2022 ᠣᠨ ᠤ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/4/2
ᠡᠯ᠎ᠡ ᠬᠥᠮᠥᠨ ᠬᠡᠷᠡᠭᠯᠡᠬᠦ ᠨᠢᠭᠡᠴᠢ ᠳᠤ᠄     ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠢᠯ ᠣᠯᠬᠤ ᠬᠦᠰᠡᠯ ᠡᠷᠡᠮᠡᠯᠵᠡᠯ ᠲᠠᠢ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠨ  ᠤᠶᠤᠳᠠᠳ ᠪᠠ ᠠᠵᠢᠯ ᠠᠯᠳᠠᠭᠰᠠᠨ ᠵᠠᠯᠠᠭᠤᠴᠤᠳ ᠲᠤ ᠴᠥᠮ ᠳᠠᠳᠤᠯᠭ᠎ᠠ ᠶᠢᠨ ᠲᠣᠬᠢᠶᠠᠯ ᠣᠯᠭᠤᠨ᠂ ᠵᠣᠬᠢᠬᠤ ᠬᠤᠭᠤᠴᠠᠭᠠᠨ ᠤ ᠠᠵᠢᠯ ᠤᠨ ᠪᠠᠶᠢᠷᠢ ᠶᠢᠨ ᠪᠣᠯᠪᠠᠰᠤᠷᠠᠯ ᠪᠠ ᠦᠢᠯᠡᠳᠦᠯᠭᠡ ᠶᠢᠨ ᠴᠢᠨᠠᠷᠲᠠᠢ ᠠᠵᠢᠯᠯᠠᠭ᠎ᠠ ᠬᠢᠵᠦ᠂ ᠠᠵᠢᠯ ᠤᠨ ᠲᠤᠷᠰᠢᠯᠭ᠎ᠠ ᠬᠤᠷᠠᠮᠳᠤᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠠᠵᠢᠯ ᠣᠯᠬᠤ ᠴᠢᠳᠠᠪᠤᠷᠢ ᠶᠢ ᠨᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠵᠢᠯ ᠣᠯᠬᠤ ᠥᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠂ ᠡᠭᠦᠨ ᠤ ᠤᠯᠠᠮ ᠠᠴᠠ ᠳᠡᠭᠡᠳᠦ ᠰᠤᠷᠭᠠᠭᠤᠯᠢ ᠲᠡᠭᠦᠰᠦᠭᠰᠡᠨ ᠤᠶᠤᠳᠠᠳ ᠪᠠ ᠠᠵᠢᠯ ᠠᠯᠳᠠᠭᠰᠠᠨ ᠵᠠᠯᠠᠭᠤᠴᠤᠳ ᠤᠨ ᠭᠦᠢᠴᠡᠳ ᠠᠵᠢᠯ ᠣᠯᠬᠤ ᠶᠢ ᠠᠬᠢᠭᠤᠯᠬᠤ  ᠶᠢᠨ ᠳᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠤᠨ ᠳᠠᠳᠤᠯᠭ᠎ᠠ  ᠬᠢᠬᠦ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠮᠡᠳᠡᠭᠳᠡᠯ︾ ︵ᠥᠪᠥᠷ ᠬᠥᠮᠥᠨ ᠤ ᠬᠦᠴᠦᠨ ᠨᠡᠶᠢᠭᠡᠮ ᠲᠠᠷᠬᠠᠭᠠᠭᠰᠠᠨ ﹇2019﹈ 14  ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠵᠠᠯᠠᠭᠤᠴᠤᠳ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠢ ᠥᠷᠨᠢᠭᠦᠯᠬᠦ  ᠬᠤᠯᠪᠤᠬᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠪᠠᠷ ᠮᠡᠳᠡᠭᠳᠡᠶ᠎ᠡ᠄         ᠨᠢᠭᠡ᠂ ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ  ᠪᠠᠷ ᠮᠡᠳᠡᠭᠦᠯᠬᠦ ᠨᠥᠬᠦᠴᠡᠯ  ︵ᠨᠢᠭᠡ︶ ᠵᠡᠭᠦᠨᠭᠠᠷ ᠬᠤᠰᠢᠭᠤᠨ ᠤ ᠬᠠᠷᠢᠶ᠎ᠠ ᠣᠷᠣᠨ ᠳᠤ ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠤᠭᠰᠠᠨ᠂ ᠵᠣᠬᠢᠬᠤ  ᠭᠡᠪᠴᠢᠶᠡᠵᠢᠯ ᠲᠠᠢ ᠪᠠ ᠰᠠᠶᠢᠨ ᠰᠠᠶᠢᠬᠠᠨ ᠨᠡᠶᠢᠭᠡᠮ ᠤᠨ ᠢᠲᠡᠭᠡᠯ ᠬᠦᠨᠳᠦ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠃  ︵ᠬᠤᠶᠠᠷ︶ ᠳᠠᠳᠤᠯᠭ᠎ᠠ ᠶᠢᠨ  ᠨᠢᠭᠡᠴᠢ ᠨᠢ ᠨᠡᠯᠢᠶᠡᠳ ᠴᠢᠩᠭ᠎ᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠲᠠᠢ ᠪᠠᠶᠢᠵᠤ᠂ ᠬᠠᠤᠯᠢ ᠶᠣᠰᠣᠭᠠᠷ ᠡᠵᠡᠩᠨᠡᠵᠦ᠂ ᠳᠦᠷᠢᠮ ᠲᠣᠭᠲᠠᠭᠠᠯ ᠨᠢ ᠪᠦᠷᠢᠨ ᠲᠡᠭᠦᠯᠳᠡᠷ᠂ ᠬᠠᠮᠢᠶᠠᠷᠤᠯᠲᠠ ᠨᠢ ᠵᠢᠷᠤᠮᠵᠢᠯ ᠲᠠᠢ ᠪᠠᠶᠢᠵᠤ᠂ ᠡᠩ ᠤᠨ ᠪᠠᠶᠢᠳᠠᠯ ᠳᠤ ᠵᠢᠯ ᠪᠦᠷᠢ 10 ᠠᠴᠠ ᠳᠡᠭᠡᠭᠰᠢ  ᠳᠠᠳᠤᠯᠭ᠎ᠠ ᠬᠢᠬᠦ ᠠᠵᠢᠯ ᠤᠨ ᠪᠠᠶᠢᠷᠢ ᠬᠠᠩᠭᠠᠵᠤ᠂ ᠲᠤᠰᠬᠠᠢ ᠬᠥᠮᠥᠨ ᠲᠣᠮᠢᠯᠠᠨ  ᠳᠠᠳᠤᠯᠭ᠎ᠠ ᠬᠢᠬᠦ ᠬᠥᠮᠥᠰ ᠤᠨ ᠠᠵᠢᠯ ᠤᠨ ᠵᠢᠯᠣᠭᠤᠳᠤᠯᠭ᠎ᠠ ᠶᠢ ᠬᠠᠷᠢᠭᠤᠴᠠᠭᠤᠯᠬᠤ ᠬᠡᠷᠡᠭᠲᠡᠢ᠃ ︵ᠭᠤᠷᠪᠠ︶ ᠳᠠᠳᠤᠯᠭ᠎ᠠ ᠶᠢᠨ ᠨᠢᠭᠡᠴᠢ ᠶᠢᠨ ᠬᠠᠩᠭᠠᠭᠰᠠᠨ ᠳᠠᠳᠤᠯᠭ᠎ᠠ ᠶᠢᠨ ᠠᠵᠢᠯ ᠤᠨ ᠪᠠᠶᠢᠷᠢ ᠨᠢ ᠵᠠᠯᠠᠭᠤᠴᠤᠳ ᠤᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ ᠳᠤ ᠨᠡᠶᠢᠴᠡᠵᠦ᠂ ᠵᠣᠬᠢᠬᠤ ᠮᠡᠳᠡᠯᠭᠡ᠂ ᠮᠡᠷᠭᠡᠵᠢᠯ᠂ ᠤᠷ᠎ᠠ ᠴᠢᠳᠠᠪᠤᠷᠢ ᠶᠢᠨ ᠠᠭᠤᠯᠤᠭᠳᠠᠴᠠ ᠪᠠ ᠲᠤᠬᠠᠶᠢᠯᠠᠭᠰᠠᠨ ᠠᠵᠢᠯ ᠤᠨ ᠠᠭᠤᠯᠭ᠎ᠠ ᠲᠠᠢ ᠪᠠᠶᠢᠵᠤ᠂ ᠤᠯᠤᠰ ᠤᠨ ᠲᠣᠭᠲᠠᠭᠠᠯ ᠳᠤ ᠨᠡᠶᠢᠴᠡᠭᠰᠡᠨ ᠬᠥᠳᠡᠯᠮᠦᠷᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠪᠠ ᠬᠥᠳᠡᠯᠮᠦᠷᠢ ᠶᠢᠨ ᠠᠮᠤᠷ ᠲᠦᠪᠰᠢᠨ ᠡᠷᠡᠭᠦᠯ ᠬᠠᠮᠠᠭᠠᠯᠠᠯ ᠤᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠃   ︵ᠳᠥᠷᠪᠡ︶ ᠳᠠᠳᠤᠯᠭ᠎ᠠ ᠶᠢᠨ ᠨᠢᠭᠡᠴᠢ ᠨᠢ ᠪᠦᠷᠢᠨ ᠲᠡᠭᠦᠯᠳᠡᠷ ᠠᠵᠢᠯᠲᠠᠨ ᠠᠵᠢᠯᠴᠢᠨ ᠤ ᠪᠣᠯᠪᠠᠰᠤᠷᠠᠯ ᠬᠥᠮᠦᠵᠢᠯ ᠤᠨ  ᠳᠤᠬᠳᠠᠯᠴᠠᠭ᠎ᠠ ᠶᠢ ᠪᠦᠷᠢᠳᠦᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠪᠣᠯᠭᠠᠭᠰᠠᠨ ᠵᠠᠯᠠᠭᠤᠴᠤᠳ ᠲᠤ ᠳᠠᠳᠤᠯᠭ᠎ᠠ ᠶᠢᠨ ᠵᠢᠯᠣᠭᠤᠳᠤᠯᠭ᠎ᠠ ᠬᠢᠬᠦ ᠪᠠᠭᠰᠢ ᠶᠢᠨ ᠬᠦᠴᠦᠨ ᠪᠠ ᠲᠤᠰᠬᠠᠢ ᠮᠡᠷᠭᠡᠵᠢᠯ ᠤᠨ ᠠᠵᠢᠯᠲᠠᠨ ᠲᠠᠢ ᠪᠠᠶᠢᠵᠤ᠂ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠣᠰᠣᠭᠠᠷ ᠠᠵᠢᠯ ᠤᠨ ᠪᠠᠶᠢᠷᠢ ᠶᠢᠨ ᠪᠣᠯᠪᠠᠰᠤᠷᠠᠯ ᠬᠢᠵᠦ ᠳᠡᠶᠢᠯᠬᠦ ᠬᠡᠷᠡᠭᠲᠡᠢ᠃  ︵ᠲᠠᠪᠤ︶ ᠳᠠᠳᠤᠯᠭ᠎ᠠ ᠶᠢᠨ  ᠨᠢᠭᠡᠴᠢ ᠨᠢ  ᠳᠠᠳᠤᠯᠭ᠎ᠠ ᠬᠢᠬᠦ ᠬᠥᠮᠥᠰ ᠲᠤ ᠠᠮᠢᠳᠤᠷᠠᠯ ᠤᠨ ᠬᠡᠰᠡᠭ ᠦᠨᠳᠦᠰᠦᠨ ᠨᠥᠬᠦᠪᠦᠷᠢ ᠶᠢ ᠬᠠᠩᠭᠠᠬᠤ ᠶᠢᠨ ᠬᠠᠮᠲᠤ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠢ ᠭᠦᠢᠴᠡᠳᠬᠡᠵᠦ ᠳᠡᠶᠢᠯᠬᠦ᠃          ᠬᠤᠶᠠᠷ᠂ ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠳᠤ ᠮᠡᠳᠡᠭᠦᠯᠬᠦ  ᠮᠠᠲ᠋ᠧᠷᠢᠶᠠᠯ     ︵ᠨᠢᠭᠡ︶ ︽ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠶᠢᠨ ᠬᠢᠨᠠᠨ ᠵᠥᠪᠰᠢᠶᠡᠷᠡᠬᠦ ᠬᠦᠰᠦᠨᠦᠭᠲᠦ︾ ︵ᠳᠠᠭᠠᠯᠳᠤᠭᠤᠯᠤᠯ 1︶︔    ︵ᠬᠤᠶᠠᠷ︶ ︽ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ︵ᠳᠠᠭᠠᠯᠳᠤᠭᠤᠯᠤᠯ 2︶︔     ︵ᠭᠤᠷᠪᠠ︶ ︽ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠶᠢ ᠮᠠᠭᠠᠳᠯᠠᠨ ᠲᠣᠭᠲᠠᠭᠠᠬᠤ ᠬᠡᠯᠡᠯᠴᠡᠭᠡᠷ ᠤᠨ ᠪᠢᠴᠢᠭ︾ ︵ᠳᠠᠭᠠᠯᠳᠤᠭᠤᠯᠤᠯ 3︶︔      ︵ᠳᠥᠷᠪᠡ︶ ᠬᠠᠤᠯᠢ ᠶᠢᠨ ᠡᠷᠬᠡᠲᠡᠨ ᠤ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ᠳᠡᠪᠲᠡᠷ ᠤᠨ ᠬᠠᠭᠤᠯᠪᠤᠷᠢ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠪᠤᠶᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠤᠭᠰᠠᠨ ᠦᠨᠡᠮᠯᠡᠯ ᠤᠨ ᠬᠠᠭᠤᠯᠪᠤᠷᠢ ︵  ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠨ᠎ᠠ︶᠃      ᠳᠠᠭᠠᠯᠳᠤᠭᠤᠯᠤᠯ ᠢ ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠵᠦ ᠣᠯᠣᠭᠠᠷᠠᠢ
                                   二维码1.png
       ᠭᠤᠷᠪᠠ᠂ ᠮᠠᠭᠠᠳᠯᠠᠨ ᠲᠣᠭᠲᠠᠭᠠᠬᠤ  ᠳᠡᠰ ᠳᠠᠷᠠᠭᠠᠯᠠᠯ    ︵ᠨᠢᠭᠡ︶ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠵᠡᠭᠦᠨᠭᠠᠷ ᠬᠤᠰᠢᠭᠤᠨ ᠤ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠰᠢᠭᠤᠳ ᠭᠤᠶᠤᠴᠢᠯᠠᠯ ᠢᠶᠠᠨ ᠳᠤᠷᠠᠳᠴᠤ ᠪᠣᠯᠣᠨ᠎ᠠ᠃     ︵ᠬᠤᠶᠠᠷ︶ ᠰᠢᠯᠭᠠᠨ ᠪᠠᠶᠢᠴᠠᠭᠠᠵᠤ ᠦᠨᠡᠯᠡᠬᠦ ᠪᠠᠷ ᠳᠡᠮᠵᠢᠨ ᠳᠠᠳᠤᠯᠭ᠎ᠠ ᠶᠢᠨ ᠨᠢᠭᠡᠴᠢ ᠶᠢᠨ ᠨᠥᠬᠦᠴᠡᠯ ᠪᠠ ᠱᠠᠭᠠᠷᠳᠠᠯᠭ᠎ᠠ ᠳᠤ ᠨᠡᠶᠢᠴᠡᠪᠡᠯ᠂ ᠲᠡᠭᠦᠨ ᠲᠠᠢ ︽  ᠵᠠᠯᠠᠭᠤᠴᠤᠳ ᠤᠨ ᠳᠠᠳᠤᠯᠭ᠎ᠠ ᠶᠢᠨ ᠨᠢᠭᠡᠴᠢ ᠶᠢ ᠮᠠᠭᠠᠳᠯᠠᠨ ᠲᠣᠭᠲᠠᠭᠠᠬᠤ ᠬᠡᠯᠡᠯᠴᠡᠭᠡᠷ ᠤᠨ ᠪᠢᠴᠢᠭ︾ ︵ᠳᠠᠭᠠᠯᠳᠤᠭᠤᠯᠤᠯ 3︶ ᠲᠣᠭᠲᠠᠵᠤ᠂ ᠬᠤᠯᠪᠤᠬᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠩᠬᠢᠨᠢ ᠪᠠᠷ ᠫᠠᠶᠢᠰᠠ ᠣᠯᠭᠤᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠂ ᠳᠠᠳᠤᠯᠭ᠎ᠠ ᠶᠢᠨ  ᠨᠢᠭᠡᠴᠢ ᠶᠢᠨ ᠫᠠᠶᠢᠰᠠ ᠡᠯᠭᠦᠬᠦ ᠬᠤᠭᠤᠴᠠᠭ᠎ᠠ ᠨᠢ ᠡᠩ ᠤᠨ ᠪᠠᠶᠢᠳᠠᠯ ᠳᠤ ᠭᠤᠷᠪᠠᠨ ᠵᠢᠯ ᠪᠣᠯᠣᠨ᠎ᠠ᠃       ᠳᠥᠷᠪᠡ᠂  ᠳᠠᠳᠤᠯᠭ᠎ᠠ ᠬᠢᠬᠦ ᠬᠥᠮᠥᠰ ᠤᠨ ᠬᠡᠪᠴᠢᠶ᠎ᠡ  ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠠᠴᠠ ᠲᠡᠭᠦᠰᠦᠭᠰᠡᠨ  ᠤᠶᠤᠳᠠᠨ ᠪᠠ 16 ︱ 24 ᠨᠠᠰᠤᠨ ᠤ ᠠᠵᠢᠯ ᠠᠯᠳᠠᠭᠰᠠᠨ ᠵᠠᠯᠠᠭᠤᠴᠤᠳ᠃     ᠲᠠᠪᠤ᠂ ᠳᠠᠳᠤᠯᠭ᠎ᠠ ᠶᠢᠨ ᠬᠤᠭᠤᠴᠠᠭ᠎ᠠ ᠪᠠ ᠨᠥᠬᠦᠪᠦᠷᠢ ᠶᠢᠨ ᠪᠠᠷᠢᠮᠵᠢᠶ᠎ᠠ   ︵ᠨᠢᠭᠡ︶ ᠳᠠᠳᠤᠯᠭ᠎ᠠ ᠶᠢᠨ ᠬᠤᠭᠤᠴᠠᠭ᠎ᠠ   ᠶᠡᠷᠦ ᠳᠡᠭᠡᠨ 3—12 ᠰᠠᠷ᠎ᠠ ᠪᠠᠶᠢᠳᠠᠭ᠃   ︵ᠬᠤᠶᠠᠷ︶ ᠨᠥᠬᠦᠪᠦᠷᠢ ᠥᠭᠬᠦ ᠪᠠᠷᠢᠮᠵᠢᠶ᠎ᠠ   ᠳᠠᠳᠤᠯᠭ᠎ᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 990 ᠲᠥᠭᠦᠷᠢᠭ  ᠳᠤᠬᠢᠷᠠᠭᠤᠯᠵᠤ᠂ ᠳᠠᠳᠤᠯᠭ᠎ᠠ ᠶᠢᠨ ᠠᠵᠢᠯᠲᠠᠨ ᠤ ᠳᠠᠳᠤᠯᠭ᠎ᠠ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠦᠯᠡᠳᠡᠭᠡᠨ ᠬᠡᠷᠡᠭᠯᠡᠬᠦ ᠨᠣᠷᠮ᠎ᠠ ᠶᠢ 50% ᠠᠴᠠ ᠳᠡᠭᠡᠭᠰᠢ ᠳᠤ  ᠬᠦᠷᠭᠡᠵᠤ᠂ ᠦᠯᠡᠳᠡᠭᠡᠨ ᠬᠡᠷᠡᠭᠯᠡᠬᠦ ᠠᠵᠢᠯᠲᠠᠨ ᠤ ᠨᠥᠬᠦᠪᠦᠷᠢ ᠶᠢᠨ ᠪᠠᠷᠢᠮᠵᠢᠶ᠎ᠠ ᠶᠢ ᠬᠥᠮᠥᠨ ᠪᠦᠷᠢ ᠰᠠᠷ᠎ᠠ ᠳᠤ 1188 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃       ᠵᠢᠷᠭᠤᠭ᠎ᠠ᠂  ᠳᠠᠳᠤᠯᠭ᠎ᠠ ᠶᠢᠨ ᠨᠥᠬᠦᠪᠦᠷᠢ ᠶᠢᠨ ᠮᠠᠲ᠋ᠧᠷᠢᠶᠠᠯ ᠢ ᠮᠡᠳᠡᠭᠦᠯᠬᠦ   ︵ᠨᠢᠭᠡ︶ ︽ᠵᠠᠯᠠᠭᠤᠴᠤᠳ ᠤᠨ ᠳᠠᠳᠤᠯᠭ᠎ᠠ ᠶᠢᠨ ᠬᠡᠯᠡᠯᠴᠡᠭᠡᠷ ᠤᠨ ᠪᠢᠴᠢᠭ︾ ︵ᠳᠠᠭᠠᠯᠳᠤᠭᠤᠯᠤᠯ 6︶︔  ︵ᠬᠤᠶᠠᠷ︶ ︽ᠵᠠᠯᠠᠭᠤᠴᠤᠳ ᠤᠨ ᠳᠠᠳᠤᠯᠭ᠎ᠠ ᠶᠢᠨ ᠬᠤᠭᠤᠴᠠᠭ᠎ᠠ ᠳᠦᠭᠦᠷᠦᠭᠰᠡᠨ ᠢ ᠬᠢᠨᠠᠨ ᠰᠢᠯᠭᠠᠵᠤ ᠬᠢᠨᠠᠨ ᠲᠣᠭᠲᠠᠭᠠᠬᠤ ᠬᠦᠰᠦᠨᠦᠭᠲᠦ︾ ︵ᠳᠠᠭᠠᠯᠳᠤᠭᠤᠯᠤᠯ 7︶︔  ︵ᠭᠤᠷᠪᠠ︶ ︽ᠵᠠᠯᠠᠭᠤᠴᠤᠳ ᠤᠨ ᠳᠠᠳᠤᠯᠭ᠎ᠠ ᠶᠢᠨ ᠬᠥᠮᠥᠰ ᠤᠨ ᠦᠨᠳᠦᠰᠦᠨ ᠠᠮᠢᠳᠤᠷᠠᠯ ᠤᠨ ᠨᠥᠬᠦᠪᠦᠷᠢ ᠭᠤᠶᠤᠴᠢᠯᠠᠬᠤ ᠬᠦᠰᠦᠨᠦᠭᠲᠦ︾ ︵ᠳᠠᠭᠠᠯᠳᠤᠭᠤᠯᠤᠯ 8︶︔   ︵ᠲᠤᠶᠢᠷᠪᠡ︶  ᠪᠠᠶᠢᠭᠤᠯᠭ᠎ᠠ ᠨᠢᠭᠡᠴᠢ ᠶᠢᠨ ᠬᠠᠳᠠᠭᠠᠯᠠᠮᠵᠢ ᠶᠢᠨ ᠳᠠᠩᠰᠠ ᠪᠠᠶᠢᠭᠤᠯᠤᠬᠰᠠᠨ ᠵᠥᠪᠰᠢᠶᠡᠷᠡᠯ ᠤᠨ ᠦᠨᠡᠮᠯᠡᠯ︔  ︵ᠲᠠᠪᠤ︶  ᠳᠠᠳᠤᠯᠭ᠎ᠠ ᠬᠢᠭᠰᠡᠨ ᠬᠥᠮᠥᠰ ᠤᠨ ᠨᠡᠷ᠎ᠡ᠂ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠰᠤᠷᠤᠯᠭ᠎ᠠ ᠲᠡᠭᠦᠰᠦᠭᠰᠡᠨ ᠦᠨᠡᠮᠯᠡᠯ ᠤᠨ ᠬᠠᠭᠤᠯᠪᠤᠷᠢ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠨ ᠲᠡᠮᠳᠡᠭᠯᠡᠬᠦ ᠬᠦᠰᠦᠨᠦᠭᠲᠦ᠂ ᠴᠠᠯᠢᠩ ᠤᠨ ᠬᠦᠰᠦᠨᠦᠭᠲᠦ᠂ ᠬᠥᠮᠥᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠳᠤᠯ ᠤᠨ ᠳᠠᠭᠠᠳᠬᠠᠯ ᠤᠨ ᠬᠠᠭᠤᠳᠠᠰᠤ ᠶᠢᠨ ᠬᠠᠭᠤᠯᠪᠤᠷᠢ᠂ ᠳᠠᠳᠤᠯᠭ᠎ᠠ ᠶᠢᠨ ᠬᠤᠭᠤᠴᠠᠭ᠎ᠠ ᠳᠦᠭᠦᠷᠴᠤ  ᠦᠯᠡᠳᠡᠭᠡᠨ ᠭᠡᠷᠡᠭᠯᠡᠬᠦ ᠬᠤᠯᠪᠤᠬᠳᠠᠯ  ᠪᠦᠬᠦᠢ ᠭᠡᠷᠡᠴᠢ ᠮᠠᠲ᠋ᠧᠷᠢᠶᠠᠯ ᠵᠡᠷᠭᠡ ᠃  ︵ᠵᠢᠷᠭᠤᠭ᠎ᠠ︶  ᠳᠠᠳᠤᠯᠭ᠎ᠠ ᠶᠢᠨ ᠨᠢᠭᠡᠴᠢ ᠬᠢᠭᠡᠳ  ᠳᠠᠳᠤᠯᠭ᠎ᠠ ᠬᠢᠭᠰᠡᠨ ᠬᠥᠮᠥᠰ ︽ᠵᠠᠯᠠᠭᠤᠴᠤᠳ ᠤᠨ  ᠳᠠᠳᠤᠯᠭ᠎ᠠ ᠬᠢᠬᠦ ᠬᠡᠯᠡᠯᠴᠡᠭᠡᠷ ᠤᠨ ᠪᠢᠴᠢᠭ︾ ᠲᠣᠭᠲᠠᠭᠰᠠᠨ 30 ᠡᠳᠦᠷ ᠤᠨ ᠳᠣᠲᠣᠷ᠎ᠠ᠂ ᠡᠷᠬᠡᠪᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠢᠩᠬᠢᠮ ᠳᠤ ᠭᠠᠷᠬᠤ ᠬᠡᠷᠡᠭᠲᠡᠢhttp://nmgrs.12333k.cn:8083/comcalogin/#/comcalogin     ᠠᠵᠢᠯ ᠣᠯᠬᠤ ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ   ᠳᠠᠭᠠᠯᠳᠤᠭᠤᠯᠤᠯ ᠢ ᠳᠣᠣᠷ᠎ᠠ ᠲᠠᠯ᠎ᠠ ᠶᠢᠨ ᠬᠤᠶᠠᠷ ᠬᠡᠮᠵᠢᠯᠲᠦ ᠺᠣᠳ᠋ ᠢ ᠰᠢᠷᠪᠢᠵᠦ ᠣᠯᠣᠭᠠᠷᠠᠢ
                              二维码2.png
     ᠳᠠᠳᠤᠯᠭ᠎ᠠ ᠶᠢᠨ ᠨᠥᠬᠦᠪᠦᠷᠢ ᠶᠢ ᠬᠤᠯᠪᠤᠬᠳᠠᠯ ᠪᠦᠬᠦᠢ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠲᠣᠭᠲᠠᠭᠠᠯ ᠶᠣᠰᠣᠭᠠᠷ ᠪᠠᠶᠢᠭᠤᠯᠭ᠎ᠠ  ᠨᠢᠭᠡᠴᠢ ᠶᠢᠨ ᠪᠠᠩᠬᠢ ᠳᠤ ᠨᠡᠭᠡᠭᠡᠭᠰᠡᠨ ᠦᠨᠳᠦᠰᠦᠨ ᠲᠠᠩᠰᠠᠨ ᠳᠤ ᠥᠭᠬᠦ ᠬᠡᠷᠡᠭᠲᠡᠢ᠃      ᠳᠣᠯᠤᠭ᠎ᠠ᠂ ᠦᠨᠡᠯᠡᠨ ᠵᠢᠱᠢᠵᠦ  ᠬᠢᠨᠠᠨ ᠰᠢᠯᠭᠠᠬᠤ  ︵ᠨᠢᠭᠡ︶ ᠵᠡᠭᠦᠨᠭᠠᠷ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠳᠠᠳᠤᠯᠭ᠎ᠠ ᠶᠢᠨ ᠨᠢᠭᠡᠴᠢ ᠳᠤ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠯᠲᠠ᠂ ᠬᠢᠨᠠᠨ ᠵᠢᠯᠣᠭᠤᠳᠤᠯᠭ᠎ᠠ ᠪᠠ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠯᠲᠡ ᠪᠠᠷ ᠳᠡᠮᠵᠢᠨ ᠳᠠᠳᠤᠯᠭ᠎ᠠ ᠶᠢᠨ ᠱᠠᠭᠠᠷᠳᠠᠯᠭ᠎ᠠ ᠳᠤ ᠬᠦᠷᠬᠦ ᠦᠭᠡᠢ ᠨᠢᠭᠡᠴᠢ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠵᠤ᠂ ᠵᠠᠯᠭᠠᠪᠡᠷ 2 ᠤᠳᠠᠭ᠎ᠠ ᠦᠨᠡᠯᠡᠨ ᠵᠢᠱᠢᠯᠲᠡ ᠪᠠᠷ ᠱᠠᠭᠠᠷᠳᠠᠯᠭ᠎ᠠ ᠳᠤ ᠬᠦᠷᠬᠦ ᠦᠭᠡᠢ ᠪᠣᠯ ᠳᠠᠳᠤᠯᠭ᠎ᠠ ᠶᠢᠨ  ᠨᠢᠭᠡᠴᠢ ᠶᠢᠨ ᠬᠢᠷᠢ ᠬᠡᠮ ᠢ ᠨᠢ ᠬᠠᠰᠤᠨ᠎ᠠ᠃   ︵ᠬᠤᠶᠠᠷ︶ ᠨᠢᠭᠡ ᠵᠢᠯ ᠦᠩᠭᠡᠷᠡᠳᠡᠯ᠎ᠠ ᠳᠠᠳᠤᠯᠭ᠎ᠠ ᠶᠢᠨ ᠠᠵᠢᠯ ᠤᠨ ᠪᠠᠶᠢᠷᠢ ᠬᠠᠩᠭᠠᠭᠰᠠᠨ ᠦᠭᠡᠢ ᠪᠠ ᠳᠠᠳᠤᠯᠭ᠎ᠠ ᠶᠢᠨ ᠠᠵᠢᠯ ᠥᠷᠨᠢᠭᠦᠯᠦᠭᠰᠡᠨ ᠦᠭᠡᠢ  ᠨᠢᠭᠡᠴᠢ ᠶᠢᠨ ᠳᠠᠳᠤᠯᠭ᠎ᠠ ᠶᠢᠨ  ᠨᠢᠭᠡᠴᠢ ᠶᠢᠨ ᠬᠢᠷᠢ ᠬᠡᠮ ᠢ ᠨᠢ ᠬᠠᠰᠤᠨ᠎ᠠ᠃  ︵ᠭᠤᠷᠪᠠ︶  ᠳᠠᠳᠤᠯᠭ᠎ᠠ ᠬᠢᠬᠦ ᠬᠥᠮᠥᠰ ᠤᠨ ᠲᠤᠭ᠎ᠠ ᠵᠢᠴᠢ  ᠳᠠᠳᠤᠯᠭ᠎ᠠ ᠬᠢᠬᠦ ᠦᠶᠡᠯᠡᠯ ᠤᠨ ᠬᠤᠭᠤᠴᠠᠭ᠎ᠠ ᠶᠢ ᠬᠤᠳᠠᠯ ᠢᠶᠠᠷ ᠮᠡᠳᠡᠭᠦᠯᠦᠭᠰᠡᠨ᠂  ᠳᠠᠳᠤᠯᠭ᠎ᠠ ᠶᠢᠨ ᠨᠥᠬᠦᠪᠦᠷᠢ ᠪᠡᠯᠡ ᠮᠥᠩᠭᠦ ᠶᠢ ᠮᠡᠬᠡᠯᠡᠨ ᠠᠪᠤᠭᠰᠠᠨ᠂ ᠤᠬᠠᠭᠠᠯᠠᠨ ᠠᠪᠤᠭᠰᠠᠨ ᠵᠡᠷᠭᠡ ᠬᠠᠤᠯᠢ ᠰᠠᠬᠢᠯᠭ᠎ᠠ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠲᠣᠳᠣᠯᠠᠭᠰᠠᠨ ᠤ ᠳᠠᠷᠠᠭ᠎ᠠ᠂  ᠳᠠᠳᠤᠯᠭ᠎ᠠ ᠶᠢᠨ ᠨᠢᠭᠡᠴᠢ ᠶᠢᠨ ᠬᠢᠷᠢ ᠬᠡᠮ ᠢ ᠬᠦᠴᠦᠨ ᠦᠭᠡᠢ ᠪᠣᠯᠭᠠᠵᠤ᠂  ᠬᠤᠯᠪᠤᠬᠳᠠᠯ ᠪᠦᠬᠦᠢ  ᠨᠢᠭᠡᠴᠢ ᠵᠢᠴᠢ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠦᠨ᠎ᠡ᠃     ᠨᠠᠢᠮᠠ᠂ ᠬᠠᠷᠢᠯᠴᠠᠬᠤ ᠠᠷᠭ᠎ᠠ ᠬᠡᠯᠪᠡᠷᠢᠬᠠᠷᠢᠯᠴᠠᠬᠤ ᠬᠥᠮᠥᠨ᠄ ᠯᠢᠦ ᠹᠧᠩᠬᠠᠷᠢᠯᠴᠠᠬᠤ ᠤᠲᠠᠰᠤ᠄ 0477- 4891373ᠬᠠᠶ᠋ᠢᠭ᠄ ᠵᠡᠭᠦᠨᠭᠠᠷ ᠬᠤᠰᠢᠭᠤᠨ ᠤ ᠰᠢᠤᠸᠠᠢ ᠵᠢᠶᠠ ᠸᠠᠨ ᠪᠠᠯᠭᠠᠰᠤᠨ ᠤ ᠱᠢ ᠵᠢᠢ ᠳᠤᠮᠳᠠᠳᠤ ᠰᠤᠷᠭᠠᠭᠤᠯᠢ ᠶᠢᠨ ᠵᠡᠭᠦᠨ ᠲᠠᠯ᠎ᠠ ᠶᠢᠨ ᠳᠠᠬᠢᠨ ᠠᠵᠢᠯ ᠣᠯᠭᠤᠬᠤ ᠲᠣᠮᠣ ᠠᠰᠠᠷ ᠤᠨ ᠭᠤᠷᠪᠠᠳᠤᠭᠠᠷ  ᠳᠠᠪᠬᠤᠷᠯᠢᠭ ᠤᠨ 320 ᠳ᠋ᠤᠭᠠᠷ ᠥᠷᠥᠭᠡ                                             ᠵᠡᠭᠦᠨᠭᠠᠷ ᠬᠤᠰᠢᠭᠤᠨ ᠤ ᠠᠵᠢᠯ ᠣᠯᠭᠤᠯᠳᠠ ᠶᠢᠨ ᠦᠢᠯᠡᠴᠢᠯᠡᠭᠡᠨ ᠤ ᠲᠥᠪ                                             2022 ᠣᠨ ᠤ 3 ᠰᠠᠷ᠎ᠠ ᠶᠢᠨ 24
ᠢᠷᠡᠯᠲᠡ᠄ ᠵᠡᠭᠦᠨᠭᠠᠷ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ