| | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ | ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠂ ᠡᠯ᠎ᠡ ᠰᠢᠭᠤᠳ ᠬᠠᠷᠢᠶ᠎ᠠ ᠨᠢᠭᠡᠴᠢ ᠳᠤ ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠡᠳᠦᠭᠡ ︽ ᠵᠡᠭᠦᠨᠭᠠᠷ ᠬᠤᠰᠢᠭᠤᠨ ᠤ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠠᠵᠢᠯ ᠢ ᠤᠯᠠᠮ ᠴᠢᠨᠠᠬᠰᠢᠳᠠ ᠴᠢᠩᠭᠠᠳᠬᠠᠬᠤ ᠬᠡᠷᠡᠭᠵᠢᠭᠦᠯᠬᠦ ᠲᠥᠰᠥᠯ ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ ᠂ ᠪᠣᠳᠠᠲᠠᠢ ᠲᠠᠢ ᠪᠠᠨ | ᠤᠶᠠᠯᠳᠤᠭᠤᠯᠤᠨ ᠂ ᠨᠠᠷᠢᠨ ᠬᠢᠨᠠᠮᠠᠭᠠᠢ ᠳᠤᠭᠤᠰᠢᠯᠠᠭᠤᠯᠤᠨ ᠬᠡᠷᠡᠭᠵᠢᠭᠦᠯᠲᠦᠭᠡᠢ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠰᠠᠷ᠎ᠠ ᠶᠢᠨ 26 ᠤ ᠡᠳᠤᠷ | | ᠵᠡᠭᠦᠨᠭᠠᠷ ᠬᠤᠰᠢᠭᠤᠨ ᠤ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ | ᠠᠵᠢᠯ ᠢ ᠤᠯᠠᠮ ᠴᠢᠨᠠᠬᠰᠢᠳᠠ ᠴᠢᠩᠭᠠᠳᠬᠠᠬᠤ ᠬᠡᠷᠡᠭᠵᠢᠭᠦᠯᠬᠦ ᠲᠥᠰᠥᠯ | ︽ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠴᠢᠨᠠᠬᠰᠢᠳᠠ ᠴᠢᠩᠭᠠᠳᠬᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠭᠡᠷ ᠤᠨ ᠮᠡᠳᠡᠭᠳᠡᠯ ︾ ︵ ᠣᠷᠳᠣᠰ ᠵᠠᠰᠠᠭ ᠠᠯᠪᠠᠨ ᠲᠠᠷᠬᠠᠭᠠᠭᠰᠠᠨ ﹇ 2022 ﹈ 90 ᠲᠣᠭᠠᠲᠤ ︶ ᠂ ︽ ᠣᠷᠳᠣᠰ ᠬᠤᠲᠠ ᠶᠢᠨ ᠦᠨᠳᠦᠰᠦᠨ | ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠱᠠᠩᠨᠠᠵᠤ ᠨᠦᠬᠦᠪᠤᠷᠢᠯᠡᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠢ | ᠣᠷᠳᠣᠰ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ ︾ ︵ ᠣᠷᠳᠣᠰ ᠳᠤᠭ᠎ᠠ | ᠪᠦᠷᠢᠳᠭᠡᠯ ᠡᠳ᠋ ᠵᠠᠰᠠᠭ ᠲᠠᠷᠬᠠᠭᠠᠭᠰᠠᠨ ﹇ 2022 ﹈ 33 ᠲᠣᠭᠠᠲᠤ ︶ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠪᠥᠬᠦ ᠬᠤᠰᠢᠭᠤᠨ ᠤ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠤᠯᠠᠮ ᠴᠢᠨᠠᠬᠰᠢᠳᠠ ᠴᠢᠩᠭᠠᠳᠬᠠᠬᠤ ᠶᠢᠨ ᠲᠤᠰᠠᠳᠠ ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ ᠂ ᠳᠣᠣᠷᠠᠬᠢ ᠮᠡᠲᠦ ᠬᠡᠷᠡᠭᠵᠢᠭᠦᠯᠬᠦ ᠲᠥᠰᠥᠯ ᠢ ᠲᠣᠭᠲᠠᠭᠠᠪᠠ ᠃ | ᠨᠢᠭᠡ ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ ᠂ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠬᠤ ᠲᠤᠬᠠᠢ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠂ ᠪᠥᠬᠦ ᠬᠤᠲᠠ ᠶᠢᠨ ᠲᠤᠭ᠎ᠠ ᠪᠦᠷᠢᠳᠬᠡᠯ ᠢ ︽ ᠬᠥᠳᠡᠭᠡ ᠲᠣᠰᠬᠤᠨ ᠂ ᠬᠦᠷᠢᠶᠡᠯᠡᠩ ᠲᠣᠭᠤᠷᠢᠭ ᠂ | ᠨᠡᠶᠢᠭᠡᠮ ᠲᠣᠭᠤᠷᠢᠭ ᠲᠤ ᠤᠷᠤᠭᠤᠯᠬᠤ ︾ ᠠᠵᠢᠯᠯᠠᠭ᠎ᠠ ᠲᠠᠢ ᠤᠶᠠᠯᠳᠤᠭᠤᠯᠤᠨ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠥᠭᠵᠢᠯᠲᠡ ᠶᠢ | ᠬᠢᠵᠠᠭᠠᠷᠯᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠬᠦᠴᠦᠨ ᠢ ᠪᠠᠬᠢᠵᠢᠭᠦᠯᠵᠦ ᠂ ᠦᠨᠳᠦᠰᠦᠨ | ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠨᠥᠬᠦᠴᠡᠯ ᠢ ᠰᠠᠶᠢᠵᠢᠷᠠᠭᠤᠯᠤᠨ ᠂ ᠲᠤᠭ᠎ᠠ ᠪᠦᠷᠢᠳᠬᠡᠯ ᠤᠨ ᠠᠵᠢᠯᠯᠠᠭ᠎ᠠ ᠶᠢ ᠴᠢᠩᠭ᠎ᠠ ᠳᠦᠷᠢᠮᠵᠢᠬᠦᠯᠵᠤ ᠂ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠳᠦᠷᠢᠮᠵᠢᠬᠦᠯᠦᠯᠳᠡ ᠂ ᠪᠠᠷᠢᠮᠵᠢᠶᠠᠵᠢᠭᠤᠯᠤᠯᠲᠠ ᠂ ᠰᠢᠨᠵᠢᠯᠡᠬᠦ ᠤᠬᠠᠭᠠᠨᠴᠢᠯᠠᠯᠲᠠ ᠶᠢᠨ ᠬᠢᠷᠢ ᠲᠦᠪᠰᠢᠨ ᠢ | ᠦᠷᠭᠦᠯᠵᠢᠯᠡᠨ ᠳᠡᠭᠡᠭᠰᠢᠯᠡᠬᠦᠯᠤᠨ᠎ᠠ᠃ | ᠬᠤᠶᠠᠷ ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ | ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠪᠠᠭ ᠤᠨ 1 ᠪᠦᠷᠢᠯᠳᠦᠭᠦᠨ ᠢ ᠲᠤᠭ᠎ᠠ ᠪᠦᠷᠢᠳᠬᠡᠯ ᠤᠨ ᠠᠵᠢᠯ ᠤᠨ | ᠬᠤᠪᠢᠶᠠᠷᠢᠯᠠᠨ ᠬᠠᠮᠢᠶᠠᠷᠬᠤ ᠤᠳᠤᠷᠢᠳᠤᠯᠭ᠎ᠠ ᠪᠠᠷ ᠲᠣᠳᠣᠷᠬᠠᠢ ᠲᠣᠭᠲᠠᠭᠠᠵᠤ ᠂ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠲᠤᠰᠬᠠᠢ ᠲᠤᠰᠢᠶᠠᠯᠲᠤ ᠲᠤᠭ᠎ᠠ | ᠪᠦᠷᠢᠳᠬᠡᠯ ᠤᠨ ᠠᠵᠢᠯᠲᠠᠨ ᠢ 1 ᠲᠣᠭᠲᠠᠭᠠᠵᠤ ᠂ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢᠨ ᠨᠢᠭᠡᠴᠢ ᠶᠢᠨ ᠲᠤᠭ᠎ᠠ ᠨᠢ 1500 ᠡᠷᠦᠬᠡ ᠠᠴᠠ | ᠳᠡᠭᠡᠭᠰᠢ ᠪᠠᠶᠢᠪᠠᠯ ᠂ 2 ᠠᠴᠠ ᠳᠡᠭᠡᠭᠰᠢ ᠲᠤᠰᠬᠠᠢ ᠲᠤᠰᠢᠶᠠᠯᠲᠤ ᠲᠤᠭ᠎ᠠ ᠪᠦᠷᠢᠳᠬᠡᠯ ᠤᠨ ᠠᠵᠢᠯᠲᠠᠨ ᠢ ᠲᠣᠭᠲᠠᠭᠠᠨ᠎ᠠ ︔ ᠭᠠᠴᠠᠭ᠎ᠠ ᠲᠣᠰᠬᠤᠨ ᠨᠡᠶᠢᠭᠡᠮ ᠲᠣᠭᠤᠷᠢᠭ | ᠨᠢ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢ 1 ᠨᠡᠷ᠎ᠡ ᠲᠣᠭᠲᠠᠭᠠᠨ᠎ᠠ ︔ ᠲᠤᠭ᠎ᠠ ᠪᠦᠷᠢᠳᠬᠡᠯ ᠤᠨ | ᠮᠡᠳᠡᠭᠦᠯᠦᠯᠲᠡ ᠬᠢᠬᠦ ᠠᠵᠢᠯ ᠢ ᠡᠭᠦᠷᠭᠡᠯᠡᠵᠦ ᠪᠠᠶᠢᠭ᠎ᠠ ᠠᠵᠤ ᠠᠬᠤᠶᠢᠯᠠᠯ ᠨᠢ ᠠᠵᠢᠯ ᠤᠨ ᠡᠭᠦᠷᠭᠡ ᠶᠢᠨ ᠬᠡᠮᠵᠢᠶ᠎ᠡ ᠪᠠᠨ ᠦᠨᠳᠦᠰᠦᠯᠡᠨ ᠂ ᠨᠠᠭᠠᠲᠤ ᠵᠠᠬ᠎ᠠ ᠳᠠᠭᠠᠨ 1 | ᠠᠴᠠ ᠳᠡᠭᠡᠭᠰᠢ ᠲᠤᠰᠬᠠᠢ ᠲᠤᠰᠢᠶᠠᠯ ᠤᠨ ᠪᠤᠶᠤ ᠲᠤᠰᠢᠶᠠᠯ ᠬᠠᠪᠰᠤᠷᠭᠠᠭᠰᠠᠨ ᠲᠤᠭ᠎ᠠ ᠪᠦᠷᠢᠳᠬᠡᠯ ᠤᠨ ᠠᠵᠢᠯᠲᠠᠨ ᠢ ᠲᠣᠬᠢᠷᠠᠭᠤᠯᠵᠤ ᠂ ᠦᠨᠳᠦᠰᠦᠨ ᠱᠠᠲᠤᠨ ᠤ | ᠲᠤᠭ᠎ᠠ ᠪᠦᠷᠢᠳᠬᠡᠯ ᠤᠨ ᠠᠵᠢᠯᠲᠠᠨ ᠤ ᠬᠤᠪᠢᠷᠠᠯᠲᠠ ᠶᠢ ᠱᠠᠲᠤ ᠳᠠᠷᠠᠭᠠᠯᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | | ︵ᠬᠤᠶᠠᠷ︶ ᠲᠤᠭ᠎ᠠ ᠪᠦᠷᠢᠳᠬᠡᠯ ᠤᠨ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠎ᠡ ᠃ ᠲᠤᠭ᠎ᠠ ᠪᠦᠷᠢᠳᠬᠡᠯ ᠤᠨ ᠠᠵᠢᠯ ᠤᠨᠦᠨᠳᠦᠰᠦᠨ | ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︽ ᠨᠠᠢᠮᠠ ᠲᠠᠢ ᠪᠤᠯᠭᠠᠬᠤ ᠪᠠ ᠨᠠᠢᠮᠠᠵᠢᠭᠤᠯᠬᠤ ︾ ᠱᠠᠭᠠᠷᠳᠠᠯᠭ᠎ᠠ ᠶᠣᠰᠣᠭᠠᠷ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠳᠦᠷᠢᠮᠵᠢᠬᠦᠯᠤᠨ ᠡᠭᠦᠳᠦᠨ | ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ ᠂ ᠵᠢᠯ ᠤᠨ ᠳᠣᠲᠣᠷ᠎ᠠ ︽ ᠨᠠᠢᠮᠠ ᠲᠠᠢ ᠪᠤᠯᠭᠠᠬᠤ ᠪᠠ ᠨᠠᠢᠮᠠᠵᠢᠭᠤᠯᠬᠤ ︾ ᠳᠦᠷᠢᠮᠵᠢᠬᠦᠯᠤᠨ ᠪᠦᠲᠦᠭᠡᠨ ᠪᠠᠶᠢᠭᠤᠯᠬᠤ | ᠪᠠᠷᠢᠮᠵᠢᠶ᠎ᠠ ᠶᠢ ᠪᠦᠬᠦᠨ ᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ ᠃ | ︵ ᠭᠤᠷᠪᠠ ︶ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ ᠰᠠᠶᠢᠲᠤᠷ ᠠᠳᠬᠤᠨ᠎ᠠ ᠃ ︽ ᠲᠤᠭ᠎ᠠ ᠪᠦᠷᠢᠳᠬᠡᠯ ᠤᠨ ᠬᠠᠤᠯᠢ ︾ ᠵᠢᠴᠢ ᠬᠤᠯᠪᠤᠬᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠨᠠᠮ ᠤᠨ ᠰᠤᠷᠭᠠᠭᠤᠯᠢ ᠶᠢᠨ ᠤᠳᠤᠷᠢᠳᠬᠤ ᠺᠠᠳ᠋ᠷᠴᠤᠳ ᠤᠨ ᠬᠥᠮᠦᠵᠢᠯ ᠪᠣᠯᠪᠠᠰᠤᠷᠠᠯ ᠤᠨ ᠵᠠᠪᠠᠯ ᠰᠤᠷᠬᠤ | ᠬᠢᠴᠢᠶᠡᠯ ᠳᠤ ᠣᠷᠣᠭᠤᠯᠵᠤ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠺᠠᠳ᠋ᠷᠴᠤᠳ ᠤᠨ ᠪᠣᠯᠪᠠᠰᠤᠷᠠᠯ ᠢ ᠪᠥᠬᠦ ᠬᠤᠰᠢᠭᠤᠨ ᠤ ᠺᠠᠳ᠋ᠷᠴᠤᠳ ᠤᠨ | ᠬᠥᠮᠦᠵᠢᠯ ᠪᠣᠯᠪᠠᠰᠤᠷᠠᠯ ᠤᠨ ᠭᠤᠣᠯ ᠴᠣᠭᠴᠠ ᠶᠢᠨ ᠠᠩᠭᠢ ᠳᠤ ᠣᠷᠣᠭᠤᠯᠤᠨ ᠂ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠵᠢᠴᠢ | ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯᠲᠠᠨ ᠤ ᠪᠣᠯᠪᠠᠰᠤᠷᠠᠯ ᠢ ᠪᠦᠷᠢᠨ ᠪᠦᠷᠬᠦᠭᠦᠯᠵᠦ ᠂ ᠦᠨᠳᠦᠰᠦᠨ ᠱᠠᠲᠤᠨ ᠤ ᠲᠤᠭ᠎ᠠ | ᠪᠦᠷᠢᠳᠬᠡᠯ ᠤᠨ ᠠᠵᠢᠯᠲᠠᠨ ᠤ ᠬᠡᠪ ᠴᠢᠨᠠᠷ ᠪᠠ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠰᠢᠨ᠎ᠡ ᠪᠠᠷ | ᠠᠵᠢᠯ ᠤᠨ ᠪᠠᠶᠢᠷᠢᠨ ᠳᠤ ᠭᠠᠷᠬᠤ ᠲᠤᠭ᠎ᠠ ᠪᠦᠷᠢᠳᠬᠡᠯ ᠤᠨ ᠠᠵᠢᠯᠲᠠᠨ ᠡᠷᠬᠡᠪᠰᠢ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠳᠤ ᠣᠷᠤᠯᠴᠠᠬᠤ ᠶᠢᠨ | ᠬᠠᠮᠲᠤ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠬᠠᠢ ᠮᠡᠷᠭᠡᠵᠢᠯ ᠤᠨ ᠠᠵᠢᠯᠲᠠᠳ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ | ᠴᠢᠩᠭᠠᠳᠬᠠᠵᠤ ᠂ ᠦᠨᠳᠦᠰᠦᠨ ᠱᠠᠲᠤᠨ ᠤ ᠲᠤᠭ᠎ᠠ ᠪᠦᠷᠢᠳᠭᠡᠯ ᠤᠨ ᠠᠵᠢᠯ ᠤᠷᠤᠬᠰᠢᠳᠠᠢ ᠶᠠᠪᠤᠬᠳᠠᠬᠤ ᠶᠢ ᠪᠠᠳᠤᠯᠠᠨ᠎ᠠ᠃ | ︵ᠳᠥᠷᠪᠡ︶ ᠲᠤᠭ᠎ᠠ ᠪᠦᠷᠢᠳᠬᠡᠯ ᠤᠨ ᠬᠠᠤᠯᠢᠵᠢᠯ ᠤᠬᠠᠭᠤᠯᠭ᠎ᠠ ᠶᠢ ᠴᠢᠩᠭᠠᠳᠬᠠᠨ᠎ᠠ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ | ᠰᠢᠶᠠᠩ ᠪᠠᠯᠭᠠᠰᠤ ᠵᠡᠭᠡᠯᠢ ᠭᠤᠳᠤᠮᠵᠢ ᠵᠢᠨᠭᠡᠷᠡᠭ ᠡᠷᠬᠢᠯᠡᠬᠦ ᠭᠠᠵᠠᠷ ᠤᠨ ᠬᠢᠨ ᠲᠤᠭ᠎ᠠ ᠪᠦᠷᠢᠳᠬᠡᠯ ᠤᠨ ᠬᠠᠤᠯᠢᠵᠢᠯ ᠤᠬᠠᠭᠤᠯᠭ᠎ᠠ ᠶᠢᠨ ᠠᠵᠢᠯ ᠢ ᠨᠠᠷᠢᠨ ᠨᠢᠮᠪᠠᠢ | ᠵᠣᠬᠢᠶᠠᠨ ᠪᠠᠶᠢᠭᠤᠯᠵᠤ ᠂ ᠤᠯᠤᠰ ᠤᠨ ᠪᠠᠶᠢᠳᠠᠯ ᠤᠯᠤᠰ ᠤᠨ ᠬᠦᠴᠦᠨ ᠤ ᠴᠢᠬᠤᠯᠠ ᠶᠡᠭᠡ ᠪᠠᠶᠢᠴᠠᠭᠠᠯᠲᠠ ᠂ ᠲᠤᠰᠬᠠᠢ ᠵᠦᠢᠯ ᠤᠨ ᠪᠠᠶᠢᠴᠠᠭᠠᠯᠲᠠ ᠵᠡᠷᠭᠡ ᠲᠤᠭ᠎ᠠ | ᠪᠦᠷᠢᠳᠬᠡᠯ ᠤᠨ ᠭᠤᠣᠯᠳᠠᠯᠭ᠎ᠠ ᠲᠠᠢ ᠠᠵᠢᠯ ᠳᠤ ᠴᠢᠭᠯᠡᠭᠦᠯᠦᠨ ᠲᠤᠰᠬᠠᠢ ᠰᠡᠳᠦᠪᠲᠦ ᠤᠬᠠᠭᠤᠯᠭ᠎ᠠ ᠶᠢ ᠥᠷᠨᠢᠭᠦᠯᠵᠦ ᠂ ᠠᠵᠢᠯ ᠤᠨ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠵᠤ ᠂ ᠥᠷᠭᠡᠨ ᠣᠯᠠᠨ ᠪᠠᠶᠢᠴᠠᠭᠠᠭᠳᠠᠬᠤ ᠡᠲᠡᠭᠡᠳ ᠤᠨ ᠳᠡᠮᠵᠢᠯᠭᠡ ᠪᠠ ᠬᠠᠮᠵᠢᠯᠴᠠᠭ᠎ᠠ ᠶᠢ ᠴᠢᠷᠮᠠᠶᠢᠨ ᠤᠯᠤᠨ᠎ᠠ ᠃ | ︵ᠲᠠᠪᠤ︶ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ ᠃ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠠᠷᠤᠳᠠᠯ ᠢ ᠬᠤᠲᠠ ᠶᠢᠨ | ᠱᠠᠳᠤᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ ᠪᠣᠯᠣᠨ ᠬᠤᠰᠢᠭᠤᠨ ᠤ ᠡᠳ᠋ ᠤᠨ ᠵᠠᠰᠠᠭ ᠠᠴᠠ ᠬᠠᠮᠲᠤ ᠪᠠᠷ ᠡᠭᠦᠷᠭᠡᠯᠡᠵᠦ ᠂ ᠬᠡᠷᠡᠭᠵᠢᠭᠦᠯᠬᠦ ᠬᠤᠭᠤᠴᠠᠭ᠎ᠠ ᠨᠢ | ᠭᠤᠷᠪᠠᠨ ᠵᠢᠯ ︵ 2022 — 2024 ᠣᠨ ︶ ᠪᠠᠶᠢᠵᠤ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ | ᠪᠠᠲᠤᠯᠠᠨ᠎ᠠ ᠃ ᠨᠥᠬᠦᠪᠦᠷᠢ ᠶᠢᠨ ᠪᠣᠳᠠᠲᠠᠢ ᠪᠠᠷᠢᠮᠵᠢᠶ᠎ᠠ ᠨᠢ ᠳᠣᠣᠷᠠᠬᠢ ᠮᠡᠲᠦ ᠄ | 1. ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠳᠤ ᠬᠡᠷᠡᠭᠰᠡᠬᠦ ᠺᠣᠮᠫᠢᠦ᠋ᠲ᠋ᠧᠷ ᠂ ᠳᠠᠷᠤᠮᠠᠯᠯᠠᠬᠤ ᠮᠠᠰᠢᠨ ᠂ ᠲᠠᠩᠰᠠ | ᠡᠪᠬᠡᠮᠡᠯ ᠤᠨ ᠬᠤᠷᠭᠤ ᠵᠡᠷᠭᠡ ᠲᠥᠬᠦᠭᠡᠷᠦᠮᠵᠢ ᠨᠢ ᠪᠦᠷᠢᠨ ᠭᠦᠢᠴᠡᠳ ᠪᠥᠭᠡᠳ ᠲᠤᠭ᠎ᠠ ᠪᠦᠷᠢᠳᠬᠡᠯ ᠤᠨ ᠲᠤᠰᠬᠠᠢ ᠰᠦᠯᠵᠢᠶ᠎ᠡ ᠶᠢ ᠬᠤᠯᠪᠣᠨ ᠨᠡᠪᠲᠡᠷᠡᠭᠦᠯᠦᠭᠰᠡᠨ | ᠪᠠᠶᠢᠪᠠᠯ ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢᠭᠡᠪᠦᠷᠢ ᠳᠤ ᠵᠢᠯ ᠪᠦᠷᠢ 5000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ ᠃ | 2. ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢ ᠨᠢᠭᠡᠨᠲᠡ 1 ᠨᠡᠷ᠎ᠡ ᠲᠤᠭ᠎ᠠ ᠪᠦᠷᠢᠳᠬᠡᠯ ᠤᠨ ᠠᠵᠢᠯᠲᠠᠨ ᠢ ᠲᠣᠭᠲᠠᠭᠠᠭᠰᠠᠨ ᠮᠥᠷᠲᠡᠭᠡᠨ ᠨᠢᠭᠡᠨᠲᠡ | ᠪᠣᠯᠪᠠᠰᠤᠷᠠᠯ ᠳᠤ ᠣᠷᠣᠯᠴᠠᠭᠰᠠᠨ ᠪᠥᠭᠡᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠠᠩᠰᠠᠯᠠᠭᠤᠯᠤᠭᠰᠠᠨ ᠪᠠᠶᠢᠪᠠᠯ ᠂ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠨᠢᠭᠡᠪᠦᠷᠢ ᠳᠤ ᠵᠢᠯ ᠪᠦᠷᠢ 1200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢ ᠥᠭᠭᠦᠨ᠎ᠡ ᠃ | 3. ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠲᠤᠭ᠎ᠠ ᠪᠦᠷᠢᠳᠬᠡᠯ ᠤᠨᠠᠵᠢᠯᠲᠠᠨ ᠨᠢ ᠦᠨᠳᠦᠰᠦᠨ ᠨᠢᠭᠡᠴᠢ ᠶᠢᠨ ᠨᠡᠷᠡᠰ ᠤᠨ ᠬᠥᠮᠥᠷᠭᠡ ᠶᠢ ᠨᠠᠷᠢᠨ | ᠬᠢᠨᠠᠮᠠᠭᠠᠢ ᠬᠠᠮᠠᠭᠠᠯᠠᠨ᠂ ᠨᠡᠷᠡᠰ ᠤᠨᠬᠥ᠋ᠮᠥᠷᠭᠡ ᠶᠢ ᠴᠠᠭ ᠲᠤᠬᠠᠢ ᠳᠤᠨᠢ ᠰᠢᠨᠡᠳᠬᠡᠬᠦ ᠂ ᠳᠠᠪᠬᠤᠷᠳᠠᠭᠤᠯᠬᠤ ᠦᠭᠡᠢ ᠣᠷᠬᠢᠭᠳᠠᠭᠤᠯᠬᠤ ᠦᠭᠡᠢ᠂ ᠲᠤᠭ᠎ᠠ ᠪᠠᠷᠢᠮᠲᠠ ᠨᠢ | ᠣᠨᠣᠪᠴᠢᠲᠠᠶ ᠪᠣᠯ 1 ᠡᠷᠦᠬᠡ ᠦᠨᠳᠦᠰᠦᠨ ᠨᠢᠭᠡᠴᠢ ᠶᠢ ᠬᠠᠮᠠᠭᠠᠯᠠᠬᠤ ᠪᠦᠷᠢ ᠳᠤ ᠵᠢᠯ ᠪᠦᠷᠢ 20 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨᠠ᠃ | 4. ᠬᠥᠮᠥᠨ ᠠᠮᠠ ᠶᠢᠨ ᠰᠤᠭᠤᠴᠢᠨ ᠪᠠᠶᠢᠴᠠᠭᠠᠯᠳᠠ ᠳᠤ ᠵᠢᠯ ᠪᠤᠯᠭᠠᠨ ᠡᠷᠦᠬᠡ ᠪᠦᠷᠢ ᠳᠤ 20 ᠲᠥᠭᠦᠷᠢᠭ ᠂ ᠰᠠᠭᠤᠭᠠᠯᠢ ᠡᠷᠦᠬᠡ ᠶᠢᠨ ᠰᠤᠭᠤᠴᠢᠨ | ᠪᠠᠶᠢᠴᠠᠭᠠᠯᠳᠠ ᠳᠤ ᠰᠠᠷ᠎ᠠ ᠪᠤᠯᠭᠠᠨ ᠡᠷᠦᠬᠡ ᠪᠦᠷᠢ ᠳᠤ 20 ᠲᠥᠭᠦᠷᠢᠭ ᠂ ᠬᠥᠳᠡᠯᠮᠦᠷᠢ ᠬᠦᠴᠦᠨ ᠤ ᠪᠠᠶᠢᠴᠠᠭᠠᠯᠲᠠ ᠳᠤ ᠰᠠᠷ᠎ᠠ ᠪᠤᠯᠭᠠᠨ ᠡᠷᠦᠬᠡ ᠪᠦᠷᠢ ᠳᠤ 20 | ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨᠠ ᠃ | 5.ᠭᠠᠴᠠᠭ᠎ᠠ ᠲᠣᠰᠬᠤᠨ ᠨᠢ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠢ ᠦᠨᠳᠦᠰᠦᠯᠡᠨ ᠲᠠᠷᠢᠶᠠᠯᠠᠩ ᠮᠠᠯ ᠠᠵᠤ | ᠠᠬᠤᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠪᠠᠨ ᠪᠡᠶᠡᠯᠡᠭᠦᠯᠦᠭᠰᠡᠨ ᠪᠣᠯ ᠵᠢᠯ ᠪᠤᠯᠭᠠᠨ ᠲᠣᠰᠬᠤᠨ ᠪᠦᠷᠢ ᠳᠤ 1500 ᠲᠥᠭᠦᠷᠢᠭ ᠤᠨ | ᠪᠠᠷᠢᠮᠵᠢᠶ᠎ᠠ ᠪᠠᠷ ᠨᠥᠬᠦᠪᠦᠷᠢᠯᠡᠨ᠎ᠡ᠂ ᠡᠭᠦᠨ ᠳᠤ ᠂ ᠵᠤᠨ ᠤ ᠤᠯᠠᠷᠢᠯ ᠤᠨ ᠮᠠᠯ ᠠᠵᠤ ᠠᠬᠤᠢ ᠶᠢᠨ ᠪᠠᠶᠢᠴᠠᠭᠠᠯᠲᠠ ᠠᠴᠠ ᠰᠤᠭᠤᠴᠢᠨ ᠠᠪᠤᠭᠰᠠᠨ ᠦᠯᠢᠭᠡᠷ ᠬᠡᠪ ᠤᠨ | ᠲᠣᠰᠬᠤᠨ ᠳᠤ ᠲᠠᠬᠢᠭᠠᠳ 1000 ᠲᠥᠭᠦᠷᠢᠭ ᠨᠡᠮᠡᠭᠳᠡᠭᠦᠯᠦᠨ᠎ᠡ᠃ | 6.ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠪᠡᠶ᠎ᠡ ᠪᠠᠨ ᠳᠠᠭᠠᠭᠠᠵᠤ ᠢᠯᠡᠷᠡᠬᠦᠯᠦᠭᠰᠡᠨ 1 ᠡᠷᠥᠭᠡ ᠪᠦᠷᠢ ᠶᠢᠨ ᠨᠢᠭᠡᠳᠦᠯᠲᠡᠢ ᠪᠦᠷᠢᠳᠬᠡᠬᠦ ᠪᠠᠷᠢᠮᠵᠢᠶ᠎ᠠ ᠳᠤ | ᠬᠥᠷᠥᠭᠰᠡᠨ ᠠᠵᠤ ᠠᠬᠤᠶᠢᠯᠠᠯ ᠳᠤ ᠡᠷᠥᠭᠡ ᠪᠦᠷᠢ ᠳᠤ 500 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨᠠ᠃ | 7. ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ︽ ᠨᠠᠢᠮᠠ ᠲᠠᠢ ᠪᠤᠯᠭᠠᠬᠤ ᠪᠠ ᠨᠠᠢᠮᠠᠵᠢᠭᠤᠯᠬᠤ︾ ᠱᠠᠭᠠᠷᠳᠠᠯᠭ᠎ᠠ | ᠶᠣᠰᠣᠭᠠᠷ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠲᠤᠭ᠎ᠠ | ᠪᠦᠷᠢᠳᠬᠡᠯ ᠤᠨ ᠥᠷᠲᠡᠭᠡ ᠶᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ︽ ᠨᠠᠢᠮᠠ ᠲᠠᠢ ᠪᠤᠯᠭᠠᠬᠤ ᠪᠠ ᠨᠠᠢᠮᠠᠵᠢᠭᠤᠯᠬᠤ ︾ ᠱᠠᠭᠠᠷᠳᠠᠯᠭ᠎ᠠ ᠳᠤ | ᠬᠦᠷᠦᠭᠰᠡᠨ ᠪᠠᠶᠢᠪᠠᠯ ᠵᠢᠯ ᠪᠤᠯᠭᠠᠨ 30000 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨ᠎ᠡ ᠃ | 8.ᠭᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠨᠢ ᠨᠢᠭᠡᠨᠲᠡ 1 ᠨᠡᠷ᠎ᠡ ᠲᠤᠭ᠎ᠠ ᠪᠦᠷᠢᠳᠬᠡᠯ ᠤᠨ ᠠᠵᠢᠯᠲᠠᠨ ᠢ ᠲᠣᠭᠲᠠᠭᠠᠭᠰᠠᠨ ᠮᠥᠷᠲᠡᠭᠡᠨ ᠨᠢᠭᠡᠨᠲᠡ | ᠪᠣᠯᠪᠠᠰᠤᠷᠠᠯ ᠳᠤ ᠣᠷᠣᠯᠴᠠᠭᠰᠠᠨ ᠪᠥᠭᠡᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠠᠩᠰᠠᠯᠠᠭᠤᠯᠤᠭᠰᠠᠨ ᠪᠠᠶᠢᠪᠠᠯ ᠂ ᠠᠵᠤ ᠠᠬᠤᠶᠢᠯᠠᠯ ᠨᠢᠭᠡᠪᠦᠷᠢ ᠳᠤ | ᠵᠢᠯ ᠪᠦᠷᠢ 1200 ᠲᠥᠭᠦᠷᠢᠭ ᠤᠨ ᠪᠠᠷᠢᠮᠵᠢᠶ᠎ᠠ ᠪᠠᠷ ᠨᠥᠬᠦᠪᠦᠷᠢᠯᠡᠨᠠ᠃ | ᠭᠤᠷᠪᠠ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ ᠃ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠂ ᠡᠯ᠎ᠡᠰᠤᠮᠤ | ᠰᠢᠶᠠᠩᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ ᠂ ᠲᠣᠰ ᠱᠠᠲᠤᠨ ᠤ ᠨᠠᠮ ︵ ᠠᠵᠢᠯᠠᠯᠠᠬᠤ ᠬᠤᠷᠢᠶ᠎ᠠ ︶ ᠤᠨ ᠬᠤᠷᠢᠶ᠎ᠠ ᠂ ᠵᠠᠰᠠᠭ ᠤᠨ ᠣᠷᠳᠣᠨ ᠤ ᠡᠳᠦᠷ ᠲᠤᠲᠤᠮ ᠤᠨ ᠵᠥᠪᠯᠡᠬᠦ | ᠵᠦᠢᠯ ᠳᠡᠭᠡᠨ ᠣᠷᠣᠭᠤᠯᠤᠨ ᠂ ᠴᠠᠭ ᠲᠤᠬᠠᠢ ᠳᠤᠨᠢ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ ᠂ ᠬᠦᠨᠳᠦ ᠪᠡᠷᠬᠡ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠡᠯ᠎ᠡ ᠳᠦᠷᠤᠯ ᠤᠨ ᠠᠵᠢᠯ ᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ ᠃ | ︵ ᠬᠤᠶᠠᠷ ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠤᠷᠢᠶᠠᠬᠤ ᠶᠢ ᠬᠡᠷᠡᠭᠵᠢᠭᠦᠯᠦᠨ᠎ᠡ ᠃ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ | ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠳᠤ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠬᠤᠷᠢᠶᠠᠬᠤ ᠠᠷᠭ᠎ᠠ ᠶᠢ ᠳᠤᠬᠳᠠᠭᠠᠵᠤ ᠂ ᠵᠢᠯ ᠪᠦᠷᠢ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠲᠡᠷᠢᠭᠦᠨ ᠤ ᠨᠢᠭᠡᠴᠢ ᠪᠠ ᠲᠡᠷᠢᠭᠦᠨ ᠤ | ᠬᠤᠪᠢ ᠬᠥᠮᠥᠨ ᠢ ᠬᠥᠬᠢᠭᠦᠯᠦᠨ ᠱᠠᠩᠨᠠᠨ᠎ᠠ ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠬᠤᠰᠢᠭᠤᠨ ᠤ ᠨᠠᠮ ᠤᠨ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠠᠢ ᠬᠠᠮᠵᠢᠯᠴᠠᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠰᠢᠯᠭᠠᠨ ᠬᠤᠷᠶᠠᠯᠳᠠ ᠶᠢ ᠰᠠᠶᠢᠲᠤᠷ | ᠬᠢᠵᠦ ᠂ ᠬᠥᠳᠡᠯᠦᠩᠭᠦᠢ ᠮᠥᠷᠳᠡᠯᠲᠡ ᠪᠠ ᠡᠳᠦᠷ ᠲᠤᠲᠤᠮ ᠤᠨ ᠬᠢᠨᠠᠯᠲᠠ ᠲᠠᠯᠪᠢᠯᠲᠠ ᠶᠢ ᠰᠠᠶᠢᠲᠤᠷ ᠬᠢᠵᠦ ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠪᠠᠲᠤᠯᠠᠵᠤ ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | | | ᠬᠠᠭᠤᠯᠤᠨ ᠬᠦᠷᠭᠡᠬᠦ ᠄ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠰᠠᠷ᠎ᠠ ᠶᠢᠨ 26 ᠤ ᠡᠳᠦᠷ ᠳᠠᠷᠤᠮᠠᠯᠯᠠᠨ ᠳᠠᠷᠬᠠᠭᠠᠪᠠ | |