ᠲᠥᠪᠯᠡᠷᠡᠯ᠄ | ᠵᠡᠭᠦᠨᠭᠠᠷ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠭ᠎ᠠ ᠪᠦᠷᠢᠳᠭᠡᠯ ᠤᠨ ᠠᠯᠪᠠᠨ ᠮᠡᠳᠡᠭᠡ | 2021 ᠣᠨ ᠳᠤ᠂ ᠬᠦᠨᠳᠦ ᠬᠡᠴᠡᠭᠦᠦ ᠪᠦᠭᠡᠳ ᠨᠠᠷᠢᠨ ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠣᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠵᠡᠷᠭᠡ ᠣᠯᠠᠨ ᠳᠠᠪᠬᠤᠷ ᠰᠢᠯᠭᠠᠯᠲᠠ ᠶᠢᠨ ᠡᠮᠦᠨ᠎ᠡ᠂ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠬᠦᠯᠵᠤ᠂ ᠲᠣᠭᠲᠠᠭᠤᠨ ᠤ | ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠨ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠬᠢᠯᠳᠡ ᠨᠢ ᠵᠢᠱᠢᠭᠰᠡᠨ ᠬᠤᠭᠤᠴᠠᠭ᠎ᠠ ᠲᠠᠢ | ᠨᠡᠶᠢᠴᠡᠭᠰᠡᠨ ᠪᠤᠶᠤ ᠴᠢᠨᠠᠬᠰᠢᠯᠠᠪᠠᠯ ᠵᠢᠱᠢᠭᠰᠡᠨ ᠬᠤᠭᠤᠴᠠᠭᠠᠨ ᠠᠴᠠ ᠰᠠᠶᠢᠨ ᠪᠠᠶᠢᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠰᠢᠨ᠎ᠡ ᠳᠡᠭᠲᠡᠷ ᠲᠤ ᠭᠠᠷᠴᠤ᠂ ᠠᠵᠤ | ᠦᠢᠯᠡᠰ ᠤᠨ ᠤᠶᠠᠨ ᠬᠠᠲᠠᠨ ᠴᠢᠨᠠᠷ ᠳᠡᠭᠡᠭᠰᠢᠯᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠨ ᠲᠡᠭᠦᠯᠳᠡᠷ ᠪᠥᠭᠡᠳ ᠪᠦᠲᠦᠮᠵᠢᠲᠡᠶ ᠪᠤᠯᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠡᠶᠡᠯᠡᠭᠦᠯᠦᠭᠰᠡᠨ ᠪᠠᠶᠢᠨ᠎ᠠ᠃ | ᠶᠡᠷᠦᠩᠬᠡᠶᠢᠯᠡᠭᠰᠡᠨ ᠠᠵᠤ ᠠᠬᠤᠢ᠄ | 2021 ᠣᠨ ᠤ ᠰᠡᠭᠦᠯᠴᠢ ᠪᠤᠯᠬᠤ ᠳᠤ ᠪᠥᠬᠦ ᠬᠤᠰᠢᠭᠤᠨ ᠤ ᠡᠷᠦᠬᠡ ᠠᠮᠠᠨ ᠳᠤᠭ᠎ᠠ ᠲᠠᠢ ᠶᠡᠷᠦᠩᠬᠡᠢ ᠬᠥᠮᠥᠨ ᠠᠮᠠ 33.47 ᠲᠦᠮᠡ ᠪᠠᠶᠢᠵᠤ᠂ ᠳᠡᠭᠡᠷ᠎ᠡ | ᠵᠢᠯ ᠤᠨ ᠡᠴᠦᠰ ᠤᠨ ᠬᠢ ᠠᠴᠠ 0.1 ᠲᠦᠮᠡᠨ ᠬᠥᠮᠥᠨ ᠨᠡᠮᠡᠭᠳᠡᠵᠡᠢ᠃ ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ᠂ 2021 ᠣᠨ ᠳᠤ ᠪᠥᠬᠦ | ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ︵GDP︶ ᠢ 1070.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠳᠤ ︽ᠮᠢᠩᠭᠠᠨ ᠳ᠋ᠦᠩᠰᠢᠭᠤᠷ ᠳᠦᠬᠦᠷᠢᠭ ᠤᠨ ᠪᠣᠳᠠᠲᠤ ᠬᠦᠴᠦᠨ ᠲᠠᠢ ᠬᠤᠰᠢᠭᠤ ᠣᠷᠣᠨ︾ ᠢ ᠤᠷᠢᠳᠠᠪᠠᠷ ᠪᠠᠶᠢᠭᠤᠯᠵᠤ᠂ | ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ 4.7% ᠪᠠᠷ ᠨᠡᠮᠡᠭᠳᠡᠪᠡ᠃ ᠪᠦᠭᠦ ᠬᠤᠰᠢᠭᠤᠨ ᠤ ᠡᠳ᠋ ᠤᠨ ᠵᠠᠰᠠᠭ ᠤᠨ ᠶᠡᠷᠦᠩᠬᠡᠢ | ᠣᠷᠣᠯᠭ᠎ᠠ 286.17 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠵᠡᠢ᠃ ᠪᠥᠬᠦ ᠬᠤᠰᠢᠭᠤ ᠪᠠᠷ ᠢᠶᠠᠨ | ᠬᠤᠲᠠ ᠪᠠᠯᠭᠠᠰᠤᠨ ᠤ 4041 ᠬᠥᠮᠥᠨ ᠳᠤ ᠰᠢᠨ᠎ᠡ ᠪᠠᠷ ᠠᠵᠢᠯ ᠣᠯᠭᠤᠪᠠ᠃ | ᠲᠠᠷᠢᠶᠠᠯᠠᠩ ᠮᠠᠯ ᠠᠵᠤ ᠠᠬᠤᠢ᠄ | 2021 ᠣᠨ ᠳᠤ ᠪᠥᠬᠦ ᠬᠤᠰᠢᠭᠤᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠶᠡᠷᠦᠩᠬᠡᠢ ᠥᠷᠲᠡᠭ ᠨᠢ 23.33 | ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠤᠯᠬᠤ ᠦᠨ᠎ᠡ ᠪᠠᠷ ᠪᠤᠳᠤᠪᠠᠯ 4.4% ᠪᠠᠷ ᠨᠡᠮᠡᠭᠳᠡᠪᠡ᠃ ᠪᠥᠬᠦ ᠵᠢᠯ ᠤᠨ ᠲᠠᠷᠢᠮᠠᠯ ᠤᠨ ᠳᠠᠷᠢᠬᠤ | ᠲᠠᠯᠠᠪᠠᠶ 46793.3 ᠾᠧᠺᠲ᠋ᠠᠷ ᠪᠠᠶᠢᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ 22.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 4.0% ᠪᠠᠷ ᠨᠡᠮᠡᠭᠳᠡᠪᠡ᠃ | ᠠᠵᠤ ᠦᠢᠯᠡᠳᠪᠦᠷᠢ᠄ | 2021 ᠣᠨ ᠤ ᠰᠡᠭᠦᠯᠴᠢ ᠪᠤᠯᠬᠤ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 111 ᠪᠣᠯᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 2.4% ᠪᠠᠷ | ᠨᠡᠮᠡᠭᠳᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠤᠷᠮ᠎ᠠ ᠨᠢ 99.9% ᠪᠣᠯᠪᠠ᠃ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠳᠤ ᠠᠩᠬᠠᠳᠠᠭᠴᠢ | ︽ᠮᠢᠩᠭᠠᠨ ᠳ᠋ᠦᠩᠰᠢᠭᠤᠷ ᠤᠨ ᠨᠡᠭᠦᠷᠡᠰᠦᠨ ᠤ ᠠᠵᠤ ᠦᠢᠯᠡᠰ ᠤᠨ ᠰᠦᠷᠦᠭᠵᠢᠯ︾ ᠢ ᠬᠠᠮᠤᠭ ᠤᠨ ᠲᠦᠷᠦᠭᠦᠨ ᠳᠤ ᠪᠣᠶᠢᠵᠢᠭᠤᠯᠤᠨ ᠭᠠᠷᠭᠠᠵᠤ᠂ ᠠᠳᠠᠯᠢ | ᠬᠤᠭᠤᠴᠠᠭᠠᠨ ᠤ ᠬᠢ ᠠᠴᠠ 70.8% ᠪᠠᠷ ᠨᠡᠮᠡᠭᠳᠡᠪᠡ᠃ ᠪᠥᠬᠦ ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠨᠢ 1361.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69.6% ᠪᠠᠷ | ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠳᠤᠭ᠎ᠠ ᠨᠢ 514.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 220. | 6% ᠪᠠᠷ ᠨᠡᠮᠡᠭᠳᠡᠪᠡ︔ᠪᠥᠬᠦ ᠨᠡᠶᠢᠭᠡᠮ ᠤᠨ ᠴᠠᠬᠢᠯᠭᠠᠨ ᠬᠡᠷᠡᠭᠯᠡᠭᠰᠡᠨ ᠬᠡᠮᠵᠢᠶ᠎ᠡ 96.76 ᠳ᠋ᠦᠩᠰᠢᠭᠤᠷ ᠭᠷᠡᠳᠦ᠋ᠰ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 2.1% ᠪᠠᠷ ᠨᠡᠮᠡᠭᠳᠡᠪᠡ᠃ | ᠪᠠᠷᠢᠯᠭ᠎ᠠ ᠶᠢᠨ ᠦᠢᠯᠡᠰ ᠄ | 2021 ᠣᠨ ᠤ ᠰᠡᠭᠦᠯᠴᠢ ᠪᠤᠯᠬᠤ ᠳᠤ ᠪᠦᠭᠦ ᠬᠤᠰᠢᠭᠤᠨ ᠤ ᠬᠢᠷᠢ ᠬᠡᠮ ᠤᠨ ᠵᠡᠷᠭᠡ ᠲᠠᠰ ᠲᠠᠢ ᠪᠠᠷᠢᠯᠭ᠎ᠠ ᠶᠢᠨ ᠠᠵᠤ ᠠᠬᠤᠶᠢᠯᠠᠯ 12 ᠪᠠᠶᠢᠵᠤ᠂ ᠪᠦᠭᠦ | ᠵᠢᠯ ᠳᠤ ᠶᠡᠷᠦᠩᠭᠡᠶᠢᠯᠡᠨ ᠳᠠᠭᠠᠭᠠᠴᠢᠯᠠᠬᠰᠠᠨ ᠪᠠ ᠳᠤᠰᠬᠠᠢ ᠳᠠᠭᠠᠭᠠᠴᠢᠯᠠᠬᠰᠠᠨ ᠪᠠᠷᠢᠯᠭ᠎ᠠ ᠶᠢᠨ ᠦᠢᠯᠡᠰ ᠤᠨ ᠶᠡᠷᠦᠩᠬᠡᠢ ᠦᠷᠲᠡᠭ ᠨᠢ 9.03 ᠳ᠋ᠦᠩᠰᠢᠭᠤᠷ | ᠲᠥᠭᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠬᠠᠨ ᠪᠠᠶᠢᠵᠤ᠂ ᠪᠠᠷᠢᠯᠭ᠎ᠠ ᠳᠠᠭᠤᠰᠤᠬᠰᠠᠨ ᠤᠶᠢᠯᠡᠳᠬᠦᠨ ᠤ ᠦᠷᠲᠡᠭ ᠨᠢ 4. | 48 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ᠄ | | 2021 ᠣᠨ ᠳᠤ᠂ ᠪᠥᠬᠦ ᠬᠤᠰᠢᠭᠤᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ | ᠬᠡᠮᠵᠢᠶ᠎ᠡ ᠨᠢ ᠪᠥᠬᠦ ᠬᠤᠲᠠ ᠳᠤ ᠳᠡᠷᠢᠬᠦᠯᠡᠵᠤ᠂ ᠠᠳᠠᠯᠢ ᠬᠤᠭᠤᠴᠠᠭᠠᠨ ᠤ ᠬᠢ ᠠᠴᠠ 17.8% ᠪᠠᠷ ᠨᠡᠮᠡᠭᠳᠡᠪᠡ᠃ ᠪᠥᠬᠦ ᠬᠤᠰᠢᠭᠤᠨ ᠤ ᠪᠦᠲᠦᠭᠡᠨ ᠪᠠᠶᠢᠭᠤᠯᠵᠤ | ᠪᠠᠶᠢᠭ᠎ᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 66 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21 ᠨᠡᠮᠡᠭᠳᠡᠵᠦ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠪᠡᠯᠡ | ᠣᠷᠣᠭᠤᠯᠤᠯᠲᠠ ᠶᠢᠨ ᠪᠥᠬᠦ ᠲᠣᠭᠠᠨ ᠤ 86.2% ᠢ ᠡᠵᠡᠯᠡᠪᠡ᠃ | ᠤᠯᠤᠰ ᠤᠨ ᠳᠣᠲᠣᠭᠠᠳᠤ ᠶᠢᠨ ᠠᠷᠠᠯᠵᠢᠶ᠎ᠠ᠄ | 2021 ᠣᠨ ᠳᠤ ᠪᠦᠭᠦ ᠬᠤᠰᠢᠭᠤᠨ ᠤ ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠤᠬᠰᠠᠨ ᠪᠦᠭᠦ ᠲᠤᠭ᠎ᠠ 105.6 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠡᠢ᠃ | ᠵᠠᠮ ᠲᠡᠭᠡᠭᠡᠪᠦᠷᠢ ᠪᠠ ᠵᠤᠭᠠᠴᠠᠯ ᠤᠨ ᠦᠢᠯᠡᠰ᠄ | 2021 ᠣᠨ ᠳᠤ ᠪᠦᠭᠦ ᠬᠤᠰᠢᠭᠤᠨ ᠤ ᠦᠷᠬᠦᠯᠵᠢᠯᠡᠨ ᠪᠠᠶᠢᠭᠤᠯᠤᠬᠰᠠᠨ ᠳᠦᠷᠤᠯ ᠵᠤᠶᠢᠯ ᠪᠠᠶᠢᠵᠤ᠂ ᠪᠦᠳᠤᠭᠡᠨ ᠪᠠᠶᠢᠭᠤᠯᠤᠯᠳᠠ ᠶᠢᠨ ᠪᠦᠬᠦ ᠤᠷᠳᠤ ᠨᠢ | 32 ᠺᠢᠯᠤᠮᠧᠲᠷ ᠲᠤ ᠬᠦᠷᠪᠡ︔ ᠰᠢᠨ᠎ᠡ ᠪᠠᠷ ᠪᠠᠶᠢᠭᠤᠯᠤᠬᠰᠠᠨ ᠳᠦᠷᠤᠯ ᠵᠤᠶᠢᠯ 6 ᠪᠠᠶᠢᠵᠤ᠂ ᠪᠦᠳᠤᠭᠡᠨ ᠪᠠᠶᠢᠭᠤᠯᠤᠯᠳᠠ ᠶᠢᠨ ᠪᠦᠬᠦ ᠤᠷᠳᠤ ᠨᠢ 81.5 | ᠺᠢᠯᠣᠮᠧᠲᠷ ᠪᠤᠢ᠃ ᠪᠥᠬᠦ ᠬᠤᠰᠢᠭᠤᠨ ᠤ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ ᠣᠷᠳᠣ ᠨᠢ 4499.2 ᠺᠢᠯᠣᠮᠧᠲᠷ ᠲᠤ ᠬᠦᠷᠴᠦ᠂ ᠡᠭᠦᠨ ᠳᠤ | ᠦᠨᠳᠤᠷ ᠬᠤᠷᠳᠤᠴᠠᠳᠤ ᠵᠠᠰᠠᠮᠠᠯ ᠵᠠᠮ ᠤᠨ ᠣᠷᠳᠣ ᠨᠢ 274.1 ᠺᠢᠯᠣᠮᠧᠲᠷ ᠲᠤ ᠬᠦᠷᠴᠡᠢ᠃ ᠲᠡᠮᠦᠷ ᠵᠠᠮ ᠤᠨ ᠲᠡᠷᠭᠡ ᠨᠡᠪᠲᠡᠷᠡᠭᠰᠡᠨ ᠵᠠᠮ ᠤᠨ ᠤᠷᠲᠤ 710 | ᠺᠢᠯᠣᠮᠧᠲᠷ ᠲᠤ ᠬᠦᠷᠪᠡ᠃ | ᠪᠥᠬᠦ ᠬᠤᠰᠢᠭᠤᠨ ᠤ ᠤᠯᠤᠰ ᠤᠨ 4A ᠲᠠᠰ ᠤᠨ ᠵᠤᠭᠠᠴᠠᠯ ᠤᠨ ᠦᠵᠡᠮᠵᠢ ᠶᠢᠨ ᠣᠷᠣᠨ 5᠂ ᠵᠢᠭᠤᠯᠴᠢᠨ ᠳᠤ ᠤᠶᠢᠯᠡᠴᠢᠯᠡᠬᠦ ᠭᠠᠵᠠᠷ ︵ᠴᠡᠭ︶ 13 | ᠪᠠᠶᠢᠵᠤ᠂ ᠣᠷᠳᠣᠰ ᠬᠤᠲᠠ ᠶᠢᠨ ᠬᠥᠳᠡᠭᠡ ᠲᠣᠰᠬᠤᠨ ᠤ ᠰᠣᠶᠣᠯ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ 8 ᠪᠣᠶ᠃ ᠪᠥᠬᠦ ᠵᠢᠯ ᠳᠤ 122.48 ᠲᠦᠮᠡᠨ | ᠬᠥᠮᠥᠨ ᠤᠳᠠᠭ᠎ᠠ ᠶᠢᠨ ᠵᠤᠭᠠᠴᠠᠭᠴᠢ ᠶᠢ ᠭᠥᠯᠢᠶᠡᠨ ᠠᠪᠴᠤ᠂ 9.98 ᠳ᠋ᠦᠩᠰᠢᠭᠤᠷ ᠲᠥᠭᠦᠷᠢᠭ ᠤᠨ ᠵᠤᠭᠠᠴᠠᠯ ᠤᠨ ᠣᠷᠣᠯᠭ᠎ᠠ ᠶᠢ ᠪᠡᠶᠡᠯᠡᠭᠦᠯᠪᠡ᠃2021 ︱ | 2023 ᠣᠨ ᠤ ︽ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ︾ ᠢᠶᠠᠷ ᠦᠨᠡᠯᠡᠭᠳᠡᠪᠡ᠃ | | | |