2022 ᠤᠨ ᠤ ᠠᠷᠪᠠᠳᠤᠭᠠᠷ ᠰᠠᠷ᠎ᠠ ᠶᠢᠨ ᠵᠠᠰᠠᠭ ᠤᠨ ᠤᠷᠳᠤᠨ ᠤ ᠳᠤᠮᠤ ᠠᠵᠢᠯ ᠶᠠᠪᠤᠳᠠᠯ ᠤᠨ ᠳᠡᠮᠳᠡᠭᠯᠡᠯ
ᠨᠡᠶᠢᠲᠡᠯᠡᠭᠰᠡᠨ ᠴᠠᠭ᠄
2022/12/7
     10 ᠰᠠᠷ᠎ᠠ ᠶᠢᠨ 1 ᠤ ᠡᠳᠦᠷ᠂ ᠠᠷᠪᠠᠨ ᠰᠠᠷ᠎ᠠ ᠶᠢᠨ ᠨᠢᠭᠡᠨ ᠤ ᠤᠯᠤᠰ ᠤᠨ ᠪᠠᠶᠠᠷ ᠤᠨ ᠲᠤᠬᠠᠢ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠬᠤᠰᠢᠭᠤᠨ ᠤ ᠳᠣᠲᠣᠷᠠᠬᠢ ᠬᠡᠰᠡᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠬᠠᠰᠢᠬᠤ ᠴᠡᠭ ᠲᠤ ᠭᠦᠨᠵᠡᠭᠡᠶᠢᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ  ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠤᠬᠰᠠᠨ ᠤ ᠬᠠᠮᠲᠤ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠲᠣᠬᠤᠨᠢᠭᠤᠯᠪᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠳᠦᠷᠤᠯ ᠤᠨ ᠲᠦᠷᠦ ᠶᠢᠨ ᠪᠣᠳᠣᠯᠭ᠎ᠠ ᠶᠢ  ᠳᠤᠩ ᠴᠢᠩᠭ᠎ᠠ ᠂ ᠨᠡᠩ ᠪᠣᠳᠠᠲᠠᠢ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠡᠭᠦᠨᠭᠠᠷ ᠤᠨ  ᠭᠠᠳᠠᠨ᠎ᠠ ᠠᠴᠠ ᠬᠠᠯᠳᠠᠪᠤᠷᠢᠯᠠᠬᠳᠠᠨ ᠤᠷᠤᠵᠤ ᠢᠷᠡᠬᠦ ᠶᠢ ᠰᠡᠷᠭᠡᠶᠢᠯᠡᠬᠦ ᠳᠦᠷᠦᠬᠦᠦ       ︽ᠪᠣᠭᠤᠮᠲᠠ︾ ᠶᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃     10 ᠰᠠᠷ᠎ᠠ ᠶᠢᠨ 2 ᠤᠨ ᠡᠳᠦᠷ᠂ ᠮᠠᠨ ᠤ ᠬᠤᠰᠢᠭᠤᠨ ᠤ ᠬᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠲᠠ ᠶᠢᠨ ᠤᠯᠤᠰ ᠤᠨ ᠪᠠᠶᠠᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃ ᠪᠥᠬᠦ ᠣᠷᠣᠨ᠂ ᠪᠥᠬᠦ ᠬᠤᠲᠠ ᠶᠢᠨ ᠰᠢᠨ᠎ᠡ  ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠸᠢᠳᠢᠤ᠋ ᠬᠤᠷᠠᠯ ᠤᠨ ᠳᠠᠷᠠᠭ᠎ᠠ᠂ ᠮᠠᠨ ᠤ ᠬᠤᠰᠢᠭᠤ ᠲᠡᠷᠡ ᠳᠠᠷᠤᠢ  ᠳᠤᠨᠢ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     10 ᠰᠠᠷ᠎ᠠ ᠶᠢᠨ 2 ᠠᠴᠠ 3 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠣᠣ ᠵᠢᠩ ᠨᠠᠷ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ  ᠢᠶᠠᠷ ᠭᠦᠨᠵᠡᠭᠡᠶᠢᠷᠡᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ  ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃  ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠨᠤᠸᠠᠨ ᠱᠦᠢ ᠰᠢᠶᠠᠩ᠂  ᠨᠠᠷᠠᠰᠤᠨ ᠪᠠᠯᠭᠠᠰᠤ᠂ ᠵᠡᠭᠦᠨᠭᠠᠷ ᠵᠣᠣ ᠪᠠᠯᠭᠠᠰᠤ᠂ ᠶᠢᠩ ᠽᠧ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤ ᠬᠦᠷᠴᠦ  ᠱᠠᠯᠠᠪᠳᠠᠭᠤᠯᠤᠨ ᠵᠢᠯᠤᠭᠤᠳᠴᠤ ᠪᠠᠶᠢᠴᠠᠭᠠᠯᠲᠠ ᠬᠢᠵᠦ᠂ ᠵᠠᠬᠢᠳᠠᠯ ᠰᠣᠷᠪᠤᠯᠵᠢᠯᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠵᠠᠰᠠᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠵᠢᠯᠤᠭᠤᠳᠬᠤ ᠰᠠᠨᠠᠯ  ᠳᠤᠷᠠᠳᠤᠬᠰᠠᠨ ᠪᠠᠶᠢᠨ᠎ᠠ᠃     10 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠰᠢᠤᠸᠠᠢ ᠵᠢᠶᠠ ᠸᠠᠨ ᠬᠤᠲᠠ ᠲᠣᠭᠤᠷᠢᠭ᠂ ᠳ᠋ᠠ ᠯᠦ ᠠᠵᠤ ᠦᠢᠯᠡᠰ ᠤᠨ ᠬᠦᠷᠢᠶᠡᠯᠡᠩ ᠳᠤᠭᠤᠷᠢᠭ᠂  ᠱᠠᠬᠳᠠᠷ ᠪᠠᠯᠭᠠᠰᠤᠨ ᠳᠤ ᠬᠦᠷᠴᠦ ᠥᠪᠡᠷᠲᠡᠭᠡᠨ ᠵᠠᠰᠠᠬᠤ ᠣᠷᠣᠨ ᠤ ᠲᠤᠰᠠᠭᠠᠷᠯᠠᠵᠤ ᠰᠢᠯᠵᠢᠬᠦᠯᠤᠨ ᠵᠥᠭᠡᠭᠡᠪᠦᠷᠢᠯᠡᠬᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠴᠤ᠂ ᠢ ᠳ᠋ᠧ ᠪᠠᠭᠤᠳᠠᠯ᠂ ᠱᠠᠩ ᠺᠧ ᠶᠢᠤ ᠫᠢᠨ ᠪᠠᠭᠤᠳᠠᠯ ᠂ ᠱᠤᠸᠠᠩ ᠮᠠᠨ ᠪᠠᠭᠤᠳᠠᠯ ᠵᠡᠷᠭᠡ 13 ᠲᠤᠰᠠᠭᠠᠷᠯᠠᠬᠤ ᠲᠠᠯᠠᠪᠤᠷ ᠢ ᠥᠭᠡᠷᠡᠴᠢᠯᠡᠨ ᠵᠠᠰᠠᠬᠤ ᠵᠡᠷᠭᠡ ᠤᠴᠢᠷ ᠶᠠᠪᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠳᠤᠰ ᠡᠳᠦᠷ᠂ ᠮᠠᠨ ᠤ ᠬᠤᠰᠢᠭᠤᠨ ᠤ ᠬᠢᠨ ᠬᠤᠪᠢᠶᠠᠷᠢ ᠬᠤᠷᠠᠯ ᠤᠨ ᠲᠠᠯᠠᠪᠠᠢ ᠳᠤ ᠤᠯᠤᠰ ᠤᠨ ᠪᠠᠶᠠᠷ ᠤᠨ ᠬᠤᠭᠤᠴᠠᠭᠠᠨ ᠳᠠᠬᠢ ᠲᠠᠪᠤᠳᠤᠭᠠᠷ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃ ᠬᠤᠷᠠᠯ ᠤᠨ ᠳᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠬᠠᠮᠤᠭ ᠤᠨ ᠳᠦᠷᠦᠬᠦᠨ ᠳᠤ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠲᠣᠬᠢᠷᠠᠭᠤᠯᠤᠯᠳᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂  ᠬᠤᠰᠢᠭᠤ ᠳᠠᠶᠠᠭᠠᠷ ᠢ ᠳᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠨᠠᠷᠢᠨ ᠪᠤᠳᠤᠯᠢᠶᠠᠨᠲᠤ ᠴᠢᠨᠠᠷ᠂  ᠬᠦᠨᠳᠤ ᠭᠡᠴᠡᠬᠦᠦ ᠴᠢᠨᠠᠷ᠂   ᠳᠦᠭᠰᠢᠬᠦᠷᠢᠳᠤ ᠴᠢᠨᠠᠷ ᠢ ᠭᠦᠢᠴᠡᠳ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠳᠣᠬᠠᠨ ᠤ ᠠᠵᠢᠯ ᠤᠨ ᠴᠢᠬᠤᠯᠠ ᠭᠤᠣᠯᠳᠠᠯᠭ᠎ᠠ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠬᠤ ᠭᠡᠷᠡᠭᠳᠡᠢ ᠭᠡᠵᠦ ᠴᠢᠬᠤᠯᠠᠴᠢᠯᠠᠵᠠᠢ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠦ᠋ ᠰᠢᠦᠢ ᠳ᠋ᠦᠩ᠂ ᠵᠠᠩ ᠶᠠ ᠨᠠᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃    10 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠸᠧᠢ ᠵᠢᠶᠠ ᠮᠣᠣ ᠪᠠᠯᠭᠠᠰᠤᠨ ᠳᠤ ᠬᠦᠷᠴᠦ ᠲᠥᠷᠥᠯ ᠵᠦᠢᠯ ᠤᠨ ᠪᠡᠯᠡ ᠣᠷᠣᠭᠤᠯᠤᠯᠲᠠ  ᠪᠦᠲᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠯ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠠᠵᠢᠯ ᠢ  ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠸᠠᠩ ᠢᠦᠢ ᠵᠢᠶᠧ᠂ ᠯᠢᠦ ᠢᠦᠢ ᠴᠧᠩ ᠣᠷᠣᠯᠴᠠᠵᠠᠢ᠃    ᠲᠣᠰ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠤᠰᠢᠭᠤ ᠲᠣᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽  ᠳᠠᠪᠤ ᠶᠢ ᠳᠤᠶᠢᠯᠪᠤᠷᠢᠳᠠᠢ ᠪᠠᠶᠢᠴᠠᠭᠠᠬᠤ︾  ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ  ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ  ᠢ ᠸᠢᠳᠢᠤ᠋  ᠬᠤᠷᠠᠯ ᠤᠨ ᠬᠡᠯᠪᠡᠷᠢ ᠪᠠᠷ ᠬᠤᠰᠢᠭᠤ ᠲᠣᠭᠤᠷᠢᠭ ᠲᠤ ᠬᠦᠷᠳᠡᠯ᠎ᠠ ᠶᠠᠪᠤᠭᠳᠠᠭᠤᠯᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠴᠢᠦᠢ ᠱᠤ᠋ ᠴᠢᠩ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ  ᠶᠢᠨ ᠭᠡᠷᠡᠭ ᠡᠷᠬᠢᠯᠡᠬᠦ ᠭᠠᠵᠠᠷ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃   10 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠳ᠋ᠦ᠋ ᠬᠤᠶ ᠯᠢᠶᠠᠩ ᠬᠤᠲᠠ ᠶᠢᠨ  ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 16 ᠳ᠋ᠤᠭᠠᠷ ᠤᠳᠠᠭᠠᠨ ᠤ ᠲᠣᠬᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠢ ᠸᠢᠳᠢᠤ᠋  ᠬᠤᠷᠠᠯ ᠤᠨ ᠬᠡᠯᠪᠡᠷᠢ ᠪᠠᠷ ᠬᠤᠰᠢᠭᠤ ᠲᠣᠭᠤᠷᠢᠭ ᠲᠤ ᠬᠦᠷᠳᠡᠯ᠎ᠠ ᠶᠠᠪᠤᠭᠳᠠᠭᠤᠯᠪᠠ᠃ ᠬᠤᠰᠢᠭᠤᠨ ᠤ ᠳᠠᠷᠤᠭ᠎ᠠ  ᠰᠤᠷᠭᠠᠯᠳᠤ  ᠵᠡᠬᠦᠠᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠬᠠᠷᠢᠭᠤ ᠮᠡᠳᠡᠭᠦᠯᠦᠯᠲᠡ  ᠬᠢᠪᠡ᠃  ᠬᠤᠰᠢᠭᠤᠨ ᠤ ᠳᠡᠳ᠋ ᠳᠠᠷᠤᠭ᠎ᠠ ᠤᠶᠤᠨᠪᠢᠯᠢᠭ᠌᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂  ᠬᠤᠯᠪᠤᠬᠳᠠᠯ ᠪᠦᠬᠦᠢ ᠰᠠᠯᠠᠭ᠎ᠠ ᠮᠥᠴᠢᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ ᠤᠨ ᠬᠢᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃    10 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠲᠤ ᠤᠷᠢᠳ ᠬᠤᠵᠢᠳ  ᠰᠠ ᠸᠠ ᠨᠠ ᠪᠠᠭᠤᠳᠠᠯ᠂ ᠲᠢᠶᠠᠨ ᠰᠢ ᠪᠠᠭᠤᠳᠠᠯ ᠤᠨ ᠲᠤᠰᠠᠭᠠᠷᠯᠠᠬᠤ ᠴᠡᠭ᠂ ᠨᠡᠭᠡᠭᠡᠯᠳᠡ ᠶᠢᠨ ᠣᠷᠣᠨ ᠤ ᠲᠥᠪᠯᠡᠷᠡᠭᠦᠯᠦᠨ ᠲᠤᠰᠠᠭᠠᠷᠯᠠᠬᠤ ᠴᠡᠭ ᠢ ᠥᠭᠡᠷᠡᠴᠢᠯᠡᠨ ᠵᠠᠰᠠᠬᠤ ᠲᠥᠷᠥᠯ ᠵᠦᠢᠯ᠂ ᠵᠡᠭᠦᠨᠭᠠᠷ ᠵᠣᠤ ᠪᠠᠯᠭᠠᠰᠤᠨ ᠤ ᠱᠧᠨ ᠱᠠᠨ ᠪᠠᠶᠢᠴᠠᠭᠠᠬᠤ ᠴᠡᠭ᠂ ᠶᠠᠨ ᠵᠢᠶᠠ ᠭᠧᠦ ᠨᠡᠭᠦᠷᠡᠰᠦᠨ ᠠᠭᠤᠷᠬᠠᠢ᠂ ᠵᠡᠭᠦᠨᠭᠠᠷ ᠵᠣᠤ ᠲᠡᠭᠡᠭᠡᠪᠦᠷᠢ ᠶᠢᠨ ᠥᠷᠲᠡᠭᠡ ᠵᠡᠷᠭᠡ ᠭᠠᠵᠠᠷ ᠤᠳ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠣᠷᠴᠢᠨ  ᠳᠤᠭᠤᠷᠢᠨ ᠤ ᠬᠠᠮᠠᠭᠠᠯᠠᠯᠲᠠ ᠶᠢᠨ  ᠬᠠᠯᠠᠨ ᠰᠠᠶᠢᠵᠢᠷᠠᠭᠤᠯᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ  ᠱᠠᠯᠠᠪᠳᠠᠭᠤᠯᠤᠨ ᠵᠢᠯᠣᠭᠤᠳᠪᠠ᠃    10 ᠰᠠᠷ᠎ᠠ ᠶᠢᠨ 10 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠳ᠋ᠦ᠋ ᠬᠤᠶ ᠯᠢᠶᠠᠩ ᠬᠤᠲᠠ ᠶᠢᠨ  ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ 2022 ᠣᠨ ᠤ 18 ᠳ᠋ᠤᠭᠠᠷ ᠤᠳᠠᠭᠠᠨ ᠤ ᠲᠣᠬᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ  ᠢ ᠸᠢᠳᠢᠤ᠋  ᠬᠤᠷᠠᠯ ᠤᠨ ᠬᠡᠯᠪᠡᠷᠢ ᠪᠠᠷ ᠬᠤᠰᠢᠭᠤ ᠲᠣᠭᠤᠷᠢᠭ ᠲᠤ ᠬᠦᠷᠳᠡᠯ᠎ᠠ ᠶᠠᠪᠤᠭᠳᠠᠭᠤᠯᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠤᠶᠤᠨᠪᠢᠯᠢᠭ᠌᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂  ᠬᠤᠯᠪᠤᠬᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃    10 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠰᠢᠤᠸᠠᠢ ᠵᠢᠶᠠ ᠸᠠᠨ ᠪᠠᠯᠭᠠᠰᠤᠨ ᠤ ᠲᠥᠪᠯᠡᠷᠡᠭᠦᠯᠦᠨ ᠲᠤᠰᠠᠭᠠᠷᠯᠠᠬᠤ ᠪᠠ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠮᠢᠳᠤᠷᠠᠯ ᠤᠨ ᠡᠳ᠋ ᠪᠣᠳᠠᠰ ᠤᠨ ᠪᠠᠲᠤᠯᠠᠭ᠎ᠠ ᠶᠢᠨ ᠠᠵᠢᠯ ᠢ  ᠱᠠᠯᠠᠪᠳᠠᠭᠤᠯᠤᠨ ᠵᠢᠯᠤᠭᠤᠳᠬᠤ ᠳᠠᠭᠠᠨ ᠂ ᠣᠯᠠᠨ ᠲᠦᠮᠡᠨ ᠳᠤ ᠦᠨᠡᠨ ᠰᠡᠳᠬᠢᠯ ᠠᠴᠠ ᠪᠠᠨ ᠰᠠᠶᠢᠲᠤᠷ ᠦᠢᠯᠡᠴᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠢ ᠂ ᠨᠠᠷᠢᠯᠢᠭ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠳ᠋ ᠪᠣᠳᠠᠰ ᠤᠨ ᠠᠮᠤᠷ ᠲᠣᠭᠲᠠᠭᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ ᠬᠡᠵᠤ ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠸᠠᠩ ᠢᠦᠢ ᠵᠢᠶᠧ ᠣᠷᠣᠯᠴᠠᠵᠠᠢ᠃    ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ᠂ ᠳ᠋ᠠ ᠯᠤ᠋ ᠠᠵᠤ ᠦᠢᠯᠡᠰ ᠤᠨ ᠬᠦᠷᠢᠶᠡᠯᠡᠩ  ᠳᠤᠭᠤᠷᠢᠭ ᠲᠤ ᠬᠦᠷᠴᠦ ᠬᠦᠷᠢᠶᠡᠯᠡᠩ ᠲᠣᠭᠤᠷᠢᠭ ᠵᠢᠴᠢ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠣᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ  ᠱᠠᠯᠠᠪᠳᠠᠭᠤᠯᠤᠨ ᠵᠢᠯᠣᠭᠤᠳᠪᠠ᠃   10 ᠰᠠᠷ᠎ᠠ ᠶᠢᠨ 12 ᠤᠨ ᠡᠳᠦᠷ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠬᠤᠢ ᠲᠠᠯᠠᠪᠠᠶ ᠶᠢᠨ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ  ᠬᠤᠷᠠᠯ ᠡᠷᠭᠢᠯᠠᠵᠤ᠂ ᠬᠤᠰᠢᠭᠤᠨ ᠤ ᠤᠳᠤᠷᠢᠳᠤᠯᠭ᠎ᠠ ᠴᠢᠦᠢ  ᠱᠤ᠋ ᠴᠢᠩ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠵᠢᠩ ᠯᠦᠩ᠂ ᠤᠶᠤᠨᠪᠢᠯᠢᠭ᠌᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ  ᠬᠤᠯᠪᠤᠬᠳᠠᠯ  ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠬᠤᠢ ᠳᠠᠯᠠᠪᠠᠢ ᠶᠢᠨ ᠰᠢᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠠᠵᠢᠯᠯᠠᠬᠤ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ᠂ ᠠᠵᠢᠯᠯᠠᠭᠠᠨ ᠤ ᠲᠣᠭᠲᠠᠴᠠ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠵᠡᠭᠦᠨᠭᠠᠷ ᠵᠣᠤ ᠪᠠᠯᠭᠠᠰᠤ᠂  ᠨᠤᠸᠠᠨ ᠱᠦᠢ ᠰᠢᠶᠠᠩ᠂ ᠰᠢᠤᠸᠠᠢ ᠵᠢᠶᠠ ᠸᠠᠨ ᠪᠠᠯᠭᠠᠰᠤᠨ ᠳᠤ ᠬᠦᠷᠴᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠬᠠᠤᠯᠢ ᠶᠢ ᠵᠥᠷᠢᠴᠡᠨ ᠭᠠᠵᠠᠷ ᠭᠡᠷᠡᠭᠯᠡᠭᠰᠡᠨ ᠢ ᠲᠤᠰᠬᠠᠢ ᠴᠡᠪᠡᠷᠯᠡᠨ ᠴᠡᠭᠴᠡᠯᠡᠬᠦ  ᠶᠢᠨ ︽ᠡᠷᠭᠢᠵᠦ ᠦᠵᠡᠬᠦ︾ ᠠᠵᠢᠯ ᠢ  ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠸᠠᠩ ᠢᠦᠢ ᠵᠢᠶᠧ᠂ ᠯᠢᠦ ᠢᠦᠢ ᠴᠧᠩ ᠣᠷᠣᠯᠴᠠᠵᠠᠢ᠃    ᠳᠤᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠯᠦᠩ ᠺᠧᠦ ᠪᠠᠯᠭᠠᠰᠤᠨ ᠳᠤ ᠬᠦᠷᠴᠦ ᠬᠤᠲᠠ ᠪᠠᠯᠭᠠᠰᠤ ᠶᠢ ᠥᠭᠡᠷᠡᠴᠢᠯᠡᠨ ᠵᠠᠰᠠᠬᠤ᠂ ᠵᠠᠮ  ᠢ ᠥᠭᠡᠷᠡᠴᠢᠯᠡᠨ ᠵᠠᠰᠠᠬᠤ᠂ ᠬᠠᠤᠯᠢ ᠠᠴᠠ ᠵᠥᠷᠢᠴᠡᠨ ᠭᠠᠵᠠᠷ ᠭᠡᠷᠡᠭᠯᠡᠭᠰᠡᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ  ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂  ᠬᠤᠰᠢᠭᠤᠨ ᠤ ᠳᠡᠳ᠋ ᠳᠠᠷᠤᠭ᠎ᠠ ᠴᠢᠦᠢ ᠱᠤ᠋ ᠴᠢᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ᠂ ᠯᠦᠩ ᠺᠧᠦ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃    10 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ  ᠳ᠋ᠠ ᠯᠤ᠋ ᠰᠢᠨ᠎ᠡ ᠲᠣᠭᠤᠷᠢᠭ᠂ ᠳ᠋ᠠ ᠯᠤ᠋ ᠪᠠᠯᠭᠠᠰᠤ᠂  ᠱᠢ ᠡᠯ ᠯᠢᠶᠠᠨ ᠴᠧᠩ ᠰᠢᠶᠠᠩ ᠵᠡᠷᠭᠡ ᠭᠠᠵᠠᠷ ᠤᠳ ᠢᠶᠠᠷ ᠭᠦᠨᠵᠡᠭᠡᠶᠢᠷᠡᠨ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠪᠠ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠠᠵᠢᠯ ᠢ  ᠱᠠᠯᠠᠪᠳᠠᠭᠤᠯᠤᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠴᠢᠶᠣᠤ ᠠᠢ ᠫᠢᠩ᠂ ᠴᠢᠦᠢ ᠱᠤ᠋ ᠴᠢᠩ᠂ ᠸᠠᠩ ᠢᠦᠢ ᠵᠢᠶᠧ᠂ ᠸᠠᠩ ᠵᠢᠩ ᠯᠦᠩ ᠣᠷᠣᠯᠴᠠᠵᠠᠢ᠃    10 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ 2022 ᠣᠨ ᠤ 21 ᠳ᠋ᠤᠭᠡᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ︽  ᠳᠠᠪᠤ ᠶᠢ ᠳᠤᠶᠢᠯᠪᠤᠷᠢᠳᠠᠢ ᠪᠠᠶᠢᠴᠠᠭᠠᠬᠤ︾ ᠪᠠ ︽ᠵᠢᠷᠭᠤᠭᠠᠨ ᠶᠡᠭᠡ ᠠᠵᠢᠯᠯᠠᠭ᠎ᠠ︾᠂ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ ᠢ ᠲᠤᠰᠬᠠᠢ ᠴᠡᠪᠡᠷᠯᠡᠨ ᠴᠡᠭᠴᠡᠯᠡᠬᠦ ᠶᠢᠨ ︽ᠡᠷᠬᠢᠨ ᠬᠠᠷᠠᠬᠤ︾᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ  ᠴᠡᠪᠡᠷᠯᠡᠨ ᠴᠡᠭᠴᠡᠯᠡᠬᠦ ᠠᠵᠢᠯ ᠢ ᠲᠣᠬᠢᠷᠠᠭᠤᠯᠤᠨ ᠠᠬᠢᠭᠤᠯᠪᠠ᠃ ᠬᠤᠰᠢᠭᠤᠨ ᠤ ᠤᠳᠤᠷᠢᠳᠤᠯᠭ᠎ᠠ ᠵᠢᠶᠣᠣ ᠵᠢᠩ᠂ ᠴᠢᠶᠣᠤ ᠠᠢ ᠫᠢᠩ᠂ ᠴᠢᠦᠢ  ᠱᠤ᠋ ᠴᠢᠩ᠂ ᠴᠢᠶᠣᠤ ᡁᠢ ᠫᠢᠩ᠂ ᠸᠠᠩ ᠢᠤᠢ ᠵᠢᠶᠧ᠂ ᠸᠠᠩ ᠵᠢᠩ ᠯᠦᠩ᠂ ᠦ᠋ ᠰᠢᠦᠢ ᠳ᠋ᠦᠩ᠂ ᠯᠢᠦ ᠢᠦᠢ ᠴᠧᠩ᠂  ᠰᠢᠬᠦᠬᠦ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠭᠰᠠᠨ ᠪᠠᠶᠢᠨ᠎ᠠ᠃      10 ᠰᠠᠷ᠎ᠠ ᠶᠢᠨ 16 ᠤ ᠡᠳᠦᠷ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ  ᠬᠤᠷᠠᠯᠳᠤᠨ ᠡᠬᠢᠯᠡᠪᠡ᠃  ᠰᠤ᠋ ᠰᠢᠨ ᠶᠠ᠂ ᠯᠦ ᠵᠠᠨ ᠴᠢᠩ᠂  ᠰᠤᠷᠭᠠᠯᠳᠤ᠂ ᠵᠢᠶᠠ ᠭᠤᠸᠠᠩ ᠬᠤᠸᠠ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠡᠬᠢᠯᠡᠯᠲᠡ ᠶᠢᠨ ᠬᠤᠷᠠᠯ ᠤᠨ ᠲᠧᠯᠸᠢᠰ ᠰᠢᠭᠤᠳ ᠨᠡᠪᠲᠡᠷᠡᠭᠦᠯᠭᠡ ᠶᠢᠨ ᠦᠪᠡᠳᠡᠭᠰᠢ ᠪᠠᠶᠢᠳᠠᠯ ᠢ  ᠬᠠᠮᠳᠤ ᠪᠠᠷ  ᠬᠦᠯᠢᠶᠡᠨ ᠠᠪᠴᠤ ᠦᠵᠡᠪᠡ᠃    ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋  ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠪᠦᠭᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠠᠨ ᠬᠤᠷᠠᠯᠳᠤᠭᠤᠯᠪᠠ᠃ ᠬᠤᠷᠠᠯ ᠳᠡᠭᠡᠷ᠎ᠡ᠂ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂  ᠰᠤᠷᠭᠠᠯᠳᠤ  ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠬᠦ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠨ ᠴᠢᠬᠤᠯᠠᠴᠢᠯᠠᠭᠰᠠᠨ ᠪᠠᠶᠢᠨ᠎ᠠ᠃     ᠳᠤᠰ ᠡᠳᠦᠷ ᠂ ᠶᠡᠷᠦᠩᠭᠡᠢ ᠪᠡᠯᠡ ᠤᠷᠤᠭᠤᠯᠤᠯᠳᠠ ᠨᠢ 2 ᠳ᠋ᠦᠩᠰᠢᠭᠤᠷ ᠲᠥᠭᠦᠷᠢᠭ ᠪᠤᠯᠠᠬᠤ ᠵᠢᠯ ᠳᠤ 135 ᠲᠦᠮᠡᠨ ᠲᠣᠨ ᠬᠡᠲᠦ ᠴᠠᠭᠠᠨ ᠬᠡᠷᠡᠯ ᠸᠣᠯᠲ ᠤᠨ ᠰᠢᠯ ᠳᠤ ᠬᠡᠷᠡᠭᠯᠡᠬᠦ ᠰᠢᠯᠢᠳᠡᠭ ᠥᠭᠡᠬᠦᠨ ᠴᠢᠯᠠᠭᠤᠨ ᠡᠯᠡᠰᠦᠨ ᠤ ᠲᠥᠷᠥᠯ ᠵᠦᠢᠯ ᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠵᠡᠭᠦᠨᠭᠠᠷ ᠠᠵᠤ ᠦᠢᠯᠡᠰ ᠤᠨ ᠬᠦᠷᠢᠶᠡᠯᠡᠩ  ᠳᠤᠭᠤᠷᠢᠭ ᠲᠤ ᠵᠢᠩᠬᠢᠨᠢ ᠪᠠᠷ ᠪᠠᠷᠢᠯᠭ᠎ᠠ ᠡᠬᠢᠯᠡᠭᠦᠯᠪᠡ᠃    10 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ 2022 ᠣᠨ ᠤ 22 ᠳ᠋ᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠰᠢᠨ᠎ᠡ ᠡᠨᠧᠷᠭᠢ ᠶᠢᠨ ᠲᠥᠷᠥᠯ ᠵᠦᠢᠯ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠵᠢᠴᠢ  ᠭᠠᠷ ᠬᠦᠢᠴᠡᠳᠭᠡᠯ ᠢ ᠭᠦᠢᠴᠡᠳᠬᠡᠭᠰᠡᠨ ᠪᠠᠶᠢᠳᠠᠯ ᠢ ᠰᠣᠨᠣᠰᠪᠠ᠃ ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠢ ᠶᠡᠬᠡᠪᠡᠷ ᠠᠳᠬᠤᠬᠤ᠂ ᠲᠣᠮᠣ ᠲᠦᠷᠦᠯ ᠵᠦᠢᠯ ᠢ ᠠᠳᠬᠤᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠬᠠᠲᠠᠭᠤᠵᠢᠯᠲᠠᠢ  ᠪᠦᠭᠡᠳ ᠪᠣᠳᠠᠲᠠᠢ ᠠᠵᠢᠯᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ  ᠠᠬᠢᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ ᠬᠤᠰᠢᠭᠤᠨ ᠤ ᠤᠳᠤᠷᠢᠳᠤᠯᠭ᠎ᠠ ᠴᠢᠶᠣᠤ ᠠᠢ ᠫᠢᠩ᠂ ᠴᠢᠦᠢ ᠱᠤ᠋ ᠴᠢᠩ᠂ ᠸᠠᠩ ᠢᠦᠢ ᠵᠢᠶᠧ᠂ ᠸᠠᠩ ᠵᠢᠩ ᠯᠦᠩ᠂ ᠯᠢᠦ ᠢᠦᠢ ᠴᠧᠩ ᠬᠤᠷᠠᠯ ᠳᠤ ᠣᠷᠣᠯᠴᠠᠵᠠᠢ᠃    10 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ  ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ  ᠬᠤᠷᠢᠶᠠᠨ ᠤ ᠱᠦᠵᠢ ᠵᠢᠶᠣᠣ ᠵᠢᠩ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2022 ᠣᠨ ᠤ ᠬᠤᠶᠠᠳᠤᠭᠠᠷ ᠪᠥᠬᠦᠳᠡ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠳᠡᠭᠡᠳᠦ ᠱᠠᠲᠤᠨ ᠤ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃  ᠬᠤᠰᠢᠭᠤᠨ  ᠤ ᠳᠡᠳ᠋ ᠳᠠᠷᠤᠭ᠎ᠠ ᠤᠶᠤᠨᠪᠢᠯᠢᠭ᠌᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ᠂ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ  ᠬᠤᠯᠪᠤᠬᠳᠠᠯ ᠪᠦᠬᠦᠢ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃    10 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠪᠥᠬᠦ ᠬᠤᠰᠢᠭᠤᠨ ᠤ ᠰᠢᠨ᠎ᠡ  ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠡᠯ᠎ᠡ ᠠᠵᠢᠯ ᠤᠨ ᠳᠤᠭᠤᠶᠢᠯᠠᠩ᠂ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠬᠢᠵᠢᠭ ᠤᠨ ᠪᠠᠶᠢᠳᠠᠯ ᠤᠨ ᠪᠠᠶᠢᠳᠠᠯ ᠳᠤ ᠵᠠᠳᠠᠯᠤᠯᠲᠠ ᠬᠢᠵᠦ᠂ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠵᠢᠶᠣᠣ ᠵᠢᠩ᠂ ᠴᠢᠶᠣᠤ ᠠᠢ ᠫᠢᠩ᠂ ᠴᠢᠦᠢ  ᠱᠤ᠋ ᠴᠢᠩ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ ᠢᠦᠢ ᠵᠢᠶᠧ᠂ ᠸᠠᠩ ᠵᠢᠩ ᠯᠦᠩ᠂ ᠤᠶᠤᠨᠪᠢᠯᠢᠭ᠌᠂  ᠦ᠋ ᠰᠢᠦᠢ ᠳ᠋ᠦᠩ᠂ ᠵᠠᠩ ᠶᠠ ᠨᠠᠨ᠂ ᠯᠢᠦ ᠢᠦᠢ ᠴᠧᠩ ᠬᠤᠷᠠᠯ ᠳᠤ ᠣᠷᠣᠯᠴᠠᠵᠠᠢ      10 ᠰᠠᠷ᠎ᠠ ᠶᠢᠨ 21 ᠤ ᠡᠳᠦᠷ᠂ ᠵᠡᠭᠦᠨᠭᠠᠷ ᠬᠤᠰᠢᠭᠤᠨ ᠤ ᠬᠠᠶᠢᠷ᠎ᠠ ᠬᠠᠯᠠᠮᠵᠢᠳᠤ ᠠᠵᠤ ᠠᠬᠤᠶᠢᠯᠠᠯ ᠨᠢ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ 300 ᠭᠠᠷᠤᠢ ᠲᠦᠮᠡᠨ ᠲᠥᠭᠦᠷᠢᠭ ᠬᠠᠨᠳᠢᠪᠯᠡᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠬᠦ ᠳᠤ ᠬᠡᠷᠡᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠪᠡ᠃ ᠬᠤᠰᠢᠭᠤᠨ ᠤ ᠳᠡᠳ᠋ ᠳᠠᠷᠤᠭ᠎ᠠ ᠵᠠᠩ ᠶᠠ ᠨᠠᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ  ᠬᠤᠯᠪᠤᠬᠳᠠᠯ ᠪᠦᠬᠦᠢ ᠬᠠᠷᠢᠭᠤᠴᠠᠯᠭᠠᠲᠠᠳ  ᠬᠠᠨᠳᠢᠪᠯᠠᠬᠤ ᠶᠣᠰᠣᠯᠠᠯ ᠳᠤ ᠣᠷᠣᠯᠴᠠᠵᠠᠢ᠃    10 ᠰᠠᠷ᠎ᠠ ᠶᠢᠨ 25 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋  ᠬᠤᠢ ᠯᠢᠶᠠᠩ ᠬᠤᠷᠠᠯ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠷᠠᠯ ᠨᠢ  ᠸᠢᠳᠢᠤ᠋ ᠬᠡᠯᠪᠡᠷᠢ ᠪᠠᠷ ᠶᠠᠪᠤᠭᠳᠠᠵᠤ᠂ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠰᠢᠭᠦᠬᠦ  ᠪᠠᠶᠢᠴᠠᠭᠠᠬᠤ ᠬᠤᠷᠢᠶ᠎ᠠ ᠶᠢᠨ ︽ᠬᠤᠶᠠᠷ ᠳᠠᠷᠤᠭ᠎ᠠ︾᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ  ᠳᠤ ᠣᠷᠣᠯᠴᠠᠵᠠᠢ᠃    10 ᠰᠠᠷ᠎ᠠ ᠶᠢᠨ 26 ᠤ ᠡᠳᠦᠷ ᠠᠴᠠ 30 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ  ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠵᠢᠯᠯᠠᠬᠤ ᠳᠤᠭᠤᠶᠢᠯᠠᠩ ᠪᠠ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠲᠣᠬᠢᠷᠠᠭᠤᠯᠤᠨ ᠵᠢᠯᠤᠭᠤᠳᠬᠤ ᠶᠢᠨ ᠬᠠᠮᠲᠤ ᠪᠠᠶᠢᠷᠢᠯᠠᠭᠤᠯᠪᠠ᠃    10 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ  ᠢ ᠴᠡᠭᠴᠡᠯᠡᠨ ᠵᠠᠰᠠᠬᠤ ᠠᠵᠢᠯ ᠤᠨ ᠲᠤᠰᠬᠠᠢ ᠰᠡᠳᠦᠪᠲᠦ ᠠᠬᠢᠭᠤᠯᠬᠤ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ᠪᠥᠬᠦ ᠬᠤᠰᠢᠭᠤᠨ ᠤ ᠬᠠᠤᠯᠢ ᠶᠢ ᠵᠥᠷᠢᠴᠡᠨ ᠭᠠᠵᠠᠷ ᠬᠡᠷᠡᠭᠯᠡᠭᠰᠡᠨ  ᠢ ᠴᠡᠭᠴᠡᠯᠡᠨ ᠵᠠᠰᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠡᠮᠬᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ  ᠬᠤᠯᠪᠤᠬᠳᠠᠯ ᠪᠦᠬᠦᠢ ᠬᠠᠷᠢᠭᠤᠴᠠᠯᠭᠠᠲᠠᠳ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃    10 ᠰᠠᠷ᠎ᠠ ᠶᠢᠨ 29  ᠤ ᠡᠳᠦᠷ᠂ ᠹᠷᠠᠨᠼᠢ ᠠᠴᠠ ᠤᠷᠤᠭᠤᠯᠤᠨ ᠠᠪᠴᠢᠷᠠᠬᠰᠠᠨ 650  ᠤᠤᠯ ᠤᠨ ᠡᠭᠦᠯᠳᠡᠷ ᠤᠨ ᠭᠠᠭ᠋ᠠᠢ ᠶᠢ ᠵᠡᠭᠦᠨᠭᠠᠷ ᠬᠤᠰᠢᠭᠤᠨ ᠤ  ᠱᠢ ᠡᠯ ᠯᠢᠶᠠᠨ ᠴᠧᠩ ᠰᠢᠶᠠᠩ ᠤᠨ ᠭᠤᠸᠠᠩ ᠲᠠᠢ ᠴᠠᠩ ᠲᠣᠰᠬᠤᠨ ᠤ ᠤᠤᠯ ᠤᠨ ᠡᠭᠦᠯᠳᠡᠷ ᠤᠨ ᠭᠠᠭ᠋ᠠᠢ ᠶᠢᠨ ᠲᠠᠯᠠᠪᠠᠢ ᠳᠤ  ᠬᠦᠷᠭᠡᠪᠡ᠂ ᠡᠨᠡ ᠪᠣᠯ ᠵᠡᠭᠦᠨᠭᠠᠷ ᠬᠤᠰᠢᠭᠤ ᠠᠩᠬ᠎ᠠ ᠤᠳᠠᠭ᠎ᠠ ᠭᠠᠳᠠᠭᠠᠳᠤ ᠶᠢᠨ ᠡᠭᠦᠯᠳᠡᠷ ᠤᠨ ᠭᠠᠭ᠋ᠠᠢ ᠶᠢ ᠣᠷᠣᠭᠤᠯᠤᠨ ᠠᠪᠴᠢᠷᠠᠵᠤ᠂ ᠵᠡᠭᠦᠨᠭᠠᠷ ᠬᠤᠰᠢᠭᠤ ᠴᠢᠨᠠᠭᠰᠢᠯᠠᠪᠠᠯ ᠣᠷᠳᠣᠰ  ᠤᠨ ᠭᠠᠭ᠋ᠠᠢ  ᠳᠡᠵᠢᠭᠡᠬᠦ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠬᠤ ᠪᠣᠯᠣᠨ᠎ᠠ᠃    10 ᠰᠠᠷ᠎ᠠ ᠶᠢᠨ 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠵᠡᠭᠦᠨᠭᠠᠷ ᠠᠵᠤ ᠦᠢᠯᠡᠰ ᠤᠨ ᠬᠦᠷᠢᠶᠡᠯᠡᠩ  ᠳᠤᠭᠤᠷᠢᠭ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ  ᠱᠠᠯᠠᠪᠳᠠᠭᠤᠯᠤᠨ ᠵᠢᠯᠤᠭᠤᠳᠪᠠ᠃ ᠬᠤᠰᠢᠭᠤᠨ ᠤ ᠳᠡᠳ᠋ ᠳᠠᠷᠤᠭ᠎ᠠ ᠯᠢᠦ ᠢᠦᠢ ᠴᠧᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠬᠠᠮᠢᠶᠠᠷᠤᠯᠲᠠ ᠶᠢᠨ ᠵᠥᠪᠯᠡᠯ ᠤᠨ  ᠬᠤᠯᠪᠤᠬᠳᠠᠯ ᠪᠦᠬᠦᠢ ᠬᠠᠷᠢᠭᠤᠴᠠᠯᠭᠠᠲᠠᠳ ᠪᠠᠷ᠎ᠠ ᠪᠣᠯᠵᠤ  ᠱᠠᠯᠠᠪᠳᠠᠭᠤᠯᠤᠨ ᠵᠢᠯᠣᠭᠤᠳᠪᠠ᠃
ᠢᠷᠡᠯᠲᠡ᠄ ᠲᠤᠰ ᠰᠦᠯᠵᠢᠶ᠎ᠡ