ᠸᠧᠢ ᠵᠢᠶᠠ ᠮᠣᠣ ᠪᠠᠯᠭᠠᠰᠤ ᠲᠡᠵᠢᠭᠡᠨ ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠡᠵᠢᠭᠡᠨ ᠦᠷᠡᠵᠢᠭᠦᠯᠬᠦ ᠲᠤᠷᠰᠢᠯᠭ᠎ᠠ ᠶᠢ ᠰᠤᠷᠤᠯᠴᠠᠭᠤᠯᠪᠠ
ᠨᠡᠶᠢᠲᠡᠯᠡᠭᠰᠡᠨ ᠴᠠᠭ᠄
2022/3/10
     ᠪᠥᠬᠦ ᠬᠤᠰᠢᠭᠤᠨ ᠤ ᠬᠥᠳᠡᠭᠡ ᠲᠣᠰᠬᠤᠨ ᠢ ᠬᠦᠭᠵᠢᠬᠦᠯᠤᠨ ᠮᠠᠨᠳᠤᠭᠤᠯᠬᠤ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠲᠤᠬᠠᠢ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠲᠡᠵᠢᠭᠡᠨ ᠦᠷᠡᠵᠢᠭᠦᠯᠬᠦ ᠪᠣᠯᠪᠠᠰᠤᠷᠠᠩᠭᠤᠢ ᠲᠤᠷᠰᠢᠯᠭ᠎ᠠ ᠶᠢ ᠰᠤᠷᠤᠯᠴᠠᠵᠤ᠂ ᠲᠠᠷᠢᠶᠠᠴᠢᠳ ᠤᠨ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠨᠠᠩ ᠰᠠᠶᠢᠲᠤᠷ ᠠᠬᠢᠭᠤᠯᠬᠤ ᠶᠢᠨ  ᠳᠤᠰᠠᠳᠠ᠂ 3 ᠰᠠᠷ᠎ᠠ ᠶᠢᠨ 8 ᠤ ᠡᠳᠦᠷ᠂ ᠸᠧᠢ ᠵᠢᠶᠠ ᠮᠣᠣ ᠪᠠᠯᠭᠠᠰᠤᠨ ᠤ  ᠳᠠᠷᠤᠭ᠎ᠠ ᠦ᠋  ᠸᠧᠨ ᠯᠢᠶᠠᠩ᠂ ᠳᠡᠳ᠋ ᠳᠠᠷᠤᠭ᠎ᠠ ᠯᠢ ᠶᠦᠩ ᠴᠢ ᠵᠢᠴᠢ ᠶᠡᠷᠦᠩᠬᠡᠶᠢᠯᠡᠭᠰᠡᠨ ᠪᠠᠲᠤᠯᠠᠭ᠎ᠠ ᠪᠣᠯᠣᠨ ᠮᠡᠷᠭᠡᠵᠢᠯ ᠳᠡᠯᠭᠡᠷᠡᠭᠦᠯᠬᠦ ᠲᠥᠪ ᠤᠨ ᠡᠷᠬᠢᠯᠡᠭᠴᠢ ᠬᠤᠸᠠᠩ ᠹᠠᠨ ᠨᠠᠷ ᠡᠯ᠎ᠡ ᠲᠣᠰᠬᠤᠨ ᠤ ᠨᠠᠮ ᠤᠨ ᠡᠬᠦᠷ ᠤᠨ ᠱᠦᠵᠢ ᠵᠢᠴᠢ  ᠵᠠᠷᠢᠮ ᠲᠡᠵᠢᠭᠡᠨ ᠦᠷᠡᠵᠢᠭᠦᠯᠬᠦ ᠡᠷᠦᠬᠡ ᠶᠢ ᠳᠠᠭᠠᠭᠤᠯᠤᠨ  ᠱᠠᠬᠳᠠᠷ ᠪᠠᠯᠭᠠᠰᠤᠨ ᠳᠤ ᠬᠦᠷᠴᠦ ᠲᠡᠵᠢᠭᠡᠨ ᠦᠷᠡᠵᠢᠭᠦᠯᠬᠦ ᠦᠢᠯᠡᠰ  ᠲᠤ ᠰᠢᠨᠵᠢᠯᠡᠨ ᠪᠠᠶᠢᠴᠠᠭᠠᠯᠳᠠ ᠬᠢᠵᠤ ᠰᠤᠷᠤᠯᠴᠠᠬᠰᠠᠨ ᠤ ᠬᠠᠮᠲᠤ ᠤᠷᠢᠳ ᠬᠤᠵᠢᠳ ᠵᠡᠭᠦᠨᠭᠠᠷ ᠬᠤᠰᠢᠭᠤᠨ ᠤ ᠡᠭᠦᠯᠳᠡᠷ ᠤᠨ ᠬᠤᠨᠢᠨ ᠤ ᠰᠠᠭᠤᠷᠢᠨ ᠭᠠᠵᠠᠷ᠂ ᠵᠡᠭᠦᠨᠭᠠᠷ ᠬᠤᠰᠢᠭᠤᠨ ᠤ ᠬᠤᠩ ᠱᠧᠩ ᠶᠤᠸᠠᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ ᠬᠦᠷᠴᠤ ᠲᠣᠭᠤᠷᠢᠨ ᠦᠵᠡᠵᠦ ᠰᠤᠷᠤᠯᠴᠠᠪᠠ᠃ ᠱᠠᠬᠳᠠᠷ ᠪᠠᠯᠭᠠᠰᠤᠨ ᠤ ᠳᠠᠷᠤᠭ᠎ᠠ ᠰᠢᠤᠸᠠᠢ ᠰᠢᠨ ᠪᠥᠸᠧ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠯᠢ ᠪᠥᠸᠧ ᠪᠠᠷ᠎ᠠ ᠪᠣᠯᠪᠠ᠃
魏家峁1.jpg    ᠵᠡᠭᠦᠨᠭᠠᠷ ᠬᠤᠰᠢᠭᠤᠨ ᠤ ᠬᠤᠩ ᠱᠧᠩ ᠶᠤᠸᠠᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ ᠲᠣᠭᠤᠷᠢᠨ ᠦᠵᠡᠵᠦ ᠰᠤᠷᠤᠯᠴᠠᠨ᠎ᠠ
魏家峁2.jpg    ᠵᠡᠭᠦᠨᠭᠠᠷ ᠬᠤᠰᠢᠭᠤᠨ ᠤ ᠡᠭᠦᠯᠳᠡᠷ ᠤᠨ ᠬᠤᠨᠢᠨ ᠤ ᠰᠠᠭᠤᠷᠢᠨ ᠳᠤ ᠲᠣᠭᠤᠷᠢᠨ ᠦᠵᠡᠵᠦ ᠰᠤᠷᠤᠯᠴᠠᠨ᠎ᠠ
    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠬᠤᠨᠢ ᠢᠮᠠᠭ᠎ᠠ ᠲᠡᠵᠢᠭᠡᠬᠦ ᠡᠵᠡᠩᠨᠡᠯᠲᠡ ᠶᠢᠨ ᠵᠠᠭᠪᠤᠷ᠂ ᠲᠡᠵᠢᠭᠡᠨ ᠦᠷᠡᠵᠢᠭᠦᠯᠬᠦ ᠡᠳᠦᠷ ᠲᠤᠲᠤᠮ ᠤᠨ ᠬᠠᠮᠢᠶᠠᠷᠤᠯᠲᠠ ᠵᠢᠴᠢ ᠡᠭᠦᠯᠳᠡᠷ ᠰᠣᠩᠭᠤᠬᠤ ᠵᠡᠷᠭᠡ ᠲᠠᠯ᠎ᠠ ᠶᠢᠨ ᠪᠣᠯᠪᠠᠰᠤᠷᠠᠩᠭᠤᠢ ᠲᠤᠷᠰᠢᠯᠭ᠎ᠠ ᠶᠢ ᠲᠣᠭᠤᠷᠢᠨ ᠦᠵᠡᠵᠦ ᠰᠤᠷᠤᠯᠴᠠᠭᠰᠠᠨ ᠤ ᠬᠠᠮᠲᠤ ᠲᠡᠵᠢᠭᠡᠨ ᠦᠷᠡᠵᠢᠭᠦᠯᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠪᠣᠳᠠᠲᠠᠢ ᠪᠠᠶᠢᠳᠠᠯ ᠢ ᠲᠠᠨᠢᠯᠴᠠᠭᠤᠯᠪᠠ᠃ ᠵᠡᠭᠦᠨᠭᠠᠷ ᠬᠤᠰᠢᠭᠤᠨ ᠤ  ᠬᠤᠴᠠ ᠳᠡᠵᠢᠭᠡᠬᠦ ᠰᠠᠭᠤᠷᠢᠨ ᠳᠤ᠂ ᠠᠳᠠᠯᠢ ᠪᠤᠰᠤ ᠬᠤᠴᠠᠨ ᠤ ᠡᠭᠦᠯᠳᠡᠷ ᠤᠨ ᠣᠨᠴᠠᠯᠢᠭ᠂ ᠬᠤᠳᠠᠯᠳᠤᠨ ᠠᠪᠬᠤ ᠨᠥᠬᠦᠪᠦᠷᠢ ᠶᠢᠨ ᠳᠦᠷᠦ ᠶᠢᠨ ᠪᠣᠳᠣᠯᠭ᠎ᠠ᠂ ᠡᠪᠡᠰᠦ ᠪᠣᠷᠳᠤᠭ᠎ᠠ ᠶᠢ ᠵᠣᠬᠢᠴᠠᠭᠤᠯᠬᠤ ᠠᠷᠭ᠎ᠠ ᠬᠡᠯᠪᠡᠷᠢ ᠵᠢᠴᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠴᠠᠨ ᠤ ᠡᠭᠦᠯᠳᠡᠷ ᠢ ᠰᠣᠩᠭᠤᠬᠤ ᠵᠡᠷᠭᠡ ᠲᠠᠯ᠎ᠠ ᠶᠢᠨ ᠮᠡᠳᠡᠯᠭᠡ ᠶᠢ ᠣᠶᠢᠯᠠᠭᠠᠨ ᠰᠤᠷᠤᠯᠴᠠᠵᠠᠢ᠃ ᠵᠡᠭᠦᠨᠭᠠᠷ ᠬᠤᠰᠢᠭᠤᠨ ᠤ ᠬᠤᠩ ᠱᠧᠩ ᠶᠤᠸᠠᠨ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠳᠤ᠂ ᠤᠯᠠᠨ ᠲᠣᠰᠬᠤᠨ ᠤ ᠬᠤᠯᠪᠣᠭᠠᠯᠠᠭᠰᠠᠨ ᠡᠵᠡᠩᠨᠡᠯᠲᠡ ᠶᠢᠨ ᠵᠠᠭᠪᠤᠷ᠂ ᠰᠠᠷᠠᠪᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠪᠣᠯᠪᠠᠰᠤᠷᠠᠩᠭᠤᠢ ᠲᠤᠷᠰᠢᠯᠭ᠎ᠠ ᠶᠢ ᠣᠶᠢᠯᠠᠭᠠᠨ ᠰᠤᠷᠤᠯᠴᠠᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠦᠢᠯᠡᠰ ᠢ ᠥᠷᠨᠢᠭᠦᠯᠬᠦ ᠳᠤ ᠰᠤᠷᠤᠯᠴᠠᠬᠤ ᠲᠤᠷᠰᠢᠯᠭ᠎ᠠ ᠬᠠᠩᠭᠠᠪᠠ᠃   ᠡᠨᠡ ᠤᠳᠠᠭ᠎ᠠ ᠶᠢᠨ ᠲᠣᠭᠤᠷᠢᠨ ᠦᠵᠡᠵᠦ ᠰᠤᠷᠤᠯᠴᠠᠭᠰᠠᠨ ᠶᠠᠪᠤᠳᠠᠯ ᠪᠣᠯ ᠸᠧᠢ ᠵᠢᠶᠠ ᠮᠣᠣ ᠪᠠᠯᠭᠠᠰᠤᠨ ᠤ ᠬᠠᠷᠢᠶ᠎ᠠ ᠣᠷᠣᠨ ᠤ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠭᠡᠭᠰᠢᠯᠡᠭᠦᠯᠬᠦ ᠳᠤ ᠵᠣᠷᠢᠭᠤᠯᠤᠭᠰᠠᠨ ᠴᠢᠬᠤᠯᠠ ᠬᠢᠴᠢᠶᠡᠯ ᠪᠣᠯᠬᠤ ᠪᠥᠭᠡᠳ ᠪᠠᠰᠠ ᠴᠤ ᠠᠷᠠᠳ ᠲᠦᠮᠡᠨ ᠳᠤ ᠦᠢᠯᠡᠴᠢᠯᠡᠬᠦ ᠶᠢ ᠢᠳᠡᠪᠬᠢᠲᠡᠢ ᠪᠠᠷ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠪᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ ᠬᠠᠷᠠᠭ᠎ᠠ ᠪᠠᠨ ᠥᠷᠭᠡᠳᠬᠡᠨ᠂ ᠲᠡᠷᠢᠭᠦᠨ ᠤ ᠮᠡᠷᠭᠡᠵᠢᠯ ᠢ ᠰᠤᠷᠤᠯᠴᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠪᠠᠷᠢᠮᠵᠢᠶᠠᠵᠢᠭᠤᠯᠤᠯᠲᠠ᠂ ᠣᠳᠣᠬᠢᠴᠢᠯᠠᠯᠲᠠ ᠶᠢ  ᠠᠬᠢᠭᠤᠯᠬᠤ ᠳᠤ ᠨᠠᠩ ᠰᠠᠶᠢᠨ ᠰᠡᠳᠬᠢᠴᠡ ᠶᠢ ᠬᠠᠩᠭᠠᠨ ᠦᠭᠬᠦᠭᠰᠡᠨ ᠪᠠᠶᠢᠨ᠎ᠠ᠃ 
ᠢᠷᠡᠯᠲᠡ᠄ ᠸᠧᠢ ᠵᠢᠶᠠ ᠮᠣᠣ ᠪᠠᠯᠭᠠᠰᠤ  ᠶᠢᠨ ᠨᠡᠶᠢᠳᠡ ᠶᠢᠨ ᠳᠠᠪᠴᠠᠩ