ᠤᠯᠠᠨ ᠠᠷᠪᠢᠨ ᠬᠤᠨ ᠭᠠᠯᠠᠭᠤ ᠵᠡᠭᠦᠨᠭᠠᠷ ᠬᠤᠰᠢᠭᠤ ᠪᠠᠷ  ᠨᠢᠰᠤᠨ‌ᠥᠩᠭᠡᠷᠡᠯ᠎ᠠ
ᠨᠡᠶᠢᠲᠡᠯᠡᠭᠰᠡᠨ ᠴᠠᠭ᠄
2022/3/4
    ᠠᠮᠢ ᠠᠬᠤᠢ ᠰᠠᠶᠢᠵᠢᠷᠠᠬᠰᠠᠨ ᠡᠰᠡᠬᠦ ᠶᠢ ᠦᠵᠡᠬᠦ ᠳᠤ ᠵᠠᠩᠭᠢᠯᠠᠭ᠎ᠠ ᠨᠢ ᠤᠰᠤᠨ ᠤ ᠰᠢᠪᠠᠭᠤ ᠶᠢ ᠦᠵᠡᠳᠡᠭ᠃ ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠳᠠ ᠶᠢᠨ ᠵᠡᠭᠦᠨᠭᠠᠷ ᠬᠤᠰᠢᠭᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠢᠶᠠᠷ᠂ ᠠᠮᠢ ᠠᠬᠤᠢ ᠣᠷᠴᠢᠨ ᠲᠣᠭᠤᠷᠢᠨ ᠮᠡᠳᠡᠭᠳᠡᠮ᠎ᠡ ᠰᠠᠶᠢᠵᠢᠷᠠᠵᠤ᠂ ᠬᠠᠳᠤᠨ ᠭᠤᠣᠯ ᠤᠨ ᠬᠥᠪᠡᠭᠡᠨ ᠤ ᠨᠤᠭᠤ ᠭᠠᠵᠠᠷ ᠨᠢ  ᠨᠢᠰᠤᠨ ᠥᠩᠭᠡᠷᠡᠬᠦ ᠤᠰᠤᠨ ᠤ ᠰᠢᠪᠠᠭᠤᠳ ᠤᠨ  ᠴᠡᠩᠭᠡᠯ ᠤᠨ ᠣᠷᠣᠨ ᠪᠣᠯᠤᠭᠰᠠᠨ ᠪᠠᠶᠢᠨ᠎ᠠ᠃
天鹅1.jpg    ᠤᠶᠢᠷ᠎ᠠ ᠶᠢᠨ ᠡᠳᠦᠷ ᠤᠳ ᠲᠤ᠂ ᠣᠷᠳᠣᠰ ᠬᠤᠳᠠ ᠶᠢᠨ ᠵᠡᠭᠦᠨᠭᠠᠷ ᠬᠤᠰᠢᠭᠤᠨ ᠤ  ᠱᠢ ᠡᠯ ᠯᠢᠶᠠᠨ ᠴᠧᠩ ᠰᠢᠶᠠᠩ ᠤᠨ ᠬᠠᠳᠤᠨ ᠭᠤᠣᠯ ᠤᠨ ᠬᠥᠪᠡᠭᠡᠨ ᠳᠤ᠂
ᠬᠥᠬᠡ‌ᠤᠬᠳᠠᠷᠭᠤᠢ ᠬᠦᠪᠤᠩ ᠴᠠᠭᠠᠨ ᠡᠭᠦᠯᠡᠨ ᠤ ᠳᠣᠣᠷ᠎ᠠ᠂  ᠮᠢᠩᠭ᠎ᠠ ᠮᠢᠩᠭᠠᠨ ᠨᠡᠭᠦᠳᠡᠯ ᠤᠨ ᠰᠢᠪᠠᠭᠤᠳ ᠬᠠᠳᠤᠨ ᠭᠤᠣᠯ ᠤᠨ ᠬᠥᠪᠡᠭᠡᠨ ᠤ ᠨᠤᠭᠤ ᠭᠠᠵᠠᠷ ᠲᠤ ᠨᠢᠰᠤᠨ ᠴᠤᠭᠯᠠᠷᠠᠵᠤ᠂  ᠭᠤᠤᠯ ᠤᠨ ᠤᠰᠤ ᠳᠣᠯᠭᠢᠶᠠᠯᠠᠨ ᠳᠠᠪᠠᠯᠭᠠᠯᠠᠵᠤ᠂ ᠭᠠᠯᠠᠭᠤ  ᠰᠢᠪᠠᠭᠤᠳ  ᠨᠦᠷᠬᠢᠯᠳᠤᠨ ᠵᠢᠷᠬᠢᠯᠳᠦᠭᠡᠳ᠂ ᠴᠢᠬᠢᠨ ᠳᠤ ᠠᠶᠠᠲᠠᠢᠬᠠᠨ ᠨᠠᠶᠢᠷᠠᠯ ᠳᠠᠭᠤᠤ ᠠᠳᠡ ᠠᠴᠠ ᠤᠶᠠᠩᠭᠠᠯᠠᠨ  ᠳᠤᠭᠤᠯᠳᠠᠨ᠎ᠠ᠃ ᠣᠳᠣᠬᠠᠨ ᠳᠤ᠂ ᠬᠠᠲᠤᠨ ᠭᠤᠣᠯ ᠤᠨ ᠬᠥᠪᠡᠭᠡᠨ ᠳᠤ ᠪᠠᠶᠢᠷᠢᠯᠠᠵᠤ ᠪᠠᠶᠢᠭ᠎ᠠ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ‌ᠨᠢ ᠨᠡᠭᠦᠳᠡᠯ ᠤᠨ ᠰᠢᠪᠠᠭᠤᠳ ᠤᠨ ᠨᠡᠭᠦᠳᠡᠯᠯᠡᠬᠦ ᠵᠠᠮ ᠳᠠᠬᠢ ᠲᠣᠭᠲᠠᠮᠠᠯ ︽ᠥᠷᠲᠡᠭᠡ︾ ᠪᠣᠯᠵᠤ᠂ ᠵᠢᠯ ᠪᠦᠷᠢ ᠶᠢᠨ ᠬᠠᠪᠤᠷ ᠨᠠᠮᠤᠷ ᠤᠨ ᠬᠤᠶᠠᠷ ᠤᠯᠠᠷᠢᠯ ᠳᠤ  ᠨᠢᠰᠤᠨ‌ᠥᠩᠭᠡᠷᠡᠬᠦ ᠨᠡᠭᠦᠳᠡᠯ ᠤᠨ ᠰᠢᠪᠠᠭᠤ ᠠᠳᠡ ᠬᠡᠳᠦᠨ ᠲᠦᠮᠡ ᠪᠠᠷ ᠬᠦᠷᠤᠯᠴᠡᠨ ᠢᠷᠡᠵᠤ᠂  ᠠᠷᠪᠠ ᠭᠠᠷᠤᠢ  ᠳᠦᠷᠤᠯ ᠤᠨ ᠰᠢᠪᠠᠭᠤᠳ ᠪᠠᠶᠢᠵᠤ᠂ ᠡᠭᠦᠨ ᠳᠤ  ᠬᠤᠨ ᠭᠠᠯᠠᠭᠤ᠂  ᠬᠠᠯᠢᠭᠤᠨ ᠭᠠᠯᠠᠭᠤ᠂ ᠪᠣᠷᠣ ᠲᠣᠭᠤᠷᠤᠤ ᠵᠡᠷᠭᠡ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠭᠤᠣᠯᠳᠠᠯᠭ᠎ᠠ ᠲᠠᠢ ᠬᠠᠮᠠᠭᠠᠯᠠᠯᠲᠠ ᠶᠢᠨ  ᠰᠢᠪᠠᠭᠤᠳ ᠵᠥᠩᠳᠡᠭᠡᠨ ᠪᠠᠶᠢᠳᠠᠭ᠃
天鹅2.jpg     ᠤᠳᠤᠬᠠᠨ ᠳᠤ᠂  ᠡᠭᠡ ᠭᠠᠵᠠᠷ ᠲᠤ ᠬᠠᠪᠤᠷ ᠬᠡᠤᠬᠡᠨ ᠰᠠᠭᠠᠳᠠᠵᠤ᠂  ᠳᠦᠮᠡᠨ ᠪᠤᠳᠠᠰ ᠳᠦᠯᠵᠢᠨ ᠠᠮᠢᠯᠠᠨ᠎ᠠ᠃  ᠦᠵᠡᠰᠬᠦᠯᠡᠩ ᠰᠠᠶᠢᠬᠠᠨ ᠬᠤᠨ ᠭᠠᠯᠠᠭᠤ
 ᠨᠤᠭᠤᠳ ᠳᠣᠯᠭᠢᠶᠠᠯᠠᠨ ᠳᠠᠪᠠᠯᠭᠠᠯᠠᠭᠰᠠᠨ ᠭᠤᠣᠯ ᠤᠨ  ᠤᠰᠤᠨ ᠳᠤ ᠱᠤᠩᠪᠠᠨ ᠨᠠᠭᠠᠳᠴᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠨ ᠳᠤᠬᠳᠠᠨᠢᠬᠰᠠᠨ ᠭᠤᠶᠣ ᠰᠠᠶᠢᠬᠠᠨ ᠵᠢᠷᠤᠭ  ᠢ ᠪᠦᠷᠢᠯᠳᠦᠭᠦᠯᠦᠨ᠂  ᠰᠦᠷᠦᠭ ᠰᠦᠷᠦᠭ ᠬᠤᠨ ᠭᠠᠯᠠᠭᠤ ᠵᠠᠷᠢᠮ ᠳᠠᠭᠠᠨ ᠰᠤᠯᠠ ᠰᠡᠯᠡᠭᠦᠦ ᠠᠯᠬᠤᠯᠠᠵᠤ᠂ ᠵᠠᠷᠢᠮ ᠳᠠᠭᠠᠨ ᠲᠠᠪᠤ ᠭᠤᠷᠪᠠ ᠪᠠᠷ ᠬᠠᠯᠢᠨ ᠨᠢᠰᠴᠦ᠂ ᠨᠠᠮ ᠰᠡᠯᠡᠭᠦᠨ ᠮᠦᠷᠳᠡᠭᠡᠨ ᠳᠠᠭᠠᠯᠠᠮᠵᠢᠳᠠᠢ ᠵᠢᠷᠤᠭ  ᠨᠢ ᠬᠥᠮᠥᠰ ᠤᠨ ᠰᠡᠳᠬᠢᠯ ᠢ ᠰᠣᠭᠲᠣᠭᠤᠷᠠᠭᠤᠯᠤᠨ᠎ᠠ᠃     ᠣᠶᠢᠷ᠎ᠠ ᠶᠢᠨ ᠵᠢᠯ ᠤᠳ ᠲᠤ᠂ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠡᠷᠭᠢ ᠳᠠᠭᠠᠤ ᠤᠷᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠡᠳᠦᠷ ᠢᠷᠡᠬᠦᠶ᠎ᠡ ᠢᠯᠡᠷᠬᠡᠢ ᠪᠣᠯᠬᠤ ᠶᠢ ᠳᠠᠭᠠᠯᠳᠤᠨ᠂ ᠬᠤᠨ ᠭᠠᠯᠠᠭᠤ᠂ ᠲᠣᠭᠤᠳᠠᠭ᠂ ᠬᠠᠷ᠎ᠠ ᠥᠷᠪᠢᠯᠳᠡᠢ᠂  ᠬᠠᠯᠢᠭᠤᠨ ᠭᠠᠯᠠᠭᠤ᠂ ᠪᠣᠷᠣ ᠲᠣᠭᠤᠷᠤᠤ ᠵᠡᠷᠭᠡ ᠬᠤᠪᠣᠷ ᠴᠤᠬᠠᠭ ᠰᠢᠪᠠᠭᠤᠨ ᠤ ᠲᠥᠷᠥᠯ ᠪᠠᠶᠢᠨ ᠳᠠᠬᠢᠨ  ᠨᠢᠰᠤᠨ ᠢᠷᠡᠵᠤ ᠪᠠᠶᠢᠯ᠎ᠠ᠃ ᠭᠡᠷᠡᠯ ᠵᠢᠷᠤᠭ ᠲᠠᠲᠠᠬᠤ ᠳᠤᠷᠠᠲᠠᠢ ᠴᠥᠭᠡᠨ ᠪᠤᠰᠤ ᠬᠥᠮᠥᠰ ᠠᠳᠡᠬᠢ  ᠶᠢᠨ ᠨᠠᠮ ᠰᠡᠯᠡᠭᠦᠨ᠂  ᠪᠠᠶᠢᠭᠠᠯᠢᠯᠢᠭ ᠠᠮᠢᠳᠤᠯᠢᠭ ᠰᠠᠶᠢᠬᠠᠨ ᠵᠢᠷᠤᠭ ᠲᠤ ᠰᠡᠳᠬᠢᠯ  ᠳᠠᠳᠠᠬᠳᠠᠨ᠂ ᠭᠠᠷ ᠤᠲᠠᠰᠤ ᠪᠤᠶᠤ ᠭᠡᠷᠡᠯ ᠵᠢᠷᠤᠭ ᠤᠨ ᠮᠠᠰᠢᠨ ᠢᠶᠠᠷ ᠢᠶᠠᠨ ᠠᠳᠡᠬᠢ ᠭᠤᠶᠣ ᠦᠵᠡᠮᠵᠢ ᠶᠢ ᠵᠢᠷᠤᠬᠯᠠᠨ ᠰᠡᠭᠦᠳᠡᠷᠯᠡᠬᠦ ᠶᠢᠨ  ᠳᠠᠭᠠᠤ ᠬᠥᠮᠥᠨ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠨ ᠳᠤᠬᠳᠠᠨᠢᠬᠰᠠᠨ ᠳᠡᠷᠡ ᠬᠤᠷᠤᠮ  ᠢ  ᠦᠯᠡᠳᠡᠭᠡᠨ ᠠᠪᠴᠤ  ᠪᠠᠶᠢᠯ᠎ᠠ᠃
天鹅3.jpg     ᠠᠭᠤᠯᠠ ᠤᠰᠤ ᠬᠠᠷᠢᠯᠴᠠᠨ ᠲᠦᠰᠢᠯᠴᠡᠵᠦ᠂ ᠬᠠᠲᠤᠨ ᠭᠤᠣᠯ ᠤᠨ  ᠳᠤᠬᠤᠢ ᠳᠤ ᠪᠠᠶᠢᠷᠢᠯᠠᠵᠤ ᠪᠠᠶᠢᠭ᠎ᠠ ᠥᠪᠥᠷ ᠮᠣᠩᠭᠤᠯ ᠨᠢ ᠬᠠᠲᠤᠨ ᠭᠤᠣᠯ ᠤᠨ ᠤᠰᠤ 
 ᠪᠠᠷ  ᠤᠮᠳᠠᠯᠠᠬᠳᠠᠬᠰᠠᠨ ᠠᠴᠠ ᠪᠣᠯᠵᠤ ᠲᠠᠩᠰᠤᠭ ᠰᠠᠶᠢᠬᠠᠨ  ᠦᠩᠭᠡ ᠭᠠᠯᠪᠢᠷ ᠲᠠᠢ ᠪᠤᠯᠵᠤ᠂ ᠠᠮᠢ ᠠᠬᠤᠢ ᠶᠢᠨ  ᠨᠤᠭᠤ ᠭᠠᠵᠠᠷ ᠨᠢ ᠰᠢᠪᠠᠭᠤᠳ ᠤᠨ ᠲᠠᠭᠠᠰᠢᠶᠠᠯ   ᠢ ᠤᠯᠵᠤ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠣᠳᠣᠬᠠᠨ ᠳᠤ᠂ ᠬᠠᠪᠤᠷ ᠤᠨ ᠤᠯᠠᠷᠢᠯ ᠤᠨ ᠵᠡᠭᠦᠨᠭᠠᠷ ᠬᠤᠰᠢᠭᠤ ᠨᠢ ᠨᠡᠷ᠎ᠡ ᠨᠢᠳᠡᠷ ᠲᠡᠭᠡᠨ ᠨᠡᠶᠢᠴᠡᠭᠰᠡᠨ ᠨᠡᠭᠦᠳᠡᠯ ᠤᠨ ᠰᠢᠪᠠᠭᠤᠨ ᠤ ︽ᠳ᠋ᠧᠪᠡᠵᠡᠨ︾ ᠪᠠ ︽ᠴᠡᠩᠭᠡᠯ ᠤᠨ ᠣᠷᠣᠨ︾ ᠪᠣᠯᠤᠭᠰᠠᠨ ᠪᠠᠶᠢᠨ᠎ᠠ᠃ ᠵᠡᠭᠦᠨᠭᠠᠷ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠰᠠᠶᠢᠵᠢᠷᠠᠯᠲᠠ ᠪᠠ ᠬᠥᠮᠥᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠦᠵᠡᠯ ᠤᠬᠠᠮᠰᠠᠷ ᠤᠨ ᠳᠡᠭᠡᠭᠰᠢᠯᠡᠯᠲᠡ ᠶᠢ ᠳᠠᠭᠠᠯᠳᠤᠨ᠂ ᠵᠢᠯ ᠪᠦᠷᠢ ᠶᠢᠨ ᠬᠠᠪᠤᠷ ᠤᠨ ᠤᠯᠠᠷᠢᠯ ᠳᠤ᠂  ᠡᠬᠦᠪᠠᠷ ᠦᠩᠭᠡᠷᠡᠬᠦ ᠬᠤᠨ ᠭᠠᠯᠠᠭᠤ ᠵᠡᠷᠭᠡ ᠨᠡᠭᠦᠳᠡᠯ ᠤᠨ ᠰᠢᠪᠠᠭᠤᠳ ᠤᠨ ᠲᠤᠭ᠎ᠠ ᠤᠯᠠᠮ ᠢᠶᠠᠷ ᠣᠯᠠᠰᠢᠷᠠᠵᠤ  ᠪᠤᠢ᠃  ᠨᠢᠰᠤᠨ ᠥᠩᠭᠡᠷᠡᠬᠦ ᠨᠡᠭᠦᠳᠡᠯ ᠤᠨ  ᠰᠢᠪᠠᠭᠤᠨ ᠳᠤ ᠠᠮᠤᠷ ᠲᠦᠪᠰᠢᠨ  ᠣᠷᠴᠢᠨ ᠲᠣᠭᠤᠷᠢᠨ ᠲᠠᠢ ᠪᠣᠯᠭᠠᠬᠤ ᠶᠢᠨ ᠲᠥᠯᠥᠭᠡ᠂ ᠵᠡᠭᠦᠨᠭᠠᠷ ᠬᠤᠰᠢᠭᠤᠨ ᠤ ᠣᠶ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠤᠨ ᠴᠠᠭᠳᠠᠭ᠎ᠠ ᠨᠠᠷ ᠠᠯᠢ ᠣᠯᠠᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠴᠤ᠂ ᠬᠡᠭᠡᠷ᠎ᠡ ᠶᠢᠨ ᠠᠮᠢᠲᠠᠨ ᠢ ᠠᠩᠨᠠᠬᠤ᠂ ᠬᠤᠳᠠᠯᠳᠤᠬᠤ ᠪᠠ ᠫᠠᠨᠽᠠᠯᠠᠬᠤ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ  ᠪᠤᠢ᠃ ᠳᠡᠷᠡᠴᠢᠯᠡᠨ ᠣᠯᠠᠨ ᠲᠦᠮᠡᠨ ᠤ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠵᠤ᠂ ᠪᠥᠬᠦ ᠠᠷᠠᠳ ᠢᠶᠠᠷ ᠢᠶᠠᠨ ᠨᠡᠭᠦᠳᠡᠯ ᠤᠨ ᠰᠢᠪᠠᠭᠤ ᠶᠢ ᠤᠬᠠᠮᠰᠠᠷ  ᠠᠴᠠ ᠪᠠᠨ ᠬᠠᠶᠢᠷᠠᠯᠠᠨ ᠬᠠᠮᠠᠭᠠᠯᠠᠵᠤ ᠠᠮᠢ ᠠᠬᠤᠢ  ᠣᠷᠴᠢᠨ  ᠳᠤᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ  ᠪᠠᠶᠢᠨ᠎ᠠ᠃ 
ᠢᠷᠡᠯᠲᠡ᠄ ᠵᠡᠭᠦᠨᠭᠠᠷ ᠬᠤᠰᠢᠭᠤᠨ ᠤ ᠤᠬᠠᠭᠤᠯᠬᠤ ᠬᠡᠯᠲᠡᠰ