶᠠᠯ ᠳᠤ ᠳᠤᠮᠢᠯᠠᠬᠤ ᠪᠠᠷ ᠪᠠᠶᠢᠭ᠎ᠠ ᠬᠦᠮᠦᠰ᠂ ᠬᠤᠳᠠ᠂ ᠬᠤᠰᠢᠭᠤᠨ ᠤ ᠬᠡᠰᠡᠭ ᠠᠷᠡᠳ ᠤᠨ ᠳᠦᠯᠦᠭᠡᠯᠡᠭᠴᠢ ᠬᠤᠷᠡᠯ ᠳᠤ ᠰᠤᠯᠡ ᠤᠷᠤᠯᠴᠠᠪᠠ᠃ ᠬᠤᠷᠡᠯ ᠠᠴᠠ ᠬᠤᠯᠪᠤᠬᠳᠠᠯ ᠪᠦᠬᠦᠢ ᠠᠵᠢᠯ ᠤᠨ ᠮᠡᠳᠡᠬᠦᠯᠦᠯᠳᠡ ᠶᠢ ᠰᠤᠨᠤᠰᠬᠤ ᠶᠢᠨ ᠬᠠᠮᠳᠤ ᠵᠢᠭᠠᠪᠤᠷᠢ ᠦᠭᠴᠤ᠂ ᠲᠤᠰᠢᠶᠠᠯ ᠳᠤ ᠳᠤᠮᠢᠯᠠᠵᠤ ᠲᠤᠰᠢᠶᠠᠯ ᠠᠴᠠ ᠪᠠᠭᠤᠯᠭᠠᠬᠤ ᠶᠠᠪᠤᠳᠠᠯ ᠢ ᠪᠠᠳᠤᠯᠠᠪᠠ᠃       ᠳᠤᠰ ᠡᠳᠦᠷ᠂ ᠬᠠᠷᠠᠵᠠᠳᠡᠢ ᠶᠢᠨ ᠠᠭᠤᠯᠠᠨ ᠭᠠᠵᠠᠷ ᠤᠨ ᠠᠯᠮᠤᠷᠡᠳ ᠤᠨ ᠤᠷᠤᠨ ᠪᠦᠰᠡ ᠶᠢᠨ ᠤᠯᠠᠨ ᠨᠡᠶᠢᠳᠡ ᠶᠢᠨ ᠬᠡᠷᠡᠭᠯᠡᠬᠡᠨ ᠤ ᠨᠡᠷᠡᠳᠤ ᠳᠡᠮᠳᠡᠭ ᠢ ᠨᠡᠶᠢᠳᠡᠯᠡᠬᠦ ᠬᠤᠷᠡᠯ᠂ ᠬᠠᠷᠠᠵᠠᠳᠡᠢ ᠰᠢᠶᠠᠩ ᠤᠨ2022 ᠤᠨ ᠤ ᠳᠤᠮᠳᠠᠳᠤ ᠤᠯᠤᠰ ᠤᠨ ᠳᠠᠷᠢᠶᠠᠴᠢᠳ ᠤᠨ ᠡᠯᠪᠡᠭ ᠬᠤᠷᠢᠶᠠᠯᠳᠠ ᠶᠢᠨ ᠪᠡᠶᠡᠷ ᠵᠢᠴᠢ ᠠᠯᠮᠤᠷᠡᠳ ᠤᠨ ᠰᠤᠶᠤᠯ ᠵᠤᠭᠠᠴᠠᠯ ᠤᠨ ᠭᠠᠷᠠᠭ ᠬᠠᠷᠠᠵᠠᠳᠡᠢ ᠰᠢᠶᠠᠩ ᠤᠨ ᠵᠢᠤᠢ ᠰᠢᠨ ᠨᠡᠶᠢᠬᠡᠮ ᠳᠤᠭᠤᠷᠢᠭ ᠤᠨ ᠠᠭᠤᠳᠠᠮ ᠳᠠᠯᠠᠪᠠᠢ ᠳᠤ ᠡᠬᠢᠯᠡᠪᠡ᠃ ᠬᠤᠳᠡ ᠶᠢᠨ ᠳᠡᠳ᠋ ᠳᠠᠷᠤᠭ᠎ᠠ ᠡᠷᠳᠡᠨᠢᠪᠢᠯᠢᠭ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠭᠤᠤ ᡁᠢ ᠬᠤᠸᠠ᠂ ᠬᠤᠰᠢᠭᠤᠨ ᠤ ᠤᠳᠤᠷᠢᠳᠤᠯᠭ᠎ᠠ ᠸᠠᠩ ᠵᠢᠩ ᠯᠦᠡᠭ᠂ ᠭᠤᠤ ᠷᠦᠨ ᠬᠤᠸᠠ᠂ ᠳᠤᠮᠳᠠᠳᠤ ᠤᠯᠤᠰ ᠤᠨ ᠵᠠᠬ᠎ᠠ ᠳᠡᠯᠬᠡᠬᠦᠷ ᠤᠨ ᠰᠢᠨᠵᠢᠯᠡᠬᠡᠨ ᠤ ᠨᠡᠶᠢᠬᠡᠮᠯᠢᠭ᠂ ᠳᠤᠮᠳᠠᠳᠤ ᠤᠯᠤᠰ ᠤᠨ ᠵᠢᠮᠢᠰ ᠤᠨ ᠬᠦᠢᠯᠬᠡᠬᠡᠨ ᠤ ᠨᠡᠶᠢᠭᠡᠮᠯᠢᠭ ᠂ ᠦᠪᠤᠷ ᠮᠤᠩᠭᠤᠯ ᠤᠨ ᠳᠠᠷᠢᠶᠠᠯᠠᠩ ᠤᠨ ᠵᠤᠭᠠᠴᠠᠯ ᠤᠨ ᠭᠠᠵᠠᠷ ᠤᠨ ᠳᠤᠰᠬᠠᠢ ᠮᠡᠷᠬᠡᠵᠢᠯᠳᠡᠨ᠂ ᠬᠤᠰᠢᠭᠤᠨ ᠤ ᠠᠵᠢᠯ ᠠᠴᠠ ᠪᠠᠨ ᠰᠠᠯᠵᠦ ᠠᠮᠠᠷᠠᠬᠰᠠᠨ ᠠᠬᠠᠮᠠᠳ ᠺᠠᠳ᠋ᠷ ᠵᠢᠴᠢ ᠡᠯ᠎ᠡ ᠳᠡᠳᠬᠦᠨ ᠳᠡᠮᠵᠢᠬᠦ ᠠᠵᠤ ᠠᠬᠤᠶᠢᠯᠡᠯ ᠤᠨ ᠬᠠᠷᠢᠭᠤᠴᠠᠯᠭᠠᠳᠠᠨ ᠨᠡᠷ ᠳᠠᠷᠢᠶᠠᠯᠠᠩ ᠤᠨ ᠪᠦᠳᠦᠭᠡᠭᠳᠡᠬᠦᠨ ᠤ ᠦᠵᠡᠬᠦᠯᠬᠡ ᠶᠢ ᠲᠤᠭᠤᠷᠢᠨ ᠦᠵᠡᠬᠦ  ᠶᠢᠨ ᠬᠠᠮᠳᠤ ᠡᠬᠢᠯᠡᠯᠳᠡ ᠶᠢᠨ ᠶᠤᠰᠤᠯᠠᠯ ᠳᠤ ᠤᠷᠤᠯᠴᠠᠪᠠ᠃       9 ᠰᠠᠷ᠎ᠡ ᠶᠢᠨ 28 ᠤ ᠡᠳᠦᠷ᠂ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠡᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠧᠨ ᠬᠤᠸᠠ ᠮᠠᠨ ᠤ ᠬᠤᠰᠢᠭᠤᠨ ᠤ ᠪᠤᠷᠤᠳᠤᠬᠤᠢ ᠰᠤᠮᠤ ᠪᠠ ᠰᠢᠷᠡᠯᠵᠢᠳᠡᠢ ᠰᠢᠶᠠᠩ ᠳᠤ ᠬᠦᠨᠵᠡᠬᠡᠶᠢᠷᠡᠵᠤ᠂ ᠦᠨᠳᠦᠰᠦᠨ ᠱᠠᠳᠤᠨ ᠤ ᠵᠠᠬᠢᠳᠡᠯ ᠰᠤᠷᠪᠤᠯᠵᠢᠯᠠᠯ ᠤᠨ ᠵᠢᠭᠤᠷᠠᠭᠠᠨ ᠢ ᠨᠠᠮᠳᠠᠭᠤᠯᠬᠤ᠂《  ᠵᠠᠷᠭᠤ ᠶᠢ ᠬᠦᠯᠢᠶᠡᠨ ᠠᠪᠤᠮᠠᠬᠴᠠ ᠰᠢᠢᠳᠪᠤᠷᠢᠯᠡᠬᠦ》᠂ ᠤᠯᠠᠨ ᠳᠦᠮᠡᠨ  ᠤ《 ᠪᠠᠴᠢᠮ ᠬᠦᠴᠢᠷ ᠵᠤᠪᠠᠭᠤᠷᠢ》 ᠶᠢ ᠰᠢᠢᠳᠪᠦᠷᠢᠯᠡᠬᠦ ᠵᠡᠷᠬᠡ ᠠᠵᠢᠯ ᠢ ᠪᠤᠳᠠᠳᠠᠢ ᠭᠠᠵᠠᠷ ᠲᠤᠨᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ ᠲᠡᠷᠡ ᠵᠢᠭᠠᠵᠦ ᠭᠠᠷᠭ᠋ᠬᠠᠤ ᠳᠠᠭᠠᠨ᠂ ᠨᠡᠩ ᠢᠯᠡᠬᠦᠦ ᠪᠤᠳᠠᠳᠡᠢ ᠶᠢ ᠡᠷᠬᠢᠮᠯᠡᠬᠦ ᠰᠤᠷᠳᠡᠯ ᠢᠶᠠᠷ ᠵᠢᠭᠤᠷᠠᠭᠠᠨ ᠢ ᠳᠠᠷᠠᠭᠠᠯᠠᠨ ᠪᠠᠶᠢᠴᠠᠭᠠᠵᠤ ᠨᠠᠮᠳᠠᠭᠤᠯᠬᠤ ᠶᠢ ᠪᠦᠬᠦ ᠬᠦᠴᠤᠨ ᠢᠶᠠᠷ ᠠᠬᠢᠭᠤᠯᠵᠤ᠂ ᠤᠯᠠᠨ ᠳᠦᠮᠡᠨ ᠳᠤ ᠦᠨᠡᠨ ᠰᠡᠳᠬᠢᠯ ᠠᠴᠠ ᠪᠠᠨ ᠪᠤᠳᠠᠳᠤ ᠠᠰᠠᠭᠤᠳᠠᠯ ᠢ ᠰᠢᠢᠳᠪᠦᠷᠢᠯᠡᠨ ᠦᠭᠬᠦ ᠬᠡᠷᠡᠭᠳᠡᠢ ᠬᠡᠪᠡ᠃ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠴᠢᠶᠤᠤ ᡁᠢ ᠫᠢᠡᠭ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃       9 ᠰᠠᠷ᠎ᠡ ᠶᠢᠨ 29 ᠤ ᠡᠳᠦᠷ᠂ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠳᠡᠳ᠋ ᠡᠷᠬᠢᠯᠡᠭᠴᠢ ᠵᠤᠤ ᠹᠸᠢ ᠯᠤ᠋ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢᠨ ᠲᠤᠭᠤᠶᠢᠯᠠᠩ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠦ᠂《ᠪᠦᠬᠦᠳᠡ ᠨᠠᠶᠢᠷᠠᠮᠳᠠᠬᠤ ᠳᠤᠮᠳᠠᠳᠤ ᠠᠷᠡᠳ ᠤᠯᠤᠰ ᠤᠨ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠬᠠᠤᠯᠢ 》 ᠶᠢᠨ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢ ᠦᠷᠨᠢᠬᠦᠯᠬᠦ  ᠶᠢᠨ ᠬᠠᠮᠳᠤ ᠮᠠᠨ ᠤ ᠬᠤᠰᠢᠭᠤᠨ ᠤ ᠤᠯᠤᠰ ᠤᠨ ᠦᠮᠴᠢᠯᠡᠯᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠬᠢᠨᠠᠨ ᠵᠦᠪᠯᠡᠭᠰᠡᠨ ᠰᠠᠨᠠᠯ ᠢ ᠨᠠᠶᠢᠳᠠᠪᠤᠷᠢᠵᠢᠭᠤᠯᠤᠬᠰᠠᠨ ᠪᠠᠶᠢᠳᠠᠯ᠂ ᠤᠯᠤᠰ ᠤᠨ ᠦᠮᠴᠢᠯᠡᠯᠳᠤ ᠡᠳ᠋ ᠬᠦᠷᠦᠩᠬᠡ ᠶᠢᠨ ᠬᠠᠮᠢᠶᠠᠷᠤᠯᠳᠡ ᠶᠢᠨ ᠪᠠᠶᠢᠳᠠᠯ ᠳᠤ ᠳᠤᠰᠬᠠᠢ ᠰᠡᠳᠦᠪ ᠢᠶᠠᠷ ᠪᠠᠶᠢᠴᠠᠭᠠᠨ ᠰᠤᠳᠤᠯᠤᠯᠳᠠ ᠬᠢᠬᠦ ᠶᠢᠨ ᠬᠠᠮᠳᠤ ᠰᠠᠭᠤᠨ ᠶᠠᠷᠢᠯᠴᠠᠬᠤ ᠬᠤᠷᠡᠯ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠯᠤ᠋ ᠵᠠᠨ ᠴᠢᠩ᠂ ᠶᠠᠨ ᠹᠸᠢ᠂ ᠸᠠᠩ ᠵᠢᠩ ᠯᠦᠡᠭ᠂ ᠬᠤᠰᠢᠭᠤᠨ ᠤ ᠰᠢᠭᠤᠳ ᠬᠠᠷᠢᠶ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠂ ᠠᠵᠤ ᠠᠬᠤᠶᠢᠯᠡᠯ ᠤᠨ ᠬᠠᠷᠢᠭᠤᠴᠠᠯᠭᠠᠳᠠᠨ ᠪᠡᠷ᠎ᠡ ᠪᠤᠯᠪᠠ᠃ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ ᠶᠢᠨ ᠳᠤᠭᠤᠶᠢᠯᠠᠩ ᠮᠠᠨ ᠤ ᠬᠤᠰᠢᠭᠤᠨ ᠤ ᠶᠡᠷᠦᠩᠬᠡᠶᠢᠯᠡᠭᠰᠡᠨ ᠤᠶᠤᠨᠴᠢ ᠡᠨᠧᠷᠬᠢ ᠶᠢᠨ ᠰᠤᠷᠪᠤᠯᠵᠢᠳᠤ ᠬᠤᠳᠠ ᠶᠢᠨ ᠳ᠋ᠠ ᠯᠤ᠋ ᠵᠠᠯᠭᠠᠯᠳᠤᠬᠰᠠᠨ ᠳᠤᠭᠤᠷᠢᠭ ᠤᠨ ᠲᠠᠷᠬᠠᠯᠳᠠ ᠶᠢᠨ ᠬᠡᠯᠪᠡᠷᠢ ᠶᠢᠨ ᠬᠡᠷᠡᠯᠯᠢᠭ ᠤᠨ ᠳᠦᠷᠦᠯ ᠵᠦᠢᠯ᠂ ᠰᠡᠬᠦᠵᠢ ᠶᠢᠨ ᠭᠤᠤᠯ ᠤᠨ ᠤᠤᠭᠤᠬᠤ ᠤᠰᠤᠨ ᠤ ᠡᠬᠢ ᠶᠢ ᠬᠠᠮᠠᠭᠠᠯᠠᠬᠤ᠂ ᠲᠠᠢ ᠢᠤᠢ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠤᠷᠢ ᠶᠢᠨ ᠳᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠬᠡᠳ ᠬᠤᠯᠪᠤᠬᠳᠠᠯ ᠪᠦᠬᠦᠢ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃      ᠳᠤᠰ ᠡᠳᠦᠷ᠂ ᠪᠦᠬᠦ ᠬᠤᠳᠠ ᠶᠢᠨ 15 ᠳ᠋ᠤᠭᠠᠷ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠳᠤᠬᠢᠷᠠᠭᠤᠯᠤᠯᠳᠠ ᠶᠢᠨ ᠬᠤᠷᠡᠯ  ᠤᠨ ᠳᠠᠷᠠᠭ᠎ᠠ᠂ ᠬᠤᠰᠢᠭᠤᠨ ᠤ ᠨᠠᠮ ᠤᠨ ᠬᠤᠷᠢᠶᠡᠨ ᠤ ᠳᠡᠳ᠋ ᠱᠦᠵᠢ᠂ ᠬᠤᠰᠢᠭᠤᠨ ᠤ ᠲᠠᠷᠤᠭ᠎ᠠ ᠰᠤᠷᠭᠠᠯᠳᠤ ᠤᠯᠤᠰ ᠤᠨ ᠪᠠᠶᠠᠷ ᠤᠨ ᠠᠮᠠᠷᠡᠯᠳᠡ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠴᠢᠨᠠᠬᠰᠢᠳᠠ ᠴᠢᠬᠤᠯᠠᠴᠢᠯᠠᠨ ᠪᠠᠶᠢᠷᠢᠯᠠᠭᠤᠯᠪᠠ᠃ ᠬᠤᠰᠢᠭᠤᠨ ᠤ ᠳᠡᠳ᠋ ᠳᠠᠷᠤᠭ᠎ᠠ ᠤᠶᠦᠨᠪᠢᠯᠢᠭ᠂ ᠵᠠᠩ ᠶᠠ ᠨᠠᠨ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ ᠳᠤᠰᠬᠠᠢ ᠳᠦᠷᠦᠯ  ᠤᠨ ᠳᠤᠭᠤᠶᠢᠯᠠᠩ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠤᠯ ᠬᠠᠷᠢᠭᠤᠴᠠᠯᠭᠠᠳᠠᠨ ᠬᠤᠷᠡᠯ ᠳᠤ ᠤᠷᠤᠯᠴᠠᠪᠠ᠃       9 ᠰᠠᠷ᠎ᠡ ᠶᠢᠨ 30 ᠤ ᠡᠳᠦᠷ ᠤᠨ ᠦᠳᠡ ᠶᠢᠨ ᠡᠮᠦᠨ᠎ᠠ᠂ ᠵᠡᠬᠦᠡᠭᠠᠷ ᠬᠤᠰᠢᠭᠤ ᠪᠦᠬᠦᠳᠡ ᠨᠠᠶᠢᠷᠠᠮᠳᠠᠬᠤ ᠳᠤᠮᠳᠠᠳᠤ ᠠᠷᠡᠳ ᠤᠯᠤᠰ ᠪᠠᠶᠢᠭᠤᠯᠤᠬᠳᠠᠬᠰᠠᠨ 73 ᠵᠢᠯ ᠤᠨ ᠤᠢ ᠶᠢ ᠪᠠᠶᠠᠷᠯᠡᠨ ᠪᠡᠯᠬᠡᠯᠡᠬᠦ ᠤᠯᠤᠰ ᠤᠨ ᠳᠤᠭ ᠮᠠᠨᠳᠤᠭᠤᠯᠬᠤ ᠶᠤᠰᠤᠯᠠᠯ ᠢ ᠦᠪᠡᠳᠡᠭᠰᠢ ᠶᠡᠭᠡ ᠪᠠᠷ ᠶᠠᠪᠤᠬᠳᠠᠭᠤᠯᠵᠤ᠂ ᠪᠦᠬᠦ ᠤᠯᠤᠰ ᠤᠨ ᠠᠷᠡᠳ ᠳᠦᠮᠡᠨ ᠲᠠᠢ ᠬᠠᠮᠳᠤᠪᠡᠷ ᠡᠨᠡ ᠬᠦ ᠦᠪᠡᠳᠡᠭᠰᠢ ᠶᠡᠭᠡ ᠪᠠᠶᠠᠷ ᠤᠨ ᠡᠳᠦᠷ ᠢ ᠪᠡᠯᠬᠡᠯᠡᠪᠡ᠃ ᠬᠤᠰᠢᠭᠤᠨ ᠤ ᠤᠳᠤᠷᠢᠳᠤᠯᠭ᠎ᠠ ᠰᠤ᠋ ᠰᠢᠨ ᠶᠠ᠂ ᠯᠤ᠋ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠦᠷᠪᠡᠨ ᠶᠡᠭᠡ ᠤᠳᠤᠷᠢᠳᠬᠤ ᠪᠠᠭ ᠤᠨ ᠠᠯᠪᠠᠨ ᠳᠠᠭᠠᠨ ᠪᠠᠶᠢᠭ᠎ᠠ ᠰᠢᠶᠠᠨ ᠤ ᠲᠡᠰ ᠤᠨ ᠤᠳᠤᠷᠢᠳᠤᠯᠭ᠎ᠠ ᠵᠢᠴᠢ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠠᠵᠤ ᠠᠬᠤᠶᠢᠯᠡᠯ ᠠᠵᠢᠯ ᠦᠢᠯᠡᠰ ᠤᠨ ᠪᠠᠶᠢᠭᠤᠯᠭ᠎ᠠ ᠨᠢᠬᠡᠴᠢ᠂ ᠰᠤᠷᠤᠬᠴᠢ ᠵᠡᠷᠬᠡ ᠨᠡᠶᠢᠬᠡᠮ  ᠤᠨ ᠡᠯ᠎ᠡ ᠡᠳᠡᠬᠡᠳ ᠤᠨ ᠳᠦᠯᠦᠭᠡᠯᠡᠭᠴᠢ ᠳᠤᠬᠳᠤᠯᠤᠬᠰᠠᠨ ᠰᠡᠳᠬᠢᠯ ᠢᠶᠠᠨ ᠲᠠᠷᠤᠵᠦ ᠶᠠᠳᠠᠨ ᠤᠯᠤᠰ ᠤᠨ ᠳᠤᠭ ᠮᠠᠨᠳᠤᠭᠤᠯᠬᠤ ᠶᠤᠰᠤᠯᠠᠯ ᠳᠤ ᠤᠷᠤᠯᠴᠠᠪᠠ᠃       ᠳᠤᠰ ᠡᠳᠦᠷ᠂ ᠵᠡᠬᠦᠡᠭᠠᠷ ᠬᠤᠰᠢᠭᠤ ᠦᠷᠡᠭᠳᠡᠭᠰᠡᠨ ᠪᠠᠭᠠᠳᠤᠷᠴᠤᠳ ᠤᠨ ᠤᠡᠭᠭᠤᠨ ᠤ ᠬᠦᠷᠢᠶᠡᠯᠡᠩ ᠳᠤ 2022 ᠤᠨ ᠤ ᠦᠷᠡᠭᠳᠡᠭᠰᠡᠨ ᠪᠠᠭᠠᠳᠤᠷᠴᠤᠳ  ᠤᠨ ᠳᠤᠷᠠᠰᠬᠠᠯ ᠤᠨ ᠡᠳᠦᠷ ᠤᠨ ᠨᠡᠶᠢᠳᠡ ᠶᠢᠨ ᠳᠠᠬᠢᠯᠭ᠎ᠠ ᠶᠢᠨ ᠠᠵᠢᠯᠯᠠᠭ᠎ᠠ ᠶᠢ ᠦᠷᠨᠢᠬᠦᠯᠪᠡ᠃ ᠰᠤ᠋ ᠰᠢᠨ ᠶᠠ᠂ ᠰᠤᠷᠭᠠᠯᠳᠤ᠂ ᠵᠢᠶᠠ ᠭᠤᠸᠠᠩ ᠬᠤᠸᠠ ᠵᠡᠷᠬᠡ ᠬᠤᠰᠢᠭᠤᠨ ᠤ ᠤᠳᠤᠷᠢᠳᠤᠯᠭ᠎ᠠ ᠪᠠ ᠡᠯ᠎ᠡ ᠡᠳᠡᠬᠡᠳ ᠤᠨ ᠳᠦᠯᠦᠭᠡᠯᠡᠭᠴᠢ ᠠᠯᠪᠠᠨ ᠳᠠᠬᠢᠯᠭ᠎ᠠ ᠶᠢᠨ ᠠᠵᠢᠯᠯᠠᠭ᠎ᠠ ᠳᠤ ᠤᠷᠤᠯᠴᠠᠪᠠ᠃  
ᠢᠷᠡᠯᠲᠡ᠄ ᠲᠤᠰ ᠰᠦᠯᠵᠢᠶ᠎ᠡ