ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠵᠤ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ
ᠨᠡᠶᠢᠲᠡᠯᠡᠭᠰᠡᠨ ᠴᠠᠭ᠄
2022/4/2
     ᠬᠠᠪᠤᠷ ᠤᠨ ᠬᠤᠭᠤᠰ ᠪᠤᠯᠬᠤ ᠳᠤ ᠬᠠᠮᠤᠭ ᠰᠢᠪᠠᠭᠤᠳ ᠭᠠᠩᠭᠠᠷ ᠭᠤᠩᠭᠤᠷ ᠳᠤᠩᠭᠤᠳᠤᠨ ᠦᠷᠳᠡᠭᠡᠯᠡᠨ ᠪᠠᠭᠤᠨ᠎ᠠ᠃ ᠬᠠᠪᠤᠷ ᠤᠨ  ᠤᠷᠢᠬᠠᠨ ᠰᠠᠯᠬᠢᠨ ᠳᠤ ᠬᠦᠯᠳᠡᠭᠰᠡᠨ ᠭᠤᠤᠯ ᠭᠤᠷᠤᠬ᠎ᠠ ᠬᠠᠶᠢᠯᠤᠨ ᠤᠷᠤᠰᠴᠤ᠂ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠳᠤᠮᠤ ᠬᠠᠪᠴᠢᠯ ᠤᠨ ᠬᠤᠶᠠᠷ ᠲᠠᠯ᠎ᠠ ᠶᠢᠨ ᠠᠭᠤᠯᠠ ᠨᠢᠷᠤᠭᠤᠳ ᠴᠤ  ᠤᠯᠠᠮ ᠳᠤᠳᠤᠷᠬᠠᠢ ᠰᠡᠬᠦᠶᠢᠨ ᠰᠦᠨᠳᠡᠷᠯᠡᠵᠤ᠂ ᠨᠠᠮ ᠬᠥᠮ ᠪᠠᠶᠢᠬᠰᠠᠨ ᠬᠠᠲᠤᠨ ᠭᠤᠣᠯ ᠤᠨ ᠲᠠᠶᠢᠵᠢ ᠪᠤᠯᠤᠩ ᠴᠦ  ᠠᠮᠢᠵᠢᠷᠠᠯ ᠤᠨ ᠠᠭᠤᠷ ᠠᠮᠢᠰᠬᠤᠯ ᠢᠶᠠᠷ ᠪᠢᠯᠬᠠᠨ᠎ᠠ᠃ ᠠᠭᠤᠯᠠ  ᠨᠢᠷᠤᠭᠤᠳ ᠨᠢ ᠳᠡᠭᠷᠢ ᠶᠢᠨ ᠬᠢᠵᠠᠭᠠᠷ ᠲᠠᠢ ᠵᠠᠯᠭᠠᠯᠳᠤᠨ ᠬᠦᠭᠡᠷᠡᠨ ᠬᠠᠷᠠᠬᠳᠠᠵᠤ᠂ ᠡᠩᠭᠡᠷ ᠪᠠᠯ ᠢᠶᠠᠷ ᠨᠢ ᠨᠠᠪᠴᠢ ᠨᠤᠭᠤᠭ᠎ᠠ ᠴᠤᠬᠤᠶᠢᠨ᠂ ︽ᠬᠠᠪᠴᠢᠯ ᠵᠢᠯᠠᠭ᠎ᠠ ᠶᠢᠨ ᠬᠠᠪᠤᠷ ᠤᠨ ᠵᠢᠷᠤᠭ︾  ᠢᠩᠬᠢᠵᠤ ᠳᠡᠯᠭᠡᠭᠳᠡᠨ᠎ᠡ …᠃
黄河1.png
ᠤᠷᠢᠬᠠᠨ ᠬᠠᠪᠤᠷ ᠤᠨ ᠵᠡᠬᠦᠠᠭᠠᠷ  ᠨᠤᠳᠤᠭ     ᠵᠡᠭᠦᠨᠭᠠᠷ  ᠤᠨ ᠬᠠᠲᠤᠨ ᠭᠤᠣᠯ ᠤᠨ ᠳᠤᠮᠤ ᠬᠠᠪᠴᠢᠯ ᠨᠢ ᠥᠪᠥᠷ ᠮᠣᠩᠭᠤᠯ ᠱᠠᠨ ᠰᠢ ᠱᠠᠨᠰᠢ ᠶᠢᠨ ᠬᠠᠲᠤᠨ ᠭᠤᠣᠯ ᠤᠨ ᠳᠤᠮᠤ ᠬᠠᠪᠴᠢᠯ ᠤᠨ ᠵᠡᠭᠦᠨᠭᠠᠷ ᠤᠨ ᠬᠡᠰᠡᠭ ᠲᠤ ᠪᠠᠶᠢᠷᠢᠯᠠᠵᠤ᠂ ᠥᠪᠥᠷ ᠮᠣᠩᠭᠤᠯ᠂ ᠱᠠᠨ ᠰᠢ᠂ ᠱᠠᠨᠰᠢ ᠪᠣᠯᠣᠨ ᠬᠥᠬᠡᠬᠤᠲᠠ᠂ ᠪᠤᠭᠤᠲᠤ᠂ ᠣᠷᠳᠣᠰ ᠬᠤᠶᠠᠷ ᠠᠯᠲᠠᠨ ᠭᠤᠷᠪᠠᠯᠵᠢᠨ ᠬᠤᠶᠢᠭ ᠤᠨ ᠥᠷᠥᠴᠡᠨ ᠳᠤ ᠪᠠᠶᠢᠷᠢᠯᠠᠨ᠂ ᠤᠮᠠᠷᠠᠰᠢ ᠪᠠᠨ ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ  ᠴᠧᠩ ᠫᠦᠸᠧ᠂ ᠡᠮᠦᠨᠡᠰᠢ ᠪᠠᠨ ᠯᠦᠩᠺᠸᠤ ᠪᠠᠯᠭᠠᠰᠤᠨ ᠤ ᠰᠢᠶᠣᠣ ᠵᠠᠨ ᠬᠦᠷᠴᠦ᠂ ᠤᠰᠤᠨ ᠤ ᠣᠷᠣᠨ ᠨᠢ 80 ᠭᠠᠷᠤᠢ ᠺᠢᠯᠣᠮᠧᠲᠷ ᠪᠠᠶᠢᠵᠤ᠂ ᠬᠠᠲᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠣᠨᠴᠠᠯᠢᠭ ᠲᠠᠢ ᠬᠠᠪᠴᠢᠯ ᠭᠠᠵᠠᠷ ᠤᠨ ᠲᠥᠷᠬᠦ ᠲᠠᠢ ᠪᠥᠭᠡᠳ ︽ᠳᠤᠮᠳᠠᠳᠤ ᠤᠯᠤᠰ ᠤᠨ ᠬᠠᠮᠤᠭ ᠤᠨ ᠭᠤᠶᠣ ᠠᠷᠪᠠᠨ ᠳᠤᠮᠤ ᠬᠠᠪᠴᠢᠯ︾ ᠤᠨ ᠨᠢᠭᠡ ᠨᠢ ᠪᠣᠯᠣᠨ᠎ᠠ᠃  ᠳᠡᠷᠡ ᠨᠢ ᠪᠤᠳᠤᠬᠰᠠᠨ ᠰᠢᠭ᠋ ᠣᠷᠭᠢᠯᠤᠨ ᠳᠠᠪᠠᠯᠭᠠᠯᠠᠭᠰᠠᠨ ᠤᠮᠤᠬᠳᠤ ᠡᠵᠢ ᠭᠤᠣᠯ ᠪᠢᠰᠢ᠂  ᠬᠠᠷᠢᠨ  ᠨᠠᠮ ᠰᠡᠯᠡᠭᠦᠨ ᠤᠷᠤᠰᠴᠤ᠂ ᠭᠦᠨ ᠵᠢᠯᠠᠭ᠎ᠠ ᠳᠤᠩᠭᠠᠯᠠᠭ ᠨᠠᠭᠤᠷ ᠮᠡᠲᠦ ᠪᠦᠭᠡᠳ ᠶᠠᠭ ᠯᠠ ᠰᠢᠷ᠎ᠠ ᠬᠥᠷᠥᠰᠥᠲᠦ ᠥᠨᠳᠦᠷᠯᠢᠭ ᠤᠨ ᠪᠦᠰᠡᠯᠡᠭᠦᠷ ᠲᠤ ᠤᠶᠠᠭᠰᠠᠨ ᠨᠣᠮᠢᠨ ᠬᠠᠰ ᠤᠨ ᠲᠣᠷᠭᠠᠨ ᠪᠦᠰᠡ ᠰᠢᠭ ᠪᠠᠶᠢᠵᠤ᠂ ᠭᠤᠣᠯ ᠤᠨ ᠡᠷᠭᠢ ᠶᠢᠨ ᠬᠤᠶᠠᠷ ᠲᠠᠯ᠎ᠠ ᠶᠢᠨ ᠰᠦᠷᠯᠢᠭ ᠰᠠᠶᠢᠬᠠᠨ ᠠᠭᠤᠯᠠᠨ  ᠦᠵᠡᠮᠵᠢ ᠲᠠᠢ ᠨᠡᠶᠢᠯᠡᠭᠡᠳ᠂ ᠬᠠᠮᠲᠤ ᠪᠠᠷ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠷᠢᠯᠳᠦᠭᠦᠯᠦᠭᠰᠡᠨ ᠪᠠᠶᠢᠨ᠎ᠠ᠃
黄河2.png   
       ᠡᠯᠡᠰᠦ ᠰᠢᠪᠠᠷ ᠠᠬᠤᠭᠤᠯᠵᠤ ᠪᠤᠯᠠᠩᠬᠢᠷ ᠲᠠᠢ ᠳᠠᠪᠠᠯᠭᠠᠯᠠᠭᠰᠠᠨ ᠬᠠᠲᠤᠨ ᠭᠤᠣᠯ ᠶᠠᠭᠠᠬᠢᠭᠠᠳ ᠵᠡᠭᠦᠨᠭᠠᠷ ᠬᠤᠰᠢᠭᠤᠨ ᠳᠤ ᠨᠣᠮᠢᠨ ᠳᠣᠯᠭᠢᠶᠠᠨ ᠢᠶᠠᠷ ᠳᠣᠯᠭᠢᠶᠠᠯᠠᠵᠤ ᠪᠠᠶᠢᠳᠠᠭ ᠪᠣᠶ︖ ᠤᠤᠯ ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠭᠦᠨᠵᠡᠭᠡᠶᠢᠷᠡᠨ ᠬᠡᠷᠡᠭᠵᠢᠭᠦᠯᠦᠭᠳᠡᠬᠦ ᠶᠢ ᠳᠠᠭᠠᠯᠳᠤᠨ᠂ ᠬᠠᠲᠤᠨ ᠭᠤᠣᠯ ᠤᠨ ᠤᠷᠤᠰᠤᠨ ᠥᠩᠭᠡᠷᠡᠬᠦ ᠭᠠᠵᠠᠷ ᠪᠣᠯᠤᠭᠰᠠᠨ ᠵᠡᠭᠦᠨᠭᠠᠷ  ᠬᠤᠰᠢᠭᠤ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠨ ᠬᠠᠮᠠᠭᠠᠯᠠᠬᠤ ᠶᠢ ᠢᠮᠠᠭᠲᠠ ᠪᠠᠷᠢᠮᠲᠠᠯᠠᠵᠤ᠂ ᠬᠥᠷᠥᠰᠥ ᠰᠢᠷᠣᠢ ᠶᠢᠨ ᠢᠳᠡᠭᠳᠡᠯ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠵᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠪᠣᠶᠢᠵᠢᠭᠤᠯᠤᠨ ᠡᠬᠢ ᠡᠭᠦᠰᠦᠯ ᠠᠴᠠ ᠨᠢ ᠬᠥᠷᠥᠰᠥ ᠰᠢᠷᠣᠢ ᠶᠢ  ᠬᠠᠮᠠᠭᠠᠯᠠᠨ᠂ ᠳᠡᠭᠡᠳᠦ ᠳᠣᠣᠷᠠᠳᠤ ᠤᠷᠤᠰᠬᠠᠯ ᠳᠤ ᠪᠠᠶᠢᠭᠤᠯᠤᠭᠰᠠᠨ ᠴᠥᠭᠦᠷᠥᠮ ᠬᠠᠰᠢᠯᠭ᠎ᠠ ᠶᠢᠨ ᠪᠠᠷᠢᠯᠭ᠎ᠠ ᠨᠢ ᠴᠦ ᠲᠡᠩᠴᠡᠭᠦᠷᠢ ᠶᠢ ᠵᠣᠬᠢᠴᠠᠭᠤᠯᠬᠤ ᠦᠢᠯᠡᠳᠦᠯ ᠢᠶᠠᠨ ᠦᠵᠡᠭᠦᠯᠵᠦ᠂ ᠨᠢᠳᠦᠨ ᠡᠮᠦᠨᠡᠬᠢ ᠬᠠᠲᠤᠨ ᠭᠤᠣᠯ ᠤᠨ ᠤᠷᠠᠨ ᠨᠠᠷᠢᠨ ᠨᠤᠭᠤᠯᠤᠭ᠎ᠠ ᠨᠢ  ᠬᠠᠷᠢᠨ   ︽ᠥᠩᠭᠡ ᠪᠤᠳᠤᠭ ᠲᠣᠬᠢᠷᠠᠭᠤᠯᠬᠤ ᠲᠠᠪᠠᠭ︾ ᠪᠣᠯᠤᠭᠰᠠᠨ ᠪᠠᠶᠢᠨ᠎ᠠ᠃
黄河3.png    
      ᠡᠲᠡᠭᠡᠷ ᠵᠢᠯ ᠤᠳ ᠲᠤ᠂ ᠵᠡᠭᠦᠨᠭᠠᠷ ᠬᠤᠰᠢᠭᠤ ᠠᠮᠢ ᠠᠬᠤᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠳᠠᠭᠠᠤ  ᠤᠷᠤᠨ ᠤ ᠠᠵᠤ ᠦᠢᠯᠡᠰ ᠤᠨ ᠬᠥᠭᠵᠢᠯᠲᠡ ᠲᠠᠢ ᠣᠷᠭᠠᠨᠢᠭ ᠢᠶᠠᠷ ᠤᠶᠠᠯᠳᠤᠭᠤᠯᠤᠨ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠴᠢᠨᠠᠷ ᠰᠠᠶᠢᠲᠠᠢ ᠬᠥᠭᠵᠢᠯᠲᠡ ᠳᠡᠭᠡᠷ᠎ᠡ ᠦᠨᠡᠨᠬᠦ ᠢᠯᠡᠷᠡᠭᠦᠯᠵᠦ᠂ ᠠᠭᠤᠯᠠᠨ ᠳᠤᠯᠤᠭᠠᠳ ᠢ ᠨᠣᠭᠤᠭᠠᠷᠠᠭᠤᠯᠤᠨ᠂ ᠠᠷᠠᠳ ᠢᠷᠭᠡᠳ ᠢ ᠴᠦ ᠪᠠᠶᠠᠵᠢᠭᠤᠯᠤᠬᠰᠠᠨ ᠪᠠᠶᠢᠨ᠎ᠠ᠃ ᠬᠠᠲᠤᠨ ᠭᠤᠣᠯ ᠤᠨ ᠳᠤᠮᠤ ᠬᠠᠪᠴᠢᠯ᠂ ᠬᠥᠪᠴᠢ ᠶᠢᠨ ᠡᠯᠡᠰᠦᠨ ᠴᠥᠯ ᠂ ᠰᠢᠷ᠎ᠠ  ᠬᠦᠷᠤᠰᠤᠳᠤ ᠠᠭᠤᠯᠠ ᠳᠤᠪᠤᠴᠠᠭ ᠴᠢᠯᠠᠭᠤᠯᠢᠭ ᠬᠦᠷᠤᠰᠤᠳᠤ ᠳᠠᠪᠬᠤᠷᠭ᠎ᠠ ᠵᠡᠷᠭᠡ ᠥᠪᠡᠷᠮᠢᠴᠡ ᠭᠠᠵᠠᠷ ᠤᠨ ᠲᠥᠷᠬᠦ ᠵᠢᠴᠢ ᠡᠷᠲᠡᠨ ᠤ ᠠᠶᠢᠯ ᠲᠣᠰᠬᠤᠨ᠂ ᠤᠵᠠᠭᠤᠷ ᠤᠨ ᠣᠷᠳᠣ ᠴᠠᠭᠠᠨ ᠬᠡᠷᠡᠮ ᠵᠡᠷᠭᠡ ᠰᠣᠶᠣᠯ ᠤᠨ ᠡᠷᠲᠡᠨ ᠤ ᠦᠯᠡᠳᠡᠭᠳᠡᠯ ᠳᠤ ᠲᠦᠰᠢᠭᠯᠡᠨ᠂ ᠵᠡᠭᠦᠨᠭᠠᠷ  ᠬᠤᠰᠢᠭᠤ ᠳᠤᠮᠳᠠᠳᠤ ᠤᠯᠤᠰ ᠤᠨ ᠠᠩᠬᠠᠳᠠᠭᠴᠢ ᠬᠠᠲᠤᠨ ᠭᠤᠣᠯ · ᠣᠷᠳᠣ ᠴᠠᠭᠠᠨ ᠬᠡᠷᠡᠮ ᠤᠨ ᠤᠰᠤ ᠬᠠᠭᠤᠷᠠᠢ ᠶᠢᠨ ᠦᠵᠡᠮᠵᠢ ᠶᠢᠨ ᠤᠷᠤᠨ ᠢ ᠪᠠᠶᠢᠭᠤᠯᠬᠤ ᠪᠠᠷ ᠴᠢᠷᠮᠠᠶᠢᠵᠤ ᠪᠤᠢ᠃ ᠣᠳᠣᠬᠠᠨ ᠳᠤ᠂ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠤᠨ ᠦᠵᠡᠮᠵᠢ ᠶᠢᠨ ᠣᠷᠣᠨ ᠤ ᠬᠠᠭᠠᠰ ᠲᠣᠭᠠᠨ ᠤ ᠠᠵᠢᠯᠲᠠᠳ ᠨᠢ ᠴᠥᠮ ᠣᠶᠢᠷ᠎ᠠ ᠬᠠᠪᠢ ᠶᠢᠨ ᠲᠣᠰᠬᠤᠨ ᠤ ᠠᠷᠠᠳ ᠤᠳ ᠪᠠᠶᠢᠵᠤ᠂ ᠦᠵᠡᠮᠵᠢ ᠶᠢᠨ ᠣᠷᠣᠨ ᠳᠤ ᠲᠦᠰᠢᠭᠯᠡᠨ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠢᠶᠠᠨ ᠴᠦ ᠥᠷᠭᠡᠳᠬᠡᠭᠰᠡᠨ ᠪᠠᠶᠢᠨ᠎ᠠ᠃ ᠬᠤᠶᠢᠰᠢᠳᠠ᠂ ᠬᠠᠲᠤᠨ ᠭᠤᠣᠯ ᠤᠨ ᠭᠤᠣᠯ ᠰᠡᠳᠦᠪᠲᠦ ᠣᠨᠴᠠᠯᠢᠭᠲᠤ ᠵᠤᠭᠠᠴᠠᠯ ᠤᠨ ᠠᠵᠤ ᠦᠢᠯᠡᠰ ᠨᠢ ᠬᠠᠲᠤᠨ ᠭᠤᠣᠯ ᠳᠠᠭᠠᠤ  ᠤᠷᠤᠨ ᠤ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠭᠦᠷ ᠤᠨ ᠨᠢᠭᠡ  ᠨᠢ ᠪᠤᠯᠬᠤ ᠶᠤᠮ᠃ ᠠᠭᠤᠯᠠ ᠤᠰᠤᠨ ᠤ ᠰᠦᠷᠯᠢᠭ ᠪᠠᠷᠳᠠᠭᠠᠳᠤ ᠦᠵᠡᠮᠵᠢ  ᠤᠤᠭᠠᠯ ᠢᠷᠭᠡᠨ ᠮᠢᠨᠤ ᠪᠠᠭ᠋ᠠᠷᠬᠠᠯ            ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠨᠢ ᠮᠢᠩᠭᠠᠨ ᠭᠠᠯᠪᠠ ᠳᠤ ᠠᠮᠤᠷ ᠲᠦᠪᠰᠢᠨ ᠪᠠᠶᠢᠵᠤ᠂ ᠭᠤᠣᠯ ᠮᠥᠷᠡᠨ ᠨᠢ ᠲᠣᠯᠢ ᠮᠡᠲᠦ ᠳᠤᠩᠭᠠᠯᠠᠭ ᠂ ᠭᠤᠶᠣ ᠰᠠᠶᠢᠬᠠᠨ ᠥᠩᠭᠡ ᠦᠵᠡᠮᠵᠢ ᠨᠢ ᠭᠡᠵᠢᠶᠡᠳᠡ ᠨᠠᠮ ᠰᠡᠯᠡᠭᠦᠨ ᠪᠠᠶᠢᠳᠠᠭ᠃ ᠭᠤᠣᠯ ᠤᠨ  ᠬᠦᠪᠡᠭᠡᠨ ᠳᠤ ᠣᠷᠳᠣ ᠴᠠᠭᠠᠨ ᠬᠡᠷᠡᠮ ᠰᠡᠬᠦᠶᠢᠨ ᠰᠦᠨᠳᠡᠷᠯᠡᠵᠦ᠂ ᠠᠶᠢᠯ ᠲᠣᠰᠬᠤᠨ ᠳᠤ ᠨᠢ ᠡᠷᠲᠡᠨ ᠤ ᠪᠠᠭᠤᠷᠢ ᠨᠡᠶᠢᠳᠡᠮ ᠦᠵᠡᠭᠳᠡᠵᠤ ᠪᠠᠶᠢᠳᠠᠭ᠂ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠤᠨ ᠬᠠᠭᠤᠴᠢᠨ ᠵᠤᠭᠠᠴᠠᠯ ᠤᠨ ᠣᠷᠣᠨ ᠳᠤ ᠳᠠᠶᠢᠵᠢ ᠶᠢᠨ ᠪᠤᠯᠤᠩ᠂ ᠼᠦᠢ ᠵᠢᠶᠠ ᠵᠠᠢ᠂ ᠤᠰᠤᠨ ᠤ ᠰᠢᠯ ᠭᠤᠯᠭᠤᠭᠤᠷ ᠵᠠᠮ᠂ ᠬᠠᠪᠴᠢᠯ ᠤᠨ ᠤᠨᠴᠠᠯᠢᠬᠳᠤ ᠤᠷᠤᠨ ᠰᠠᠭᠤᠴᠠ᠂ ᠠᠰᠬ᠎ᠠ ᠬᠠᠳᠠᠨ ᠤ ᠳᠡᠭᠦᠵᠢᠩ ᠵᠡᠷᠭᠡ ᠣᠷᠣᠨ ᠪᠠᠭᠲᠠᠳᠠᠭ᠃ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠤᠨ ᠵᠤᠭᠠᠴᠠᠯ ᠤᠨ ᠣᠷᠣᠨ ᠪᠣᠯ ᠤᠯᠤᠰ ᠤᠨ 4A ᠲᠠᠰ ᠤᠨ  ᠵᠤᠭᠠᠴᠠᠯ ᠤᠨ ᠦᠵᠡᠮᠵᠢ ᠶᠢᠨ ᠣᠷᠣᠨ  ᠪᠤᠯᠤᠨ᠎ᠠ᠂ ᠳᠤᠮᠳᠠᠳᠤ ᠤᠯᠤᠰ ᠤᠨ ᠤᠯᠠᠮᠵᠢᠯᠠᠯᠲᠤ ᠠᠶᠢᠯ ᠲᠣᠰᠬᠤᠨ  ᠪᠤᠯᠤᠨ᠎ᠠ᠂ ︽ᠳᠤᠮᠳᠠᠳᠤ ᠤᠯᠤᠰ ᠤᠨ ᠬᠠᠮᠤᠭ ᠤᠨ ᠭᠤᠶᠣ ᠠᠷᠪᠠᠨ ᠳᠤᠮᠤ ᠬᠠᠪᠴᠢᠯ︾᠂ ︽ᠣᠷᠳᠣ ᠴᠠᠭᠠᠨ ᠬᠡᠷᠡᠮ ᠪᠣᠯᠣᠨ ᠬᠠᠲᠤᠨ ᠭᠤᠣᠯ ᠤᠨ ᠠᠭᠤᠯᠵᠠᠷ ᠭᠠᠵᠠᠷ︾ ᠵᠡᠷᠭᠡ ᠢᠷᠠᠭᠤ  ᠰᠠᠶᠢᠬᠠᠨ ᠠᠯᠳᠠᠷᠰᠢᠯ ᠲᠠᠢ ᠪᠠᠶᠢᠵᠤ᠂  ᠬᠤᠯᠠ ᠤᠶᠢᠷ᠎ᠠ ᠶᠢᠨ ᠬᠢᠨ ᠤ ᠴᠢᠬᠢᠨ ᠰᠤᠨᠤᠷ ᠲᠤ ᠬᠦᠷᠦᠭᠰᠡᠨ ᠨᠡᠷ᠎ᠠ ᠨᠡᠪᠳᠡᠴᠡ ᠲᠠᠢ ᠪᠠᠶᠢᠳᠠᠭ᠃ ᠦᠵᠡᠮᠵᠢ ᠶᠢᠨ ᠣᠷᠣᠨ ᠤ ᠳᠣᠲᠣᠷᠠᠬᠢ ᠡᠷᠲᠡᠨ ᠤ ᠲᠣᠰᠬᠤᠨ ᠼᠦᠢ ᠵᠢᠶᠠ ᠵᠠᠢ ᠪᠣᠯ ᠵᠤᠭᠠᠴᠠᠯ ᠤᠨ ᠣᠷᠣᠨ ᠤ ᠭᠤᠣᠯ ᠦᠵᠡᠮᠵᠢ ᠨᠢ ᠪᠠᠶᠢᠵᠤ᠂ 2014 ᠣᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠰᠣᠶᠣᠯ ᠤᠨ ᠶᠠᠮᠤᠨ ᠵᠡᠷᠭᠡ 6 ᠶᠠᠮᠤᠨ  ᠵᠦᠪᠯᠡᠯ ᠠᠴᠠ ᠬᠠᠮᠲᠤᠷᠠᠨ ︽ᠳᠤᠮᠳᠠᠳᠤ ᠤᠯᠤᠰ ᠤᠨ ᠤᠯᠠᠮᠵᠢᠯᠠᠯᠲᠤ ᠲᠣᠰᠬᠤᠨ︾ ᠢᠶᠠᠷ ᠦᠨᠡᠯᠡᠵᠦ᠂ ᠨᠢᠭᠡᠨᠲᠡ ᠵᠠᠭᠤ ᠳᠠᠯᠠ ᠭᠠᠷᠤᠢ ᠵᠢᠯ ᠤᠨ ᠲᠡᠦᠬᠡ ᠲᠠᠢ ᠪᠣᠯᠵᠠᠢ᠃ ᠴᠢᠯᠠᠭᠤᠨ ᠬᠠᠪᠲᠠᠰᠤ ᠪᠠᠷ ᠳᠡᠪᠢᠰᠦᠭᠳᠡᠭᠰᠡᠨ ᠭᠦᠨ ᠨᠠᠷᠢᠨ ᠬᠠᠭᠤᠴᠢᠷᠠᠬᠰᠠᠨ ᠵᠠᠮ ᠢᠶᠠᠷ ᠵᠠᠮᠨᠠᠨ᠂ ᠡᠷᠲᠡᠨ ᠤ ᠲᠣᠰᠬᠤᠨ ᠤ ᠮᠤᠷᠤᠢ ᠰᠡᠷᠤᠢ ᠬᠠᠭᠤᠴᠢᠨ ᠭᠤᠳᠤᠮᠵᠢ ᠪᠠᠷ ᠰᠡᠯᠡᠬᠦᠴᠡᠨ ᠶᠠᠪᠤᠵᠤ᠂  ᠬᠠᠭᠠᠯᠭ᠎ᠠ ᠨᠢ ᠬᠠᠭᠠᠰ ᠵᠠᠳᠠᠭᠠᠢ ᠨᠡᠭᠡᠭᠡᠭᠳᠡᠭᠰᠡᠨ ᠬᠠᠭᠤᠴᠢᠨ ᠭᠡᠷ ᠲᠤ ᠠᠯᠬᠤᠨ ᠤᠷᠤᠪᠠᠯ᠂ ᠴᠤᠬᠤᠷᠳᠠᠨ ᠡᠯᠡᠭᠳᠡᠭᠰᠡᠨ ᠨᠦᠭᠡᠨ ᠭᠡᠷ ᠤᠨ ᠴᠤᠩᠬᠤ ᠬᠠᠷᠠᠬᠳᠠᠨ᠎ᠠ᠃ ᠠᠳᠡᠬᠢ  ᠡᠳᠡᠭᠡᠷ ᠦᠵᠡᠮᠵᠢ ᠪᠠᠶᠢᠳᠠᠯ ᠨᠢ ᠵᠤᠭᠠᠴᠠᠭᠰᠠᠳ ᠲᠤ ᠡᠷᠲᠡᠨ ᠤ ᠲᠣᠰᠬᠤᠨ ᠢ ᠰᠠᠨᠠᠭᠠᠯᠵᠠᠭᠤᠯᠵᠤ ᠪᠠᠶᠢᠯ᠎ᠠ᠃ ︽ᠵᠢᠯ ᠪᠤᠯᠭᠠᠨ ᠤ  ᠵᠤᠭᠠᠴᠠᠯ ᠤᠨ ᠤᠯᠠᠷᠢᠯ ᠳᠤ ᠵᠤᠭᠠᠴᠠᠬᠰᠠᠳ  ᠵᠠᠯᠭᠠᠯᠳᠤᠭ᠎ᠠ ᠪᠠᠷ ᠴᠤᠪᠤᠷᠠᠵᠤ ᠪᠠᠶᠢᠳᠠᠭ ᠪᠥᠭᠡᠳ  ᠤᠷᠤᠨ ᠤ ᠭᠠᠳᠠᠨᠠᠬᠢ ᠮᠠᠰᠢ ᠣᠯᠠᠨ ᠵᠤᠭᠠᠴᠠᠬᠰᠠᠳ ᠤᠨ ᠠᠩᠬᠠᠷᠤᠯ ᠢ ᠲᠠᠲᠠᠵᠤ᠂  ᠵᠤᠭᠠᠴᠠᠯ ᠤᠨ ᠤᠷᠤᠨ ᠤ ᠳᠣᠲᠣᠷᠠᠬᠢ ᠰᠠᠭᠤᠷᠢ ᠲᠥᠬᠦᠭᠡᠷᠦᠮᠵᠢ ᠨᠢ ᠪᠦᠷᠢᠨ ᠲᠡᠭᠦᠯᠳᠡᠷ ᠪᠣᠯᠵᠤ᠂ ᠣᠯᠠᠨ ᠢᠶᠠᠷ ᠢᠶᠠᠨ ᠴᠦᠮ ᠮᠠᠰᠢ ᠬᠠᠨᠤᠮᠵᠢᠲᠠᠶ ᠪᠠᠶᠢᠨ᠎ᠠ︾  ᠭᠡᠮᠡᠨ ᠬᠠᠳᠤᠨ ᠭᠤᠣᠯ ᠤᠨ ᠳᠤᠮᠤ ᠬᠠᠪᠴᠢᠯ ᠤᠨ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠲᠠᠨᠢᠯᠴᠠᠭᠤᠯᠤᠨ ᠶᠠᠷᠢᠨ᠎ᠠ᠃
黄4.png    
      ᠣᠯᠠᠨ ᠲᠦᠮᠡᠨᠴᠢᠯᠡᠭᠰᠡᠨ ᠵᠤᠭᠠᠴᠠᠯ ᠤᠨ ᠴᠠᠭ ᠦᠶ᠎ᠡ  ᠳᠤ᠂ ᠠᠭᠤᠯᠠ ᠶᠢ ᠲᠦᠰᠢᠵᠦ ᠤᠰᠤ ᠶᠢ ᠬᠠᠪᠢᠳᠠᠭᠰᠠᠨ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠨᠢ ᠬᠥᠮᠥᠰ ᠤᠨ ᠭᠡᠷᠡᠯ ᠵᠢᠷᠤᠭ ᠠᠪᠬᠤ᠂ ᠶᠠᠪᠠᠭᠠᠨ ᠶᠠᠪᠤᠬᠤ᠂ ᠠᠮᠲᠠᠲᠤ ᠢᠳᠡᠭᠡᠨ ᠠᠮᠳᠠᠯᠠᠬᠤ᠂ ᠠᠷᠠᠳ ᠤᠨ ᠣᠷᠣᠨ ᠰᠠᠭᠤᠴᠠ ᠳᠤ ᠪᠠᠭᠤᠬᠤ ᠰᠡᠯᠡᠭᠦᠴᠡᠬᠦ ᠵᠡᠷᠭᠡ ᠵᠤᠭᠠᠴᠠᠯ ᠤᠨ ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠢ ᠵᠤᠭᠠᠴᠠᠯ ᠤᠨ ᠬᠠᠷᠠᠯᠳᠠᠳᠤ ᠭᠠᠵᠠᠷ ᠪᠣᠯᠵᠤ᠂ ᠵᠡᠭᠦᠨᠭᠠᠷ ᠬᠤᠰᠢᠭᠤᠨ ᠤ ᠲᠤᠬᠠᠢ ᠶᠢᠨ ᠭᠠᠵᠠᠷ ᠤᠨ       ︽ᠵᠢᠷᠭᠤᠭ᠎ᠠ ᠵᠢᠷᠭᠤᠭ᠎ᠠ ᠨᠠᠢᠮᠠ ᠨᠠᠢᠮᠠ ᠶᠢᠨ ᠳᠠᠶᠢᠯᠠᠯᠭ᠎ᠠ︾ ᠨᠢ ᠦᠵᠡᠮᠵᠢ ᠶᠢᠨ ᠣᠷᠣᠨ ᠤ ᠣᠨᠴᠠᠯᠢᠭ  ᠪᠣᠯᠵᠤ᠂ ᠵᠡᠭᠦᠨᠭᠠᠷ ᠤᠨ  ᠡᠯᠳᠡᠪ ᠠᠮᠤ᠂ ᠵᠡᠭᠦᠨᠭᠠᠷ ᠤᠨ ᠰᠡᠷᠭᠡ᠂  ᠭᠤᠤ ᠶᠤᠸᠠᠨ ᠬᠦᠢᠯᠡᠰᠦᠨ ᠴᠥᠮ᠎ᠡ ᠶᠢᠨ ᠤᠮᠳᠠᠭᠠᠨ ᠵᠡᠷᠭᠡ ᠠᠯᠢ ᠤᠯᠠᠨ ᠲᠠᠷᠢᠶᠠᠯᠠᠩ ᠤᠨ ᠪᠦᠲᠦᠭᠡᠭᠳᠡᠬᠦᠨ  ᠨᠢ  ᠬᠦᠮᠤᠰ ᠤᠨ ᠠᠪᠬᠤ ᠳᠤᠷᠠᠳᠠᠢ ᠵᠤᠭᠠᠴᠠᠯ ᠤᠨ ᠨᠡᠷᠡᠳᠤ ᠲᠠᠸᠠᠷ  ᠪᠤᠯᠤᠬᠰᠠᠨ ᠪᠠᠶᠢᠨ᠎ᠠ᠃
黄河5.png      ᠣᠯᠠᠨ ᠵᠢᠯ ᠤᠨ ᠲᠤᠷᠰᠢ᠂ ᠵᠤᠭᠠᠴᠠᠯ ᠤᠨ ᠣᠷᠣᠨ ᠨᠢ ᠬᠠᠲᠠᠭᠤ ᠳᠤᠨᠤᠬᠯᠠᠯ ᠤᠨ ᠪᠦᠲᠦᠭᠡᠨ ᠪᠠᠶᠢᠭᠤᠯᠤᠯᠲᠠ᠂ ᠵᠥᠭᠡᠯᠡᠨ  ᠳᠤᠨᠤᠬᠯᠠᠯ ᠤᠨ ᠰᠠᠶᠢᠵᠢᠷᠠᠯᠳᠠ
ᠪᠠ ᠦᠵᠡᠮᠵᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠠᠯᠢ ᠤᠯᠠᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠭᠠᠷᠭᠠᠬᠰᠠᠨ ᠪᠠᠶᠢᠳᠠᠭ᠂ ᠦᠵᠡᠮᠵᠢ ᠶᠢᠨ ᠣᠷᠣᠨ  ᠨᠢ ᠤᠤᠯ ᠤᠨ ᠤᠯᠠᠮᠵᠢᠯᠠᠯᠲᠤ ᠲᠣᠰᠬᠤᠨ ᠤ ᠰᠠᠭᠤᠷᠢᠨ ᠳᠡᠭᠡᠷ᠎ᠡ᠂ ︽ᠨᠢᠭᠡ ᠬᠦᠷᠢᠶᠡᠯᠡᠩ  ᠨᠢᠭᠡ ᠦᠢᠯᠡᠳᠬᠦᠨ᠂ ᠨᠢᠭᠡ ᠦᠷᠦᠭᠡ ᠨᠢᠭᠡ ᠦᠵᠡᠮᠵᠢ︾ ᠪᠦᠬᠦᠢ ᠥᠪᠡᠷᠮᠢᠴᠡ ᠣᠨᠴᠠᠯᠢᠭ ᠲᠠᠢ ᠵᠤᠭᠠᠴᠠᠯ ᠤᠨ ᠣᠷᠣᠨ ᠰᠠᠭᠤᠴᠠ ᠶᠢ ᠪᠠᠶᠢᠭᠤᠯᠵᠦ᠂ ᠪᠠᠷᠢᠯᠭ᠎ᠠ ᠶᠢᠨ ᠲᠠᠯᠠᠪᠠᠢ ᠨᠢ ᠪᠠᠷᠤᠭ 565 ᠲᠡᠭᠰᠢ ᠳᠥᠷᠪᠡᠯᠵᠢᠨ ᠮᠧᠲᠷ  ᠲᠤ ᠬᠦᠷᠴᠤ᠂ 14 ᠲᠠᠰᠤᠯᠭ᠎ᠠ ᠠᠷᠠᠳ ᠤᠨ ᠣᠷᠣᠨ ᠰᠠᠭᠤᠴᠠ ᠶᠢᠨ ᠦᠷᠦᠭᠡ ᠲᠠᠢ᠂ 40 ᠭᠠᠷᠤᠢ ᠬᠥᠮᠥᠨ ᠤ ᠬᠤᠨᠣᠵᠤ ᠬᠡᠪᠲᠡᠬᠦ ᠪᠠ 200 ᠬᠥᠮᠥᠨ ᠤ ᠬᠤᠭᠤᠯᠠ ᠤᠮᠳᠠ ᠶᠢ ᠬᠠᠩᠭᠠᠵᠤ ᠳᠡᠶᠢᠯᠬᠦ ᠪᠤᠯᠵᠤ᠂ ᠵᠤᠭᠠᠴᠠᠭᠰᠠᠳ ᠤᠨ ᠬᠤᠨᠣᠵᠤ ᠬᠡᠪᠲᠡᠬᠦ ᠬᠡᠷᠡᠭᠴᠡᠭᠡ ᠪᠣᠯᠣᠨ ᠬᠤᠨᠣᠵᠤ ᠬᠡᠪᠲᠡᠬᠦ ᠥᠩᠭᠡᠷᠡᠯᠲᠡ ᠶᠢ ᠭᠦᠢᠴᠡᠳ ᠬᠠᠩᠭᠠᠵᠤ ᠴᠢᠳᠠᠬᠤ ᠪᠤᠯᠤᠬᠰᠠᠨ ᠪᠠᠶᠢᠨ᠎ᠠ᠃ ᠪᠣᠶ ᠪᠦᠬᠦᠢ ᠪᠠᠷᠢᠯᠭ᠎ᠠ ᠶᠢᠨ ᠭᠠᠳᠠᠷ ᠦᠵᠡᠮᠵᠢ ᠶᠢ ᠴᠥᠮ ᠲᠤᠬᠠᠢ ᠶᠢᠨ ᠭᠠᠵᠠᠷ ᠠᠴᠠ ᠮᠠᠲ᠋ᠧᠷᠢᠶᠠᠯ ᠠᠪᠴᠤ᠂ ᠲᠤᠬᠠᠢ ᠶᠢᠨ ᠭᠠᠵᠠᠷ ᠤᠨ ᠰᠢᠷ᠎ᠠ ᠴᠢᠯᠠᠭᠤ ᠶᠢ ᠰᠢᠯᠢᠳᠡᠭᠴᠢᠯᠡᠨ ᠰᠣᠩᠭᠤᠵᠤ ᠵᠡᠷᠭᠡᠯᠡᠨ ᠪᠠᠷᠢᠵᠤ ᠂ ᠭᠡᠷ ᠳᠣᠲᠣᠷ᠎ᠠ ᠨᠢ  ᠮᠠᠩᠬᠠᠨ ᠠᠶᠠᠯᠭᠤ ᠶᠢᠨ ᠰᠣᠶᠣᠯ᠂ ᠵᠢᠭᠠᠰᠤᠨ ᠠᠵᠤ ᠠᠬᠤᠢ ᠶᠢᠨ ᠰᠣᠶᠣᠯ᠂ ᠲᠠᠷᠢᠶᠠᠯᠠᠩ ᠤᠨ ᠰᠣᠶᠣᠯ᠂ ᠬᠠᠲᠤᠨ ᠭᠤᠣᠯ ᠤᠨ ᠰᠣᠶᠣᠯ ᠵᠢᠴᠢ ᠨᠦᠬᠡᠨ ᠭᠡᠷ ᠤᠨ ᠰᠣᠶᠣᠯ ᠵᠡᠷᠭᠡ ᠭᠤᠣᠯ ᠰᠡᠳᠦᠪ ᠢ ᠠᠭᠤᠰᠬᠠᠨ ᠨᠡᠶᠢᠯᠡᠭᠦᠯᠵᠦ᠂ 2021 ᠣᠨ ᠤ 11 ᠰᠠᠷ᠎ᠠ ᠳᠤ ᠬᠠᠪᠴᠢᠯ ᠤᠨ  ᠤᠨᠴᠠᠯᠢᠬᠳᠤ ᠣᠷᠣᠨ ᠰᠠᠭᠤᠴᠠ ᠶᠢ ᠪᠥᠬᠦ ᠤᠯᠤᠰ ᠤᠨ ᠬᠥᠬᠡ ᠲᠠᠰ ᠤᠨ  ᠵᠤᠭᠠᠴᠠᠯ ᠤᠨ ᠠᠷᠠᠳ ᠤᠨ ᠣᠷᠣᠨ ᠰᠠᠭᠤᠴᠠ ᠪᠠᠷ ᠦᠨᠡᠯᠡᠨ ᠲᠣᠭᠲᠠᠭᠠᠪᠠ᠃      2021 ᠣᠨ ᠳᠤ᠂ ᠥᠪᠥᠷ ᠮᠣᠩᠭᠤᠯ ᠤᠨ ᠬᠠᠲᠤᠨ ᠭᠤᠣᠯ ᠤᠨ ᠳᠤᠬᠤᠢ ᠶᠢᠨ ᠠᠮᠢ ᠠᠬᠤᠢ ᠶᠢᠨ ᠰᠣᠶᠣᠯ ᠤᠨ  ᠵᠤᠭᠠᠴᠠᠯ ᠤᠨ ᠤᠯᠠᠷᠢᠯ ᠤᠨ ᠠᠵᠢᠯᠯᠠᠭ᠎ᠠ  ᠨᠢ ᠣᠷᠳᠣᠰ ᠬᠤᠲᠠ ᠶᠢᠨ ᠵᠡᠭᠦᠨᠭᠠᠷ ᠬᠤᠰᠢᠭᠤᠨ ᠤ ᠵᠡᠭᠦᠨᠭᠠᠷ ᠤᠨ ᠬᠠᠲᠤᠨ ᠭᠤᠣᠯ ᠤᠨ ᠳᠤᠮᠤ ᠬᠠᠪᠴᠢᠯ ᠳᠤ ᠡᠬᠢᠯᠡᠭᠰᠡᠨ ᠶᠤᠮ᠂ ᠵᠡᠭᠦᠨᠭᠠᠷ ᠬᠤᠰᠢᠭᠤᠨ ᠤ ᠬᠠᠲᠤᠨ ᠭᠤᠣᠯ ᠤᠨ ᠳᠤᠮᠤ ᠬᠠᠪᠴᠢᠯ ᠨᠢ ᠡᠬᠢᠯᠡᠯᠳᠡ ᠶᠢᠨ ᠰᠤᠩᠭᠤᠯᠳᠠ ᠶᠢᠨ ᠭᠠᠵᠠᠷ ᠪᠤᠯᠤᠬᠰᠠᠨ ᠤ ᠬᠤᠪᠢ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ  ᠵᠤᠭᠠᠴᠠᠬᠰᠠᠳ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠢᠴᠡᠳ ᠦᠵᠡᠭᠦᠯᠬᠦ ᠶᠢᠨ ᠬᠠᠮᠲᠤ ︽ᠬᠠᠲᠤᠨ ᠭᠤᠣᠯ ᠤᠨ ᠳᠤᠬᠤᠢ︾ ᠶᠢᠨ ᠠᠮᠢ ᠠᠬᠤᠢ ᠶᠢᠨ ᠰᠣᠶᠣᠯ ᠤᠨ  ᠵᠤᠭᠠᠴᠠᠯ ᠤᠨ ᠨᠠᠷᠠᠲᠤ ᠲᠡᠮᠳᠡᠭ ᠢ ᠲᠠᠰᠤᠷᠠᠯᠲᠠ ᠦᠭᠡᠢ ᠡᠬᠦᠳᠴᠤ ᠪᠠᠶᠢᠨ᠎ᠠ᠃ ︽ᠬᠠᠲᠤᠨ ᠭᠤᠣᠯ ᠤᠨ ᠳᠤᠬᠤᠢ ᠶᠢᠨ ᠭᠠᠵᠠᠷ ᠣᠷᠣᠨ ᠳᠤ ᠥᠪᠡᠷᠮᠢᠴᠡ ᠲᠠᠲᠠᠬᠤ ᠬᠦᠴᠦᠨ ᠪᠦᠬᠦᠢ ᠠᠮᠢ ᠠᠬᠤᠢ ᠶᠢᠨ ᠡᠬᠢ ᠪᠠᠶᠠᠯᠢᠭ ᠲᠠᠢ ᠪᠠᠶᠢᠳᠠᠭ᠂ ᠠᠮᠢ ᠠᠬᠤᠢ ᠶᠢ ᠬᠠᠮᠠᠭᠠᠯᠠᠬᠤ ᠪᠣᠯ  ᠵᠤᠭᠠᠴᠠᠯ ᠢ ᠨᠡᠭᠡᠭᠡᠨ ᠬᠥᠭᠵᠢᠭᠦᠯᠬᠦ ᠶᠢᠨ ᠰᠠᠭᠤᠷᠢ ᠪᠠ ᠤᠷᠢᠲᠠᠯ ᠮᠥᠨ᠂ ᠡᠨᠡᠬᠦ ᠭᠠᠵᠠᠷ ᠣᠷᠣᠨ ᠤ ᠥᠪᠡᠷᠮᠢᠴᠡ ᠪᠥᠭᠡᠳ ᠭᠦᠨ ᠵᠤᠵᠠᠭᠠᠨ ᠰᠣᠶᠣᠯ ᠤᠨ ᠡᠬᠢ ᠪᠠᠶᠠᠯᠢᠭ ᠨᠢ  ᠵᠤᠭᠠᠴᠠᠯ ᠢ ᠨᠡᠭᠡᠭᠡᠨ ᠬᠥᠭᠵᠢᠭᠦᠯᠬᠦ ᠶᠢᠨ ᠠᠮᠢᠨ ᠰᠦᠨᠡᠰᠦ  ᠶᠢ ᠪᠤᠶ ᠪᠣᠯᠭᠠᠭᠰᠠᠨ ᠪᠣᠯᠬᠤᠷ ᠪᠢᠳᠡ ᠲᠡᠭᠦᠨ ᠢ ᠰᠡᠳᠬᠢᠯ ᠲᠠᠯᠪᠢᠨ ᠠᠭᠤᠳᠠᠯᠤᠮᠠᠷ ᠪᠠᠶᠢᠨ᠎ᠠ︾ ᠭᠡᠵᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠠᠯ ᠤᠨ ᠲᠢᠩᠬᠢᠮ ᠤᠨ ᠳᠡᠳ᠋ ᠳᠠᠷᠤᠭ᠎ᠠ ᠸᠧᠢ ᡁᠢ ᠬᠦᠸᠧ ᠲᠠᠨᠢᠯᠴᠠᠭᠤᠯᠤᠨ  ᠶᠠᠷᠢᠨ᠎ᠠ᠃
黄河6.png    
      ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠦᠷᠢᠶ᠎ᠡ ᠶᠢ ᠬᠠᠩᠭᠢᠨᠠᠭᠤᠯᠬᠤ ᠶᠢ ᠳᠠᠭᠠᠯᠳᠤᠨ᠂ ᠬᠠᠲᠤᠨ ᠭᠤᠣᠯ ᠤᠨ ᠰᠣᠶᠣᠯ ᠤᠨ ᠰᠣᠳᠣᠨ ᠵᠤᠭᠠᠴᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠨᠢ ᠵᠡᠭᠦᠨᠭᠠᠷ ᠬᠤᠰᠢᠭᠤᠨ ᠤ ᠬᠠᠲᠤᠨ ᠭᠤᠣᠯ ᠢᠶᠠᠷ ᠲᠦᠰᠢᠭ ᠪᠣᠯᠭᠠᠵᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠦᠢᠯᠡᠳᠦᠯᠭᠡᠵᠢᠭᠦᠯᠬᠦ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃  ᠦᠩᠭᠡᠷᠡᠭᠰᠡᠨ ᠳᠤ ︽ᠲᠤᠯᠤᠭᠠᠨ ᠠᠭᠤᠯᠠ ᠬᠤᠶᠠᠷ ᠡᠯᠡᠰᠦ ᠨᠢᠭᠡ ᠬᠤᠪᠢ ᠲᠠᠷᠢᠶ᠎ᠠ︾ ᠲᠠᠢ ᠵᠡᠭᠦᠨᠭᠠᠷ ᠤᠳᠤ ᠬᠥᠬᠡᠮᠳᠦᠭ ᠨᠣᠭᠤᠭᠠᠨ ᠠᠭᠤᠯᠠ ᠤᠰᠤ ᠲᠠᠢ ᠪᠣᠯᠵᠤ᠂ ᠬᠠᠭᠤᠴᠢᠨ ᠳᠦᠷᠰᠦ ᠪᠠᠶᠢᠳᠠᠯ ᠨᠢ ᠰᠢᠨ᠎ᠡ ᠳᠦᠷᠰᠦ ᠪᠠᠶᠢᠳᠠᠯ ᠲᠠᠢ  ᠪᠤᠯᠤᠬᠰᠠᠨ ᠪᠠᠶᠢᠨ᠎ᠠ᠃       ︽ᠳᠠᠷᠳᠠᠩ ᠵᠠᠮ ᠢᠶᠠᠷ ᠵᠠᠮᠨᠠᠨ᠂ ᠦᠵᠡᠮᠵᠢ ᠪᠤᠯᠤᠨ ᠠᠷᠠᠳ ᠤᠨ ᠵᠠᠩ ᠳᠠᠳᠬᠠᠯ ᠢ ᠰᠣᠨᠢᠷᠬᠠᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ ᠳᠤ  ᠬᠤᠨᠤᠬᠯᠠᠨ᠂ ᠠᠷᠠᠳ ᠤᠨ ᠠᠮᠲᠠᠲᠤ ᠢᠳᠡᠭᠡᠨ ᠢ  ᠠᠮᠳᠠᠯᠠᠵᠤ᠂  ᠠᠷᠠᠳ ᠤᠨ ᠳᠠᠭᠤᠤ ᠶᠢ ᠰᠣᠨᠣᠰᠤᠨ᠂ ᠦᠯᠢᠭᠡᠷ ᠳᠣᠮᠤᠭ ᠶᠠᠷᠢᠵᠤ᠂ ᠴᠢᠨᠠᠷ ᠰᠠᠶᠢᠲᠠᠢ ᠠᠮᠢᠳᠤᠷᠠᠯ ᠢ ᠡᠳ᠋ᠯᠡᠵᠦ᠂ ᠳᠤᠮᠳᠠᠳᠤ ᠶᠢᠨ  ᠦᠨᠳᠤᠰᠤᠳᠡᠨ ᠤ ᠪᠦᠯᠬᠦᠮᠳᠡᠯ ᠨᠢᠬᠳᠠᠷᠠᠯ ᠢ ᠮᠠᠭᠲᠠᠨ ᠳᠠᠭᠤᠯᠠᠬᠤ︾ ᠨᠢ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠰᠢᠨ᠎ᠡ ᠰᠣᠩᠭᠤᠯᠲᠠ ᠪᠣᠯᠵᠤ ᠪᠠᠶᠢᠨ᠎ᠠ᠃ 
ᠢᠷᠡᠯᠲᠡ᠄ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ