| | ᠰᠢ ᠶᠢᠨ ᠫᠢᠩ ᠭᠠᠰᠢᠭᠤᠳᠠᠯ ᠤᠨ ᠦᠭᠡ ᠬᠡᠯᠡᠪᠡ ᠯᠢ ᠺᠧ ᠴᠢᠶᠠᠩ ᠯᠢ ᠵᠠᠨ ᠱᠤ᠋ ᠸᠠᠩ ᠶᠠᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠬᠠᠨ ᠵᠧᠩ ᠳ᠋ᠢᠩ | ᠰᠢᠤᠸᠠᠢ ᠰᠢᠶᠠᠩ ᠯᠢ ᠰᠢ ᠸᠠᠩ ᠴᠢ ᠱᠠᠨ ᠭᠠᠰᠢᠭᠤᠳᠠᠯ ᠤᠨ ᠶᠡᠭᠡ ᠬᠤᠷᠠᠯ ᠳᠤ ᠣᠷᠣᠯᠴᠠᠵᠤ ᠼᠠᠢ ᠴᠢ ᠶᠡᠭᠡ ᠬᠤᠷᠠᠯ ᠢ ᠡᠷᠭᠢᠯᠡᠪᠡ | ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ | ᠬᠦᠨᠳᠦᠲᠡᠢ ᠭᠠᠷᠮᠠᠭᠠᠢ ᠤᠳᠤᠷᠢᠳᠤᠭᠴᠢ ᠂ ᠠᠭᠤᠤ ᠶᠡᠭᠡ ᠮᠠᠷᠺᠰ ᠤᠨ ᠦᠵᠡᠯᠲᠡᠨ ᠂ ᠠᠭᠤᠤ ᠶᠡᠭᠡ ᠦᠭᠡᠶᠢᠭᠦᠦ ᠠᠩᠭᠢ ᠶᠢᠨ ᠬᠤᠪᠢᠰᠬᠠᠯᠴᠢ ᠂ ᠤᠯᠤᠰ ᠲᠥᠷᠥᠴᠢᠨ ᠂ | ᠴᠡᠷᠢᠭ ᠤᠨ ᠡᠷᠳᠡᠮᠲᠡᠨ ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ | ᠪᠠᠶᠢᠯᠳᠤᠭᠴᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ ᠂ ᠨᠠᠮ ᠤᠨ ᠭᠤᠷᠪᠠᠳᠤᠭᠠᠷ | ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠂ ︽ ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ | ᠵᠢᠶᠠᠩ ᠽᠧ ᠮᠢᠨ ᠨᠥᠬᠦᠷ ᠶᠢᠷᠲᠢᠨᠴᠦ ᠠᠴᠠ ᠥᠨᠢᠳᠡ ᠠᠩᠭᠢᠵᠢᠷᠠᠵᠤ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠵᠢᠷᠦᠬᠡᠨ ᠳᠤ | ᠬᠢᠵᠠᠭᠠᠯᠠᠰᠢ ᠦᠭᠡᠢ ᠡᠮᠭᠡᠨᠢᠯ ᠭᠠᠰᠢᠭᠤᠳᠠᠯ ᠢ ᠠᠪᠴᠢᠷᠠᠪᠠ ᠃ 6 ᠤ ᠦᠳᠡ ᠶᠢᠨ ᠡᠮᠦᠨ᠎ᠡ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ | ᠦᠪᠡᠳᠡᠭᠰᠢ ᠶᠡᠭᠡ ᠪᠠᠷ ᠶᠠᠪᠤᠭᠳᠠᠭᠤᠯᠪᠠ ᠃ ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠤ᠋ ᠂ ᠸᠠᠩ ᠶᠠᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ | ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠨᠠᠷ ᠶᠡᠭᠡ ᠬᠤᠷᠠᠯ ᠳᠤ ᠣᠷᠣᠯᠴᠠᠪᠠ ᠃ ᠶᠡᠭᠡ ᠬᠤᠷᠠᠯ ᠢ ᠪᠦᠭᠦ ᠤᠯᠤᠰ ᠤᠨ ᠷᠠᠳᠢᠣ᠋ | ᠲᠧᠯᠸᠢᠰ ᠂ ᠰᠣᠨᠢᠨ ᠮᠡᠳᠡᠭᠡᠨ ᠤ ᠰᠦᠯᠵᠢᠶ᠎ᠡ ᠪᠠᠷ ᠰᠢᠭᠤᠳ ᠨᠡᠪᠲᠡᠷᠡᠭᠦᠯᠪᠡ ᠃ ᠤᠯᠤᠰ ᠳᠠᠶᠠᠭᠠᠷ ᠂ ᠦᠨᠳᠦᠰᠦᠲᠡᠨ ᠨᠦᠭᠦᠳ ᠤᠨ ᠠᠷᠠᠳ ᠲᠦᠮᠡᠨ ᠵᠢᠶᠠᠩ ᠽᠧ ᠮᠢᠨ | ᠨᠥᠬᠦᠷ ᠢ ᠲᠦᠢᠯ ᠢᠶᠠᠷ ᠡᠮᠭᠡᠨᠢᠨ ᠭᠠᠰᠢᠭᠤᠳᠠᠪᠠ ᠃ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠭᠠᠰᠢᠭᠤᠳᠠᠯ ᠤᠨ ᠶᠡᠭᠡ ᠬᠤᠷᠠᠯ ᠳᠡᠭᠡᠷ᠎ᠡ ᠭᠠᠰᠢᠭᠤᠳᠠᠯ ᠤᠨ ᠦᠭᠡ ᠭᠡᠯᠡᠭᠦ ᠳᠡᠭᠡᠨ ᠂ ᠪᠢᠳᠡ ᠵᠢᠶᠠᠩ ᠽᠧ ᠮᠢᠨ ᠨᠥᠬᠦᠷ ᠢ | ᠬᠠᠶᠢᠷᠠᠯᠠᠨ ᠭᠦᠨᠳᠦᠳᠭᠡᠵᠦ ᠂ ᠵᠢᠶᠠᠩ ᠽᠧ ᠮᠢᠨ ᠨᠥᠬᠦᠷ ᠢ ᠳᠤᠷᠠᠰᠤᠨ ᠰᠠᠨᠠᠭᠠᠯᠵᠠᠵᠤ ᠪᠠᠶᠢᠭ᠎ᠠ ᠶᠢᠨ ᠤᠴᠢᠷ ᠭᠡᠪᠡᠯ ᠂ ᠲᠡᠷᠡ ᠨᠠᠰᠤᠨ ᠲᠤᠷᠰᠢ ᠶᠢᠨ ᠬᠦᠴᠦ | ᠭᠦᠳᠡᠯᠮᠦᠷᠢ ᠪᠣᠯᠣᠨ ᠣᠶᠤᠨ ᠴᠢᠳᠠᠯ ᠢᠶᠠᠨ ᠳᠤᠮᠳᠠᠳᠤ ᠤᠯᠤᠰ ᠤᠨ ᠠᠷᠠᠳ ᠲᠦᠮᠡᠨ ᠳᠤ ᠵᠣᠷᠢᠭᠤᠯᠵᠤ ᠂ ᠦᠨᠳᠦᠰᠦᠲᠡᠨ ᠤ ᠲᠤᠰᠠᠭᠠᠷ ᠲᠣᠭᠲᠠᠨᠢᠯ ᠂ ᠠᠷᠠᠳ | ᠲᠦᠮᠡᠨ ᠤ ᠴᠢᠯᠦᠭᠡᠯᠡᠯᠲᠡ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠦᠨᠡᠨ ᠰᠡᠳᠬᠢᠯ ᠠᠴᠠ ᠪᠠᠨ | ᠵᠢᠳᠬᠦᠵᠦ ᠂ ᠨᠠᠰᠤᠨ ᠲᠤᠷᠰᠢᠲᠠ ᠲᠡᠮᠡᠴᠡᠭᠰᠡᠨ ᠳᠤ ᠪᠤᠢ ᠃ ᠢᠯᠠᠩᠭᠤᠶ᠎ᠠ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ | ᠪᠦᠭᠦᠳᠡ ᠬᠤᠷᠠᠯ ᠠᠴᠠ ᠨᠠᠭᠠᠰᠢᠬᠢ 13 ᠵᠢᠯ ᠳᠤ ᠨᠠᠮ ᠪᠠ ᠤᠯᠤᠰ ᠤᠨ ᠣᠯᠣᠭᠰᠠᠨ ᠯᠤᠲᠤ ᠶᠡᠭᠡ ᠠᠮᠵᠢᠯᠲᠠ ᠪᠦᠲᠦᠮᠵᠢ ᠨᠢ ᠵᠢᠶᠠᠩ ᠽᠧ ᠮᠢᠨ ᠨᠥᠬᠦᠷ ᠤᠨ | ᠰᠢᠯᠭᠠᠷᠠᠭᠰᠠᠨ ᠡᠷᠳᠡᠮ ᠠᠤᠭ᠎ᠠ ᠪᠣᠳᠣᠯᠭ᠎ᠠ ᠂ ᠵᠠᠩᠭᠢᠯᠠᠭ᠎ᠠ ᠶᠢᠨ ᠦᠢᠯᠡᠳᠦᠯ ᠂ ᠬᠡᠲᠦ᠋ᠢᠳᠦᠭᠰᠡᠨ ᠤᠯᠤᠰ ᠲᠦᠷᠦ ᠶᠢᠨ ᠤᠳᠤᠷᠢᠳᠬᠤ ᠤᠷ᠎ᠠ ᠴᠢᠳᠠᠪᠤᠷᠢ ᠠᠴᠠ ᠰᠠᠯᠵᠤ | ᠴᠢᠳᠠᠬᠤ ᠦᠭᠡᠢ ᠶᠤᠮ ᠃ ᠵᠢᠶᠠᠩ ᠽᠧ ᠮᠢᠨ ᠨᠥᠬᠦᠷ ᠨᠠᠮ ᠪᠠ ᠠᠷᠠᠳ ᠲᠦᠮᠡᠨ ᠳᠤ ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ ᠂ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠩ ᠰᠡᠳᠬᠢᠯ ᠤᠨ ᠬᠠᠶᠢᠷ᠎ᠠ ᠬᠦᠨᠳᠦᠳᠬᠡᠯ ᠪᠠ ᠳᠡᠯᠡᠬᠡᠢ ᠨᠡᠶᠢᠭᠡᠮ ᠤᠨ ᠥᠷᠭᠡᠨ ᠳᠡᠯᠭᠡᠷ | ᠮᠠᠭᠲᠠᠭᠠᠯ ᠰᠠᠶᠢᠰᠢᠶᠠᠯ ᠢ ᠣᠯᠣᠭᠰᠠᠨ ᠶᠤᠮ ᠭᠡᠵᠦ ᠴᠢᠬᠤᠯᠠᠴᠢᠯᠠᠪᠠ ᠃ | ᠥᠨᠥᠳᠥᠷ ᠂ ᠪᠦᠭᠦ ᠤᠯᠤᠰ ᠳᠠᠶᠠᠭᠠᠷ ᠲᠤᠭ ᠢᠶᠠᠨ ᠬᠠᠭᠠᠰ ᠪᠠᠭᠤᠯᠭᠠᠨ ᠭᠠᠰᠢᠭᠤᠳᠠᠵᠤ ᠂ ᠠᠯᠢᠪᠠ ᠤᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ | ᠵᠣᠭᠰᠣᠭᠠᠪᠠ ᠃ ᠭᠠᠰᠢᠭᠤᠳᠠᠯ ᠤᠨ ᠶᠡᠭᠡ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠪᠠ ᠃ ᠬᠤᠷᠠᠯ ᠤᠨ ᠲᠠᠯᠠᠪᠠᠢ ᠲᠥᠪ ᠴᠢᠬᠢᠮᠡᠢ ᠪᠠᠶᠢᠯ᠎ᠠ ᠃ | ᠲᠡᠷᠢᠭᠦᠯᠡᠭᠴᠢ ᠶᠢᠨ ᠲᠠᠶᠢᠰᠠ ᠮᠥᠩᠭᠦᠨ ᠬᠦᠷᠡᠩ ᠥᠩᠭᠡ ᠪᠠᠷ ᠳᠡᠪᠢᠰᠬᠡᠷ ᠥᠩᠭᠡ ᠪᠤᠯᠭᠠᠵᠥ ᠂ ᠳᠡᠭᠡᠷ᠎ᠡ ᠲᠠᠯ᠎ᠠ ᠳᠤᠨᠢ ︽ ᠵᠢᠶᠠᠩ ᠽᠧ ᠮᠢᠨ ᠨᠥᠬᠦᠷ ᠤᠨ | ᠭᠠᠰᠢᠭᠤᠳᠠᠯ ᠤᠨ ᠶᠡᠭᠡ ᠬᠤᠷᠠᠯ ︾ ᠭᠡᠬᠦ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠡᠯᠭᠦᠪᠡ ᠃ | ᠲᠡᠷᠢᠭᠦᠯᠡᠭᠴᠢ ᠶᠢᠨ ᠲᠠᠶᠢᠰᠠᠨ ᠤ ᠭᠤᠣᠯ ᠳᠤᠮᠳᠠ ᠵᠢᠶᠠᠩ ᠽᠧ ᠮᠢᠨ ᠨᠥᠬᠦᠷ ᠤᠨ ᠲᠣᠮᠣ ᠥᠩᠭᠡᠲᠦ ᠭᠦᠷᠦᠭ ᠢ ᠡᠯᠭᠦᠵᠡᠢ ᠃ ᠵᠢᠶᠠᠩ ᠽᠧ ᠮᠢᠨ ᠨᠥᠬᠦᠷ ᠤᠨ | ᠴᠢᠨᠳᠠᠷ ᠤᠨ ᠬᠠᠶᠢᠷᠴᠠᠭ ᠢ ᠭᠦᠷᠦᠭ ᠤᠨ ᠡᠮᠦᠨᠡᠬᠢ ᠰᠣᠷᠭᠤᠭ ᠴᠡᠴᠡᠭ ᠨᠠᠷᠠᠰᠤ ᠮᠠᠶᠢᠯᠠᠰᠤ ᠶᠢᠨ ᠳᠤᠮᠳᠠ ᠲᠠᠯᠪᠢᠵᠤ ᠂ ᠴᠢᠨᠳᠠᠷ ᠤᠨ ᠬᠠᠶᠢᠷᠴᠠᠭ ᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠭᠠᠯ ᠤᠯᠠᠭᠠᠨ ᠲᠤᠭ ᠢᠶᠠᠷ ᠪᠦᠲᠡᠭᠡᠵᠡᠢ ᠃ ᠵᠢᠶᠠᠩ ᠽᠧ ᠮᠢᠨ ᠨᠥᠬᠦᠷ ᠤᠨ ᠬᠠᠳᠤᠨ ᠸᠠᠩ ᠶᠧ ᠫᠢᠩ ᠪᠦᠭᠦ ᠭᠡᠷ ᠢᠶᠠᠷ ᠢᠶᠠᠨ | ᠬᠦᠷᠭᠡᠭᠰᠡᠨ ᠰᠠᠬᠰᠤᠳᠤ ᠴᠡᠴᠡᠭ ᠢ ᠵᠢᠶᠠᠩ ᠽᠧ ᠮᠢᠨ ᠨᠥᠬᠦᠷ ᠤᠨ ᠴᠢᠨᠳᠠᠷ ᠤᠨ ᠬᠠᠶᠢᠷᠴᠠᠭ ᠤᠨ ᠡᠮᠦᠨ᠎ᠡ ᠲᠠᠯᠪᠢᠪᠠ ᠃ 6 ᠶᠣᠰᠣᠯᠠᠯ ᠤᠨ ᠴᠡᠷᠢᠭ ᠫᠤᠤ ᠠᠳᠬᠤᠨ | ᠲᠥᠪ ᠵᠣᠭᠰᠣᠵᠤ ᠂ ᠬᠤᠶᠠᠷ ᠲᠠᠯ᠎ᠠ ᠪᠠᠷ ᠨᠢ ᠰᠠᠬᠢᠨ ᠬᠠᠮᠠᠭᠠᠯᠠᠪᠠ ᠃ ᠲᠡᠷᠢᠭᠦᠯᠡᠭᠴᠢ ᠶᠢᠨ ᠲᠠᠶᠢᠰᠠᠨ ᠤ ᠬᠤᠶᠠᠷ ᠲᠠᠯ᠎ᠠ ᠪᠠᠷ ᠰᠢ ᠶᠢᠨ ᠫᠢᠩ ᠂ ᠯᠢ ᠺᠧ ᠴᠢᠶᠠᠩ ᠂ ᠯᠢ | ᠵᠠᠨ ᠱᠤ᠋ ᠂ ᠸᠠᠩ ᠶᠠᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠂ | ᠬᠤ᠋ ᠶᠢᠨ ᠲᠤᠤ ᠵᠡᠷᠭᠡ ᠨᠥᠬᠦᠳ ᠪᠣᠯᠣᠨ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠂ | ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠬᠦᠷᠭᠡᠭᠰᠡᠨ ᠴᠠᠭᠠᠷᠢᠭᠲᠤ ᠴᠡᠴᠡᠭ ᠢ ᠲᠠᠯᠪᠢᠵᠠᠢ ᠃ | ᠶᠣᠰᠣᠯᠠᠯ ᠤᠨ ᠲᠠᠩᠬᠢᠮ ᠤᠨ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ᠡᠯᠭᠦᠭᠰᠡᠨ ᠬᠠᠷ᠎ᠠ ᠳᠡᠪᠢᠰᠬᠡᠷᠲᠦ ᠰᠢᠷ᠎ᠠ ᠭᠦᠪᠡᠭᠡ ᠲᠠᠢ ᠴᠠᠭᠠᠨ | ᠦᠰᠦᠭ ᠤᠨ ᠬᠥᠨᠳᠡᠯᠡᠨ ᠪᠢᠴᠢᠭᠡᠰᠦ ᠳᠤ ᠄ ︽ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠴᠢᠩ | ᠰᠡᠳᠬᠢᠯ ᠠᠴᠠ ᠪᠠᠨ ᠬᠠᠶᠢᠷᠠᠯᠠᠨ ᠬᠦᠨᠳᠦᠳᠬᠡᠳᠡᠭ ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ ︕ ︾ ᠭᠡᠵᠦ ᠪᠢᠴᠢᠭᠰᠡᠨ ᠪᠠᠶᠢᠨ᠎ᠠ ᠂ ᠭᠤᠷᠪᠠᠳᠤᠭᠠᠷ | ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ᠡᠯᠭᠦᠭᠰᠡᠨ ᠬᠠᠷ᠎ᠠ ᠳᠡᠪᠢᠰᠬᠡᠷᠲᠦ ᠰᠢᠷ᠎ᠠ ᠭᠦᠪᠡᠭᠡ ᠲᠠᠢ ᠴᠠᠭᠠᠨ ᠦᠰᠦᠭᠲᠦ ᠬᠥᠨᠳᠡᠯᠡᠨ ᠪᠢᠴᠢᠭᠡᠰᠦ ᠳᠤ ᠄ ︽ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠳᠣᠣᠷ᠎ᠠ ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ | ᠵᠠᠯᠭᠠᠮᠵᠢᠯᠠᠵᠤ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠤᠷᠤᠭᠰᠢ ᠠᠬᠢᠭᠤᠯᠰᠤᠭᠠᠢ ︕ ︾ | ᠭᠡᠵᠦ ᠪᠢᠴᠢᠭᠰᠡᠨ ᠪᠠᠶᠢᠪᠠ ᠃ | ᠲᠡᠷᠢᠭᠦᠯᠡᠭᠴᠢ ᠶᠢᠨ ᠲᠠᠶᠢᠰᠠᠨ ᠤ ᠳᠣᠣᠷ᠎ᠠ ᠬᠤᠶᠠᠷ ᠲᠠᠯ᠎ᠠ ᠪᠠᠷ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠂ ᠡᠯ᠎ᠡ ᠠᠷᠠᠳ ᠤᠨ | ᠪᠦᠯᠭᠦᠮ ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ | ᠭᠦᠢᠯᠭᠡᠭᠡᠨ ᠤ ᠪᠠᠶᠢᠭᠤᠯᠤᠮᠵᠢ ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠂ ᠡᠯ᠎ᠡ ᠮᠤᠵᠢ ᠣᠷᠣᠨ ᠬᠤᠳᠠ ᠶᠢᠨ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠂ ᠣᠣᠮᠧᠨ | ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠤᠨ ᠣᠷᠳᠣᠨ ᠵᠢᠴᠢ ᠵᠢᠶᠠᠩ ᠽᠧ ᠮᠢᠨ ᠨᠥᠬᠦᠷ ᠤᠨ ᠨᠤᠲᠤᠭ ᠤᠨ ᠬᠢᠨ ᠂ ᠠᠮᠢᠳᠤ ᠰᠡᠷᠡᠭᠦᠨ ᠪᠠᠶᠢᠬᠤ ᠦᠶ᠎ᠡ ᠶᠢᠨ | ᠨᠥᠭᠦᠷᠰᠡᠭ ᠬᠥᠮᠥᠰ ᠵᠡᠷᠭᠡ ᠶᠢᠨ ᠬᠦᠷᠭᠡᠭᠰᠡᠨ ᠴᠠᠭᠠᠷᠢᠭᠲᠤ ᠴᠡᠴᠡᠭ ᠢ ᠲᠠᠯᠪᠢᠵᠠᠢ ᠃ | | | 12 ᠰᠠᠷ᠎ᠠ ᠶᠢᠨ 6 ᠤ ᠦᠳᠡ ᠶᠢᠨ ᠡᠮᠦᠨ᠎ᠡ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠪᠡᠳᠡᠭᠰᠢ ᠶᠡᠭᠡ ᠪᠠᠷ | ᠶᠠᠪᠤᠭᠳᠠᠭᠤᠯᠪᠠ ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠭᠠᠰᠢᠭᠤᠳᠠᠯ ᠤᠨ ᠶᠡᠭᠡ ᠬᠤᠷᠠᠯ ᠳᠡᠭᠡᠷ᠎ᠡ ᠭᠠᠰᠢᠭᠤᠳᠠᠯ ᠤᠨ ᠦᠭᠡ ᠬᠡᠯᠡᠪᠡ ᠃ ᠰᠢᠨᠬᠤᠸᠠ ᠬᠤᠷᠢᠶᠠᠨ ᠤ | ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ | | | | | 12 ᠰᠠᠷ᠎ᠠ ᠶᠢᠨ 6 ᠤ ᠦᠳᠡ ᠶᠢᠨ ᠡᠮᠦᠨ᠎ᠡ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠪᠡᠳᠡᠭᠰᠢ ᠶᠡᠭᠡ ᠪᠠᠷ | ᠶᠠᠪᠤᠭᠳᠠᠭᠤᠯᠪᠠ ᠃ ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠤ᠋ ᠂ ᠸᠠᠩ ᠶᠠᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ | ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠨᠠᠷ ᠶᠡᠭᠡ ᠬᠤᠷᠠᠯ ᠳᠤ ᠣᠷᠣᠯᠴᠠᠪᠠ ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | | | | | | 12 ᠰᠠᠷ᠎ᠠ ᠶᠢᠨ 6 ᠤ ᠦᠳᠡ ᠶᠢᠨ ᠡᠮᠦᠨ᠎ᠡ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠪᠡᠭᠡᠵᠢᠩ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠪᠡᠳᠡᠭᠰᠢ ᠶᠡᠭᠡ ᠪᠠᠷ | ᠶᠠᠪᠤᠭᠳᠠᠭᠤᠯᠪᠠ ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠳ᠋ᠢᠩ ᠬᠠᠢ ᠲᠤᠤ ᠰᠡᠭᠦᠳᠡᠷᠯᠡᠪᠡ | ᠼᠠᠢ ᠴᠢ ᠭᠠᠰᠢᠭᠤᠳᠠᠯ ᠤᠨ ᠬᠤᠷᠠᠯ ᠢ ᠡᠷᠭᠢᠯᠡᠪᠡ ᠃ ᠦᠳᠡ ᠶᠢᠨ ᠡᠮᠦᠨᠡᠬᠢ 10 ᠴᠠᠭ ᠲᠤ ᠭᠠᠰᠢᠭᠤᠳᠠᠯ ᠤᠨ ᠶᠡᠭᠡ ᠬᠤᠷᠠᠯ ᠡᠬᠢᠯᠡᠵᠡᠢ ᠃ ᠪᠦᠭᠦᠳᠡᠭᠡᠷ ᠢᠶᠠᠨ | ᠲᠥᠪ ᠵᠣᠭᠰᠣᠵᠤ ᠂ 3 ᠮᠢᠨᠦ᠋ᠲ ᠨᠠᠮᠠᠨᠴᠢᠯᠠᠨ ᠭᠠᠰᠢᠭᠤᠳᠠᠪᠠ ᠃ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ | ᠡᠮᠭᠡᠨᠢᠭᠦᠨ ᠨᠠᠮᠤᠭᠤᠬᠠᠨ ᠭᠠᠰᠢᠭᠤᠳᠠᠯ ᠤᠨ ᠠᠶᠠᠰ ᠢ ᠬᠥᠭᠵᠢᠮᠳᠡᠵᠦ ᠂ ᠭᠠᠰᠢᠭᠤᠳᠠᠯ ᠤᠨ ᠠᠶ᠎ᠠ ᠨᠢ ᠲᠤᠬᠠᠢ ᠶᠢᠨ ᠲᠠᠯᠠᠪᠠᠢ ᠶᠢᠨ ᠰᠢᠭᠤᠳ ᠨᠡᠪᠲᠡᠷᠡᠭᠦᠯᠪᠡ ᠪᠠᠷ ᠳᠠᠮᠵᠢᠨ | ᠪᠦᠭᠦ ᠤᠯᠤᠰ ᠤᠨ ᠡᠯ᠎ᠡ ᠭᠠᠵᠠᠷ ᠲᠤ ᠳᠠᠮᠵᠢᠭᠳᠠᠪᠠ ᠃ ᠲᠤᠮᠳᠠᠳᠤ ᠶᠢᠨ ᠡᠬᠡ ᠭᠠᠵᠠᠷ ᠲᠤ ᠂ ᠤᠯᠤᠰ ᠳᠠᠶᠠᠭᠠᠷ ᠡᠮᠭᠡᠨᠢᠨ ᠭᠠᠰᠢᠭᠤᠳᠠᠵᠤ ᠂ ᠲᠦᠭ ᠲᠦᠮᠡᠨ ᠠᠷᠠᠳ | ᠲᠦᠮᠡᠨ ᠲᠥᠪ ᠵᠣᠭᠰᠣᠨ ᠨᠠᠮᠠᠨᠴᠢᠯᠠᠨ ᠭᠠᠰᠢᠭᠤᠳᠠᠪᠠ ᠃ ᠮᠠᠰᠢᠨ ᠲᠡᠷᠭᠡ ᠂ ᠭᠠᠯᠲᠤ ᠲᠡᠷᠭᠡ ᠂ ᠬᠥᠯᠭᠡ ᠣᠩᠭᠤᠴᠠ ᠵᠡᠷᠭᠡ ᠶᠢᠨ ᠠᠭᠤᠷ ᠤᠨ ᠱᠤᠤᠭᠢᠯ ᠴᠤᠭᠭᠠᠷ | ᠳᠤᠤᠭᠠᠷᠴᠤ ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠣᠭᠲᠠᠷᠭᠤᠢ ᠳᠤ ᠴᠤᠤᠷᠢᠶᠠᠲᠤᠪᠠ ᠃ | ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠳᠠᠷᠠᠭ᠎ᠠ ᠂ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ ᠃ ᠰᠦᠷ ᠵᠢᠪᠬᠤᠯᠠᠩᠲᠤ ᠭᠦᠭ ᠠᠶᠠᠰ ᠨᠢ ᠲᠦᠭ ᠲᠦᠮᠡᠨ ᠠᠷᠠᠳ ᠲᠦᠮᠡᠨ ᠤ ᠬᠠᠮᠲᠤ ᠶᠢᠨ ᠬᠦᠰᠡᠯ ᠵᠣᠷᠢᠯᠲᠠ ᠶᠢ ᠢᠯᠡᠳᠬᠡᠨ᠎ᠡ ᠄ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠯᠬᠡᠭᠯᠡᠨ ᠤᠷᠤᠭᠰᠢᠯᠠᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠨ᠎ᠡ ᠃ | ᠪᠦᠭᠦ ᠲᠠᠯᠠᠪᠠᠢ ᠶᠢᠨ ᠲᠥᠪ ᠴᠢᠬᠢᠮᠡᠢ ᠠᠭᠤᠷ ᠠᠮᠢᠰᠬᠤᠯ ᠤᠨ ᠳᠤᠮᠳᠠ ᠰᠢ ᠶᠢᠨ ᠫᠢᠩ ᠭᠠᠰᠢᠭᠤᠳᠠᠯ ᠤᠨ ᠦᠭᠡ ᠬᠡᠯᠡᠪᠡ ᠃ ᠰᠢ ᠶᠢᠨ ᠫᠢᠩ ᠭᠠᠰᠢᠭᠤᠳᠠᠯ ᠤᠨ | ᠦᠭᠡ ᠳᠡᠭᠡᠨ ᠵᠢᠶᠠᠩ ᠽᠧ ᠮᠢᠨ ᠨᠥᠬᠦᠷ ᠤᠨ ᠭᠡᠷᠡᠯ ᠰᠠᠴᠤᠷᠠᠩᠭᠤᠢ ᠨᠢᠭᠡ ᠨᠠᠰᠤ ᠪᠣᠯᠣᠨ ᠲᠡᠭᠦᠨ ᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ | ᠬᠡᠮᠵᠢᠶ᠎ᠡ ᠪᠠᠷ ᠦᠨᠡᠯᠡᠪᠡ ᠃ ᠲᠡᠷᠡ ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠠ ᠬᠤᠷᠠᠯ ᠠᠴᠠ ᠨᠠᠮ ᠤᠨ | ᠠᠷᠪᠠᠨ ᠵᠢᠷᠭᠤᠳᠤᠭᠠᠷ ᠶᠡᠭᠡ ᠬᠤᠷᠠᠯ ᠪᠤᠯᠲᠠᠯᠠᠭᠢ 13 ᠵᠢᠯ ᠳᠤ ᠂ ᠳᠡᠯᠡᠬᠡᠢ ᠶᠢᠨ ᠪᠠᠶᠢᠳᠠᠯ ᠶᠡᠭᠡ ᠪᠠᠷ ᠬᠤᠪᠢᠰᠤᠨ ᠤᠯᠠᠷᠢᠵᠤ ᠂ ᠮᠠᠨ ᠤ ᠤᠯᠤᠰ ᠤᠨ ᠥᠭᠡᠷᠡᠴᠢᠯᠡᠯᠲᠡ | ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠰᠦᠷ ᠳᠠᠯᠠᠶᠢᠴᠠᠲᠠᠢ ᠶᠠᠪᠤᠭᠳᠠᠪᠠ ᠃ ᠤᠯᠤᠰ ᠤᠨ | ᠳᠣᠲᠣᠭᠠᠳᠤ ᠭᠠᠳᠠᠭᠠᠳᠤ ᠶᠢᠨ ᠲᠦᠢᠯ ᠤᠨ ᠨᠠᠷᠢᠨ ᠪᠤᠳᠤᠯᠢᠶᠠᠨᠲᠠᠢ ᠪᠠᠶᠢᠳᠠᠯ ᠳᠣᠣᠷ᠎ᠠ ᠂ ᠵᠢᠶᠠᠩ ᠽᠧ ᠮᠢᠨ ᠨᠥᠬᠦᠷ ᠨᠠᠮ ᠤᠨ ᠲᠥᠪ ᠬᠤᠷᠢᠶᠠᠨ ᠤ ᠤᠳᠤᠷᠢᠳᠬᠤ | ᠬᠠᠮᠲᠤ ᠶᠢ ᠳᠠᠭᠠᠭᠤᠯᠤᠨ ᠂ ᠮᠠᠷᠺᠰ ᠯᠧᠨᠢᠨ ᠤ ᠦᠵᠡᠯ ᠂ ᠮᠠᠤ ᠽᠧ ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠣᠣ ᠫᠢᠩ ᠤᠨ ᠤᠨᠤᠯ ᠤᠨ ᠠᠭᠤᠤ ᠶᠡᠭᠡ ᠲᠤᠭ ᠢ | ᠥᠨᠳᠥᠷ ᠮᠠᠨᠳᠤᠭᠤᠯᠤᠨ ᠂ ᠨᠠᠮ ᠤᠨ ᠦᠨᠳᠦᠰᠦᠨ ᠱᠤᠭᠤᠮ ᠢ ᠭᠤᠶᠢᠪᠢᠰᠢ ᠦᠭᠡᠢ ᠪᠠᠷᠢᠮᠲᠠᠯᠠᠵᠤ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠭᠤᠶᠢᠪᠢᠰᠢ ᠦᠭᠡᠢ | ᠪᠠᠷᠢᠮᠲᠠᠯᠠᠨ ᠬᠥᠭᠵᠢᠭᠦᠯᠪᠡ ᠃ ᠵᠢᠶᠠᠩ ᠽᠧ ᠮᠢᠨ ᠨᠥᠬᠦᠷ ᠳᠡᠯᠡᠬᠡᠢ ᠶᠢᠨ ᠴᠡᠷᠢᠭ ᠤᠨ ᠶᠠᠪᠤᠳᠠᠯ ᠤᠨ ᠰᠢᠨ᠎ᠡ ᠬᠤᠪᠢᠰᠤᠯᠲᠠ ᠶᠢᠨ ᠬᠥᠭᠵᠢᠯᠲᠡ ᠶᠢᠨ ᠬᠠᠨᠳᠤᠰᠢ ᠶᠢ | ᠭᠦᠨᠵᠡᠭᠡᠢ ᠠᠵᠢᠭᠯᠠᠵᠤ ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠭᠢᠯᠡᠨ ᠲᠣᠭᠲᠠᠭᠠᠵᠤ ᠂ ᠳᠤᠮᠳᠠᠳᠤ | ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠤᠪᠢᠰᠤᠯᠲᠠ ᠶᠢ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠰᠢᠯᠢᠳᠡᠭᠵᠢᠭᠦᠯᠬᠦ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠬᠤ ᠂ ᠣᠳᠣᠬᠢᠴᠢᠯᠠᠬᠤ ᠂ ᠵᠢᠩᠬᠢᠨᠢᠴᠢᠯᠡᠬᠦ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠵᠢᠶᠠᠩ ᠽᠧ ᠮᠢᠨ ᠨᠥᠬᠦᠷ ᠤᠨ ᠤᠳᠤᠷᠢᠳᠤᠯᠭ᠎ᠠ ᠪᠠ ᠬᠦᠴᠦᠲᠡᠢ ᠠᠬᠢᠭᠤᠯᠤᠯ ᠳᠣᠣᠷ᠎ᠠ ᠂ ᠮᠠᠨ ᠤ ᠤᠯᠤᠰ ᠤᠨ | ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠯᠤᠲᠤ ᠶᠡᠭᠡ ᠠᠮᠵᠢᠯᠲᠠ ᠪᠦᠲᠦᠮᠵᠢ ᠣᠯᠪᠠ ᠃ | ᠵᠢᠶᠠᠩ ᠽᠧ ᠮᠢᠨ ᠨᠥᠬᠦᠷ ᠪᠦᠭᠦ ᠨᠠᠮ ᠤᠨ ᠤᠶᠤᠨ ᠤᠬᠠᠭᠠᠨ ᠢ ᠲᠥᠪᠯᠡᠷᠡᠭᠦᠯᠦᠨ ︽ ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭ᠎ᠠ ᠶᠢ ᠪᠤᠢ ᠪᠤᠯᠭᠠᠵᠤ ᠂ | ᠶᠠᠭᠤ ᠶᠢ ᠨᠡᠶᠢᠭᠡᠮ ᠵᠢᠷᠤᠮ ᠭᠡᠬᠦ ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠠᠰᠠᠭᠤᠳᠠᠯ ᠳᠤ ᠴᠢᠨᠠᠭᠰᠢᠳᠠ ᠬᠠᠷᠢᠭᠤᠯᠲᠠ ᠥᠭᠴᠦ ᠂ ᠶᠠᠮᠠᠷ ᠶᠠᠩᠵᠤ ᠶᠢᠨ | ᠨᠠᠮ ᠢ ᠪᠠᠶᠢᠭᠤᠯᠬᠤ ᠂ ᠨᠠᠮ ᠢ ᠬᠡᠷᠬᠢᠨ ᠪᠠᠶᠢᠭᠤᠯᠬᠤ ᠠᠰᠠᠭᠤᠳᠠᠯ ᠳᠤ ᠪᠦᠲᠦᠭᠡᠯᠴᠢ ᠴᠢᠨᠠᠷᠲᠠᠢ ᠬᠠᠷᠢᠭᠤᠯᠲᠠ ᠥᠭᠴᠦ ᠂ ᠪᠢᠳᠡᠨ ᠤ ᠰᠢᠨ᠎ᠡ ᠴᠠᠭ ᠦᠶ᠎ᠡ ᠶᠢᠨ | ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠵᠢᠮ᠎ᠡ | ᠶᠣᠰᠣᠨ ᠤ ᠲᠤᠬᠠᠢ ᠲᠠᠨᠢᠯᠲᠠ ᠶᠢ ᠭᠦᠨᠵᠡᠭᠡᠶᠢᠷᠡᠭᠦᠯᠵᠦ ᠂ ᠰᠢᠨ᠎ᠡ ᠦᠵᠡᠯ ᠰᠠᠨᠠᠭ᠎ᠠ ᠂ ᠦᠵᠡᠯᠲᠡ ᠂ ᠨᠤᠲᠠᠯᠠᠯᠲᠠ ᠪᠠᠷ ᠮᠠᠷᠺᠰ ᠯᠧᠨᠢᠨ ᠤ ᠦᠵᠡᠯ ᠂ ᠮᠠᠤ ᠽᠧ | ᠳ᠋ᠦᠩ ᠤᠨ ᠦᠵᠡᠯ ᠰᠠᠨᠠᠭ᠎ᠠ ᠂ ᠳ᠋ᠧᠩ ᠰᠢᠶᠣᠣ ᠫᠢᠩ ᠤᠨ ᠤᠨᠤᠯ ᠢ ᠵᠠᠯᠭᠠᠮᠵᠢᠯᠠᠨ ᠪᠠᠶᠠᠯᠢᠭᠵᠢᠭᠤᠯᠵᠤ ᠬᠥᠭᠵᠢᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠠᠴᠠ ᠨᠠᠭᠠᠰᠢᠬᠢ 13 ᠵᠢᠯ ᠳᠤ ᠂ | ᠵᠢᠶᠠᠩ ᠽᠧ ᠮᠢᠨ ᠨᠥᠬᠦᠷ ᠪᠢᠳᠡᠨ ᠢ ᠤᠳᠤᠷᠢᠳᠤᠨ ᠮᠠᠨ ᠤ ᠤᠯᠤᠰ ᠤᠨ ᠡᠷᠬᠡ ᠮᠡᠳᠡᠯ ᠪᠣᠯᠣᠨ ᠠᠮᠤᠷ ᠲᠦᠪᠰᠢᠨ ᠳᠤ ᠬᠤᠯᠪᠣᠭᠳᠠᠭᠰᠠᠨ ᠠᠯᠢ ᠤᠯᠠᠨ ᠳᠡᠯᠡᠬᠡᠢ ᠶᠢᠨ | ᠭᠡᠨᠡᠳᠲᠡ ᠶᠢᠨ ᠬᠡᠷᠡᠭ ᠢ ᠯᠠᠪᠳᠠᠭᠤᠨ ᠢᠶᠠᠷ ᠠᠷᠭᠠᠴᠠᠭᠠᠵᠤ ᠂ ᠤᠯᠤᠰ ᠲᠦᠷᠦ ᠂ ᠠᠵᠤ ᠠᠬᠤᠢ ᠶᠢᠨ ᠬᠦᠷᠢᠶ᠎ᠡ ᠴᠠᠷᠠᠭ᠎ᠠ ᠪᠣᠯᠣᠨ ᠪᠠᠶᠢᠭᠠᠯᠢ ᠳᠡᠯᠡᠬᠡᠢ ᠠᠴᠠ ᠢᠷᠡᠭᠰᠡᠨ | ᠬᠦᠴᠢᠷᠳᠡᠯ ᠪᠣᠯᠣᠨ ᠠᠶᠤᠯ ᠲᠦᠭᠰᠢᠭᠦᠷᠢ ᠶᠢ ᠢᠯᠠᠨ ᠳᠠᠪᠠᠵᠤ ᠂ ᠣᠨᠴᠠᠭᠠᠶᠢᠯᠠᠨ ᠪᠢᠳᠡᠨ ᠢ ᠤᠳᠤᠷᠢᠳᠤᠨ ᠠᠽᠢᠶ᠎ᠠ ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ ᠤᠨ | ᠳᠠᠭᠠᠷᠢᠯᠲᠠ ᠶᠢ ᠠᠮᠵᠢᠯᠲᠠ ᠲᠠᠢ ᠬᠤᠷᠢᠭᠯᠠᠵᠤ ᠂ 1998 ᠣᠨ ᠤ ᠣᠨᠴᠠ ᠶᠡᠭᠡ ᠦᠶᠡᠷ ᠤᠰᠤᠲᠤᠯ ᠤᠨ ᠭᠠᠮᠰᠢᠭ ᠵᠡᠷᠭᠡ ᠶᠢ ᠢᠯᠠᠨ ᠳᠠᠪᠠᠵᠤ ᠂ ᠥᠭᠡᠷᠡᠴᠢᠯᠡᠯᠲᠡ | ᠨᠡᠭᠡᠭᠡᠯᠲᠡ ᠪᠣᠯᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠣᠩᠭᠤᠴᠠ ᠶᠢᠨ ᠢᠮᠠᠭᠲᠠ ᠵᠥᠪ ᠴᠢᠭᠯᠡᠯ ᠢᠶᠠᠷ ᠳᠠᠪᠠᠯᠭᠠᠨ ᠢ | ᠵᠦᠰᠦᠨ ᠤᠷᠤᠭᠰᠢᠯᠠᠬᠤ ᠶᠢ ᠪᠠᠲᠤᠯᠠᠪᠠ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠵᠢᠶᠠᠩ ᠽᠧ ᠮᠢᠨ ᠨᠥᠬᠦᠷ ᠤᠷᠳᠤ ᠬᠤᠭᠤᠴᠠᠭᠠᠨ ᠤ ᠬᠤᠪᠢᠰᠬᠠᠯ ᠤᠨ ᠦᠢᠯᠡᠳᠦᠯᠭᠡ ᠳᠤᠮᠳᠠ ᠢᠯᠡ ᠲᠣᠳᠣ ᠬᠤᠪᠢᠰᠬᠠᠯ ᠤᠨ ᠵᠣᠷᠢᠭ | ᠰᠠᠨᠠᠭ᠎ᠠ ᠪᠣᠯᠣᠨ ᠬᠤᠪᠢᠰᠬᠠᠯ ᠤᠨ ᠬᠡᠪ ᠰᠤᠷᠲᠠᠯ ᠢ ᠳᠠᠪᠲᠠᠨ ᠪᠣᠯᠪᠠᠰᠤᠷᠠᠭᠤᠯᠵᠠᠢ ᠃ ᠵᠢᠶᠠᠩ ᠽᠧ ᠮᠢᠨ ᠨᠥᠬᠦᠷ ᠤᠨ ᠬᠤᠪᠢᠰᠬᠠᠯᠲᠤ ᠵᠣᠷᠢᠭ ᠰᠠᠨᠠᠭ᠎ᠠ ᠪᠠ | ᠬᠤᠪᠢᠰᠬᠠᠯᠲᠤ ᠬᠡᠪ ᠰᠤᠷᠲᠠᠯ ᠨᠢ ᠪᠢᠳᠡᠨ ᠤ ᠰᠡᠳᠬᠢᠯ ᠳᠤ ᠥᠨᠢᠳᠡ ᠬᠠᠳᠠᠩᠰᠢᠵᠤ ᠂ ᠪᠢᠳᠡᠨ ᠢ ᠥᠨᠢᠳᠡ ᠬᠥᠮᠥᠵᠢᠭᠦᠯᠦᠨ ᠵᠣᠷᠢᠭᠵᠢᠭᠤᠯᠵᠤ ᠤᠷᠤᠭᠰᠢᠯᠠᠭᠤᠯᠬᠤ ᠶᠤᠮ | ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠵᠢᠶᠠᠩ ᠽᠧ ᠮᠢᠨ ᠨᠥᠬᠦᠷ ᠤᠨ ᠨᠠᠰᠤ ᠪᠠᠷᠠᠭᠰᠠᠨ ᠨᠢ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠬᠡᠮᠵᠢᠶᠡᠯᠡᠰᠢ ᠦᠭᠡᠢ ᠬᠤᠬᠢᠷᠠᠯ ᠪᠣᠯᠣᠨ᠎ᠠ ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠭᠠᠰᠢᠭᠤᠳᠠᠯ ᠡᠮᠭᠡᠨᠢᠯ ᠢᠶᠠᠨ ᠬᠦᠴᠦᠨ ᠴᠢᠳᠠᠯ ᠪᠣᠯᠭᠠᠨ ᠬᠤᠪᠢᠷᠠᠭᠤᠯᠵᠤ ᠂ ᠵᠢᠶᠠᠩ ᠽᠧ ᠮᠢᠨ ᠨᠥᠬᠦᠷ ᠤᠨ ᠭᠡᠷᠢᠶᠡᠰ | ᠵᠣᠷᠢᠭ ᠢ ᠵᠠᠯᠭᠠᠮᠵᠢᠯᠠᠨ ᠂ ᠪᠣᠳᠠᠲᠤ ᠠᠵᠢᠯᠯᠠᠭ᠎ᠠ ᠪᠠᠷ ᠢᠶᠠᠨ ᠪᠢᠳᠡᠨ ᠤ ᠭᠠᠰᠢᠭᠤᠳᠠᠯ ᠢᠶᠠᠨ ᠢᠯᠡᠳᠬᠡᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠵᠠᠮ ᠳᠡᠭᠡᠷ᠎ᠡ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠬᠦ ᠶᠢ ᠤᠷᠢᠶᠠᠯᠠᠵᠤ ᠪᠠᠶᠢᠨ᠎ᠠ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠮᠠᠷᠺᠰ ᠤᠨ ᠦᠵᠡᠯ ᠪᠣᠯ ᠮᠠᠨ ᠤ ᠨᠠᠮ ᠪᠠᠨ ᠪᠠᠶᠢᠭᠤᠯᠵᠤ ᠤᠯᠤᠰ ᠪᠠᠨ ᠪᠠᠶᠢᠭᠤᠯᠬᠤ ᠂ ᠨᠠᠮ ᠢᠶᠠᠨ ᠮᠠᠨᠳᠤᠭᠤᠯᠵᠤ ᠤᠯᠤᠰ ᠢᠶᠠᠨ | ᠮᠠᠨᠳᠤᠭᠤᠯᠬᠤ ᠶᠢᠨ ᠦᠨᠳᠦᠰᠦᠨ ᠵᠢᠯᠤᠭᠤᠳᠬᠤ ᠦᠵᠡᠯ ᠰᠠᠨᠠᠭ᠎ᠠ ᠮᠥᠨ ᠃ ᠰᠢᠨ᠎ᠡ ᠠᠶᠠᠨ ᠳᠤ ᠂ ᠪᠢᠳᠡ ᠡᠷᠬᠡᠪᠰᠢ ᠮᠠᠷᠺᠰ ᠤᠨ ᠦᠵᠡᠯ ᠤᠨ ᠦᠨᠳᠦᠰᠦᠨ ᠤᠭ | ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ | ᠪᠠᠷᠢᠮᠲᠠᠯᠠᠵᠤ ᠂ ᠠᠯᠢᠪᠠ ᠪᠦᠭᠦᠨ ᠳᠤ ᠪᠣᠳᠠᠲᠠᠢ ᠠᠴᠠ ᠡᠭᠦᠰᠭᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠠᠰᠠᠭᠤᠯᠲᠠ ᠂ ᠳᠡᠯᠡᠬᠡᠢ ᠶᠢᠨ ᠠᠰᠠᠭᠤᠯᠲᠠ ᠂ ᠠᠷᠠᠳ | ᠲᠦᠮᠡᠨ ᠤ ᠠᠰᠠᠭᠤᠯᠲᠠ ᠂ ᠴᠠᠭ ᠦᠶ᠎ᠡ ᠶᠢᠨ ᠠᠰᠠᠭᠤᠯᠲᠠ ᠳᠤ ᠲᠠᠰᠤᠷᠠᠯᠲᠠ ᠦᠭᠡᠢ ᠬᠠᠷᠢᠭᠤᠯᠲᠠ ᠥᠭᠴᠦ ᠂ ᠮᠠᠷᠺᠰ ᠤᠨ ᠦᠵᠡᠯ ᠤᠨ ᠥᠷᠨᠢᠭᠦᠨ ᠪᠠᠳᠠᠷᠠᠩᠭᠤᠢ | ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠢᠮᠠᠭᠲᠠ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ ᠃ | ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠨᠠᠮ ᠪᠣᠯᠣᠨ ᠠᠷᠠᠳ ᠲᠦᠮᠡᠨ ᠤ ᠦᠢᠯᠡᠰ ᠤᠨ ᠰᠠᠯᠬᠢ ᠪᠣᠷᠣᠭᠠᠨ ᠢ | ᠰᠥᠷᠦᠨ ᠤᠷᠤᠭᠰᠢᠯᠠᠬᠤ ᠦᠨᠳᠦᠰᠦᠨ ᠪᠠᠲᠤᠯᠠᠭ᠎ᠠ ᠮᠥᠨ ᠃ ᠰᠢᠨ᠎ᠡ ᠠᠶᠠᠨ ᠳᠤ ᠂ ᠪᠢᠳᠡ ᠡᠷᠬᠡᠪᠰᠢ ︽ ᠰᠢᠯᠭᠠᠯᠲᠠ ᠳᠤ ᠣᠷᠤᠯᠴᠠᠬᠤ ︾ ᠰᠣᠨᠣᠷ ᠰᠡᠷᠡᠮᠵᠢ ᠪᠠ ᠡᠷᠡᠰ | ᠪᠠᠲᠤ ᠪᠠᠶᠢᠳᠠᠯ ᠢᠶᠠᠨ ᠪᠠᠲᠤᠯᠠᠵᠤ ᠂ ︽ ᠳᠦᠷᠪᠡᠨ ᠤᠬᠠᠮᠰᠠᠷ ︾ ᠢᠶᠠᠨ ᠴᠢᠩᠭᠠᠳᠬᠠᠵᠤ ᠂ ︽ ᠳᠦᠷᠪᠡᠨ ᠢᠲᠡᠭᠡᠯ ︾ ᠢᠶᠠᠨ ᠪᠠᠲᠤᠳᠬᠠᠵᠤ ᠂ ︽ ᠬᠤᠶᠠᠷ ᠢ ᠬᠠᠮᠠᠭᠠᠯᠠᠬᠤ ︾ | ᠶᠢ ᠪᠡᠶᠡᠯᠡᠭᠦᠯᠵᠦ ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠵᠤ ᠂ | ᠥᠪᠡᠷ ᠪᠡᠶ᠎ᠡ ᠶᠢᠨ ᠬᠤᠪᠢᠰᠬᠠᠯ ᠬᠢᠬᠦ ᠶᠢ ᠵᠣᠷᠢᠭᠲᠠᠢ ᠠᠬᠢᠭᠤᠯᠵᠤ ᠂ ᠨᠠᠮ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠲᠡᠦᠬᠡᠨ ᠠᠬᠢᠴᠠ ᠳᠤᠮᠳᠠ ᠢᠮᠠᠭᠲᠠ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ | ᠴᠠᠭ ᠦᠶ᠎ᠡ ᠶᠢ ᠬᠥᠭᠡᠭᠡᠵᠦ ᠭᠦᠢᠴᠡᠭᠦ ᠂ ᠴᠠᠭ ᠦᠶ᠎ᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠠᠷᠠᠭᠤᠯ ᠳᠠᠷᠳᠠᠩ ᠵᠠᠮ ᠮᠥᠨ ᠃ ᠰᠢᠨ᠎ᠡ ᠠᠶᠠᠨ ᠳᠤ ᠂ ᠪᠢᠳᠡ | ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢ ᠪᠠᠷᠢᠮᠲᠠᠯᠠᠵᠤ ᠂ ᠨᠠᠮ ᠤᠨ ᠦᠨᠳᠦᠰᠦᠨ ᠤᠨᠤᠯ ᠂ ᠦᠨᠳᠦᠰᠦᠨ ᠱᠤᠭᠤᠮ ᠂ | ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠬᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ | ᠡᠭᠦᠳᠭᠦ ᠶᠢ ᠪᠠᠷᠢᠮᠲᠠᠯᠠᠵᠤ ᠂ ᠥᠪᠡᠷ ᠤᠨ ᠰᠣᠩᠭᠤᠭᠰᠠᠨ ᠵᠥᠪ ᠵᠠᠮ ᠢᠶᠠᠷ ᠢᠶᠠᠨ ᠴᠡᠭᠡᠵᠢ ᠲᠡᠨᠢᠢᠨ ᠲᠣᠮᠣ ᠠᠯᠬᠤᠮ ᠢᠶᠠᠷ ᠤᠷᠤᠭᠰᠢᠯᠠᠵᠤ ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ ᠃ | ᠰᠢ ᠶᠢᠨ ᠫᠢᠩ ᠂ ᠠᠷᠠᠳ ᠲᠦᠮᠡᠨ ᠪᠣᠯ ᠨᠠᠮ ᠪᠣᠯᠣᠨ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠦᠨᠳᠦᠰᠦᠨ ᠬᠦᠴᠦᠨ ᠮᠥᠨ ᠃ ᠰᠢᠨ᠎ᠡ | ᠠᠶᠠᠨ ᠳᠤ ᠂ ᠪᠢᠳᠡ ᠡᠷᠬᠡᠪᠰᠢ ᠠᠷᠠᠳ ᠲᠦᠮᠡᠨ ᠢ ᠳᠡᠭᠡᠳᠦᠯᠡᠬᠦ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ ᠂ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ | ᠬᠥᠭᠵᠢᠭᠦᠯᠵᠦ ᠂ ᠠᠷᠠᠳ ᠲᠦᠮᠡᠨ ᠯᠦᠭᠡ ᠶᠢᠨ ᠴᠢᠰᠤ ᠮᠢᠬᠠᠨ ᠤ ᠬᠠᠷᠢᠴᠠᠭ᠎ᠠ ᠪᠠᠨ ᠢᠮᠠᠭᠲᠠ ᠪᠠᠲᠤᠯᠠᠵᠤ ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ | ᠨᠢᠭᠡᠳᠬᠡᠵᠦ ᠂ ᠬᠤᠪᠢ ᠵᠠᠶᠠᠭ᠎ᠠ ᠪᠠᠨ ᠬᠠᠮᠲᠤᠳᠬᠠᠨ ᠂ ᠰᠡᠳᠬᠢᠯ ᠵᠢᠷᠦᠬᠡ ᠪᠠᠨ ᠬᠤᠯᠪᠣᠵᠤ ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠢᠷᠡᠭᠡᠳᠦᠢ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ | ᠠᠷᠭ᠎ᠠ ᠵᠠᠮ ᠮᠥᠨ ᠃ ᠰᠢᠨ᠎ᠡ ᠠᠶᠠᠨ ᠳᠤ ᠂ ᠪᠢᠳᠡ ᠡᠷᠬᠡᠪᠰᠢ ᠬᠤᠪᠢᠷᠠᠯᠲᠠ ᠶᠢ ᠵᠥᠪ ᠲᠠᠨᠢᠵᠤ ᠂ ᠰᠢᠨᠵᠢᠯᠡᠬᠦ ᠤᠬᠠᠭᠠᠨᠴᠢ ᠪᠠᠷ ᠬᠤᠪᠢᠷᠠᠯᠲᠠ ᠶᠢ ᠠᠷᠭᠠᠴᠠᠭᠠᠵᠤ ᠂ | ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠡᠷᠢᠯᠬᠢᠯᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠠᠬᠢᠭᠤᠯᠵᠤ ᠂ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠵᠤ ᠂ ᠲᠠᠰᠤᠷᠠᠯᠲᠠ ᠦᠭᠡᠢ ᠳᠠᠪᠠᠭᠤᠯᠢᠭ ᠢ ᠡᠭᠦᠳᠴᠦ ᠂ ᠰᠠᠨᠠᠭᠠᠴᠢᠯᠠᠭᠠᠲᠤ ᠡᠷᠬᠡ ᠶᠢ ᠣᠯᠵᠤ ᠂ | ᠢᠷᠡᠭᠡᠳᠦᠢ ᠶᠢ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠠᠴᠠ ᠰᠠᠯᠵᠤ ᠴᠢᠳᠠᠬᠤ ᠦᠭᠡᠢ ᠂ ᠳᠡᠯᠡᠬᠡᠢ ᠳ᠋ᠠᠬᠢᠨ ᠤ ᠬᠥᠭᠵᠢᠯ ᠴᠡᠴᠡᠭᠯᠡᠯ ᠴᠦ ᠳᠤᠮᠳᠠᠳᠤ | ᠤᠯᠤᠰ ᠢ ᠬᠡᠷᠡᠭᠰᠡᠨ᠎ᠡ ᠃ ᠰᠢᠨ᠎ᠡ ᠠᠶᠠᠨ ᠳᠤ ᠂ ᠪᠢᠳᠡ ᠡᠷᠬᠡᠪᠰᠢ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ ᠂ ᠡᠩᠬᠡ ᠲᠠᠶᠢᠪᠤᠩ ᠂ ᠬᠥᠭᠵᠢᠯᠲᠡ ᠂ | ᠬᠠᠮᠲᠤᠷᠠᠯᠴᠠᠭ᠎ᠠ ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ︽ | ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠰᠢᠨ᠎ᠡ ᠭᠡᠯᠪᠡᠷᠢ ᠶᠢᠨ ᠤᠯᠠᠨ ᠤᠯᠤᠰ ᠤᠨ | ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠳᠡᠯᠡᠬᠡᠢ | ᠳᠡᠭᠡᠷᠡᠬᠢ ᠠᠯᠢᠪᠠ ᠳᠠᠪᠰᠢᠩᠭᠤᠢ ᠬᠦᠴᠦᠨ ᠲᠠᠢ ᠭᠠᠷ ᠬᠤᠯᠪᠣᠨ ᠤᠷᠤᠭᠰᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠵᠣᠷᠢᠭᠲᠠᠢ ᠪᠠᠷ ᠲᠡᠮᠡᠴᠡᠵᠦ ᠂ ᠵᠣᠷᠢᠭᠲᠠᠢ ᠪᠠᠷ ᠢᠯᠠᠯᠲᠠ ᠣᠯᠬᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ | ᠠᠷᠠᠳ ᠲᠦᠮᠡᠨ ᠤ ᠢᠯᠠᠭᠳᠠᠰᠢ ᠦᠭᠡᠢ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ ᠃ ᠰᠢᠨ᠎ᠡ ᠠᠶᠠᠨ ᠳᠤ ᠂ ᠪᠢᠳᠡ ᠡᠷᠬᠡᠪᠰᠢ ᠥᠷᠯᠥᠭᠡ ᠦᠳᠡᠰᠢ ᠶᠢ | ᠲᠡᠮᠡᠴᠡᠬᠦ ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠬᠤ ᠲᠡᠮᠡᠴᠡᠯ ᠤᠨ ᠣᠪᠣᠷ ᠪᠠᠶᠢᠳᠠᠯ ᠪᠣᠯᠣᠨ ᠬᠠᠲᠠᠭᠤ ᠪᠡᠷᠬᠡᠰᠢᠶᠡᠯᠲᠡᠢ ᠪᠤᠯᠬᠤ ᠲᠤᠳᠤᠮ ᠨᠡᠩ | ᠢᠯᠡᠭᠦᠦ ᠲᠡᠮᠡᠦᠯᠦᠨ ᠤᠷᠤᠭᠰᠢᠯᠠᠬᠤ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠵᠤ ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠰᠢᠵᠦ ᠂ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠷᠴᠢ ᠵᠣᠷᠢᠭ ᠂ ᠰᠥᠰᠥ ᠵᠣᠷᠢᠭ ᠂ ᠢᠲᠡᠭᠡᠯ ᠵᠣᠷᠢᠭ ᠢ ᠴᠢᠩᠭᠠᠷᠠᠭᠤᠯᠵᠤ ᠂ ᠭᠠᠵᠢᠭᠤ ᠪᠤᠷᠤᠭᠤ ᠶᠢ | ᠢᠲᠡᠭᠡᠭᠦ ᠦᠭᠡᠢ ᠂ ᠴᠢᠳᠬᠦᠷ ᠠᠴᠠ ᠠᠶᠤᠬᠤ ᠦᠭᠡᠢ ᠂ ᠳᠠᠷᠤᠯᠲᠠ ᠠᠴᠠ ᠠᠶᠤᠬᠤ ᠦᠭᠡᠢ ᠪᠠᠶᠢᠵᠤ ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠬᠦᠴᠢᠷ | ᠪᠡᠷᠬᠡᠰᠢᠶᠡᠯ ᠪᠣᠯᠣᠨ ᠥᠷᠢᠰᠦᠯᠳᠦᠭᠡᠨ ᠢ ᠪᠦᠭᠦ ᠬᠦᠴᠦ ᠪᠠᠷ ᠢᠶᠠᠨ ᠢᠯᠠᠨ ᠳᠠᠪᠠᠭ᠋ᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠬᠠᠮᠤᠭ ᠤᠨ ᠰᠡᠭᠦᠯ ᠳᠤ ᠂ ᠵᠢᠶᠠᠩ ᠽᠧ ᠮᠢᠨ ᠨᠥᠬᠦᠷ ᠪᠢᠳᠠᠨ ᠠᠴᠠ ᠡᠭᠦᠷᠢᠳᠡ ᠠᠶᠠᠷᠯᠠᠯ᠎ᠠ ᠃ ᠲᠡᠭᠦᠨ ᠤ ᠪᠠᠭᠠᠲᠤᠷ ᠨᠡᠷ᠎ᠡ ᠂ ᠭᠠᠪᠢᠶ᠎ᠠ ᠵᠢᠳᠬᠦᠯ ᠂ | ᠦᠵᠡᠯ ᠰᠠᠨᠠᠭ᠎ᠠ ᠂ ᠬᠡᠪ ᠰᠤᠷᠲᠠᠯ ᠨᠢ ᠲᠡᠦᠬᠡᠨ ᠬᠠᠭᠤᠳᠠᠰᠤᠨ᠎ᠠ ᠥᠨᠢᠳᠡ ᠲᠡᠮᠳᠡᠭᠯᠡᠭᠳᠡᠵᠦ ᠂ ᠦᠶ᠎ᠡ ᠶᠢᠨ ᠦᠶ᠎ᠡ ᠳᠡᠭᠡᠨ ᠠᠷᠠᠳ ᠲᠦᠮᠡᠨ ᠤ ᠰᠡᠳᠬᠢᠯ ᠵᠢᠷᠦᠬᠡᠨ ᠳᠤ | ᠬᠠᠳᠠᠩᠰᠢᠬᠤ ᠪᠣᠯᠣᠨ᠎ᠠ ᠃ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠣᠮᠤᠭ ᠵᠣᠷᠢᠭ ᠪᠠᠳᠠᠷᠠᠩᠭᠤᠢ ᠪᠠᠷ ᠴᠢᠷᠮᠠᠶᠢᠨ ᠲᠡᠮᠡᠴᠡᠵᠦ ᠂ ᠵᠣᠷᠢᠭᠲᠠᠢ ᠤᠷᠤᠭᠰᠢᠯᠠᠵᠤ ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠬᠡᠯᠡᠪᠡ ᠃ | ᠰᠢ ᠶᠢᠨ ᠫᠢᠩ ᠭᠠᠰᠢᠭᠤᠳᠠᠯ ᠤᠨ ᠦᠭᠡ ᠬᠡᠯᠡᠵᠦ ᠪᠠᠷᠠᠭᠰᠠᠨ ᠤ ᠲᠠᠷᠠᠭ᠎ᠠ ᠂ ᠪᠦᠭᠦᠳᠡᠭᠡᠷ ᠵᠢᠶᠠᠩ ᠽᠧ ᠮᠢᠨ ᠨᠥᠬᠦᠷ ᠲᠤ ᠭᠤᠷᠪᠠᠨᠲᠠ ᠭᠦᠨ᠎ᠡ ᠶᠣᠰᠣᠯᠠᠪᠠ ᠃ | ᠦᠳᠡ ᠶᠢᠨ ᠡᠮᠦᠨᠡᠬᠢ 10 ᠴᠠᠭ 55 ᠮᠢᠨᠦ᠋ᠲ ᠲᠤ ᠂ ᠭᠠᠰᠢᠭᠤᠳᠠᠯ ᠤᠨ ᠶᠡᠭᠡ ᠬᠤᠷᠠᠯ ᠰᠦᠷ ᠵᠢᠪᠬᠤᠯᠠᠩᠲᠤ ︽ ᠢᠨᠲ᠋ᠧᠷᠨᠠᠼᠢᠣᠨᠠᠯ ᠤᠨ ᠳᠠᠭᠤᠤ ︾ ᠶᠢᠨ | ᠳᠤᠮᠳᠠ ᠲᠡᠭᠦᠰᠪᠡ ᠃ ᠲᠠᠷᠠᠭ᠎ᠠ ᠨᠢ ᠂ ᠰᠢ ᠶᠢᠨ ᠫᠢᠩ ᠨᠠᠷ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠢ ᠳᠣᠲᠣᠨᠣ ᠪᠠᠷ ᠲᠣᠬᠤᠨᠢᠭᠤᠯᠪᠠ ᠃ | ᠭᠠᠰᠢᠭᠤᠳᠠᠯ ᠤᠨ ᠶᠡᠭᠡ ᠬᠤᠷᠠᠯ ᠳᠤ ᠣᠷᠣᠯᠴᠠᠬᠰᠠᠨ ᠪᠥᠭᠡᠳ ᠴᠠᠭᠠᠷᠢᠭᠲᠤ ᠴᠡᠴᠡᠭ ᠬᠦᠷᠭᠡᠭᠰᠡᠨ ᠬᠥᠮᠥᠰ ᠲᠤ ᠪᠠᠰᠠ ᠄ ᠨᠠᠮ ᠤᠨ ᠲᠥᠪ ᠬᠤᠷᠢᠶ᠎ᠠ ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠤᠯᠤᠰ ᠤᠨ ᠬᠢᠨᠠᠨ | ᠪᠠᠶᠢᠴᠠᠭᠠᠬᠤ ᠵᠥᠪᠯᠡᠯ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ | ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠪᠣᠯᠣᠨ ᠠᠬᠠᠮᠠᠳ ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ | ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢ ᠵᠡᠷᠭᠡ ᠪᠤᠢ ᠃ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠭᠡᠰᠢᠭᠦᠨ ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠲᠥᠯᠥᠭᠡᠯᠡᠭᠴᠢ ᠂ ᠴᠢᠯᠦᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ | ᠠᠨᠬᠭᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠂ ᠨᠡᠶᠢᠰᠯᠡᠯ ᠤᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠂ ᠵᠢᠶᠠᠩ ᠽᠧ ᠮᠢᠨ | ᠨᠥᠬᠦᠷ ᠤᠨ ᠲᠦᠷᠦᠯ ᠰᠠᠳᠤᠨ ᠂ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠪᠠ ᠨᠤᠲᠤᠭ ᠤᠨ ᠬᠢᠨᠢ ᠲᠥᠯᠥᠭᠡᠯᠡᠭᠴᠢ ᠵᠡᠷᠭᠡ 5000 ᠰᠢᠬᠠᠮ ᠬᠥᠮᠥᠨ | ᠭᠠᠰᠢᠭᠤᠳᠠᠯ ᠤᠨ ᠶᠡᠭᠡ ᠬᠤᠷᠠᠯ ᠳᠤ ᠣᠷᠣᠯᠴᠠᠵᠠᠢ ᠃ | ︵ ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 6 ᠤ ᠴᠠᠭᠢᠯᠭᠠᠨ ᠮᠡᠳᠡᠭᠡ ︶ | | | |