| 2022 ᠣᠨ ᠤ 12 ᠳ᠋ᠤᠭᠠᠷ ᠰᠠᠷ᠎ᠠ ᠶᠢᠨ 4 ᠤ ᠡᠳᠦᠷ ᠪᠣᠯ ᠤᠯᠤᠰ ᠤᠨ ᠶᠢᠰᠦᠳᠡᠬᠢ ᠦᠨᠳᠦᠰᠦᠨ ᠬᠠᠤᠯᠢ ᠶᠢᠨ ᠡᠳᠦᠷ ᠂ ᠮᠥᠨ ᠴᠤ ᠮᠠᠨ ᠤ ᠤᠯᠤᠰ ᠤᠨ | ᠤᠳᠤ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ 40 ᠵᠢᠯ ᠤᠨ ᠤᠢ ᠶᠢᠨ ᠡᠳᠦᠷ ᠪᠣᠯᠣᠨ᠎ᠠ ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠬᠤ ᠪᠠ ᠤᠬᠠᠭᠤᠯᠤᠨ ᠲᠤᠭᠤᠰᠢᠯᠠᠭᠤᠯᠵᠤ ᠂ ᠦᠨᠳᠦᠰᠦᠨ ᠬᠠᠤᠯᠢ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠬᠤ ᠶᠢᠨ ᠲᠤᠰᠠᠳᠠ ᠂ ᠲᠤᠬᠠᠢ ᠶᠢᠨ ᠡᠳᠦᠷ ᠂ ᠪᠦᠬᠦ ᠣᠷᠣᠨ ᠤ ᠡᠯ᠎ᠡ ᠭᠠᠵᠠᠷ ᠤᠨ ᠬᠢᠨ ᠤᠯᠠᠨ ᠬᠡᠯᠪᠡᠷᠢ ᠶᠢᠨ ︽ 12 · | 4 ︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ ᠃ | ᠪᠦᠬᠦ ᠣᠷᠣᠨ ᠤ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠪᠠᠶᠠᠯᠢᠭ ᠠᠭᠤᠯᠭ᠎ᠠ ᠪᠦᠬᠦᠢ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠪᠡ ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠪᠠᠶᠢᠭᠤᠯᠭ᠎ᠠ ᠨᠢᠭᠡᠴᠢ ᠬᠠᠮᠲᠤᠷᠠᠨ ᠪᠢᠳᠡᠨ ᠤ ᠳᠡᠷᠭᠡᠳᠡᠬᠢ ︽ | ᠦᠨᠳᠦᠰᠦᠨ ᠬᠠᠤᠯᠢ ︾ ᠶᠢᠨ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠥᠷᠨᠢᠭᠦᠯᠵᠦ ᠂ ᠮᠠᠰᠢ ᠣᠯᠠᠨ ᠰᠦᠯᠵᠢᠶᠡᠨ ᠤ ᠠᠨᠳᠠ ᠨᠠᠷ ᠤᠨ ᠠᠩᠬᠠᠷᠤᠯ ᠢ | ᠲᠠᠲᠠᠵᠠᠢ ᠃ ᠪᠤᠭᠤᠲᠤ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ︽ ᠲᠠᠩᠭᠠᠷᠢᠭ ᠢᠶᠠᠨ ᠪᠠᠲᠤ ᠴᠡᠭᠡᠵᠢᠯᠡᠵᠦ ᠂ ᠡᠭᠦᠷᠭᠡ ᠲᠤᠰᠢᠶᠠᠯ ᠢᠶᠠᠨ | ᠦᠨᠡᠨᠴᠢ ᠪᠠᠷ ᠭᠦᠢᠴᠡᠳᠬᠡᠶ᠎ᠡ ︾ ᠭᠡᠬᠦ ᠦᠨᠳᠦᠰᠦᠨ ᠬᠠᠤᠯᠢ ᠶᠢᠨ ᠲᠠᠩᠭᠠᠷᠢᠭ ᠬᠢᠬᠦ ᠶᠣᠰᠣᠯᠠᠯ ᠶᠠᠪᠤᠭᠤᠯᠵᠤ ᠂ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠬᠥᠮᠥᠰ ᠤᠨ | ᠰᠡᠳᠬᠢᠯ ᠳᠤ ᠬᠠᠳᠠᠩᠰᠢᠭᠤᠯᠬᠤ ᠶᠢ ᠵᠣᠷᠢᠭᠰᠠᠨ ᠪᠠᠶᠢᠨ᠎ᠠ ᠃ ᠪᠠᠶᠠᠨᠨᠠᠭᠤᠷ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠨᠠᠷ | ᠨᠡᠶᠢᠭᠡᠮ ᠲᠣᠭᠤᠷᠢᠭ ᠲᠤ ᠭᠦᠨᠵᠡᠭᠡᠶᠢᠷᠡᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ ᠂ ᠨᠡᠶᠢᠭᠡᠮ ᠲᠣᠭᠤᠷᠢᠭ ᠤᠨ ᠤᠯᠠᠨ ᠲᠦᠮᠡᠨ ᠳᠤ ᠦᠨᠳᠦᠰᠦᠨ ᠬᠠᠤᠯᠢ ᠶᠢᠨ | ᠮᠡᠳᠡᠯᠭᠡ ᠶᠢ ᠲᠦᠭᠡᠮᠡᠯᠵᠢᠭᠦᠯᠪᠡ ᠃ | ᠬᠥᠬᠡᠬᠤᠲᠠ ᠶᠢᠨ ᠨᠠᠮ ᠤᠨ ᠬᠤᠷᠢᠶᠠᠨ ᠤ ᠬᠠᠤᠯᠢ ᠶᠣᠰᠣᠭᠠᠷ ᠬᠤᠳᠠ ᠶᠢ ᠪᠦᠬᠦ ᠲᠠᠯ᠎ᠠ ᠪᠠᠷ ᠵᠠᠰᠠᠬᠤ ᠵᠥᠪᠯᠡᠯ ᠤᠨ ᠬᠠᠤᠯᠢ ᠶᠢ ᠰᠠᠬᠢᠵᠤ ᠬᠠᠤᠯᠢ ᠶᠢ | ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠠᠴᠠ ᠪᠦᠬᠦ ᠬᠤᠳᠠ ᠶᠢᠨ ︽ 12 · 4 ︾ ᠤ ᠤᠯᠤᠰ ᠤᠨ ᠦᠨᠳᠦᠰᠦᠨ ᠬᠠᠤᠯᠢ ᠶᠢᠨ ᠡᠳᠦᠷ ᠤᠨ ᠰᠦᠯᠵᠢᠶᠡᠨ | ᠳᠡᠭᠡᠷᠡᠬᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ ᠂ ᠬᠥᠬᠡᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠂ ᠪᠠᠶᠢᠴᠠᠭᠠᠬᠤ ᠬᠤᠷᠢᠶ᠎ᠠ ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠂ ᠤᠰᠤᠨ ᠤ ᠶᠠᠪᠤᠳᠠᠯ ᠤᠨ ᠲᠣᠪᠴᠢᠶ᠎ᠠ ᠂ ᠤᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠵᠢᠴᠢ ᠪᠦᠬᠦ ᠬᠤᠳᠠ ᠶᠢᠨ 9 ᠲᠦᠮᠡ ᠭᠠᠷᠤᠢ ᠺᠠᠳ᠋ᠷ ᠤᠯᠠᠨ ᠲᠦᠮᠡᠨ ᠣᠷᠣᠯᠴᠠᠪᠠ ᠃ | ᠦᠨᠳᠦᠰᠦᠨ ᠬᠠᠤᠯᠢ ᠶᠢ ᠰᠠᠶᠢᠲᠤᠷ ᠤᠬᠠᠭᠤᠯᠵᠤ ᠂ ᠰᠠᠶᠢᠲᠤᠷ ᠬᠡᠷᠡᠭᠵᠢᠭᠦᠯᠬᠦ ᠶᠢᠨ ᠲᠤᠰᠠᠳᠠ ᠂ ᠣᠶᠢᠷ᠎ᠠ ᠶᠢᠨ ᠡᠳᠦᠷ ᠤᠳ ᠲᠤ ᠡᠯ᠎ᠡ ᠭᠠᠵᠠᠷ ᠤᠨ ᠬᠢᠨ ᠥᠪᠡᠷ | ᠥᠪᠡᠷ ᠤᠨ ᠣᠨᠴᠠᠯᠢᠭ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ ᠮᠠᠰᠢ ᠰᠠᠶᠢᠨ ᠦᠷ᠎ᠡ ᠪᠦᠲᠦᠮᠵᠢ ᠣᠯᠵᠠᠢ ᠃ ᠬᠥᠯᠥᠨ ᠪᠤᠶᠢᠷ ᠬᠤᠳᠠ ᠶᠢᠨ ᠬᠤᠶᠠᠷ | ᠱᠠᠲᠤᠨ ᠤ ᠰᠢᠭᠦᠬᠦ ᠬᠤᠷᠢᠶ᠎ᠠ ᠠᠴᠠ ᠦᠨᠳᠦᠰᠦᠨ ᠬᠠᠤᠯᠢ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠥᠳᠡᠯᠭᠡᠭᠡᠨ ᠥᠷᠨᠢᠭᠦᠯᠵᠦ ᠂ ᠦᠨᠳᠦᠰᠦᠨ ᠬᠠᠤᠯᠢ ᠶᠢ | ᠰᠤᠷᠤᠯᠴᠠᠨ ᠤᠬᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ ᠃ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠤᠨ ᠠᠯᠠᠱᠠ ᠠᠶᠢᠮᠠᠭ ᠤᠨ ᠥᠷᠨᠢᠭᠦᠯᠦᠭᠰᠡᠨ ︽ ᠦᠨᠳᠦᠰᠦᠨ ᠬᠠᠤᠯᠢ ᠶᠢᠨ | ᠤᠬᠠᠭᠤᠯᠭ᠎ᠠ ᠶᠢᠨ ᠭᠠᠷᠠᠭ ︾ ᠤᠨ ᠰᠦᠯᠵᠢᠶᠡᠨ ᠳᠡᠭᠡᠷᠡᠬᠢ ᠡᠬᠢᠯᠡᠯᠲᠡ ᠶᠢᠨ ᠶᠣᠰᠣᠯᠠᠯ ᠢ ᠭᠥᠯᠢᠶᠡᠨ ᠠᠪᠴᠤ ᠦᠵᠡᠭᠰᠡᠨ ᠤ ᠬᠠᠮᠲᠤ ᠂ ᠦᠨᠳᠦᠰᠦᠨ ᠬᠠᠤᠯᠢ ᠶᠢᠨ | ᠲᠤᠬᠠᠢ ᠰᠤᠷᠤᠯᠴᠠᠯᠭ᠎ᠠ ᠪᠣᠯᠪᠠᠰᠤᠷᠠᠯ ᠥᠷᠨᠢᠭᠦᠯᠵᠦ ᠂ ᠺᠠᠳ᠋ᠷ ᠠᠵᠢᠯᠲᠠᠳ ᠢᠶᠠᠨ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠬᠠᠤᠯᠢ ᠶᠢ ᠬᠦᠨᠳᠦᠳᠬᠡᠬᠦ ᠂ | ᠦᠨᠳᠦᠰᠦᠨ ᠬᠠᠤᠯᠢ ᠶᠢ ᠰᠤᠷᠤᠯᠴᠠᠬᠤ ᠂ ᠦᠨᠳᠦᠰᠦᠨ ᠬᠠᠤᠯᠢ ᠶᠢ ᠵᠢᠷᠤᠮᠯᠠᠬᠤ ᠂ ᠦᠨᠳᠦᠰᠦᠨ ᠬᠠᠤᠯᠢ ᠶᠢ ᠬᠡᠷᠡᠭᠯᠡᠬᠦ ᠪᠠ ᠦᠨᠳᠦᠰᠦᠨ ᠬᠠᠤᠯᠢ ᠶᠢ ᠬᠠᠮᠠᠭᠠᠯᠠᠬᠤ | ᠦᠵᠡᠯ ᠤᠬᠠᠮᠰᠠᠷ ᠢ ᠪᠣᠢ ᠪᠣᠯᠭᠠᠭᠰᠠᠨ ᠪᠠᠶᠢᠨ᠎ᠠ ᠃ ᠤᠯᠠᠭᠠᠨᠬᠠᠳᠠ ᠬᠤᠳᠠ ᠶᠢᠨ ᠪᠠᠶᠢᠴᠠᠭᠠᠬᠤ ᠬᠤᠷᠢᠶ᠎ᠠ ᠠᠴᠠ ᠦᠨᠳᠦᠰᠦᠨ ᠬᠠᠤᠯᠢ ᠶᠢᠨ ᠲᠠᠩᠭᠠᠷᠢᠭ ᠬᠢᠬᠦ ᠶᠣᠰᠣᠯᠠᠯ | ᠶᠠᠪᠤᠭᠤᠯᠵᠤ ᠂ ᠲᠤᠰ ᠬᠤᠷᠢᠶᠠᠨ ᠤ ᠪᠠᠨ ᠤᠳᠤᠷᠢᠳᠬᠤ ᠪᠠᠭ ᠤᠨ ᠪᠦᠷᠢᠯᠳᠦᠭᠦᠨ ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ 2022 ᠣᠨ ᠳᠤ | ᠰᠢᠨ᠎ᠡ ᠪᠠᠷ ᠠᠵᠢᠯ ᠳᠤ ᠣᠷᠣᠭᠰᠠᠨ ᠬᠥᠮᠥᠰ ᠢ ᠵᠣᠬᠢᠶᠠᠨ ᠪᠠᠶᠢᠭᠤᠯᠵᠤ ᠲᠠᠩᠭᠠᠷᠢᠭ ᠬᠢᠬᠦ ᠶᠣᠰᠣᠯᠠᠯ ᠳᠤ ᠣᠷᠣᠯᠴᠠᠭᠤᠯᠤᠨ ᠂ ᠨᠠᠮ ᠂ ᠤᠯᠤᠰ ᠪᠣᠯᠣᠨ ᠠᠷᠠᠳ | ᠲᠦᠮᠡᠨ ᠳᠤ ᠠᠨᠳᠠᠭᠠᠢ ᠲᠠᠩᠭᠠᠷᠢᠭ ᠢᠶᠠᠨ ᠡᠷᠭᠦᠪᠡ ᠁ ᠡᠳᠡᠭᠡᠷ ᠤᠯᠠᠨ ᠵᠦᠢᠯ ᠤᠨ ᠬᠥᠳᠡᠯᠭᠡᠭᠡᠨ ᠨᠢ ᠦᠨᠳᠦᠰᠦᠨ ᠬᠠᠤᠯᠢ ᠶᠢ ᠬᠥᠮᠥᠨ ᠪᠦᠬᠦᠨ ᠳᠤ ᠲᠠᠨᠢᠭᠤᠯᠤᠨ ᠂ | ᠬᠥᠮᠥᠰ ᠤᠨ ᠰᠡᠳᠬᠢᠯ ᠳᠤ ᠬᠠᠳᠠᠩᠰᠢᠭᠤᠯᠵᠤ ᠂ ᠪᠦᠬᠦ ᠨᠡᠶᠢᠭᠡᠮ ᠤᠨ ᠬᠠᠤᠯᠢ ᠶᠢ ᠬᠦᠨᠳᠦᠳᠬᠡᠬᠦ ᠂ ᠬᠠᠤᠯᠢ ᠶᠢ ᠰᠤᠷᠤᠯᠴᠠᠬᠤ ᠂ ᠬᠠᠤᠯᠢ ᠶᠢ ᠰᠠᠬᠢᠬᠤ ᠪᠠ ᠬᠠᠤᠯᠢ ᠶᠢ | ᠬᠡᠷᠡᠭᠯᠡᠬᠦ ᠬᠠᠯᠠᠭᠤᠨ ᠥᠷᠨᠢᠯᠲᠡ ᠭᠠᠷᠭᠠᠭᠰᠠᠨ ᠪᠠᠶᠢᠨ᠎ᠠ ᠃ | | | |