| 12 ᠰᠠᠷ᠎ᠠ ᠶᠢᠨ 1 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ ᠃ | ᠬᠤᠷᠠᠯ ᠠᠴᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠵᠤ ᠂ ᠲᠥᠷᠥᠯ ᠲᠡᠮᠳᠡᠭ ᠤᠨ ᠪᠦᠲᠦᠭᠡᠨ | ᠪᠠᠶᠢᠭᠤᠯᠤᠯᠲᠠ ᠪᠠᠷ ᠭᠠᠷᠳᠠᠴᠠ ᠪᠤᠯᠭᠠᠵᠤ ᠂ ᠮᠡᠷᠭᠡᠵᠢᠯ ᠤᠨ ᠰᠢᠨ᠎ᠡ ᠡᠭᠦᠳᠦᠯᠲᠡ ᠂ ᠪᠠᠷᠢᠮᠵᠢᠶ᠎ᠠ ᠵᠢᠷᠤᠮᠵᠢᠯ ᠂ ᠴᠢᠳᠠᠪᠤᠷᠢ ᠶᠢᠨ ᠳᠡᠭᠡᠭᠰᠢᠯᠡᠯᠲᠡ ᠂ ᠲᠣᠭᠲᠠᠴᠠ ᠶᠢᠨ | ᠬᠠᠮᠢᠶᠠᠷᠤᠯᠲᠠ ᠵᠡᠷᠭᠡ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ ᠂ ᠶᠠᠰᠤ ᠴᠢᠨᠠᠷ ᠤᠨ ᠵᠠᠰᠠᠯᠲᠠ ᠶᠢᠨ ᠲᠠᠰ ᠳᠠᠪᠬᠤᠷᠭ᠎ᠠ ᠪᠠ ᠲᠦᠪᠰᠢᠨ ᠢ ᠤᠯᠠᠮ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠦᠭᠦ ᠣᠷᠣᠨ ᠤ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠢ ᠰᠤᠳᠤᠯᠵᠤ ᠂ ︽ ᠳᠦᠷᠪᠡᠨ ᠬᠠᠮᠤᠭ ᠤᠨ ᠴᠢᠩᠭ᠎ᠠ ᠪᠠᠶᠢᠬᠤ ︾ | ᠴᠢᠬᠤᠯᠠ ᠱᠠᠭᠠᠷᠳᠠᠯᠭ᠎ᠠ ᠶᠢ ᠭᠤᠶᠢᠪᠢᠰᠢ ᠦᠭᠡᠢ ᠨᠠᠶᠢᠳᠠᠪᠤᠷᠢᠵᠢᠭᠤᠯᠵᠤ ᠂ ᠳᠠᠭᠠᠭᠠᠴᠢᠯᠠᠨ ᠪᠠᠲᠤᠯᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ ᠃ ᠨᠢᠭᠡ ᠳᠤ ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ ᠂ ᠢᠳᠡᠭᠡᠨ ᠪᠠ ᠡᠮ ᠤᠨ ᠵᠦᠢᠯᠡᠰ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦ ᠬᠡᠷᠡᠭᠲᠡᠢ ᠃ ᠬᠤᠶᠠᠷ ᠲᠤ ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ ᠂ | ᠬᠥᠮᠥᠨ ᠤ ᠬᠦᠴᠦ ᠪᠠᠷ ᠰᠡᠷᠭᠡᠶᠢᠯᠡᠬᠦ ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠂ ᠬᠢᠷᠢ ᠲᠡᠩᠴᠡᠭᠦ ᠦᠭᠡᠢ ᠢᠳᠡᠭᠡᠨ ᠤ ᠵᠦᠢᠯᠡᠰ ᠤᠨ | ᠵᠠᠬ᠎ᠠ ᠳᠡᠯᠭᠡᠭᠦᠷ ᠲᠤ ᠣᠷᠣᠬᠤ ᠶᠢ ᠲᠠᠰᠤ ᠬᠤᠷᠢᠭᠯᠠᠬᠤ ᠬᠡᠷᠡᠭᠲᠡᠢ ᠃ ᠭᠤᠷᠪᠠ ᠳᠤ ᠂ ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠠᠵᠢᠯ ᠲᠥᠷᠥᠯ ᠂ | ᠭᠤᠣᠯᠳᠠᠯᠭ᠎ᠠ ᠲᠠᠢ ᠲᠠᠯᠠᠪᠤᠷ ᠭᠠᠵᠠᠷ ᠢ ᠨᠢᠭᠲᠠ ᠴᠢᠩᠭ᠎ᠠ ᠠᠩᠬᠠᠷᠴᠤ ᠂ ᠪᠠᠷᠢᠮᠵᠢᠶ᠎ᠠ ᠶᠢ ᠳᠡᠭᠡᠭᠰᠢᠯᠡᠭᠦᠯᠦᠨ ᠂ ᠴᠢᠩᠭ᠎ᠠ ᠬᠠᠮᠢᠶᠠᠷᠴᠤ ᠴᠢᠩᠭ᠎ᠠ ᠡᠵᠡᠮᠳᠡᠬᠦ ᠬᠡᠷᠡᠭᠲᠡᠢ ᠃ | ᠳᠥᠷᠪᠡ ᠳᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠨᠥᠬᠦᠴᠡᠯ ᠳᠣᠣᠷ᠎ᠠ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠠᠵᠢᠯ ᠢ ᠰᠠᠶᠢᠲᠤᠷ ᠬᠢᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠢᠳᠡᠭᠡᠨ ᠤ ᠠᠮᠤᠷ ᠲᠦᠪᠰᠢᠨ ᠤ ︽ ᠬᠤᠣᠰ ᠰᠡᠷᠭᠡᠶᠢᠯᠡᠯᠲᠡ ᠶᠢᠨ | ᠱᠤᠭᠤᠮ ︾ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃ | ᠲᠤᠰ ᠡᠳᠦᠷ ᠤᠨ ᠦᠳᠡ ᠶᠢᠨ ᠬᠤᠶᠢᠨ᠎ᠠ ᠂ ᠪᠠᠰᠠ ᠪᠦᠭᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠪᠣᠯᠣᠨ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠲᠤᠰᠬᠠᠢ ᠰᠡᠳᠦᠪ ᠢᠶᠠᠷ ᠰᠤᠳᠤᠯᠪᠠ ᠃ | | |