ᠳ᠋ᠠ ᠯᠦ ᠪᠠᠯᠭᠠᠰᠤ ᠰᠢᠨ᠎ᠡ ᠶᠢ ᠡᠭᠦᠳᠴᠦ ᠬᠥᠳᠡᠭᠡ ᠲᠣᠰᠬᠤᠨ ᠤ ᠵᠠᠰᠠᠯᠲᠠ ᠶᠢᠨ ︽ᠭᠤᠷᠪᠠᠨ ᠵᠠᠰᠠᠯᠳᠠ ᠶᠢ ᠠᠭᠤᠰᠤᠯᠴᠠᠭᠤᠯᠬᠤ︾ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2022/4/2
     ᠣᠶᠢᠷ᠎ᠠ ᠶᠢᠨ ᠵᠢᠯ ᠠᠴᠠ ᠨᠠᠭᠠᠰᠢ᠂ ᠳ᠋ᠠ ᠯᠦ ᠪᠠᠯᠭᠠᠰᠤ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠬᠦᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠪᠠᠷ ᠠᠷᠭ᠎ᠠ ᠪᠠᠷᠢᠯ ᠪᠣᠯᠭᠠᠨ᠂ ᠬᠠᠤᠯᠢᠵᠢᠯ ᠢᠶᠠᠷ ᠰᠠᠭᠤᠷᠢ ᠪᠣᠯᠭᠠᠭᠰᠠᠨ᠂ ᠥᠪᠡᠷᠲᠡᠭᠡᠨ ᠵᠠᠰᠠᠬᠤ ᠪᠠᠷ ᠦᠨᠳᠦᠰᠦ ᠪᠣᠯᠭᠠᠭᠰᠠᠨ᠂ ᠶᠣᠰᠣ ᠰᠤᠷᠲᠠᠬᠤᠨ ᠢᠶᠠᠷ ᠵᠠᠰᠠᠬᠤ ᠪᠠᠷ ᠪᠠᠲᠤᠯᠠᠭ᠎ᠠ ᠪᠣᠯᠭᠠᠭᠰᠠᠨ ︽ᠭᠤᠷᠪᠠᠨ ᠵᠠᠰᠠᠯᠳᠠ ᠶᠢ ᠠᠭᠤᠰᠤᠯᠴᠠᠭᠤᠯᠬᠤ︾ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠡᠢ᠃
大路1.jpg
     ᠬᠠᠤᠯᠢ ᠪᠠᠷ ᠵᠠᠰᠠᠬᠤ ᠪᠠᠷ ᠪᠠᠲᠤᠯᠠᠭ᠎ᠠ ᠪᠤᠯᠭᠠᠬᠤ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠬᠤ ᠶᠢ ᠠᠬᠢᠭᠤᠯᠪᠠ   ︽ᠠᠮᠤᠭᠤᠯᠠᠩᠳᠤ ᠶᠡᠭᠡ ᠵᠠᠮ︾ ᠂ ︽ᠬᠠᠤᠯᠢ ᠪᠠᠷ ᠵᠠᠰᠠᠬᠤ ᠶᠡᠭᠡ ᠵᠠᠮ︾ ᠤᠨ ᠪᠦᠲᠦᠭᠡᠨ ᠪᠠᠶᠢᠭᠤᠯᠤᠯᠲᠠ  ᠶᠢ ᠶᠡᠭᠡ ᠪᠠᠷ ᠠᠬᠢᠭᠤᠯᠵᠤ᠂ ᠣᠯᠠᠨ ᠶᠠᠩᠵᠤ ᠬᠡᠯᠪᠡᠷᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠢ ᠵᠥᠷᠢᠴᠡᠯ  ᠵᠢᠭᠤᠷᠠᠯᠳᠤᠭᠠᠨ ᠢ ᠠᠷᠢᠯᠭᠠᠬᠤ ᠪᠥᠬᠦ ᠶᠠᠪᠤᠴᠠ ᠳᠤ ᠠᠭᠤᠰᠤᠯᠴᠠᠭᠤᠯᠬᠤ ᠶᠢ ᠪᠠᠷᠢᠮᠲᠠᠯᠠᠨ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠴᠢᠯᠡᠨ ᠰᠡᠷᠭᠡᠶᠢᠯᠡᠬᠦ᠂ ᠡᠶᠡᠳᠡᠭᠦᠯᠦᠨ ᠰᠢᠢᠳᠪᠦᠷᠢᠯᠡᠬᠦ ᠶᠡᠷᠦᠩᠬᠡᠶᠢᠯᠡᠭᠰᠡᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠪᠠ ᠵᠠᠬᠢᠳᠠᠯ ᠰᠣᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ᠂ ᠬᠠᠤᠯᠢ ᠶᠣᠰᠣᠭᠠᠷ ᠰᠢᠢᠳᠪᠦᠷᠢᠯᠡᠵᠦ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠪᠡᠶᠡᠯᠡᠭᠦᠯᠦᠨ᠂ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠡᠢ᠃ ᠬᠠᠤᠯᠢ ᠴᠠᠭᠠᠵᠠ ᠶᠢᠨ ᠦᠢᠯᠡᠴᠢᠯᠡᠭᠡ ᠶᠢ ᠳᠦᠷᠢᠮᠵᠢᠬᠦᠯᠤᠨ ᠪᠠᠶᠢᠭᠤᠯᠵᠤ᠂ ᠲᠣᠰᠬᠤᠨ ᠤ ᠱᠠᠲᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ᠂ ᠲᠣᠰᠬᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠰᠤᠭ ᠢ ᠪᠠᠶᠢᠭᠤᠯᠵᠤ᠂ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠬᠦᠶᠦᠯᠭᠡᠬᠦ︾ ᠪᠠᠷ ᠤᠶᠢᠯᠠᠭᠠᠬᠳᠠᠬᠤᠨ ᠪᠣᠯᠭᠠᠵᠤ᠂ ᠲᠣᠰᠬᠤᠨ ᠤ ᠱᠠᠲᠤᠨ ᠤ  ᠠᠷᠠᠳ ᠤᠨ ᠠᠮᠢᠳᠤᠷᠠᠯ ᠤᠨ ᠡᠯ᠎ᠡ ᠤᠴᠢᠷ ᠶᠠᠪᠤᠳᠠᠯ ᠳᠤ ᠨᠢᠭᠡ ᠥᠷᠲᠡᠭᠡᠴᠢᠯᠡᠭᠰᠡᠨ ᠮᠠᠶ᠋ᠢᠭ ᠤᠨ ᠣᠯᠠᠨ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠬᠢᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠪᠦᠲᠦᠮᠵᠢᠲᠡᠶ ᠨᠠᠪᠲᠠᠷᠡᠭᠦᠯᠵᠦ᠂ ︽ᠵᠥᠷᠢᠴᠡᠯ ᠢ ᠳᠡᠭᠡᠭᠰᠢ ᠲᠤᠰᠢᠶᠠᠬᠤ ᠦᠭᠡᠢ᠂ ᠠᠮᠤᠷ ᠲᠦᠪᠰᠢᠨ ᠬᠡᠷᠡᠭ  ᠭᠠᠷᠭᠠᠬᠤ ᠦᠭᠡᠢ᠂ ᠦᠢᠯᠡᠴᠢᠯᠡᠭᠡ ᠶᠢ  ᠤᠷᠤᠨᠵᠢᠭᠤᠯᠬᠤ︾ ᠶᠢ ᠦᠨᠡᠨᠬᠦ ᠪᠡᠶᠡᠯᠡᠭᠦᠯᠪᠡ᠃
               大路2.png
    ᠥᠪᠡᠷᠲᠡᠭᠡᠨ ᠵᠠᠰᠠᠬᠤ ᠪᠠᠷ ᠪᠠᠬᠢᠯᠡᠯᠲᠡ ᠶᠢ ᠪᠠᠶᠢᠭᠤᠯᠵᠤ᠂ ᠳᠣᠲᠣᠭᠠᠳᠤ ᠬᠥᠳᠡᠯᠭᠡᠭᠦ ᠬᠦᠴᠦᠨ ᠢ ᠬᠥᠭᠵᠢᠭᠡᠪᠠ   ᠳᠦᠷᠢᠮ ᠲᠣᠭᠲᠠᠭᠠᠯ ᠢ  ᠳᠤᠬᠳᠠᠭᠠᠨ ᠲᠡᠭᠦᠯᠳᠡᠷᠵᠢᠭᠦᠯᠵᠦ᠂  ᠳᠤᠰᠬᠤᠨ ᠤ ᠶᠠᠪᠤᠳᠠᠯ ᠢ ᠢᠯᠡ ᠪᠣᠯᠭᠠᠬᠤ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠯᠲᠠ ᠲᠠᠯᠪᠢᠨ ᠬᠦᠯᠢᠶᠡᠰᠤᠯᠡᠬᠦ ᠳᠦᠷᠢᠮ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠣᠰᠬᠤᠨ ᠤ ᠠᠷᠠᠳ ᠤᠨ ᠪᠡᠶ᠎ᠡ ᠪᠠᠨ ᠳᠠᠭᠠᠭᠠᠵᠤ ᠬᠡᠷᠡᠭ ᠵᠥᠪᠯᠡᠬᠦ᠂ ᠥᠪᠡᠷ ᠢ ᠪᠠᠨ ᠬᠠᠮᠢᠶᠠᠷᠬᠤ᠂ ᠥᠪᠡᠷ ᠤᠨ ᠪᠡᠶ᠎ᠡ ᠳᠡᠭᠡᠨ ᠦᠢᠯᠡᠴᠢᠯᠡᠬᠦ᠂ ᠥᠪᠡᠷ ᠤᠨ ᠪᠡᠶ᠎ᠡ ᠳᠡᠭᠡᠨ ᠬᠢᠨᠠᠯᠲᠠ ᠲᠠᠯᠪᠢᠬᠤ ᠲᠣᠭᠲᠠᠴᠠ ᠪᠠ ᠠᠷᠠᠳ ᠤᠨ ᠰᠠᠨᠠᠭ᠎ᠠ ᠶᠢ ᠬᠤᠷᠢᠶᠠᠨ ᠴᠤᠭᠯᠠᠭᠤᠯᠬᠤ᠂  ᠤᠶᠢᠯᠠᠭᠠᠯᠴᠠᠨ ᠶᠠᠷᠢᠯᠴᠠᠬᠤ᠂ ᠰᠠᠨᠠᠯ ᠢᠶᠠᠨ ᠬᠠᠷᠢᠭᠤ ᠲᠤᠰᠬᠠᠬᠤ ᠵᠡᠷᠭᠡ ᠵᠠᠭᠪᠤᠷ ᠢ ᠬᠡᠷᠡᠭᠵᠢᠭᠦᠯᠵᠦ᠂ ᠰᠢᠨ᠎ᠡ ᠮᠠᠶ᠋ᠢᠭ ᠤᠨ ᠦᠨᠳᠦᠰᠦᠨ ᠱᠠᠲᠤᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠠᠮᠢᠶᠠᠷᠤᠯᠲᠠ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠲᠣᠰᠬᠤᠨ ᠤ ᠠᠷᠠᠳ ᠤᠨ ᠲᠣᠰᠬᠤᠨ ᠤ ᠱᠠᠲᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠳᠤ ᠪᠦᠲᠦᠮᠵᠢᠲᠡᠶ ᠪᠠᠷ ᠣᠷᠤᠯᠴᠠᠬᠤ ᠶᠢ ᠪᠠᠲᠤᠯᠠᠵᠤ᠂ ᠲᠣᠰᠬᠤᠨ ᠤ ᠱᠠᠲᠤᠨ ᠤ ᠠᠵᠢᠯ ᠤᠨ ᠢᠯᠡ ᠲᠣᠳᠣ᠂ ᠲᠥᠪ ᠭᠤᠣᠯᠴᠢ᠂ ᠨᠡᠪᠳᠡᠴᠡ ᠲᠠᠢ ᠪᠠᠶᠢᠬᠤ ᠶᠢ ᠠᠬᠢᠭᠤᠯᠪᠠ᠃ ᠲᠣᠰᠬᠤᠨ ᠤ ᠳᠦᠷᠢᠮ ᠠᠷᠠᠳ ᠤᠨ ᠭᠡᠷ᠎ᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠭᠡᠷ ᠪᠦᠯᠢ ᠭᠡᠷ ᠤᠨ ᠬᠥᠮᠦᠵᠢᠯ ᠭᠡᠷ ᠤᠨ ᠰᠤᠷᠲᠠᠯ ᠤᠨ ᠬᠥᠳᠡᠭᠡ ᠲᠣᠰᠬᠤᠨ ᠤ ᠵᠠᠰᠠᠯᠲᠠ ᠳᠠᠬᠢ ᠴᠢᠬᠤᠯᠠ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠪᠠᠶᠢᠭᠤᠯᠵᠤ᠂ ᠲᠣᠰᠬᠤᠨ ᠤ ᠠᠷᠠᠳ ᠤᠨ ᠵᠥᠪᠯᠡᠯ᠂  ᠬᠤᠷᠢᠮ ᠨᠠᠶᠢᠷ ᠤᠷᠤᠰᠢᠭᠤᠯᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠵᠡᠷᠭᠡ ᠵᠣᠬᠢᠶᠠᠨ ᠪᠠᠶᠢᠭᠤᠯᠤᠯᠲᠠ ᠶᠢ ᠠᠰᠢᠭᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ  ᠤᠯᠠᠨ ᠳᠦᠮᠡᠨ ᠤ ᠳᠠᠭᠤᠷᠢᠶᠠᠯ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠲᠦᠮᠡᠨ ᠤ ᠤᠬᠠᠮᠰᠠᠷ ᠠᠴᠠ ᠪᠠᠨ ᠶᠣᠰᠣ ᠰᠤᠷᠲᠠᠬᠤᠨ ᠤ ᠤᠯᠠᠮᠵᠢᠯᠠᠭᠴᠢ ᠪᠠ ᠦᠢᠯᠡᠳᠦᠯᠭᠡᠵᠢᠭᠦᠯᠦᠭᠴᠢ ᠪᠣᠯᠬᠤ ᠶᠢ ᠢᠳᠡᠪᠬᠢᠲᠡᠢ ᠬᠥᠲᠥᠯᠥᠨ ᠵᠢᠯᠣᠭᠤᠳᠴᠠᠢ᠃   ᠶᠣᠰᠣ ᠰᠤᠷᠲᠠᠬᠤᠨ ᠢᠶᠠᠷ ᠵᠠᠰᠠᠬᠤ ᠪᠠᠷ ᠠᠷᠠᠳ ᠤᠨ ᠰᠡᠳᠬᠢᠯ ᠢ ᠨᠢᠭᠲᠠᠷᠠᠭᠤᠯᠵᠤ᠂ ᠪᠣᠯᠪᠠᠰᠤᠨ ᠰᠢᠨ᠎ᠡ ᠰᠤᠷᠲᠠᠯ ᠢ  ᠪᠤᠢ ᠪᠤᠯᠭᠠᠪᠠ   ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠦᠢᠯᠡᠳᠦᠯᠭᠡ ᠶᠢᠨ ᠦᠷᠳᠡᠭᠡ ᠬᠤᠶᠠᠷ ᠱᠠᠲᠤᠨ ᠤ ᠰᠢᠰᠲ᠋ᠧᠮ ᠢ ᠪᠦᠷᠢᠨᠰᠢᠭᠦᠯᠵᠦ᠂ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠬᠠᠷᠢᠭᠤᠯᠬᠤ᠂ ᠨᠠᠮ ᠢᠶᠠᠨ ᠲᠠᠭᠠᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠪᠣᠯᠣᠨ ᠳᠤᠮᠳᠠᠳᠤ ᠶᠢᠨ ᠬᠦᠰᠡᠯ ᠵᠡᠭᠦᠳᠦ ᠶᠢᠨ ᠳᠤᠬᠠᠢ ᠤᠬᠠᠭᠤᠯᠭ᠎ᠠ ᠬᠢᠬᠦ ᠪᠠ ᠤᠬᠠᠭᠤᠯᠤᠨ ᠲᠠᠶᠢᠯᠪᠤᠷᠢᠯᠠᠬᠤ ᠬᠥᠮᠦᠵᠢᠯ ᠢ ᠭᠦᠨᠵᠡᠭᠡᠶᠢᠷᠡᠭᠦᠯᠪᠡ᠃ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂  ᠪᠤᠯᠬᠢ ᠵᠠᠩ ᠳᠠᠳᠬᠠᠯ ᠢ ᠬᠠᠯᠠᠨ ᠥᠭᠡᠷᠡᠴᠢᠯᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠲᠣᠰᠬᠤᠨ ᠤ ᠳᠦᠷᠢᠮ ᠠᠷᠠᠳ ᠤᠨ ᠭᠡᠷ᠎ᠡ ᠪᠣᠯᠣᠨ ᠬᠥᠳᠡᠭᠡ ᠲᠣᠰᠬᠤᠨ ᠤ ᠪᠣᠯᠪᠠᠰᠤᠨ ᠤ ︽ᠬᠤᠪᠢ ᠬᠤᠷᠠᠮᠳᠤᠭᠤᠯᠬᠤ ᠳᠦᠷᠢᠮ︾  ᠢ ᠬᠡᠷᠡᠭᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠤᠶᠤᠨ ᠰᠠᠨᠠᠭ᠎ᠠ ᠪᠣᠯᠣᠨ ᠡᠳ᠋ ᠪᠣᠳᠠᠰ ᠢᠶᠠᠷ ᠤᠷᠮᠠᠰᠢᠭᠤᠯᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠶᠣᠰᠣ ᠰᠤᠷᠲᠠᠬᠤᠨ ᠢ ᠡᠷᠬᠢᠮᠯᠡᠨ ᠪᠤᠶᠠᠨ ᠦᠢᠯᠡᠳᠴᠦ᠂ ᠬᠥᠳᠡᠭᠡ ᠲᠣᠰᠬᠤᠨ ᠤ ᠵᠠᠰᠠᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠤᠬᠰᠠᠨ ᠪᠠᠶᠢᠨ᠎ᠠ᠃ ᠬᠥᠮᠦᠵᠢᠯ ᠪᠤᠯᠪᠠᠰᠤᠷᠠᠯ ᠢᠶᠠᠷ ᠶᠣᠰᠣ ᠮᠣᠷᠠᠯ ᠢ ᠪᠤᠢ ᠪᠣᠯᠭᠠᠬᠤ ᠶᠢ ᠪᠠᠷᠢᠮᠲᠠᠯᠠᠵᠤ᠂ ︽ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ  ᠰᠤᠷᠳᠠᠬᠤᠨ ᠢᠶᠠᠷ ᠵᠠᠰᠠᠬᠤ︾ ᠶᠢ ᠬᠥᠳᠡᠭᠡ ᠲᠣᠰᠬᠤᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠳᠤ ᠠᠭᠤᠰᠬᠠᠨ ᠣᠷᠣᠭᠤᠯᠵᠤ᠂ ︽ᠡᠶ᠎ᠡ ᠨᠠᠶᠢᠷᠠᠮᠳᠠᠭᠤ ᠪᠠᠶᠢᠬᠤ ᠶᠢ ᠡᠷᠬᠢᠮᠯᠡᠬᠦ︾᠂ ︽ᠭᠡᠷ ᠪᠦᠯᠢ ᠡᠶ᠎ᠡ ᠨᠠᠶᠢᠷᠠᠮᠳᠠᠭᠤ ᠪᠠᠶᠢᠪᠠᠯ ᠲᠦᠮᠡᠨ ᠬᠡᠷᠡᠭ  ᠰᠡᠳᠬᠢᠯᠴᠢᠯᠡᠨ ᠪᠦᠳᠦᠬᠦ︾ ᠦᠵᠡᠯ ᠰᠠᠨᠠᠭ᠎ᠠ ᠶᠢ ᠲᠣᠰᠬᠤᠨ ᠤ ᠠᠷᠠᠳ ᠤᠨ ᠶᠣᠰᠣ ᠮᠣᠷᠠᠯ ᠤᠨ ᠬᠢᠷᠢ  ᠳᠦᠪᠰᠢᠨ ᠢ ᠳᠡᠭᠡᠭᠰᠢᠯᠡᠭᠦᠯᠬᠦ ᠳᠡᠭᠡᠷ᠎ᠡ ᠬᠡᠷᠡᠭᠯᠡᠵᠦ᠂ ᠰᠣᠶᠣᠯ ᠤᠨ ᠬᠡᠪ ᠪᠣᠯᠪᠠᠰᠤᠷᠠᠯ ᠪᠠ ᠶᠣᠰᠣ ᠮᠣᠷᠠᠯ ᠤᠨ ᠬᠢᠷᠢ  ᠳᠦᠪᠰᠢᠨ ᠢ ᠳᠡᠭᠡᠭᠰᠢᠯᠡᠭᠦᠯᠪᠠ᠃  ᠳᠠᠭᠤᠷᠢᠶᠠᠯ  ᠢᠶᠠᠷ ᠶᠣᠰᠣ ᠰᠤᠷᠲᠠᠬᠤᠨ ᠢ ᠬᠥᠮᠥᠵᠢᠭᠦᠯᠬᠦ ᠶᠢ ᠪᠠᠷᠢᠮᠲᠠᠯᠠᠵᠤ᠂ ᠲᠣᠰᠬᠤᠨ ᠤ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠤᠬᠠᠭᠤᠯᠵᠤ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠶᠣᠰᠣ ᠰᠤᠷᠲᠠᠬᠤᠨ ᠤ ︽ᠤᠯᠠᠭᠠᠨ ᠬᠠᠷ᠎ᠠ ᠰᠠᠮᠪᠠᠷ᠎ᠠ︾  ᠳᠡᠭᠡᠷ᠎ᠠ ᠨᠡᠶᠢᠳᠡᠯᠡᠬᠦ  ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠡᠶ᠎ᠡ ᠨᠠᠶᠢᠷᠰᠠᠭ᠂ ᠪᠣᠯᠪᠠᠰᠤᠨ ᠠᠷᠪᠢᠴᠢ ᠭᠠᠮᠳᠠᠢ᠂ ᠡᠷᠡᠭᠦᠯ ᠰᠠᠷᠠᠭᠤᠯ ᠥᠭᠡᠳᠡᠷᠬᠡᠭ ᠠᠮᠢᠳᠤᠷᠠᠯ ᠤᠨ ᠣᠶᠢᠯᠠᠭᠠᠭᠳᠠᠬᠤᠨ ᠢ ᠪᠦᠷᠢᠯᠳᠦᠭᠦᠯᠵᠦ᠂ ︽ᠰᠠᠶᠢᠨ ᠢ ᠡᠷᠬᠢᠮᠯᠡᠬᠦ᠂ ᠬᠦᠨᠳᠦᠯᠡᠬᠦ᠂ ᠢᠲᠡᠭᠡᠬᠦ᠂  ᠶᠤᠰᠤ ᠵᠢᠷᠤᠮ ᠲᠠᠢ ᠪᠠᠶᠢᠬᠤ᠂ ᠠᠴᠢᠯᠠᠯ ᠡᠯᠪᠡᠷᠢᠯ ᠢ ᠬᠦᠢᠴᠡᠳᠭᠡᠬᠦ︾   ᠶᠢ ᠪᠠᠳᠠᠷᠠᠭᠤᠯᠵᠤ᠂ ᠢᠳᠡᠪᠬᠢ ᠬᠦᠴᠦᠨ ᠢ ᠤᠯᠠᠮᠵᠢᠯᠠᠵᠤ ᠪᠠᠶᠢᠨ᠎ᠠ᠃ 
ᠢᠷᠡᠯᠲᠡ᠄ ᠳ᠋ᠠ ᠯᠦ ᠪᠠᠯᠭᠠᠰᠤᠨ ᠤ ᠤᠬᠠᠭᠤᠯᠭ᠎ᠠ ᠶᠢᠨ ᠠᠯᠪᠠᠨ ᠭᠡᠷ