ᠮᠠᠨ ᠤ ᠣᠷᠣᠨ ᠤ ᠮᠤᠵᠢ ᠣᠷᠣᠨ ᠠᠯᠤᠰᠯᠠᠭᠰᠠᠨ 9 ᠭᠤᠣᠯ ᠮᠥᠷᠡᠨ ᠤ 12 ᠡᠵᠡᠮᠳᠡᠯ ᠤᠨ ᠣᠭᠲᠣᠯᠣᠭᠠᠰᠤ ᠨᠢ ᠴᠥᠮ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠨ ᠡᠵᠡᠮᠳᠡᠬᠦ ᠬᠠᠷᠠᠯᠲᠠ ᠳᠤ ᠬᠦᠷᠴᠡᠢ
ᠨᠡᠶᠢᠲᠡᠯᠡᠭᠰᠡᠨ ᠴᠠᠭ᠄
2022/12/9
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠣᠶᠢᠷ᠎ᠠ ᠶᠢᠨ ᠵᠢᠯ ᠤᠳ ᠲᠤ ᠂ ᠮᠠᠨ ᠤ ᠣᠷᠣᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠪᠠᠲᠤᠯᠠᠭ᠎ᠠ ᠶᠢ ᠴᠢᠩᠭᠠᠳᠬᠠᠵᠤ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠰᠡᠷᠭᠦᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ ᠪᠠᠶᠢᠨ᠎ᠠ ᠃      ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠂ ᠰᠤᠩᠭᠠᠷᠢ ᠮᠥᠷᠡᠨ ᠬᠢᠭᠡᠳ ᠯᠢᠶᠣᠤᠾᠧ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠤᠨ 2022 ᠣᠨ ᠤ 10 ᠰᠠᠷ᠎ᠠ ᠶᠢᠨ ᠮᠤᠵᠢ ᠣᠷᠣᠨ ᠠᠯᠤᠰᠯᠠᠭᠰᠠᠨ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠭᠤᠣᠯ ᠪᠣᠯᠬᠤ ᠡᠵᠡᠮᠳᠡᠯ ᠤᠨ ᠣᠭᠲᠣᠯᠣᠭᠠᠰᠤ ᠶᠢᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠤᠨ ᠲᠤᠬᠠᠢ ᠵᠠᠷᠯᠠᠯ ᠠᠴᠠ ᠦᠵᠡᠪᠡᠯ ᠂ ᠮᠠᠨ ᠤ ᠣᠷᠣᠨ ᠤ ᠰᠢᠷᠠᠤ᠋ᠰᠤᠨ ᠭᠤᠣᠯ ᠂ ᠰᠢᠷᠠᠮᠥ᠋ᠷᠡᠨ ᠭᠤᠣᠯ ᠂ ᠲᠤᠭᠤᠷ ᠤᠨ ᠭᠤᠣᠯ ᠵᠡᠷᠭᠡ ᠮᠤᠵᠢ ᠣᠷᠣᠨ ᠠᠯᠤᠰᠯᠠᠭᠰᠠᠨ 9 ᠭᠤᠣᠯ ᠮᠥᠷᠡᠨ ᠤ 12 ᠡᠵᠡᠮᠳᠡᠯ ᠤᠨ ᠣᠭᠲᠣᠯᠣᠭᠠᠰᠤ ᠨᠢ ᠴᠥᠮ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠬᠠᠮᠢᠶᠠᠷᠤᠨ ᠡᠵᠡᠮᠳᠡᠬᠦ ᠬᠠᠷᠠᠯᠲᠠ ᠳᠤ ᠭᠦᠷᠦᠭᠰᠡᠨ ᠪᠠᠶᠢᠨ᠎ᠠ ᠃     10 ᠳ᠋ᠤᠭᠠᠷ ᠰᠠᠷ᠎ᠠ ᠪᠣᠯᠲᠠᠯ᠎ᠠ ᠂ ᠮᠠᠨ ᠤ ᠣᠷᠣᠨ ᠨᠢᠭᠡᠨᠲᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠮᠤᠵᠢ ᠣᠷᠣᠨ ᠠᠯᠤᠰᠯᠠᠭᠰᠠᠨ 9 ᠭᠤᠣᠯ ᠮᠥᠷᠡᠨ ᠤ ᠠᠮᠢ ᠠᠬᠤᠢ ᠶᠢᠨ ᠤᠷᠤᠰᠬᠠᠯ ᠤᠨ ᠬᠡᠮᠵᠢᠶᠡᠨ ᠤ ᠪᠠᠲᠤᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠭᠰᠠᠨ ᠪᠥᠭᠡᠳ ᠠᠶᠢᠮᠠᠭ ᠬᠤᠲᠠ ᠠᠯᠤᠰᠯᠠᠭᠰᠠᠨ 3 ᠴᠢᠬᠤᠯᠠ ᠭᠤᠣᠯ ᠮᠥᠷᠡᠨ ᠂ 3 ᠴᠢᠬᠤᠯᠠ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ︵ ᠤᠰᠤᠨ ᠤ ᠬᠡᠮᠵᠢᠶ᠎ᠡ ︶ ᠶᠢ ᠪᠠᠲᠤᠯᠠᠬᠤ ᠬᠠᠷᠠᠯᠲᠠ ᠶᠢ ᠲᠣᠭᠲᠠᠭᠠᠭᠰᠠᠨ ᠪᠠᠶᠢᠨ᠎ᠠ ᠃ ᠡᠨᠡ ᠵᠢᠯ ᠂ ᠮᠠᠨ ᠤ ᠣᠷᠣᠨ ᠪᠠᠰᠠ ᠴᠠᠭᠠᠨ ᠮᠥᠷᠡᠨ ᠭᠤᠣᠯ ᠂ ᠭᠧᠨᠢ ᠾᠧ ᠭᠤᠣᠯ ᠂ ᠭᠦᠢᠯᠡᠷ ᠭᠤᠣᠯ ᠂ ᠬᠠᠷᠠᠤ᠋ᠰᠤ ᠨᠠᠭᠤᠷ ᠵᠡᠷᠭᠡ 4 ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠳᠤ ᠰᠠᠭᠤᠷᠢ ᠲᠠᠯᠪᠢᠵᠠᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ