ᠠᠢ ᠯᠢ ᠬᠤᠸᠠ ᠪᠤᠭᠤᠲᠤ ᠬᠤᠳᠠ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/12/9
       12 ᠳ᠋ᠤᠭᠠᠷ ᠰᠠᠷ᠎ᠠ ᠶᠢᠨ 7 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠪᠤᠭᠤᠲᠤ ᠬᠤᠲᠠ ᠳᠤ ᠬᠦᠷᠴᠦ ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ ᠃     ᠠᠢ ᠯᠢ ᠬᠤᠸᠠ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ ᠂ ᠭᠤᠣᠯ ᠪᠣᠯᠬᠤ ᠦᠷ᠎ᠡ ᠪᠦᠲᠦᠭᠡᠯ ᠤᠨ ᠲᠣᠭᠤᠷᠢᠨ ᠳᠤ ᠂ ᠥᠩᠭᠡᠷᠡᠭᠰᠡᠨ ᠤ 5 ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠯᠲᠠ ᠪᠠ ᠴᠠᠭ ᠦᠶᠡᠴᠢᠯᠡᠯᠲᠡ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠠᠶᠤᠯ ᠲᠦᠭᠰᠢᠭᠦᠷᠢ ᠪᠠ ᠥᠷᠢᠰᠦᠯᠳᠦᠭᠡᠨ ᠢ ᠠᠷᠭᠠᠴᠠᠭᠠᠬᠤ ᠵᠡᠷᠭᠡ ᠲᠤᠯᠤᠭᠠᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠠᠶᠢᠨ᠎ᠠ ᠃     ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠤᠶᠠᠯᠳᠤᠭᠤᠯᠵᠤ ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠬᠠᠷᠢᠭᠤᠯᠲᠠ ᠶᠢᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠠᠷᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ ᠡᠨᠡ ᠬᠤᠭᠤᠴᠠᠭᠠᠨ ᠳᠤ ᠂ ᠠᠢ ᠯᠢ ᠬᠤᠸᠠ ᠪᠠᠰᠠ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ︵ ᠪᠦᠯᠦᠭᠯᠡᠯ ︶ ᠳᠤ ᠬᠦᠷᠴᠦ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠠᠢ ᠃     
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ