| ᠡᠯ᠎ᠡ ᠰᠤᠮᠤ ᠰᠢᠶᠠᠩ ᠪᠠᠯᠭᠠᠰᠤ ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠢᠶᠠᠷ ᠰᠤᠳᠤᠯᠤᠨ | ᠪᠠᠲᠤᠯᠠᠭᠠᠳ ᠂ ᠡᠳᠦᠭᠡ ︽ ᠵᠡᠭᠦᠨᠭᠠᠷ ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠡᠬᠦᠳᠡ ᠪᠠᠨ ᠬᠠᠭᠠᠵᠤ ᠤᠬᠤᠷᠢᠨ ᠭᠠᠷᠬᠤ ᠶᠢ | ᠵᠤᠷᠢᠬᠵᠢᠭᠤᠯᠤᠨᠲ᠋ᠡᠮᠵᠢᠵᠤ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠳᠤᠷᠠᠨ ᠨᠡᠭᠡᠭᠡᠨ ᠠᠰᠢᠬᠯᠠᠬᠤ ᠶᠢ ᠬᠡᠷᠡᠭᠵᠢᠭᠦᠯᠬᠦ ᠲᠥᠰᠥᠯ ︾ | ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠨᠠᠷᠢᠨ ᠬᠢᠨᠠᠮᠠᠭᠠᠢ ᠰᠠᠶᠢᠲᠤᠷ | ᠠᠳᠬᠤᠲᠤᠭᠠᠢ ᠃ | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 9 ᠰᠠᠷ᠎ᠠ ᠶᠢᠨ 27 ᠤ ᠡᠳᠤᠷ | | ᠵᠡᠭᠦᠨᠭᠠᠷ ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠡᠭᠦᠳᠡ ᠪᠠᠨ ᠬᠠᠭᠠᠵᠤ ᠤᠬᠤᠷᠢᠨ ᠭᠠᠷᠬᠤ ᠶᠢ ᠵᠣᠷᠢᠭᠵᠢᠭᠤᠯᠤᠨ ᠳᠡᠮᠵᠢᠵᠤ ᠨᠡᠭᠦᠷᠡᠰᠦᠨ ᠤ | ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠲᠤᠷᠠᠨ ᠨᠡᠭᠡᠭᠡᠨ ᠠᠰᠢᠭᠯᠠᠬᠤ ᠶᠢ ᠬᠡᠷᠡᠭᠵᠢᠭᠦᠯᠬᠦ ᠲᠥᠰᠥᠯ | ︽ ︿ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠡᠷᠭᠢ ᠳᠠᠭᠠᠤ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠢ ᠴᠡᠭᠴᠡᠯᠡᠨ ᠥᠭᠡᠷᠡᠴᠢᠯᠡᠵᠦ | ᠤᠬᠤᠷᠢᠨ ᠭᠠᠷᠭᠠᠬᠤ ᠠᠵᠢᠯ ᠤᠨ ᠲᠥᠰᠥᠯ ﹀ ᠢ ᠳᠠᠷᠤᠮᠠᠯᠯᠠᠨ ᠲᠠᠷᠬᠠᠭᠠᠬᠤ ᠲᠤᠬᠠᠢ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠡᠳᠡᠭᠳᠡᠯ ︾ ︵ ᠵᠡᠭᠦᠨᠭᠠᠷ ᠵᠠᠰᠠᠭ ᠠᠯᠪᠠᠨ ᠲᠠᠷᠬᠠᠭᠠᠭᠰᠠᠨ ﹇ 2021 ﹈ 39 ᠲᠣᠭᠠᠲᠤ ︶ ᠶᠣᠰᠣᠭᠠᠷ ᠂ ᠮᠠᠨ ᠤ ᠬᠤᠰᠢᠭᠤ ᠬᠠᠲᠤᠨ ᠭᠤᠣᠯ ᠤᠨ ᠭᠤᠣᠯ | ᠤᠷᠤᠰᠬᠠᠯ ᠵᠢᠴᠢ ᠯᠦᠩ ᠸᠠᠩ ᠭᠧᠦ ᠶᠢᠨ ᠰᠠᠪᠠ ᠭᠠᠵᠠᠷ ᠤᠨ 23 ᠨᠡᠭᠦᠷᠡᠰᠦᠨ ᠤ ᠪᠤᠰᠤ ᠠᠭᠤᠷᠬᠠᠢ ᠶᠢᠨ ᠡᠬᠦᠳᠡ ᠶᠢ ᠨᠢ ᠬᠠᠭᠠᠯᠭᠠᠨ ᠤᠬᠤᠷᠢᠨ ᠭᠠᠷᠭᠠᠪᠠ ᠃ ︽ | ᠵᠡᠭᠦᠨᠭᠠᠷ ᠬᠤᠰᠢᠭᠤᠨ ᠤ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠲᠠ ᠠᠴᠠ ᠪᠠᠶᠠᠨᠨᠠᠭᠤᠷ ᠬᠤᠲᠠ ᠶᠢᠨ | ᠤᠷᠠᠳ ᠤᠨ ᠡᠮᠦᠨᠡᠲᠦ ᠬᠤᠰᠢᠭᠤᠨ ᠤ ᠠᠭᠤᠷᠬᠠᠢ ᠨᠡᠭᠡᠭᠡᠨ ᠮᠠᠯᠲᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠡᠷᠡᠭ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ | ᠠᠬᠢᠭᠤᠯᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠦᠷᠨᠢᠬᠦᠯᠬᠦ ᠲᠥᠰᠥᠯ ᠤᠨ ᠮᠡᠳᠡᠭᠳᠡᠯ ︾ ︵ ᠵᠡᠬᠦᠠᠭᠠᠷ ᠵᠠᠰᠠᠭ ᠠᠯᠪᠠᠨ | ᠲᠠᠷᠬᠠᠭᠠᠭᠰᠠᠨ ﹇ 2022 ﹈ 31 ᠲᠣᠭᠠᠲᠤ ︶ ᠤᠨ ᠱᠠᠭᠠᠷᠳᠠᠯᠭ᠎ᠠ ᠶᠢ ᠦᠨᠳᠦᠰᠦᠯᠡᠨ ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ ᠢᠶᠠᠷ ᠸᠧᠢ | ᠵᠢᠶᠠ ᠮᠣᠣ ᠭᠠᠵᠠᠷ ᠣᠷᠣᠨ ᠤ ᠠᠮᠢ ᠠᠬᠤᠢ ᠣᠷᠴᠢᠨ ᠲᠣᠭᠤᠷᠢᠨ ᠤ ᠱᠠᠭᠠᠷᠳᠠᠯᠭ᠎ᠠ ᠳᠤ ᠨᠡᠶᠢᠴᠡᠬᠦ ᠦᠭᠡᠢ ᠨᠡᠭᠦᠷᠡᠰᠦᠨ ᠤ ᠪᠤᠰᠤ ᠠᠭᠤᠷᠬᠠᠢ ᠶᠢ ᠬᠠᠭᠠᠵᠤ ᠤᠬᠤᠷᠢᠨ | ᠭᠠᠷᠬᠤ ᠶᠢ ᠬᠡᠷᠡᠭᠵᠢᠭᠦᠯᠵᠦ ᠂ ᠡᠭᠦᠳᠡ ᠪᠠᠨ ᠬᠠᠭᠠᠵᠤ ᠤᠬᠤᠷᠢᠨ ᠭᠠᠷᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠨ ᠂ ᠠᠭᠤᠷᠬᠠᠢ ᠶᠢᠨ ᠠᠵᠤ | ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠶᠢᠨ ᠳᠤᠰᠠᠳᠠ᠂ ︽ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ ︾ ᠂ ︽ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠣᠷᠣᠨ ᠬᠡᠰᠡᠭ ᠢ | ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︾ ᠂ ︽ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠶᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ︾ | ᠂ ︽ ᠠᠭᠤᠷᠬᠠᠢ ᠶᠢᠨ ᠦᠢᠯᠡᠰ ᠤᠨ ᠡᠷᠬᠡ ᠶᠢ ᠠᠷᠠᠯᠵᠢᠶᠠᠯᠠᠬᠤ ᠳᠦᠷᠢᠮ ︾ ᠂ ︽ ︿ ᠠᠭᠤᠷᠬᠠᠢ ᠶᠢᠨ ᠦᠢᠯᠡᠰ ᠤᠨ ᠡᠷᠬᠡ ᠶᠢ ᠠᠷᠠᠯᠵᠢᠶᠠᠯᠠᠬᠤ ᠳᠦᠷᠢᠮ ﹀ ᠤᠨ | ᠬᠤᠯᠪᠣᠭᠳᠠᠯ ᠪᠦᠬᠦᠢ ᠲᠣᠭᠲᠠᠭᠠᠯ ᠳᠤ ᠲᠣᠬᠢᠷᠠᠭᠤᠯᠤᠯᠲᠠ ᠬᠢᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ ᠪᠠᠶᠢᠭᠠᠯᠢ ᠡᠬᠢ ᠪᠠᠶᠠᠯᠢᠭ | ᠲᠠᠷᠬᠠᠭᠠᠬᠰᠠᠨ ﹇ 2018 ﹈ 175 ᠲᠣᠭᠠᠲᠤ ︶ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠰ | ᠲᠥᠰᠥᠯ ᠢ ᠲᠣᠭᠲᠠᠭᠠᠪᠠ ᠃ | ᠨᠢᠭᠡ ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠬᠠᠲᠤᠨ ᠭᠤᠣᠯ ᠤᠨ ᠭᠤᠣᠯ ᠤᠨ ᠵᠠᠮ ᠤᠨ ᠬᠤᠯᠪᠣᠭᠳᠠᠯ ᠪᠦᠬᠦᠢ | ᠠᠰᠠᠭᠤᠳᠠᠯ ᠳᠤ ᠬᠢᠭᠰᠡᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠂ ︽ ᠠᠮᠢ ᠠᠬᠤᠢ ᠶᠢ ᠤᠷᠢᠳᠠᠪᠠᠷ ᠪᠤᠳᠤᠯᠬᠢᠯᠠᠨ ᠂ | ᠪᠣᠬᠢᠷᠳᠤᠯ ᠦᠭᠡᠢ ᠪᠠᠷ ᠬᠥᠭᠵᠢᠭᠦᠯᠬᠦ ︾ ᠵᠠᠮ ᠢᠶᠠᠷ ᠭᠤᠶᠢᠪᠢᠰᠢ ᠦᠭᠡᠢ ᠵᠠᠮᠨᠠᠵᠤ ᠂ ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠠᠭᠤᠷᠬᠠᠢ ᠶᠢᠨ ᠡᠬᠢ | ᠪᠠᠶᠠᠯᠢᠭ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ | ᠰᠢᠯᠢᠳᠡᠭᠵᠢᠭᠦᠯᠵᠦ ᠂ ᠪᠦᠬᠦ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠶᠢ | ᠳᠠᠩᠰᠠᠯᠠᠬᠤ ᠬᠠᠮᠢᠶᠠᠷᠤᠯᠲᠠ ᠶᠢᠨ ᠡᠮᠬᠢ ᠳᠢᠭᠯᠢᠮ ᠢ ᠤᠯᠠᠮ ᠴᠢᠨᠠᠭᠰᠢᠳᠠ ᠳᠦᠷᠢᠮᠵᠢᠬᠦᠯᠤᠨ ᠳᠡᠬᠦᠯᠳᠡᠷᠵᠢᠬᠦᠯᠵᠤ ᠂ ︽ ᠪᠠᠭ᠎ᠠ ᠶᠢ ᠬᠠᠭᠠᠵᠤ ᠶᠡᠭᠡ ᠶᠢ ᠪᠠᠶᠢᠭᠤᠯᠤᠨ ᠂ | ᠲᠥᠪᠯᠡᠷᠡᠭᠦᠯᠦᠨ ᠨᠡᠭᠡᠭᠡᠨ ᠮᠠᠯᠲᠠᠵᠤ ᠂ ᠪᠣᠬᠢᠷᠳᠤᠯ ᠦᠭᠡᠢ ᠨᠡᠭᠡᠭᠡᠨ ᠠᠰᠢᠭᠯᠠᠵᠤ ᠂ ᠠᠮᠢ ᠠᠬᠤᠢ ᠶᠢ ᠬᠠᠮᠠᠭᠠᠯᠠᠬᠤ ︾ ᠠᠵᠢᠯ ᠤᠨ ᠰᠡᠳᠬᠢᠴᠡ ᠶᠣᠰᠣᠭᠠᠷ ᠂ ︽ ᠨᠢᠭᠡ | ᠪᠦᠯᠦᠭ ᠢ ᠬᠠᠭᠠᠵᠤ ᠂ ᠨᠢᠭᠡ ᠪᠦᠯᠦᠭ ᠢ ᠴᠡᠭᠴᠡᠯᠡᠨ ᠵᠠᠰᠠᠵᠤ ᠂ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ︾ ᠠᠷᠭ᠎ᠠ ᠬᠡᠯᠪᠡᠷᠢ ᠶᠢ ᠠᠪᠴᠤ ᠂ ᠮᠠᠨ ᠤ ᠬᠤᠰᠢᠭᠤᠨ ᠤ | ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ | ᠳᠢᠭᠯᠢᠮ ᠲᠠᠢ ᠂ ᠵᠦᠢ ᠵᠣᠬᠢᠰᠲᠠᠢ ᠲᠥᠯᠥᠪᠵᠢᠭᠦᠯᠵᠦ ᠂ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ ᠂ ᠪᠥᠬᠦ ᠬᠤᠰᠢᠭᠤᠨ ᠤ ᠪᠠᠷᠢᠯᠭ᠎ᠠ ᠶᠢᠨ | ᠴᠢᠯᠠᠭᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠨ᠎ᠠ ᠃ | ᠬᠤᠶᠠᠷ ᠂ ᠬᠡᠷᠡᠭᠵᠢᠭᠦᠯᠬᠦ ᠦᠨᠳᠦᠰᠦᠯᠡᠯ | ᠤᠯᠤᠰ ᠂ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ ᠪᠠ ᠬᠤᠯᠪᠤᠬᠳᠠᠯ ᠪᠦᠬᠦᠢ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠤᠨ ᠂ ᠵᠡᠭᠦᠨᠭᠠᠷ ᠬᠤᠰᠢᠭᠤᠨ ᠤ ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤᠨ ᠤ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠣᠨᠴᠠᠯᠢᠭ ᠢ ᠦᠨᠳᠦᠰᠦᠯᠡᠵᠦ ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠠ ︽ | ᠭᠤᠷᠪᠠᠨ ᠱᠤᠭᠤᠮ ᠨᠢᠭᠡ ᠨᠠᠷᠢᠨ ᠳᠠᠩᠰᠠ ︾ ᠶᠢᠨ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ | ᠴᠢᠩᠭ᠎ᠠ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠱᠤᠭᠤᠮ ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷ ᠱᠤᠭᠤᠮ ᠂ ᠬᠠᠲᠤᠨ ᠭᠤᠣᠯ | ᠳᠠᠭᠠᠤ ᠶᠢᠨ ᠠᠮᠢ ᠠᠬᠤᠢ ᠶᠢᠨ ᠬᠠᠮᠢᠶᠠᠷᠤᠨ ᠡᠵᠡᠮᠳᠡᠬᠦ ᠱᠤᠭᠤᠮ ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠭᠰᠠᠨ ᠤᠷᠢᠲᠠᠯ ᠳᠣᠣᠷ᠎ᠠ ᠂ ᠪᠥᠬᠦ ᠬᠤᠰᠢᠭᠤᠨ ᠤ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠂ | ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ︽ ᠵᠡᠭᠦᠨᠭᠠᠷ | ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵ 2021 ︱ 2025 ᠣᠨ ︶ ᠶᠢ ᠰᠢᠨᠵᠢᠯᠡᠬᠦ ᠤᠬᠠᠭᠠᠨᠴᠢ ᠪᠠᠷ | ᠵᠦᠢ ᠵᠣᠬᠢᠰᠲᠠᠢ ᠨᠠᠶᠢᠷᠠᠭᠤᠯᠤᠨ ᠵᠣᠬᠢᠶᠠᠵᠤ ᠂ ᠪᠣᠬᠢᠷᠳᠤᠯ ᠦᠭᠡᠢ ᠨᠡᠭᠡᠭᠡᠨ ᠠᠰᠢᠭᠯᠠᠯᠲᠠ ᠶᠢ ᠪᠡᠶᠡᠯᠡᠭᠦᠯᠦᠨ᠎ᠡ ᠃ | ᠭᠤᠷᠪᠠ ᠂ ᠰᠢᠯᠵᠢᠭᠦᠯᠦᠨ ᠦᠭᠬᠦ ᠬᠡᠪᠴᠢᠶ᠎ᠡ | ᠬᠢᠨᠠᠨ ᠵᠥᠪᠰᠢᠶᠡᠷᠡᠵᠦ ᠪᠠᠲᠤᠯᠠᠭᠰᠠᠨ ︽ ᠵᠡᠭᠦᠨᠭᠠᠷ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵ 2021 | ︱ 2025 ᠣᠨ ︶ ᠶᠢ ᠦᠨᠳᠦᠰᠦᠯᠡᠨ ᠂ ᠵᠡᠭᠦᠨᠭᠠᠷ ᠬᠤᠰᠢᠭᠤᠨ ᠤ ᠯᠦᠩ ᠺᠧᠦ ᠪᠠᠯᠭᠠᠰᠤᠨ ᠤ ᠬᠦᠨ ᠭᠤᠤ ᠶᠢᠨ ᠰᠢᠯᠢ ᠲᠣᠰᠬᠤᠨ ᠤ ᠵᠠᠭᠠᠭᠯᠠᠨ ᠲᠣᠭᠲᠠᠭᠠᠭᠰᠠᠨ | 11.22 ᠲᠡᠭᠰᠢ ᠳᠥᠷᠪᠡᠯᠵᠢᠨ ᠺᠢᠯᠣᠮᠧᠲᠷ ᠤᠨ ᠲᠥᠪᠯᠡᠷᠡᠭᠦᠯᠦᠨ ᠨᠡᠭᠡᠭᠡᠨ ᠮᠠᠯᠲᠠᠬᠤ ᠣᠷᠣᠨ ᠳᠤ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠰᠢᠯᠵᠢᠭᠦᠯᠦᠨ ᠦᠭᠬᠦ ᠣᠷᠣᠨ ᠬᠡᠰᠡᠭ ᠢ ᠵᠦᠢ ᠵᠣᠬᠢᠰᠲᠠᠢ ᠪᠠᠶᠢᠷᠢᠯᠠᠭᠤᠯᠬᠤ ᠪᠠᠷ ᠲᠥᠯᠥᠪᠯᠡᠵᠦ ᠪᠣᠶ ᠃ | ᠳᠥᠷᠪᠡ ᠂ ᠰᠢᠯᠵᠢᠭᠦᠯᠦᠨ ᠦᠭᠬᠦ ᠠᠷᠭ᠎ᠠ ᠮᠠᠶ᠋ᠢᠭ ᠵᠢᠴᠢ ᠵᠠᠷᠴᠢᠮ | ︵ ᠨᠢᠭᠡ ︶ ᠢᠯᠡ ᠳᠤᠳᠤ ᠂ ᠡᠷᠬᠡ ᠲᠡᠭᠰᠢ ᠂ ᠲᠥᠪ ᠭᠤᠣᠯᠴᠢ ᠪᠠᠶᠢᠬᠤ ᠪᠠ ᠥᠷᠢᠰᠦᠯᠳᠦᠬᠦ ᠵᠠᠷᠴᠢᠮ ᠶᠣᠰᠣᠭᠠᠷ ᠵᠠᠬ᠎ᠠ ᠳᠡᠯᠭᠡᠭᠦᠷ ᠤᠨ ᠠᠷᠭ᠎ᠠ ᠮᠠᠶ᠋ᠢᠭ ᠢᠶᠠᠷ | ᠰᠢᠯᠵᠢᠭᠦᠯᠦᠨ ᠦᠭᠬᠦ ᠃ | ︵ ᠬᠤᠶᠠᠷ ︶ ᠠᠮᠢ ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠳᠤ ᠠᠰᠢᠭᠲᠠᠢ ᠂ ᠡᠷᠴᠢᠮᠵᠢᠭᠦᠯᠦᠭᠰᠡᠨ ᠂ ᠬᠡᠪᠴᠢᠶᠡᠵᠢᠭᠦᠯᠦᠭᠰᠡᠨ ᠪᠠ ᠤᠳᠤᠬᠢᠴᠢᠯᠠᠬᠰᠠᠨ | ᠨᠡᠭᠡᠭᠡᠨ ᠠᠰᠢᠬᠯᠠᠯᠳᠠ ᠳᠤ ᠠᠰᠢᠭᠲᠠᠢ ᠂ ᠠᠶᠦᠯᠬᠦᠢ ᠤᠶᠢᠯᠡᠳᠪᠤᠷᠢᠯᠡᠯ ᠳᠤ ᠠᠰᠢᠬᠳᠠᠢ ᠪᠠᠶᠢᠯᠭᠠᠬᠤ ᠵᠠᠷᠴᠢᠮ ᠢᠶᠠᠷ ᠂ ᠮᠠᠨ ᠤ ᠬᠤᠰᠢᠭᠤᠨ ᠤ ᠨᠡᠭᠦᠷᠡᠰᠦᠨ ᠤ ᠪᠤᠰᠤ | ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠃ | ︵ ᠭᠤᠷᠪᠠ ︶ ︽ ᠲᠡᠦᠬᠡ ᠶᠢ ᠬᠦᠨᠳᠦᠳᠬᠡᠨ᠂ ᠪᠣᠳᠠᠲᠤ ᠠᠬᠤᠢ ᠶᠢ ᠬᠠᠮᠲᠤ ᠳᠤᠨᠢ ᠬᠠᠷᠠᠭᠠᠯᠵᠠᠬᠤ ︾ ᠵᠠᠷᠴᠢᠮ ᠶᠣᠰᠣᠭᠠᠷ ᠂ ᠡᠭᠦᠳᠡ ᠪᠠᠨ ᠬᠠᠭᠠᠵᠤ ᠤᠬᠤᠷᠢᠨ | ᠭᠠᠷᠬᠤ ᠠᠭᠤᠷᠬᠠᠢ ᠶᠢᠨ ᠠᠵᠤ ᠠᠬᠤᠶᠢᠯᠠᠯ ᠤᠨ ᠬᠠᠮᠲᠤᠷᠠᠭᠰᠠᠨ ᠥᠷᠢᠰᠦᠯᠳᠦᠨ ᠬᠤᠳᠠᠯᠳᠤᠨ ᠠᠪᠬᠤ ᠴᠣᠭᠴᠠ ᠪᠣᠯᠵᠤ ᠠᠭᠤᠷᠬᠠᠢ ᠶᠢᠨ ᠦᠢᠯᠡᠰ ᠤᠨ ᠡᠷᠬᠡ | ᠣᠯᠬᠤ ᠶᠢ ᠵᠣᠷᠢᠭᠵᠢᠭᠤᠯᠤᠨ ᠲᠡᠮᠵᠢᠵᠤ ᠂ ᠵᠥᠷᠢᠴᠡᠯ ᠵᠢᠭᠤᠷᠠᠯᠳᠤᠭᠠᠨ ᠢ ᠬᠦᠴᠦᠯᠡᠨ ᠰᠢᠢᠳᠪᠦᠷᠢᠯᠡᠵᠦ ᠂ ᠡᠭᠦᠳᠡ ᠪᠠᠨ ᠬᠠᠭᠠᠵᠤ ᠤᠬᠤᠷᠢᠨ ᠭᠠᠷᠬᠤ ᠠᠵᠢᠯ ᠤᠨ | ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠨ᠎ᠠ ᠃ | ᠲᠠᠪᠤ ᠂ ᠳᠡᠮᠵᠢᠬᠦ ᠬᠦᠷᠢᠶ᠎ᠡ ᠬᠡᠪᠴᠢᠶ᠎ᠡ ᠵᠢᠴᠢ ᠲᠥᠷᠥ ᠶᠢᠨ ᠪᠣᠳᠣᠯᠭ᠎ᠠ | ︵ ᠨᠢᠭᠡ ︶ ᠲᠡᠮᠵᠢᠨ ᠵᠣᠷᠢᠭᠵᠢᠭᠤᠯᠬᠤ ᠬᠦᠷᠢᠶ᠎ᠡ ᠬᠡᠪᠴᠢᠶ᠎ᠡ | ᠮᠠᠨ ᠤ ᠬᠤᠰᠢᠭᠤᠨ ᠤ ᠬᠠᠲᠤᠨ ᠭᠤᠣᠯ ᠤᠨ ᠭᠤᠣᠯ ᠤᠷᠤᠰᠬᠠᠯ ᠪᠤᠯᠤᠨ ᠯᠦᠩ ᠸᠠᠩ ᠭᠧᠦ ᠶᠢᠨ ᠰᠠᠪᠠ ᠭᠠᠵᠠᠷ ᠤᠨ ᠡᠬᠦᠳᠡ ᠪᠠᠨ ᠬᠠᠭᠠᠵᠤ ᠤᠬᠤᠷᠢᠨ | ᠭᠠᠷᠤᠬᠰᠠᠨ 23 ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠵᠢᠴᠢ ︽ ᠵᠡᠭᠦᠨᠭᠠᠷ ᠬᠤᠰᠢᠭᠤᠨ ᠤ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠬᠰᠠᠨ ᠪᠠᠶᠢᠴᠠᠭᠠᠯᠲᠠ ᠠᠴᠠ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠠᠭᠤᠷᠬᠠᠢ ᠨᠡᠭᠡᠭᠡᠨ ᠮᠠᠯᠲᠠᠭᠰᠠᠨ | ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠡᠷᠡᠭ ᠢᠶᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ | ᠠᠵᠢᠯᠯᠠᠭ᠎ᠠ ᠶᠢ ᠦᠷᠨᠢᠬᠦᠯᠬᠦ ᠲᠥᠰᠥᠯ ᠤᠨ ᠮᠡᠳᠡᠭᠳᠡᠯ ︾ ︵ ᠵᠡᠭᠦᠨᠭᠠᠷ ᠵᠠᠰᠠᠭ ᠠᠯᠪᠠᠨ ᠲᠠᠷᠬᠠᠭᠠᠭᠰᠠᠨ ﹇ 2022 ﹈ 31 ᠲᠣᠭᠠᠲᠤ ︶ ᠢ ᠦᠨᠳᠤᠰᠤᠯᠡᠨ᠂ ᠸᠧᠢ | ᠵᠢᠶᠠ ᠮᠣᠣ ᠪᠠᠯᠭᠠᠰᠤᠨ ᠳᠤ ᠡᠬᠦᠳᠡ ᠪᠠᠨ ᠬᠠᠭᠠᠵᠤ ᠤᠬᠤᠷᠢᠨ ᠭᠠᠷᠬᠤ ᠨᠡᠷᠡᠰ ᠲᠤ ᠵᠢᠭᠰᠠᠭᠠᠨ ᠣᠷᠣᠭᠤᠯᠤᠭᠰᠠᠨ ᠪᠠ ᠰᠠᠶᠢᠨ ᠳᠤᠷ᠎ᠠ ᠠᠴᠠ ᠪᠠᠨ ᠤᠬᠤᠷᠢᠨ | ᠭᠠᠷᠤᠬᠰᠠᠨ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠃ | ︵ ᠬᠤᠶᠠᠷ ︶ ᠳᠡᠮᠵᠢᠨ ᠵᠣᠷᠢᠭᠵᠢᠭᠤᠯᠬᠤ ᠲᠥᠷᠥ ᠶᠢᠨ ᠪᠣᠳᠣᠯᠭ᠎ᠠ | 1. ᠡᠭᠦᠳᠡ ᠪᠠᠨ ᠬᠠᠭᠠᠵᠤ ᠤᠬᠤᠷᠢᠨ ᠭᠠᠷᠤᠬᠰᠠᠨ ᠨᠡᠭᠦᠷᠡᠰᠦᠨ ᠤ ᠪᠤᠰᠤ ᠠᠭᠤᠷᠬᠠᠢ ᠶᠢᠨ ᠠᠵᠤ ᠠᠬᠤᠶᠢᠯᠠᠯ ᠤᠨ ᠪᠡᠯᠡ ᠭᠠᠷᠭᠠᠨ ᠬᠤᠪᠢ ᠣᠷᠣᠭᠤᠯᠵᠤ | ᠬᠠᠮᠲᠤᠷᠠᠬᠰᠠᠨ ᠥᠷᠢᠰᠦᠯᠳᠦᠨ ᠬᠤᠳᠠᠯᠳᠤᠨ ᠠᠪᠬᠤ ᠴᠣᠭᠴᠠ ᠪᠤᠯᠵᠤ ᠪᠦᠷᠢᠯᠳᠦᠬᠦ ᠠᠷᠭ᠎ᠠ ᠮᠠᠶ᠋ᠢᠭ ᠢᠶᠠᠷ ᠨᠡᠭᠦᠷᠡᠰᠦᠨ ᠤ ᠪᠤᠰᠤ ᠠᠭᠤᠷᠬᠠᠢ ᠶᠢᠨ ᠦᠢᠯᠡᠰ ᠤᠨ | ᠡᠷᠬᠡ ᠶᠢ ᠥᠷᠢᠰᠦᠯᠳᠦᠨ ᠬᠤᠳᠠᠯᠳᠤᠨ ᠠᠪᠬᠤ ᠳᠤ ᠣᠷᠤᠯᠴᠠᠬᠤ ᠶᠢ ᠳᠡᠮᠵᠢᠨ ᠵᠣᠷᠢᠭᠵᠢᠭᠤᠯᠤᠨ᠎ᠠ ᠃ | 2. ︽ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ ᠲᠥᠰᠥᠯ ᠢ ᠳᠠᠷᠤᠮᠠᠯᠯᠠᠨ | ᠳᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ ᠥᠪᠥᠷ ᠵᠠᠰᠠᠭ ᠴᠠᠬᠢᠯᠭᠠᠨ | ﹇ 2017 ﹈ 28 ᠲᠣᠭᠠᠲᠤ ︶ ᠪᠠ ︽ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ | ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ ᠣᠷᠳᠣᠰ ᠵᠠᠰᠠᠭ ᠲᠠᠷᠬᠠᠭᠠᠭᠰᠠᠨ | ﹇ 2017 ﹈ 192 ᠲᠣᠭᠠᠲᠤ ︶ ᠢᠶᠠᠷ ᠯᠠᠪᠯᠠᠯᠲᠠ ᠪᠣᠯᠭᠠᠵᠤ ᠂ ᠵᠥᠪᠰᠢᠶᠡᠷᠡᠭᠦᠯᠦᠭᠰᠡᠨ ᠤ ᠳᠠᠷᠠᠭ᠎ᠠ ᠵᠠᠬ᠎ᠠ ᠳᠡᠯᠭᠡᠭᠦᠷ ᠤᠨ ᠠᠷᠭ᠎ᠠ ᠮᠠᠶ᠋ᠢᠭ ᠢᠶᠠᠷ ᠰᠢᠯᠵᠢᠭᠦᠯᠦᠨ | ᠦᠭᠬᠦ ᠳᠤ ᠂ ᠰᠢᠯᠵᠢᠭᠦᠯᠦᠨ ᠥᠭᠬᠦ ᠪᠠᠷ ᠲᠥᠯᠥᠪᠯᠡᠵᠦ ᠪᠠᠶᠢᠭ᠎ᠠ ᠣᠷᠣᠨ ᠬᠡᠰᠡᠭ ᠢ ᠰᠣᠩᠭᠤᠵᠤ ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠵᠤ | ᠠᠬᠤᠶᠢᠯᠠᠯ ᠤᠨ ᠪᠡᠯᠡ ᠭᠠᠷᠭᠠᠵᠤ ᠬᠤᠪᠢ ᠣᠷᠣᠭᠤᠯᠬᠤ ᠪᠠᠷ ᠬᠠᠮᠲᠤᠷᠠᠭᠰᠠᠨ ᠥᠷᠢᠰᠦᠯᠳᠦᠨ ᠬᠤᠳᠠᠯᠳᠤᠨ ᠠᠪᠬᠤ ᠴᠣᠭᠴᠠ ᠶᠢ ᠪᠦᠷᠢᠯᠳᠦᠭᠦᠯᠦᠨ ᠦᠨ᠎ᠡ | ᠬᠠᠶᠠᠯᠴᠠᠬᠤ ᠳᠤ ᠣᠷᠤᠯᠴᠠᠬᠤ ᠶᠢ ᠳᠡᠮᠵᠢᠨ᠎ᠠ ᠃ | 3. ᠡᠬᠦᠳᠡ ᠪᠠᠨ ᠬᠠᠭᠠᠵᠤ ᠤᠬᠤᠷᠢᠨ ᠭᠠᠷᠤᠬᠰᠠᠨ ᠨᠡᠭᠦᠷᠡᠰᠦᠨ ᠤ ᠪᠤᠰᠤ ᠠᠭᠤᠷᠬᠠᠢ ᠶᠢᠨ ᠬᠡᠪᠴᠢᠶᠡᠨ ᠳᠤ ᠠᠭᠤᠷᠬᠠᠢ ᠶᠢᠨ ᠦᠢᠯᠡᠰ ᠤᠨ ᠡᠷᠬᠡ ᠤᠯᠤᠬᠰᠠᠨ | ᠠᠵᠤ ᠠᠬᠤᠶᠢᠯᠠᠯ ᠢ ᠲᠡᠮᠵᠢᠨ ᠵᠣᠷᠢᠭᠵᠢᠭᠤᠯᠵᠤ ᠪᠠᠶᠢᠭᠠᠳ ᠭᠠᠵᠠᠷ ᠬᠡᠷᠡᠭᠯᠡᠬᠦ ᠂ ᠤᠢ ᠮᠣᠳᠣ ᠂ ᠡᠪᠡᠰᠦ ᠪᠡᠯᠴᠢᠭᠡᠷ ᠢ ᠬᠡᠷᠡᠭᠯᠡᠬᠦ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠵᠦ ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠨᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠨ᠎ᠡ ᠃ | 4. ᠨᠡᠭᠦᠷᠡᠰᠦᠨ ᠤ ᠪᠤᠰᠤ ᠠᠭᠤᠷᠬᠠᠢ ᠶᠢᠨ ᠬᠡᠪᠴᠢᠶᠡᠨ ᠳᠣᠲᠣᠷᠠᠬᠢ ᠠᠵᠤ ᠠᠬᠤᠶᠢᠯᠠᠯ ᠤᠨ ᠠᠭᠤᠷᠬᠠᠢ ᠶᠢᠨ ᠦᠢᠯᠡᠰ ᠤᠨ ᠡᠷᠬᠡ ᠣᠯᠣᠭᠰᠠᠨ ᠤ ᠲᠠᠷᠠᠭ᠎ᠠ ᠂ | ᠤᠰᠤ ᠂ ᠴᠠᠬᠢᠯᠭᠠᠨ ᠂ ᠵᠠᠮ ᠵᠡᠷᠭᠡ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠳᠤ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠶᠢ ᠲᠡᠮᠵᠢᠨ | ᠵᠣᠷᠢᠭᠵᠢᠭᠤᠯᠤᠨ᠎ᠠ ᠃ | ᠵᠢᠷᠭᠤᠭ᠎ᠠ ᠂ ᠬᠡᠷᠡᠭᠵᠢᠭᠦᠯᠬᠦ ᠠᠯᠬᠤᠮ ᠳᠠᠷᠠᠭ᠎ᠠ | ︵ ᠨᠢᠭᠡ ︶ ᠤᠷᠢᠳᠠᠪᠠᠷ ᠲᠥᠯᠥᠪᠵᠢᠭᠦᠯᠬᠦ ᠂ ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ᠦᠶ᠎ᠡ ᠃ ︽ ᠵᠡᠭᠦᠨᠭᠠᠷ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ | ᠡᠬᠢ ᠪᠠᠶᠠᠯᠢᠭ ᠤᠨ ᠶᠡᠷᠦᠩᠬᠡᠢ ᠲᠥᠯᠦᠪᠵᠢᠭᠦᠯᠭᠡ ︵ 2021 — 2025 ᠣᠨ ︶ ︾ ᠶᠢ ᠨᠢᠭᠡᠨᠲᠡ ᠨᠠᠶᠢᠷᠠᠭᠤᠯᠤᠨ ᠵᠣᠬᠢᠶᠠᠵᠤ ᠳᠠᠭᠤᠰᠬᠠᠪᠠ ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ 9 ᠳ᠋ᠤᠭᠡᠷ ᠤᠳᠠᠭ᠎ᠠ ᠶᠢᠨ ᠪᠠᠶᠢᠩᠭᠤ ᠶᠢᠨ ᠶᠠᠪᠤᠳᠠᠯ ᠤᠨ ᠬᠤᠷᠠᠯ ᠠᠴᠠ ᠰᠤᠳᠤᠯᠤᠨ ᠪᠠᠲᠤᠯᠠᠵᠤ ᠂ | ᠨᠢᠭᠡᠨᠲᠡ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠡᠴᠦᠰ ᠤᠨ ᠨᠠᠶᠢᠷᠠᠭᠤᠯᠤᠨ ᠬᠢᠨᠠᠵᠤ ᠪᠠᠲᠤᠯᠠᠭᠰᠠᠨ ᠤ ᠳᠠᠷᠠᠭ᠎ᠠ ᠂ ᠲᠣᠰ | ᠲᠥᠯᠦᠪᠵᠢᠭᠦᠯᠭᠡ ᠶᠢ ᠦᠨᠳᠦᠰᠦᠯᠡᠨ ᠂ ᠲᠤᠰᠬᠠᠢ ᠮᠡᠷᠭᠡᠵᠢᠯ ᠤᠨ ᠠᠵᠢᠯᠲᠠᠨ ᠢ ᠴᠠᠭ ᠲᠤᠬᠠᠢ ᠳᠤᠨᠢ ᠤᠷᠢᠵᠤ ᠲᠤᠬᠠᠢ ᠶᠢᠨ ᠭᠠᠵᠠᠷ ᠲᠤᠨᠢ ᠬᠠᠶᠢᠨ ᠰᠢᠨᠵᠢᠵᠦ ᠂ | ᠰᠢᠯᠵᠢᠭᠦᠯᠦᠨ ᠥᠭᠬᠦ ᠭᠡᠵᠦ ᠪᠠᠶᠢᠭ᠎ᠠ ᠣᠷᠣᠨ ᠬᠡᠰᠡᠭ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠭᠲᠠᠭᠠᠵᠤ ᠂ ᠠᠮᠢ ᠠᠬᠤᠢ ᠣᠷᠴᠢᠨ | ᠲᠣᠭᠤᠷᠢᠨ ᠂ ᠣᠶ ᠰᠢᠭᠤᠢ ᠨᠤᠳᠤᠭ ᠪᠡᠯᠴᠢᠭᠡᠷ ᠂ ᠪᠠᠶᠢᠭᠠᠯᠢ ᠶᠢᠨ ᠡᠬᠢ ᠪᠠᠶᠠᠯᠢᠭ ᠂ ᠤᠰᠤᠨ ᠠᠰᠢᠭᠯᠠᠯᠲᠠ ᠂ ᠰᠣᠶᠣᠯ ᠵᠤᠭᠠᠴᠠᠯ ᠵᠡᠷᠭᠡ ᠰᠠᠯᠠᠭ᠎ᠠ ᠮᠥᠴᠢᠷ ᠬᠠᠮᠲᠤᠷᠠᠨ | ᠬᠢᠨᠠᠨ ᠪᠠᠶᠢᠴᠠᠭᠠᠭᠰᠠᠨ ᠤ ᠳᠠᠷᠠᠭ᠎ᠠ ᠂ ᠬᠠᠳᠠᠭᠠᠯᠠᠭᠳᠠᠴᠠ ᠶᠢ ᠬᠢᠨᠠᠨ ᠬᠠᠷᠭᠤᠭᠤᠯᠵᠤ ᠬᠢᠨᠠᠨ ᠲᠣᠭᠲᠠᠭᠠᠵᠤ ᠳᠠᠩᠰᠠᠯᠠᠬᠤ ᠂ ᠰᠢᠯᠵᠢᠭᠦᠯᠦᠨ ᠥᠭᠬᠦ ᠰᠠᠭᠤᠷᠢ ᠦᠨ᠎ᠡ ᠶᠢ | ᠦᠨᠡᠯᠡᠨ ᠵᠢᠱᠢᠬᠦ ᠂ ᠰᠢᠯᠵᠢᠭᠦᠯᠦᠨ ᠥᠭᠬᠦ ᠲᠥᠰᠥᠯ ᠢ ᠲᠤᠭᠤᠷᠪᠢᠨ ᠲᠣᠭᠲᠠᠭᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠷᠨᠢᠭᠦᠯᠦᠨ᠎ᠡ ᠃ | ︵ ᠬᠤᠶᠠᠷ ︶ ᠵᠠᠬ᠎ᠠ ᠳᠡᠯᠭᠡᠭᠦᠷ ᠤᠨ ᠰᠢᠯᠵᠢᠭᠦᠯᠦᠨ ᠥᠭᠬᠦ ᠂ ᠭᠡᠷ᠎ᠡ ᠲᠣᠭᠲᠠᠬᠤ ᠱᠠᠲᠤ ᠦᠶ᠎ᠠ ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ ᠂ ︽ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠦᠭᠬᠦ ᠲᠥᠰᠥᠯ ︾ ᠢ ᠦᠨᠳᠦᠰᠦᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠲᠥᠪ ᠲᠤ ᠨᠠᠶᠢᠳᠠᠵᠤ ᠂ ᠬᠤᠯᠪᠤᠬᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠵᠠᠬ᠎ᠠ | ᠳᠡᠯᠭᠡᠭᠦᠷ ᠤᠨ ᠰᠢᠯᠵᠢᠭᠦᠯᠦᠨ ᠦᠭᠬᠦ ᠶᠢ ᠵᠣᠬᠢᠶᠠᠨ ᠪᠠᠶᠢᠭᠤᠯᠬᠤ ᠶᠢᠨ ᠬᠠᠮᠲᠤ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠦᠭᠬᠦ ᠭᠡᠷ᠎ᠡ ᠲᠣᠭᠲᠠᠨ᠎ᠠ ᠃ | ︵ ᠭᠤᠷᠪᠠ ︶ ᠠᠭᠤᠷᠬᠠᠢ ᠶᠢᠨ ᠡᠷᠬᠡ ᠶᠢ ᠲᠣᠭᠲᠠᠭᠠᠬᠤ ᠂ ᠵᠥᠪᠰᠢᠶᠡᠷᠡᠯ ᠣᠯᠬᠤ ᠱᠠᠲᠤ ᠦᠶ᠎ᠠ ᠃ ᠥᠷᠢᠰᠦᠯᠳᠦᠨ ᠣᠯᠣᠭᠴᠢ ᠨᠢ ︽ ᠠᠭᠤᠷᠬᠠᠢ ᠶᠢᠨ ᠦᠢᠯᠡᠰ | ᠤᠨ ᠡᠷᠬᠡ ᠶᠢ ᠰᠢᠯᠵᠢᠭᠦᠯᠦᠨ ᠦᠭᠬᠦ ᠭᠡᠷ᠎ᠡ ︾ ᠲᠣᠭᠲᠠᠭᠰᠠᠨ ᠤ ᠲᠠᠷᠠᠭ᠎ᠠ ᠂ ᠥᠷᠢᠰᠦᠯᠳᠦᠨ ᠣᠯᠣᠭᠴᠢ ᠨᠢ ᠭᠤᠶᠤᠴᠢᠯᠠᠬᠤ ᠶᠢᠨ ᠬᠠᠮᠲᠤ ᠲᠣᠭᠲᠠᠭᠠᠯ ᠶᠣᠰᠣᠭᠠᠷ | ᠲᠥᠷᠥᠯ ᠵᠦᠢᠯ ᠲᠣᠭᠲᠠᠭᠠᠬᠤ ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡᠯᠡᠯ ᠤᠨ ᠦᠨᠡᠯᠡᠯᠲᠡ ᠬᠢᠬᠦ ᠵᠡᠷᠭᠡ ᠴᠢᠬᠤᠯᠠ ᠨᠥᠬᠦᠴᠡᠯ ᠢ ᠪᠡᠯᠡᠳᠬᠡᠵᠦ ᠂ ᠬᠠᠶᠢᠨ | ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠪᠤᠶᠤ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠵᠤ ᠂ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ | ᠬᠤᠯᠪᠤᠬᠳᠠᠯ ᠪᠦᠬᠦᠢ ᠭᠠᠷᠳᠠᠮ ᠢ ᠭᠦᠢᠴᠡᠳᠬᠡᠨ᠎ᠠ ᠃ | ᠳᠣᠯᠤᠭ᠎ᠠ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠤᠳᠤᠯᠬᠤ ᠪᠠᠷ ᠳᠡᠮᠵᠢᠨ ᠂ ᠵᠡᠭᠦᠨᠭᠠᠷ ᠬᠤᠰᠢᠭᠤᠨ ᠤ ᠠᠭᠤᠷᠬᠠᠢ ᠶᠢᠨ ᠠᠵᠤ ᠠᠬᠤᠶᠢᠯᠠᠯ ᠤᠨ ᠡᠭᠦᠳᠡ ᠪᠠᠨ | ᠬᠠᠭᠠᠵᠤ ᠤᠬᠤᠷᠢᠨ ᠭᠠᠷᠬᠤ ᠶᠢ ᠵᠣᠷᠢᠭᠵᠢᠭᠤᠯᠤᠨ ᠳᠡᠮᠵᠢᠵᠤ ᠨᠡᠭᠦᠷᠡᠰᠦᠨ ᠤ ᠪᠤᠰᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠮᠲᠤᠷᠠᠨ ᠨᠡᠭᠡᠭᠡᠨ | ᠠᠰᠢᠭᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ ᠃ ᠪᠣᠳᠠᠲᠠᠢ ᠪᠦᠷᠢᠯᠳᠦᠭᠦᠨ ᠨᠢ ᠳᠣᠣᠷᠠᠬᠢ ᠮᠡᠲᠦ ᠄ | ᠳᠤᠭᠤᠶᠢᠯᠠᠩ ᠤᠨ ᠳᠠᠷᠤᠭ᠎ᠠ ᠄ ᠰᠤᠷᠭᠠᠯᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ ᠄ ᠴᠢᠦᠢ ᠱᠤ᠋ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ | ᠬᠤᠰᠢᠭᠤᠨ ᠤ ᠳᠡᠳ᠋ ᠳᠠᠷᠤᠭ᠎ᠠ | ᠸᠠᠩ ᠵᠢᠩ ᠯᠦᠩ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ | ᠡᠤ ᠰᠢᠤᠢ ᠳ᠋ᠦᠩ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ | ᠵᠠᠩ ᠶᠠ ᠨᠠᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ | ᠯᠢᠦ ᠢᠦᠢ ᠴᠧᠩ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ | ᠵᠠᠩ ᠹᠦ᠋ ᠴᠦᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠂ ᠬᠤᠰᠢᠭᠤᠨ ᠤ ᠵᠠᠰᠠᠭ ᠤᠨ | ᠣᠷᠳᠣᠨ ᠤ ᠠᠯᠪᠠᠨ ᠭᠡᠷ ᠤᠨ ᠡᠷᠬᠢᠯᠡᠭᠴᠢ | ᠪᠦᠷᠢᠯᠳᠦᠭᠦᠨ ᠄ ᠨᠢᠶᠧ ᠬᠤᠩ ᠪᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠹᠦ᠋ ᠰᠢᠶᠦ᠋ᠩ ᠢ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠶᠠᠩ ᠱᠧᠩ ᠸᠧᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠯᠢ ᠵᠢᠶᠠᠨ ᠪᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠤᠪᠴᠢᠶᠠᠨ ᠤ ᠳᠠᠷᠤᠭ᠎ᠠ | ᠸᠠᠩ ᠭᠧᠨ ᠾᠧᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ | ᠹᠦ᠋ ᠭᠦᠸᠧ ᠴᠢᠶᠠᠩ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ | ᠶᠠᠩ ᠪᠦᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ | ᠹᠠᠨ ᠴᠦᠨ ᠬᠤᠢ ᠬᠤᠰᠢᠭᠤᠨ ᠤ ᠰᠣᠶᠣᠯ ᠪᠠ ᠵᠤᠭᠠᠴᠠᠯ ᠤᠨ ᠲᠣᠪᠴᠢᠶᠠᠨ ᠤ ᠳᠠᠷᠤᠭ᠎ᠠ | ᠸᠠᠩ ᠵᠥᠩ ᠯᠢᠶᠠᠩ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠵᠣᠣ ᠱᠧᠩ ᠯᠢ ᠣᠷᠳᠣᠰ ᠬᠤᠲᠠ ᠶᠢᠨ ᠠᠮᠢ ᠠᠬᠤᠢ ᠣᠷᠴᠢᠨ ᠳᠤᠭᠤᠷᠢᠨ ᠤ ᠲᠣᠪᠴᠢᠶ᠎ᠠ ᠶᠢᠨ ᠵᠡᠭᠦᠨᠭᠠᠷ ᠬᠤᠰᠢᠭᠤᠨ ᠤ ᠬᠤᠪᠢᠶᠠᠷᠢ | ᠲᠣᠪᠴᠢᠶᠠᠨ ᠤ ᠳᠠᠷᠤᠭ᠎ᠠ | ᠳ᠋ᠦ᠋ ᠭᠦᠸᠧ ᠬᠤᠸᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ | ᠰᠤ᠋ ᠯᠢᠨ ᠯᠦᠩ ᠺᠧᠦ ᠪᠠᠯᠭᠠᠰᠤᠨ ᠤ ᠳᠠᠷᠤᠭ᠎ᠠ | ᠸᠠᠩ ᠸᠧᠢ ᠸᠧᠢ ᠵᠢᠶᠠ ᠮᠣᠣ ᠪᠠᠯᠭᠠᠰᠤᠨ ᠤ ᠳᠠᠷᠤᠭ᠎ᠠ | ᠯᠢᠦ ᠹᠧᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠰᠠᠯᠠᠭᠠᠨ ᠲᠠᠰ ᠤᠨ ᠤᠳᠤᠷᠢᠳᠤᠯᠭ᠎ᠠ | ᠬᠤ᠋ ᠰᠢᠨ ᠰᠢᠤᠸᠠᠢ ᠵᠢᠶᠠ ᠸᠠᠨ ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠷᠢᠯᠠᠭᠤᠯᠵᠤ ᠂ ᠠᠯᠪᠠᠨ ᠭᠡᠷ ᠤᠨ | ᠡᠷᠬᠢᠯᠡᠭᠴᠢ ᠶᠢᠨ ᠲᠤᠰᠢᠶᠠᠯ ᠢ ᠶᠠᠩ ᠱᠧᠩ ᠸᠧᠢ ᠨᠥᠬᠦᠷ ᠬᠠᠪᠰᠤᠷᠭᠠᠨ ᠬᠠᠷᠢᠭᠤᠴᠠᠵᠤ ᠂ ᠳᠡᠳ᠋ ᠡᠷᠬᠢᠯᠡᠭᠴᠢ ᠶᠢᠨ ᠲᠤᠰᠢᠶᠠᠯ ᠢ ᠯᠢᠦ ᠹᠧᠩ ᠨᠥᠬᠦᠷ ᠬᠠᠪᠰᠤᠷᠭᠠᠨ | ᠬᠠᠷᠢᠭᠤᠴᠠᠨ᠎ᠠ ᠃ ᠠᠵᠢᠯᠲᠠᠨ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠲᠠᠲᠠᠵᠤ ᠠᠪᠤᠨ᠎ᠠ ᠃ | ᠨᠠᠢᠮᠠ᠂ ᠠᠵᠢᠯ ᠤᠨ ᠱᠠᠭᠠᠷᠳᠠᠯᠭ᠎ᠠ | ︵ ᠨᠢᠭᠡ ︶ ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠵᠣᠬᠢᠴᠠᠭᠤᠯᠤᠨ ᠬᠠᠮᠵᠢᠯᠴᠠᠨ᠎ᠠ ᠃ ᠡᠯ᠎ᠡ ᠪᠦᠷᠢᠯᠳᠦᠭᠦᠨ ᠨᠢᠭᠡᠴᠢ ᠶᠢᠨ ᠭᠤᠣᠯ ᠤᠳᠤᠷᠢᠳᠤᠯᠭ᠎ᠠ ᠪᠣᠯ ᠲᠤᠰ | ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠳᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠂ | ᠬᠦᠴᠦ ᠪᠠᠨ ᠬᠠᠮᠲᠤᠳᠬᠠᠨ ᠬᠠᠮᠵᠢᠯᠴᠠᠵᠤ ᠂ ᠡᠯ᠎ᠡ ᠴᠠᠭ ᠬᠤᠭᠤᠴᠠᠭ᠎ᠠ ᠪᠠ ᠲᠠᠰ ᠳᠠᠷᠠᠭᠠᠯᠠᠯ ᠤᠨ ᠵᠠᠩᠭᠢᠯᠠᠭ᠎ᠠ ᠶᠢᠨ ᠴᠡᠭ ᠲᠤ ᠨᠢᠭᠡᠳᠦᠯᠲᠡᠢ ᠲᠥᠯᠥᠪᠯᠡᠨ | ᠠᠬᠢᠭᠤᠯᠬᠤ ᠶᠢ ᠦᠨᠡᠨᠬᠦ ᠪᠠᠲᠤᠯᠠᠵᠤ ᠂ ᠠᠭᠤᠷᠬᠠᠢ ᠶᠢᠨ ᠠᠵᠤ ᠠᠬᠤᠶᠢᠯᠠᠯ ᠤᠨ ᠡᠬᠦᠳᠡ ᠪᠠᠨ ᠬᠠᠭᠠᠵᠤ ᠤᠬᠤᠷᠢᠨ ᠭᠠᠷᠬᠤ ᠶᠢ ᠳᠡᠮᠵᠢᠵᠦ ᠪᠠᠶᠢᠭᠠᠳ ᠠᠭᠤᠷᠬᠠᠢ ᠶᠢᠨ | ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠠᠭᠤᠷᠬᠠᠢ ᠶᠢᠨ ᠦᠢᠯᠡᠰ ᠤᠨ ᠡᠷᠬᠡ ᠣᠯᠬᠤ ᠵᠡᠷᠭᠡ ᠬᠤᠯᠪᠤᠬᠳᠠᠯ ᠪᠦᠬᠦᠢ ᠠᠵᠢᠯ ᠢ ᠦᠨᠡᠨᠬᠦ ᠰᠠᠶᠢᠲᠤᠷ ᠬᠢᠨ᠎ᠠ ᠃ | | ︵ ᠬᠤᠶᠠᠷ ︶ ᠰᠠᠬᠢᠯᠭ᠎ᠠ ᠪᠠᠲᠤ ᠶᠢ ᠴᠢᠩᠭ᠎ᠠ ᠰᠠᠬᠢᠵᠤ ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠨ᠎ᠠ ᠃ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠂ ᠰᠡᠷᠭᠡᠶᠢᠯᠡᠬᠦ ᠠᠵᠢᠯ ᠤᠨ ᠳᠤᠮᠳᠠᠬᠢ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠡᠷᠡᠰ ᠬᠤᠷᠢᠭᠯᠠᠵᠤ ᠂ ᠠᠵᠢᠯ ᠤᠨ ᠠᠬᠢᠴᠠ ᠪᠠᠷ ᠤᠳᠠᠭᠠᠨ᠂ | ᠬᠠᠷᠢᠭᠤᠴᠠᠯᠭ᠎ᠠ ᠪᠠᠨ ᠬᠠᠷᠢᠯᠴᠠᠨ ᠲᠦᠯᠬᠢᠯᠴᠡᠬᠦ ᠂ ᠬᠦᠨᠳᠦ ᠠᠴᠠ ᠵᠠᠶᠢᠯᠠᠵᠤ ᠬᠥᠩᠭᠡᠨ ᠢ ᠨᠢ ᠡᠷᠢᠳᠡᠭ ᠨᠢᠭᠡᠴᠢ ᠶᠢ ᠢᠯᠡ ᠪᠠᠷ ᠵᠠᠷᠯᠠᠨ ᠮᠡᠳᠡᠭᠳᠡᠵᠦ ᠂ ᠪᠣᠯᠵᠣᠨ | ᠶᠠᠷᠢᠯᠴᠠᠨ᠎ᠠ᠃ | | ᠬᠠᠭᠤᠯᠤᠨ ᠬᠦᠷᠭᠡᠬᠦ ᠄ ᠬᠤᠰᠢᠭᠤᠨ ᠤ ᠨᠠᠮ ᠤᠨ ᠬᠤᠷᠢᠶ᠎ᠠ ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠃ | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 9 ᠰᠠᠷ᠎ᠠ ᠶᠢᠨ 27 ᠤ ᠡᠳᠦᠷ ᠳᠠᠷᠤᠮᠠᠯᠯᠠᠨ ᠳᠠᠷᠬᠠᠭᠠᠪᠠ | |