ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ ᠪᠠᠶᠢᠭ᠎ᠠ ᠮᠤᠵᠢ ᠶᠢᠨ ᠳᠡᠰ ᠤᠨ ᠤᠳᠤᠷᠢᠳᠬᠤ ᠨᠥᠬᠦᠳ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠬᠠᠮᠲᠤ ᠪᠠᠷ ᠬᠦᠯᠢᠶᠡᠨ ᠠᠪᠴᠤ ᠰᠣᠨᠣᠰᠤᠭᠰᠠᠨ ᠪᠤᠶᠤ ᠦᠵᠡᠪᠡ
ᠨᠡᠶᠢᠲᠡᠯᠡᠭᠰᠡᠨ ᠴᠠᠭ᠄
2022/12/8
      12 ᠰᠠᠷ᠎ᠠ ᠶᠢᠨ 6 ᠤ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ ᠪᠠᠶᠢᠭ᠎ᠠ ᠮᠤᠵᠢ ᠶᠢᠨ ᠳᠡᠰ ᠤᠨ ᠤᠳᠤᠷᠢᠳᠬᠤ ᠨᠥᠬᠦᠳ ᠬᠥᠬᠡᠬᠤᠲᠠ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠬᠠᠮᠲᠤ ᠪᠠᠷ ᠬᠦᠯᠢᠶᠡᠨ ᠠᠪᠴᠤ ᠰᠣᠨᠣᠰᠣᠭᠰᠠᠨ ᠪᠤᠶᠤ ᠦᠵᠡᠪᠡ ᠃     ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ ᠭᠠᠰᠢᠭᠤᠳᠠᠯ ᠤᠨ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠬᠠᠮᠲᠤ ᠪᠠᠷ ᠬᠦᠯᠢᠶᠡᠨ ᠠᠪᠴᠤ ᠰᠣᠨᠣᠰᠣᠭᠰᠠᠨ ᠪᠤᠶᠤ ᠦᠵᠡᠪᠡ ᠃ ᠲᠤᠰ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠠᠯᠪᠠᠯᠠᠬᠤ ᠲᠣᠭᠤᠷᠢᠭ ᠲᠤᠭ ᠢ ᠬᠠᠭᠠᠰ ᠪᠠᠭᠤᠯᠭᠠᠵᠤ ᠭᠠᠰᠢᠭᠤᠳᠠᠪᠠ ᠃      ᠦᠳᠡ ᠶᠢᠨ ᠡᠮᠦᠨᠡᠬᠢ 10 ᠴᠠᠭ ᠲᠤ ᠭᠠᠰᠢᠭᠤᠳᠠᠯ ᠤᠨ ᠶᠡᠭᠡ ᠬᠤᠷᠠᠯ ᠡᠬᠢᠯᠡᠪᠡ ᠃ ᠪᠦᠬᠦᠳᠡᠭᠡᠷ ᠢᠶᠠᠨ ᠲᠥᠪ ᠵᠣᠭᠰᠣᠵᠤ ᠂ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ ᠨᠠᠮᠠᠨᠴᠢᠯᠠᠨ ᠭᠠᠰᠢᠭᠤᠳᠠᠪᠠ ᠃ ᠣᠯᠠᠨ ᠢᠶᠠᠷ ᠢᠶᠠᠨ ᠲᠦᠢᠯ ᠤᠨ ᠡᠮᠭᠡᠨᠢᠨ ᠭᠠᠰᠢᠭᠤᠳᠠᠭᠰᠠᠨ ᠰᠡᠳᠬᠢᠯᠭᠡ ᠪᠠᠷ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ᠬᠡᠯᠡᠭᠰᠡᠨ ᠭᠠᠰᠢᠭᠤᠳᠠᠯ ᠤᠨ ᠦᠭᠡ ᠶᠢ ᠰᠣᠨᠣᠰᠪᠠ ᠃ ᠬᠤᠲᠠ ᠶᠢᠨ ᠡᠯ᠎ᠡ ᠭᠠᠵᠠᠷ ᠤᠨ ᠠᠭᠤᠷ ᠤᠨ ᠱᠤᠤᠭᠢᠯ ᠪᠠ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠵᠡᠷᠭᠡ ᠪᠠᠷ ᠳᠤᠤᠭᠠᠷᠪᠠ ᠃      ᠵᠢᠶᠠᠩ ᠽᠧ ᠮᠢᠨ ᠨᠥᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦᠲᠡᠢ ᠭᠠᠷᠮᠠᠭᠠᠢ ᠤᠳᠤᠷᠢᠳᠤᠭᠴᠢ ᠂ ᠠᠭᠤᠤ ᠶᠡᠭᠡ ᠮᠠᠷᠺᠰ ᠤᠨ ᠦᠵᠡᠯᠲᠡᠨ ᠂ ᠠᠭᠤᠤ ᠶᠡᠭᠡ ᠦᠭᠡᠶᠢᠬᠦᠦ ᠠᠩᠭᠢ ᠶᠢᠨ ᠬᠤᠪᠢᠰᠬᠠᠯᠴᠢ ᠂ ᠤᠯᠤᠰ ᠲᠥᠷᠥᠴᠢᠨ ᠂ ᠴᠡᠷᠢᠭ ᠤᠨ ᠡᠷᠳᠡᠮᠲᠡᠨ ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠂ ︽ ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠥᠨ ᠃      ᠣᠯᠠᠨ ᠢᠶᠠᠷ ᠢᠶᠠᠨ ᠂ ᠭᠠᠰᠢᠭᠤᠳᠠᠯ ᠡᠮᠭᠡᠨᠢᠯ ᠢᠶᠠᠨ ᠬᠦᠴᠦᠨ ᠴᠢᠳᠠᠯ ᠪᠣᠯᠭᠠᠨ ᠬᠤᠪᠢᠷᠠᠭᠤᠯᠵᠤ ᠂ ᠵᠢᠶᠠᠩ ᠽᠧ ᠮᠢᠨ ᠨᠥᠬᠦᠷ ᠢ ᠭᠠᠰᠢᠭᠤᠳᠠᠬᠤ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠳᠤᠤᠭᠠᠷᠪᠠᠯ ᠳᠠᠭᠤ ᠨᠢᠭᠡᠲᠡᠢ ᠳᠤᠭᠲᠤᠷᠪᠠᠯ ᠬᠦᠴᠦᠨ ᠨᠢᠭᠡᠲᠡᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠦᠬᠦᠷᠡᠰᠢ ᠦᠭᠡᠢ ᠲᠡᠮᠡᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ