ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ᠄ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠵᠤ ᠳᠤᠰᠬᠤᠨ   ᠢᠶᠠᠨ ᠭᠤᠶᠤᠵᠢᠭᠤᠯᠤᠨ ᠠᠷᠠᠳ ᠢ  ᠴᠢᠨᠡᠭᠡᠯᠢᠭᠵᠢᠬᠦᠯᠤᠨ᠎ᠠ
ᠨᠡᠶᠢᠲᠡᠯᠡᠭᠰᠡᠨ ᠴᠠᠭ᠄
2022/4/21
      ᠳ᠋ᠠ ᠯᠦ ᠪᠠᠯᠭᠠᠰᠤ ᠶᠢᠨ ᠰᠢᠶᠣᠣ ᠲᠠᠨ ᠽᠢ ᠲᠣᠰᠬᠤᠨ ᠨᠢ ᠵᠡᠭᠦᠨᠭᠠᠷ ᠬᠤᠰᠢᠭᠤᠨ ᠤ ᠵᠡᠭᠦᠨ ᠪᠡᠶ᠎ᠡ ᠶᠢᠨ ᠬᠠᠳᠤᠨ ᠭᠤᠣᠯ ᠤᠨ ᠬᠥᠪᠡᠭᠡᠨ ᠳᠤ ᠪᠠᠶᠢᠷᠢᠯᠠᠵᠤ᠂ ᠡᠵᠢ ᠭᠤᠣᠯ ᠤᠨ ᠰᠢᠮ᠎ᠡ ᠲᠡᠵᠢᠭᠡᠯ ᠢ ᠬᠦᠷᠲᠡᠨ᠎ᠠ᠂ ᠠᠳᠡᠬᠢ ᠬᠥᠮᠥᠰ ᠠᠵᠢᠯᠴᠢ ᠬᠥᠳᠡᠯᠮᠦᠷᠢᠴᠢ ᠴᠠᠶᠢᠯᠭᠠᠨ ᠰᠡᠳᠬᠢᠯ ᠲᠠᠢ ᠪᠠᠶᠢᠵᠤ᠂ ᠦᠶ᠎ᠡ ᠤᠯᠠᠷᠢᠨ ᠭᠤᠣᠯ ᠤᠨ  ᠲᠠᠩ  ᠤᠨ ᠮᠢᠩᠭᠠᠨ ᠮᠦ ᠥᠩ ᠰᠢᠮᠡᠯᠢᠭ ᠬᠥᠷᠥᠰᠥ ᠪᠣᠯᠣᠨ ᠨᠣᠮᠢᠨ ᠳᠣᠯᠭᠢᠶᠠᠨ ᠳᠣᠯᠭᠢᠶᠠᠯᠠᠭᠰᠠᠨ  ᠨᠡᠯᠦᠭᠡᠷ ᠰᠠᠶᠢᠬᠠᠨ ᠤᠰᠤᠨ ᠣᠷᠣᠨ ᠳᠤ ᠲᠦᠰᠢᠭᠯᠡᠨ ᠤᠷᠤᠰᠢᠨ‌ᠠᠮᠢᠳᠤᠷᠠᠳᠠᠭ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠤᠰᠤ ᠴᠠᠬᠢᠯᠭᠠᠨ ᠵᠠᠮ ᠮᠡᠳᠡᠭᠡ ᠵᠠᠩᠭᠢ ᠵᠡᠷᠭᠡ ᠰᠠᠭᠤᠷᠢ ᠲᠥᠬᠦᠭᠡᠷᠦᠮᠵᠢ ᠶᠢᠨ ᠤᠯᠠᠮ ᠴᠢᠨᠠᠭᠰᠢᠳᠠ ᠲᠡᠭᠦᠯᠳᠡᠷᠵᠢᠬᠦ ᠶᠢ ᠳᠠᠭᠠᠯᠳᠤᠨ᠂ ᠵᠠᠮ ᠬᠠᠷᠢᠯᠴᠠᠭ᠎ᠠ ᠲᠦᠭᠦᠮ᠂ ᠣᠷᠣᠨ ᠪᠠᠶᠢᠷᠢ ᠶᠢᠨ ᠳᠠᠪᠠᠭᠤᠯᠢᠭ ᠢᠶᠠᠷ ᠢᠯᠡᠷᠬᠡᠢ ᠰᠢᠶᠣᠣ ᠲᠠᠨ ᠽᠢ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢᠨ ᠤ  ᠡᠷᠴᠢᠨ ᠳᠤ᠂ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ  ᠤᠶᠢᠯᠡᠰ ᠪᠠ ᠤᠰᠤᠨ ᠲᠤᠲᠤᠷᠭ᠎ᠠ ᠵᠢᠨ‌ᠣᠨᠴᠠᠯᠢᠭᠲᠤ ᠲᠠᠷᠢᠮᠠᠯ ᠢ ᠬᠥᠭᠵᠢᠭᠦᠯᠬᠦ ᠪᠠᠷ ᠲᠥᠯᠥᠪᠵᠢᠭᠦᠯᠦᠭᠰᠡᠨ ᠪᠥᠭᠡᠳ  ᠳᠤᠰ ᠳᠤᠰᠬᠤᠨ ᠢᠶᠠᠷ ᠥᠩᠭᠡᠷᠡᠬᠦ ᠵᠤᠭᠠᠴᠠᠯ ᠤᠨ ᠱᠤᠭᠤᠮ ᠳᠡᠭᠡᠷ᠎ᠡ ᠲᠠᠷᠢᠶᠠᠴᠢᠨ ᠠᠶᠢᠯ ᠤᠨ ᠪᠠᠶ᠋ᠰᠤᠯ᠂ ᠵᠢᠭᠠᠰᠤᠴᠢᠨ ᠠᠶᠢᠯ ᠤᠨ ᠪᠠᠶᠠᠰᠤᠯ ᠢ ᠪᠠᠶᠢᠭᠤᠯᠵᠤ᠂ ᠦᠢᠯᠡᠰ ᠬᠥᠭᠵᠢᠨ ᠮᠠᠨᠳᠤᠭᠰᠠᠨ᠂ ᠠᠷᠠᠳ ᠪᠠᠶᠠᠵᠢᠭᠰᠠᠨ᠂ ᠲᠣᠰᠬᠤᠨ ᠭᠤᠶᠤ ᠰᠠᠶᠢᠬᠠᠨ ᠪᠤᠯᠤᠬᠰᠠᠨ ᠰᠢᠨ᠎ᠡ ᠬᠠᠭᠤᠳᠠᠰᠤ ᠶᠢ ᠵᠢᠷᠤᠭᠯᠠᠵᠤ ᠪᠠᠶᠢᠨ᠎ᠠ᠃   ᠳᠤᠯᠠᠭᠠᠨ ᠴᠢᠭᠢᠭᠯᠢᠭ ᠠᠭᠤᠷ ᠠᠮᠢᠰᠬᠤᠯ᠂ ᠡᠯᠪᠡᠭ ᠳᠡᠯᠪᠡᠭ ᠤᠰᠤᠨ ᠤ ᠡᠬᠢ ᠰᠤᠷᠪᠤᠯᠵᠢ ᠪᠠ ᠳᠥᠭᠦᠮ ᠳᠥᠲᠡ ᠵᠠᠮ ᠬᠠᠷᠢᠯᠴᠠᠭ᠎ᠠ ᠨᠢ ᠰᠢᠶᠣᠣ ᠲᠠᠨ ᠽᠢ ᠲᠣᠰᠬᠤᠨ ᠢ ᠲᠠᠷᠢᠶᠠᠯᠠᠩ ᠪᠠ ᠵᠢᠭᠠᠰᠤᠨ ᠠᠵᠤ ᠠᠬᠤᠢ ᠶᠢ ᠬᠥᠭᠵᠢᠭᠦᠯᠬᠦ  ᠤᠨᠴᠠᠭᠠᠢ ᠳᠠᠪᠠᠭᠤᠯᠢᠭ ᠲᠠᠢ ᠪᠣᠯᠭᠠᠵᠠᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ  ᠬᠢᠬᠦ ᠶᠢ ᠳᠠᠭᠠᠯᠳᠤᠨ᠂ ᠠᠵᠤ ᠦᠢᠯᠡᠰ ᠢ ᠭᠡᠷᠬᠢᠨ ᠬᠥᠭᠵᠢᠭᠦᠯᠦᠨ ᠮᠠᠨᠳᠤᠭᠤᠯᠬᠤ ᠪᠠᠷ ᠳᠠᠮᠵᠢᠨ ᠨᠢᠭᠡ ᠲᠣᠰᠬᠤᠨ ᠨᠢᠭᠡ  ᠳᠦᠷᠤᠯ ᠳᠡᠮᠳᠡᠭ‌ᠡᠬᠦᠳᠬᠦ ᠶᠢ ᠪᠡᠶᠡᠯᠡᠭᠦᠯᠵᠦ᠂ ᠲᠣᠰᠬᠤᠨ ᠤ ᠠᠷᠠᠳ ᠤᠨ ᠬᠠᠷᠮᠠᠨ ᠢ  ᠳᠦᠨᠳᠦᠶᠢᠯᠭᠡᠬᠦ ᠨᠢ ᠲᠣᠰᠬᠤᠨ ᠤ ᠠᠷᠠᠳ ᠤᠨ ᠵᠥᠪᠯᠡᠯ ᠤᠨ  ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠪᠣᠯᠪᠠ᠃ ᠨᠠᠷᠢᠨ ᠨᠢᠮᠪᠠᠢ ᠰᠢᠨᠵᠢᠯᠡᠨ ᠪᠠᠶᠢᠴᠠᠭᠠᠬᠤ᠂ ᠪᠠᠶᠢᠴᠠᠭᠠᠨ ᠰᠤᠳᠤᠯᠬᠤ᠂ ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠬᠦ ᠪᠠᠷ ᠳᠡᠮᠵᠢᠨ᠂  ᠳᠤᠰᠬᠤᠨ ᠤ ᠠᠷᠠᠳ ᠤᠨ ᠰᠠᠨᠠᠯ ᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂  ᠳᠤᠰᠬᠤᠨ ᠤ ᠠᠷᠠᠳ ᠤᠨ ᠵᠥᠪᠯᠡᠯ ᠤᠨ ᠤᠳᠤᠷᠢᠳᠬᠤ ᠪᠠᠭ ᠨᠢ ᠭᠤᠸᠠ ᠵᠢᠮᠢᠰ ᠢᠳᠡᠰᠢᠨ ᠨᠣᠭᠤᠭ᠎ᠠ ᠶᠢ ᠬᠥᠮᠥᠷᠭᠡᠯᠡᠨ ᠬᠠᠳᠠᠭᠠᠯᠠᠵᠤ ᠲᠥᠪᠯᠡᠷᠡᠭᠦᠯᠦᠨ ᠲᠠᠷᠬᠠᠭᠠᠬᠤ ᠲᠥᠪ ᠢ ᠭᠤᠶᠤᠴᠢᠯᠠᠨ ᠪᠠᠶᠢᠭᠤᠯᠬᠤ ᠪᠠᠷ ᠲᠣᠭᠲᠠᠪᠠ᠂ ᠢᠩᠬᠢᠵᠤ ᠬᠢᠬᠦ ᠨᠢ ᠨᠢᠭᠡ ᠳᠤ  ᠤᠶᠢᠷ᠎ᠠ ᠬᠠᠪᠢ  ᠳᠤ  ᠬᠦᠯᠳᠡᠭᠡᠵᠤ ᠰᠢᠨ᠎ᠠ ᠰᠤᠷᠭᠤᠭ ᠬᠠᠳᠠᠭᠠᠯᠠᠬᠤ ᠬᠥᠮᠥᠷᠭᠡ ᠲᠤᠲᠠᠭᠳᠠᠵᠤ ᠪᠠᠶᠢᠭ᠎ᠠ ᠬᠤᠭᠤᠰᠤᠨ ᠢ ᠨᠥᠬᠦᠪᠦᠷᠢᠯᠡᠨ᠂ ᠬᠤᠶᠠᠷ ᠲᠤ ᠳᠤᠰᠬᠤᠨ  ᠳᠤ  ᠭᠤᠤᠯᠳᠠᠭᠤ  ᠡᠷᠳᠡᠨᠢ ᠰᠢᠰᠢ᠂  ᠬᠠᠢ ᠬᠤᠩ‌ᠵᠢᠮᠢᠰ  ᠳᠠᠷᠢᠵᠤ ᠪᠠᠶᠢᠭ᠎ᠠ ᠪᠤᠳᠠᠳᠤ ᠪᠠᠶᠢᠳᠠᠯ ᠲᠠᠢ ᠤᠶᠠᠯᠳᠤᠭᠤᠯᠤᠨ ᠬᠦᠢᠳᠡᠨ ᠢᠶᠠᠷ ᠬᠦᠮᠤᠷᠭᠡᠯᠡᠵᠤ ᠬᠠᠳᠠᠭᠠᠯᠠᠬᠤ᠂  ᠤᠯᠠᠷᠢᠯ ᠰᠦᠷᠭᠡᠤᠯᠡᠨ ᠬᠤᠳᠠᠯᠳᠤᠵᠤ ᠪᠤᠷᠤᠯᠠᠭᠤᠯᠤᠨ᠂  ᠳᠤᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠲᠠᠬᠢᠨ ᠢᠶᠠᠷ ᠨᠡᠮᠡᠭᠳᠡᠭᠦᠯᠬᠦ ᠶᠢᠨ ᠳᠦᠯᠦᠭᠡ ᠶᠤᠮ᠃ᠢᠩᠭᠢᠭᠡᠳ ᠲᠣᠰᠬᠤᠨ ᠤ ᠨᠠᠮ ᠤᠨ ᠡᠭᠦᠷ ᠠᠴᠠ ᠨᠢᠭᠡ ᠲᠠᠯ᠎ᠠ ᠪᠠᠷ ᠲᠣᠰᠬᠤᠨ ᠤ ᠠᠷᠠᠳ ᠢ ᠡᠷᠳᠡᠨᠢ ᠰᠢᠰᠢ  ᠳᠠᠷᠢᠳᠠᠭ ᠪᠠᠶᠢᠬᠰᠠᠨ ᠢ  ᠰᠢᠬᠢᠷᠯᠢᠭ ᠡᠷᠳᠡᠨᠢ ᠰᠢᠰᠢ  ᠳᠠᠷᠢᠭᠤᠯᠬᠤ ᠪᠠᠷ ᠤᠷᠢᠶᠠᠯᠠᠨ᠂ ᠨᠦᠭᠦᠭᠡ ᠲᠠᠯ᠎ᠠ ᠪᠠᠷ ᠭᠤᠸᠠ ᠵᠢᠮᠢᠰ ᠢᠳᠡᠰᠢᠨ ᠨᠣᠭᠤᠭ᠎ᠠ ᠶᠢ ᠬᠥᠮᠥᠷᠭᠡᠯᠡᠨ ᠬᠠᠳᠠᠭᠠᠯᠠᠵᠤ ᠲᠥᠪᠯᠡᠷᠡᠭᠦᠯᠦᠨ ᠲᠠᠷᠬᠠᠭᠠᠬᠤ ᠲᠥᠪ ᠪᠠᠶᠢᠭᠤᠯᠬᠤ ᠪᠠᠷ ᠪᠣᠯᠪᠠ᠃ 2021 ᠣᠨ ᠳᠤ᠂ ᠬᠥᠮᠥᠷᠭᠡᠯᠡᠨ ᠬᠠᠳᠠᠭᠠᠯᠠᠵᠤ ᠲᠥᠪᠯᠡᠷᠡᠭᠦᠯᠦᠨ ᠲᠠᠷᠬᠠᠭᠠᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠂  ᠲᠣᠰᠬᠤᠨ ᠤ ᠬᠠᠮᠳᠤ ᠶᠢᠨ ᠬᠢᠨ ᠵᠢᠯ ᠪᠦᠷᠢ 11.2 ᠲᠦᠮᠡᠨ ᠲᠥᠭᠦᠷᠢᠭ ᠤᠨ ᠲᠦᠷᠢᠶᠡᠰᠦᠨ ᠮᠥᠩᠭᠦ ᠣᠯᠬᠤ ᠪᠥᠭᠡᠳ ᠵᠢᠯ ᠪᠦᠷᠢ ᠶᠢᠨ ᠣᠷᠣᠯᠭ᠎ᠠ ᠶᠢ 10% ᠢᠶᠠᠷ ᠨᠡᠮᠡᠭᠳᠡᠭᠦᠯᠵᠦ ᠪᠣᠯᠣᠨ᠎ᠠ᠃ ᠬᠡᠯᠡᠯᠴᠡᠭᠡᠷ ᠢ ᠦᠨᠳᠦᠰᠦᠯᠡᠪᠡᠯ᠂ ᠬᠥᠮᠥᠷᠭᠡᠯᠡᠨ ᠬᠠᠳᠠᠭᠠᠯᠠᠵᠤ ᠲᠥᠪᠯᠡᠷᠡᠭᠦᠯᠦᠨ ᠲᠠᠷᠬᠠᠭᠠᠬᠤ ᠲᠥᠪ  ᠢ ᠲᠦᠷᠢᠶᠡᠰᠦᠯᠡᠭᠰᠡᠨ ᠡᠳᠡᠭᠡᠳ ᠨᠢ ᠬᠠᠮᠠᠭᠠᠯᠠᠯᠲᠠ ᠶᠢᠨ ᠦᠨ᠎ᠡ ᠪᠠᠷ ᠲᠣᠰᠬᠤᠨ ᠤ ᠬᠦᠴᠢᠷᠳᠡᠯᠲᠡᠢ ᠭᠡᠷ ᠪᠦᠯᠢ ᠶᠢᠨ  ᠳᠠᠷᠢᠬᠰᠠᠨ  ᠰᠢᠬᠢᠷᠯᠢᠭ ᠡᠷᠳᠡᠨᠢ ᠰᠢᠰᠢ ᠶᠢ ᠪᠦᠬᠦᠨ ᠢ ᠬᠤᠳᠠᠯᠳᠤᠨ ᠠᠪᠴᠤ᠂ ᠮᠤ᠋ ᠪᠦᠷᠢ ᠳᠤ 4000 ᠭᠤᠳᠤᠯᠢ ᠡᠷᠳᠡᠨᠢ ᠰᠢᠰᠢ᠂  ᠭᠤᠳᠤᠯᠢ ᠪᠦᠷᠢ ᠶᠢᠨ  ᠬᠠᠮᠤᠭ ᠤᠨ ᠳᠣᠣᠷ᠎ᠠ ᠦᠨ᠎ᠡ  ᠶᠢ ᠨᠢ 0.5 ᠲᠥᠭᠦᠷᠢᠭ ᠢᠶᠠᠷ ᠪᠤᠳᠤᠬᠰᠠᠨ ᠴᠦ᠂ ᠮᠦ ᠪᠦᠷᠢ ᠶᠢᠨ ᠦᠢᠯᠡᠳᠬᠦᠨ ᠤ ᠥᠷᠲᠡᠭ ᠨᠢ 2000 ᠲᠥᠭᠦᠷᠢᠭ  ᠲᠤ ᠬᠦᠷᠴᠤ᠂ ᠡᠩ ᠤᠨ ᠡᠷᠳᠡᠨᠢ ᠰᠢᠰᠢ ᠳᠠᠷᠢᠬᠤ ᠠᠴᠠ ᠮᠦ ᠪᠦᠷᠢ ᠳᠤ 1000 ᠲᠥᠭᠦᠷᠢᠭ ᠣᠷᠴᠢᠮ ᠤᠨ ᠣᠷᠣᠯᠭ᠎ᠠ ᠨᠡᠮᠡᠭᠳᠡᠬᠦ ᠪᠣᠯᠣᠨ᠎ᠠ᠃ ᠡᠭᠦᠨ ᠠᠴᠠ ᠭᠠᠳᠠᠨ᠎ᠠ᠂ ᠣᠨᠴᠠ ᠭᠠᠷᠤᠯᠲᠠ ᠲᠠᠢ  ᠬᠠᠢ ᠬᠤᠩ ᠵᠢᠮᠢᠰ ᠵᠡᠷᠭᠡ ᠤᠯᠠᠷᠢᠯ ᠤᠨ ᠵᠢᠮᠢᠰ ᠨᠣᠭᠤᠭ᠎ᠠ ᠶᠢ ᠬᠦᠢᠲᠡᠨ ᠢᠶᠠᠷ ᠬᠠᠳᠠᠭᠠᠯᠠᠵᠤ᠂ ᠬᠥᠯᠳᠡᠭᠡᠭᠰᠡᠨ ᠬᠠᠢ ᠬᠤᠩ ᠵᠢᠮᠢᠰ ᠪᠣᠯᠣᠨ ᠰᠢᠨ᠎ᠡ ᠰᠣᠷᠭᠤᠭ ᠨᠣᠭᠤᠭ᠎ᠠ ᠵᠢᠮᠢᠰ ᠢ ᠤᠯᠠᠷᠢᠯ ᠰᠦᠷᠭᠡᠤᠯᠡᠨ ᠪᠣᠷᠣᠯᠠᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠴᠤ ᠳᠠᠬᠢᠨ ᠢᠶᠠᠷ ᠨᠡᠮᠡᠭᠳᠡᠭᠦᠯᠬᠦ ᠪᠤᠯᠤᠨ᠎ᠠ᠃   ᠰᠢᠶᠣᠣ ᠲᠠᠨ ᠽᠢ ᠲᠣᠰᠬᠤᠨ ᠳᠤ᠂ ᠪᠣᠰᠤᠭ᠎ᠠ ᠴᠣᠭᠴᠠᠲᠤ ᠲᠠᠷᠢᠵᠦ ᠲᠡᠵᠢᠭᠡᠬᠦ ᠲᠠᠷᠢᠶᠠᠯᠠᠩ ᠢ ᠬᠥᠭᠵᠢᠭᠦᠯᠦᠭᠰᠡᠨ ᠨᠢ ᠪᠠᠰᠠ ᠴᠤ ᠣᠶᠢᠷ᠎ᠠ ᠶᠢᠨ ᠵᠢᠯ ᠤᠨ ᠲᠤᠷᠰᠢᠬᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠰᠦᠪᠡᠭᠴᠢᠯᠡᠨ ᠬᠥᠭᠵᠢᠭᠦᠯᠦᠭᠰᠡᠨ ᠰᠢᠨ᠎ᠡ ᠵᠠᠮ ᠪᠣᠯᠣᠨ᠎ᠠ᠃ ᠭᠠᠵᠠᠷ ᠰᠢᠷᠣᠢ ᠶᠢᠨ ᠠᠰᠢᠭᠯᠠᠮᠵᠢ ᠶᠢ ᠬᠠᠮᠤᠭ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠶᠢᠨ  ᠳᠤᠰᠠᠳᠠ᠂ ᠰᠢᠶᠣᠣ ᠲᠠᠨ ᠽᠢ ᠲᠣᠰᠬᠤᠨ  ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂  ᠨᠢᠩᠰᠢᠶᠠ ᠶᠢᠨ ᠾᠧ ᠯᠠᠨ ᠰᠢᠶᠠᠨ ᠤ ︽ᠲᠤᠲᠤᠷᠭ᠎ᠠ ᠵᠢᠭᠠᠰᠤᠨ ᠤ ᠣᠷᠣᠨ ᠵᠠᠢ︾ ᠶᠢᠨ ᠲᠦᠷᠦᠯ ᠵᠦᠢᠯ  ᠢ ᠪᠤᠳᠠᠳᠤ ᠭᠠᠵᠠᠷ ᠲᠤᠨᠢ ᠬᠦᠷᠴᠤ ᠭᠦᠢᠴᠡᠳ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠭᠰᠠᠨ ᠰᠠᠭᠤᠷᠢᠨ ᠳᠡᠭᠡᠷ᠎ᠡ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠤᠰ ᠭᠠᠵᠠᠷ ᠣᠷᠣᠨ ᠤ ᠪᠠᠨ ︽ᠲᠤᠲᠤᠷᠭ᠎ᠠ ᠵᠢᠭᠠᠰᠤᠨ ᠤ ᠣᠷᠣᠨ ᠵᠠᠢ︾ ᠶᠢ ᠪᠠᠶᠢᠭᠤᠯᠵᠤ᠂ ᠳ᠋ᠠ ᠯᠦ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠬᠤ ᠶᠢᠨ ᠬᠠᠮᠲᠤ ᠲᠤᠰᠬᠠᠶᠢᠵᠢᠭᠰᠠᠨ ᠲᠤᠲᠤᠷᠭ᠎ᠠ ᠵᠢᠭᠠᠰᠤᠨ ᠤ ᠠᠮᠢ ᠠᠬᠤᠢ ᠶᠢᠨ ᠲᠠᠷᠢᠶᠠᠯᠠᠩ ᠤᠨ ᠲᠣᠭᠤᠷᠢᠨ ᠦᠵᠡᠬᠦ ᠺᠣᠮᠫᠠᠨᠢ ᠶᠢ ᠲᠣᠮᠢᠯᠠᠨ ᠡᠵᠡᠩᠨᠡᠯᠲᠡ ᠬᠠᠮᠢᠶᠠᠷᠤᠯᠲᠠ ᠶᠢ ᠨᠢ ᠬᠠᠷᠢᠭᠤᠴᠠᠭᠤᠯᠪᠠ᠃   ᠣᠶᠢᠯᠠᠭᠠᠭᠰᠠᠨ ᠢᠶᠠᠷ᠂ ᠲᠤᠲᠤᠷᠭ᠎ᠠ ᠵᠢᠭᠠᠰᠤᠨ ᠤ ᠣᠷᠣᠨ ᠵᠠᠢ ᠶᠢᠨ ᠲᠥᠷᠥᠯ ᠵᠦᠢᠯ ᠢ 2021 ᠣᠨ ᠤ 3 ᠰᠠᠷ᠎ᠠ ᠶᠢᠨ 28 ᠤ ᠡᠳᠦᠷ ᠠᠴᠠ ᠡᠬᠢᠯᠡᠨ ᠪᠠᠶᠢᠭᠤᠯᠵᠤ᠂ ᠨᠡᠶᠢᠲᠡ 850 ᠮᠦ ᠤᠰᠤᠨ ᠲᠤᠲᠤᠷᠭ᠎ᠠ ᠳᠠᠷᠢᠵᠤ᠂ 12000 ᠵᠢᠩ‌ᠵᠢᠷᠠᠭᠠᠬᠠᠢ ᠂ 4000 ᠵᠢᠩ ᠨᠠᠢᠮᠠᠯᠵᠢ ᠶᠢᠨ  ᠦᠷ᠎ᠠ ᠲᠠᠯᠪᠢᠵᠤ᠂ ᠲᠤᠲᠤᠷᠭ᠎ᠠ ᠶᠢᠨ  ᠳᠠᠷᠢᠶ᠎ᠠ ᠶᠢ 5 ᠭᠡᠰᠡᠭ ᠪᠤᠯᠭᠠᠨ᠂ ᠦᠵᠡᠮᠵᠢ ᠶᠢᠨ ᠲᠠᠪᠴᠠᠩ ᠪᠣᠯᠣᠨ ᠰᠢᠯ ᠬᠥᠭᠦᠷᠭᠡᠨ ᠵᠠᠮ ᠵᠡᠷᠭᠡ ᠵᠤᠭᠠᠴᠠᠯ ᠤᠨ ᠲᠥᠬᠦᠭᠡᠷᠦᠮᠵᠢ ᠶᠢ ᠢᠵᠢ ᠪᠦᠷᠢᠳᠦᠭᠦᠯᠦᠨ ᠪᠠᠶᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ  ᠳᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ  ᠪᠠᠶᠢᠨ᠎ᠠ᠂  ᠡᠨᠡ ᠪᠤᠯ ᠠᠭᠤᠯᠠ ᠤᠰᠤ ᠣᠶ ᠮᠤᠳᠤ ᠭᠠᠵᠠᠷ ᠳᠠᠷᠢᠶ᠎ᠠ ᠨᠠᠭᠤᠷ ᠪᠦᠷᠢᠳᠦ  ᠨᠤᠳᠤᠭ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠴᠢᠬᠤᠯᠠ ᠠᠷᠭ᠎ᠠ ᠬᠡᠮᠵᠢᠶ᠎ᠡ ᠮᠥᠨ᠂ ᠮᠥᠨ ᠴᠦ ᠤᠰᠤᠨ ᠲᠤᠲᠤᠷᠭ᠎ᠠ ᠳᠠᠷᠢᠬᠤ ᠪᠠ ᠤᠰᠤᠨ ᠭᠠᠷᠤᠯᠲᠠ ᠶᠢᠨ ᠠᠵᠤ ᠠᠬᠤᠢ ᠶᠢᠨ ᠠᠮᠢᠲᠠᠨ ᠢ ᠲᠡᠵᠢᠭᠡᠨ ᠦᠷᠡᠵᠢᠭᠦᠯᠬᠦ ᠶᠢ ᠤᠶᠠᠯᠳᠤᠭᠤᠯᠤᠭᠰᠠᠨ ᠨᠢᠭᠡ ᠵᠦᠢᠯ ᠤᠨ ᠪᠣᠰᠤᠭ᠎ᠠ ᠴᠣᠭᠴᠠᠲᠤ ᠳᠠᠷᠢᠵᠤ ᠲᠡᠵᠢᠭᠡᠬᠦ ᠲᠠᠷᠢᠶᠠᠯᠠᠩ ᠤᠨ ᠦᠢᠯᠡᠳᠪᠦᠷᠢᠯᠡᠯ ᠤᠨ ᠵᠠᠭᠪᠤᠷ ᠪᠣᠯᠣᠨ᠎ᠠ᠂ ᠤᠰᠤᠨ ᠲᠤᠲᠤᠷᠭ᠎ᠠ ᠳᠠᠷᠢᠬᠤ ᠪᠠ ᠤᠰᠤᠨ ᠭᠠᠷᠤᠯᠲᠠ ᠶᠢᠨ ᠠᠵᠤ ᠠᠬᠤᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠠᠮᠢ ᠠᠬᠤᠢ ᠶᠢᠨ  ᠵᠤᠭᠠᠴᠠᠯ ᠢ ᠬᠥᠭᠵᠢᠭᠦᠯᠵᠦ᠂ ᠨᠢᠭᠡ ᠭᠠᠵᠠᠷ  ᠢ‌ᠣᠯᠠᠨ ᠵᠦᠢᠯ ᠤᠨ ᠬᠡᠷᠡᠭᠯᠡᠭᠡᠨ ᠳᠤ ᠣᠷᠣᠭᠤᠯᠵᠤ᠂ ᠨᠢᠭᠡ  ᠤᠰᠤᠨ ᠳᠤ ᠣᠯᠠᠨ  ᠳᠦᠷᠤᠯ ᠤᠨ  ᠤᠰᠤᠨ ᠭᠠᠷᠤᠯᠳᠠ ᠳᠡᠵᠢᠭᠡᠬᠦ ᠶᠢ  ᠪᠡᠶᠡᠯᠡᠭᠦᠯᠵᠦ᠂  ᠤᠶᠢᠷ᠎ᠠ ᠬᠠᠪᠢ ᠶᠢᠨ ᠦᠢ ᠣᠯᠠᠨ ᠵᠤᠭᠠᠴᠠᠭᠴᠢ  ᠶᠢ ᠲᠡᠳᠡᠨ ᠠᠪᠴᠢᠷᠠᠵᠤ ᠲᠣᠭᠤᠷᠢᠨ ᠦᠵᠡᠭᠦᠯᠵᠦ᠂ ᠬᠡᠷᠡᠭᠯᠡᠭᠡ ᠬᠢᠯᠭᠡᠵᠡᠢ᠃    ᠬᠤᠵᠢᠷᠯᠢᠭ ᠭᠠᠵᠠᠷ  ᠢ  ᠡᠷᠳᠡᠨᠢᠳᠤ ᠭᠠᠵᠠᠷ  ᠪᠤᠯᠭᠠᠨ ᠬᠤᠪᠢᠷᠠᠭᠤᠯᠵᠤ᠂ ᠡᠨᠡ ᠨᠤᠳᠤᠭ ᠤᠨ ᠲᠠᠷᠢᠶᠠᠴᠢᠳ ᠲᠤ ᠮᠠᠰᠢ ᠶᠡᠭᠡ ᠠᠰᠢᠭ ᠬᠦᠷᠲᠡᠭᠡᠭᠰᠡᠨ ᠪᠠᠶᠢᠨ᠎ᠠ᠃ ᠲᠠᠷᠢᠶᠠᠴᠢᠨ ᠵᠠᠩ ᠭᠤᠸᠠᠩ ᠷᠦᠩ ᠤᠨ 1000 ᠭᠠᠷᠤᠢ ᠮᠦ ᠭᠠᠵᠠᠷ ᠰᠢᠷᠣᠢ ᠨᠢ ᠤᠤᠯ  ᠳᠠᠭᠠᠨ ᠳᠣᠣᠷ᠎ᠠ ᠤᠨᠠᠯᠲᠠ ᠲᠠᠢ᠂ ᠠᠲᠠᠷᠰᠢᠭᠤᠯᠤᠭᠰᠠᠨ ᠪᠠᠶᠢᠳᠠᠯ  ᠲᠠᠢ ᠪᠠᠶᠢᠪᠠ᠂ ᠲᠤᠲᠤᠷᠭ᠎ᠠ ᠵᠢᠭᠠᠰᠤᠨ ᠤ ᠣᠷᠣᠨ ᠵᠠᠢ ᠶᠢᠨ ᠲᠦᠷᠦᠯ ᠵᠦᠢᠯ ᠢ ᠪᠠᠶᠢᠭᠤᠯᠤᠭᠰᠠᠨ ᠠᠴᠠ  ᠨᠠᠭᠠᠰᠢ᠂ ᠲᠡᠷᠡ ᠵᠢᠯ  ᠪᠤᠯᠭᠠᠨ ᠮᠦ ᠪᠦᠷᠢ  ᠶᠢ 500 ᠲᠥᠭᠦᠷᠢᠭ ᠤᠨ ᠦᠨ᠎ᠡ ᠪᠠᠷ ᠲᠦᠷᠢᠶᠡᠰᠦᠯᠡᠵᠦ ᠪᠣᠯᠬᠤ ᠪᠠᠷ ᠪᠠᠷᠠᠬᠤ ᠦᠭᠡᠢ᠂ ᠪᠠᠰᠠ ᠲᠦᠷᠦᠯ ᠵᠦᠢᠯ ᠤᠨ ᠬᠦᠷᠢᠶᠡᠯᠡᠩ ᠲᠣᠭᠤᠷᠢᠭ ᠲᠤ ᠬᠦᠷᠴᠤ ᠬᠥᠯᠥᠰᠦᠨ ᠠᠵᠢᠯ ᠬᠢᠵᠦ ᠵᠣᠭᠤᠰ  ᠤᠯᠤᠭᠠᠳ᠂ ᠵᠢᠯ ᠤᠨ ᠳᠤᠮᠳᠠᠴᠢ ᠣᠷᠣᠯᠭ᠎ᠠ ᠨᠢ 50 ᠭᠠᠷᠤᠢ ᠲᠦᠮᠡᠨ ᠲᠥᠭᠦᠷᠢᠭ ᠲᠤ ᠬᠦᠷᠴᠦ᠂ ᠦᠨᠡᠨᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠠᠰᠢᠭ ᠬᠦᠷᠳᠡᠭᠴᠢ ᠪᠣᠯᠤᠭᠰᠠᠨ ᠪᠠᠶᠢᠨ᠎ᠠ᠃   ᠡᠭᠦᠨ ᠤ ᠬᠠᠮᠲᠤ᠂ ᠲᠣᠰᠬᠤᠨ ᠤ ᠠᠷᠠᠳ ᠤᠨ ᠵᠢᠭᠠᠰᠤᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠢᠳᠡᠪᠬᠢᠲᠡᠢ ᠵᠣᠷᠢᠭᠵᠢᠭᠤᠯᠤᠨ᠂ ᠲᠠᠷᠢᠶᠠᠴᠢᠨ ᠠᠶᠢᠯ ᠤᠨ ᠪᠠᠶᠠᠰᠤᠯ᠂ ᠵᠢᠭᠠᠰᠤᠴᠢᠨ ᠠᠶᠢᠯ ᠤᠨ ᠪᠠᠶᠠᠰᠤᠯ  ᠢ ᠡᠷᠬᠢᠯᠡᠬᠦ ᠨᠢ ᠴᠦ ᠰᠢᠶᠣᠣ ᠲᠠᠨ ᠽᠢ ᠲᠣᠰᠬᠤᠨ ᠤ ᠠᠵᠤ ᠠᠬᠤᠢ ᠶᠢᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢᠨ ᠠᠰᠢᠭᠲᠠᠢ ᠲᠤᠷᠰᠢᠯᠲᠠ ᠪᠣᠯᠵᠠᠢ᠃ ᠶᠣᠣ ᠯᠢ ᠪᠣᠯ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠰᠢᠶᠣᠣ ᠲᠠᠨ ᠽᠢ ᠲᠣᠰᠬᠤᠨ ᠤ ᠨᠢᠭᠡᠨ ᠵᠢᠭᠠᠰᠤᠴᠢᠨ ᠠᠶᠢᠯ ᠤᠨ ᠪᠠᠶᠠᠰᠤᠯ  ᠤᠨ ᠬᠠᠷᠢᠭᠤᠴᠠᠯᠭᠠᠲᠠᠨ ᠪᠣᠯᠣᠨ᠎ᠠ᠃2012 ᠣᠨ ᠳᠤ᠂ ᠲᠡᠷᠡ ᠨᠤᠲᠤᠭ ᠲᠠᠭᠠᠨ ᠪᠤᠴᠠᠵᠤ ᠦᠢᠯᠡᠰ ᠪᠣᠰᠬᠠᠵᠤ᠂ ᠥᠪᠡᠷ ᠤᠨ ᠵᠢᠭᠠᠰᠤᠨ ᠴᠥᠭᠦᠷᠥᠮ ᠢᠶᠠᠷ ᠢᠶᠠᠨ ᠬᠠᠳᠤᠨ ᠭᠤᠣᠯ ᠤᠨ ᠬᠥᠪᠡᠭᠡᠨ ᠳᠤ ᠵᠢᠭᠠᠰᠤᠴᠢᠨ  ᠠᠶᠢᠯ ᠤᠨ ᠪᠠᠶᠠᠰᠤᠯ  ᠤᠨ ᠭᠠᠵᠠᠷ ᠢ ᠪᠠᠶᠢᠭᠤᠯᠵᠠᠢ᠃ ᠠᠷᠪᠠᠨ ᠵᠢᠯ ᠤᠨ ᠲᠤᠷᠰᠢ᠂ ᠲᠣᠭᠲᠠᠪᠤᠷᠢᠲᠠᠢ ᠵᠣᠴᠢᠳ ᠤᠨ ᠢᠷᠡᠯᠲᠡ ᠪᠠ ᠡᠳᠦᠷ ᠢᠷᠡᠬᠦᠶ᠎ᠡ ᠥᠭᠡᠳᠡᠯᠡᠵᠦ ᠪᠠᠶᠢᠭ᠎ᠠ ᠠᠷᠠᠯᠵᠢᠶ᠎ᠠ ᠮᠠᠶᠢᠮᠠᠢ ᠨᠢ ᠲᠡᠭᠦᠨ ᠤ ᠠᠵᠢᠯ ᠦᠢᠯᠡᠰ ᠢ ᠥᠷᠨᠢᠭᠦᠨ ᠬᠥᠭᠵᠢᠭᠡᠨ ᠲᠠᠢ ᠪᠣᠯᠭᠠᠭᠰᠠᠨ ᠪᠥᠭᠡᠳ ᠨᠤᠲᠤᠭ ᠤᠰᠤᠨ ᠤ ᠪᠠᠨ ᠥᠷᠨᠢᠩᠭᠦᠢ ᠬᠥᠭᠵᠢᠯᠲᠡ ᠶᠢᠨ ᠭᠡᠷᠡᠴᠢᠯᠡᠭᠴᠢ  ᠪᠤᠯᠭᠠᠬᠰᠠᠨ ᠪᠠᠶᠢᠨ᠎ᠠ᠃   ᠰᠢᠶᠣᠣ ᠲᠠᠨ ᠽᠢ ᠲᠣᠰᠬᠤᠨ ᠳᠤ᠂ ᠶᠣᠣ ᠯᠢ ᠮᠡᠲᠦ ᠶᠢᠨ ᠲᠠᠷᠢᠶᠠᠴᠢᠨ ᠠᠶᠢᠯ ᠤᠨ ᠪᠠᠶᠠᠰᠤᠯ ᠂ ᠵᠢᠭᠠᠰᠤᠴᠢᠨ ᠠᠶᠢᠯ ᠤᠨ ᠪᠠᠶᠠᠰᠤᠯ  ᠢ ᠡᠷᠬᠢᠯᠡᠭᠰᠡᠨ ᠲᠣᠰᠬᠤᠨ ᠤ ᠠᠷᠠᠳ ᠨᠡᠶᠢᠳᠡ 71  ᠪᠤᠢ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ᠂ ᠰᠢᠶᠣᠣ ᠲᠠᠨ ᠽᠢ ᠲᠣᠰᠬᠤᠨ ᠤ ᠠᠷᠠᠳ ᠠᠵᠠ ᠲᠣᠬᠢᠶᠠᠯ ᠢ  ᠡᠵᠡᠮᠳᠡᠨ᠂ ᠵᠤᠭᠠᠴᠠᠯ ᠤᠨ ᠲᠤᠰᠬᠠᠢ ᠱᠤᠭᠤᠮ  ᠳᠤᠰᠬᠤᠨ ᠤ  ᠵᠠᠮ ᠳᠠᠭᠠᠤ ᠥᠪᠡᠷ ᠥᠪᠡᠷ ᠤᠨ ᠣᠨᠴᠠᠯᠢᠭ ᠲᠠᠢ ᠲᠠᠷᠢᠶᠠᠴᠢᠨ ᠠᠶᠢᠯ ᠤᠨ ᠪᠠᠶᠠᠰᠤᠯ  ᠢ ᠡᠷᠬᠢᠯᠡᠨ  ᠬᠢᠬᠦ ᠨᠢ ᠵᠤᠭᠠᠴᠠᠭᠰᠠᠳ ᠲᠤ ᠰᠡᠯᠡᠭᠦᠴᠡᠨ ᠵᠤᠭᠠᠯᠠᠵᠤ ᠵᠢᠭᠠᠰᠤ ᠭᠥᠬᠢᠳᠡᠬᠦ᠂ ᠵᠢᠮᠢᠰ ᠢᠳᠡᠰᠢᠨ ᠨᠣᠭᠤᠭ᠎ᠠ ᠲᠡᠭᠦᠬᠦ ᠲᠠᠷᠢᠶᠠᠨ ᠭᠠᠵᠠᠷ ᠤᠨ ᠪᠠᠶᠠᠷ ᠪᠠᠭ᠋ᠠᠳᠤᠯ ᠢ ᠡᠳ᠋ᠯᠡᠭᠦᠯᠬᠦ ᠪᠠᠷ ᠪᠠᠷᠠᠬᠤ ᠦᠭᠡᠢ ᠪᠠᠰᠠ ᠵᠤᠭᠠᠴᠠᠭᠰᠠᠳ ᠲᠤ ᠲᠤᠰ ᠭᠠᠵᠠᠷ ᠤᠨ ᠲᠠᠬᠢᠶ᠎ᠠ ᠨᠤᠭᠤᠰᠤ ᠵᠢᠭᠠᠰᠤᠨ ᠮᠢᠬ᠎ᠠ ᠵᠡᠷᠭᠡ ᠥᠪᠡᠷᠮᠢᠴᠡ ᠣᠨᠴᠠᠯᠢᠭ ᠲᠠᠢ ᠦᠨᠦᠷ ᠠᠮᠲᠠ ᠲᠠᠢ ᠢᠳᠡᠭᠡᠨ ᠢ ᠬᠠᠩᠭᠠᠬᠤ ᠪᠣᠯᠣᠨ᠎ᠠ᠃  ᠳᠤᠬᠳᠠᠬᠤ ᠰᠢᠶᠠᠨ ᠤ ᠯᠠᠵᠤᠤ ᠪᠠᠷ ᠬᠢᠭᠰᠡᠨ ᠵᠢᠵᠢᠭ ᠲᠠᠩ ᠤᠨ ᠣᠨᠴᠠᠯᠢᠭᠲᠤ ᠱᠥᠯᠥ ᠲᠠᠢ ᠵᠢᠭᠠᠰᠤ ᠨᠢ ᠨᠡᠩ ᠴᠤ  ᠤᠶᠢᠷ᠎ᠠ ᠬᠠᠪᠢ  ᠶᠢᠨ ᠬᠦᠮᠤᠰ ᠤᠨ ᠳᠠᠭᠠᠰᠢᠶᠠᠯ ᠢ ᠤᠯᠵᠤ᠂ ᠬᠥᠬᠡᠬᠤᠲᠠ ᠪᠤᠭᠤᠲᠤ ᠣᠷᠳᠣᠰ ᠵᠡᠷᠭᠡ ᠭᠠᠵᠠᠷ ᠤᠨ ᠬᠤᠳᠠ ᠶᠢᠨ ᠠᠷᠠᠳ ᠤᠨ ᠬᠦᠷᠦᠯᠴᠡᠨ ᠢᠷᠡᠵᠦ  ᠠᠮᠳᠠᠯᠠᠬᠤ ᠠᠮᠳᠠᠳᠤ ᠢᠳᠡᠭᠡᠨ  ᠪᠤᠯᠵᠤ᠂  ᠰᠢᠶᠤᠤ ᠲᠠᠨ ᠽᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠶᠢᠨ ᠬᠠᠮᠲᠤ ᠲᠣᠰᠬᠤᠨ ᠤ ᠠᠷᠠᠳ ᠤᠨ ᠨᠤᠲᠤᠭ ᠲᠠᠭᠠᠨ ᠪᠤᠴᠠᠵᠤ ᠦᠢᠯᠡᠰ ᠪᠣᠰᠬᠠᠬᠤ ᠢᠳᠡᠪᠬᠢᠵᠢᠯ ᠢ ᠲᠠᠶᠢᠴᠢᠯᠠᠵᠠᠢ᠃    ᠳ᠋ᠠ  ᠯᠤ᠋ ᠰᠢᠨ᠎ᠡ ᠲᠣᠭᠤᠷᠢᠭ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠰᠢᠶᠣᠣ ᠲᠠᠨ ᠽᠢ ᠲᠣᠰᠬᠤᠨ ᠤ ᠲᠠᠷᠢᠶᠠᠴᠢᠨ ᠠᠶᠢᠯ ᠤᠨ ᠪᠠᠶ᠋ᠰᠤᠯ ᠪᠣᠯᠣᠨ‌ᠵᠢᠭᠠᠰᠤᠴᠢᠨ ᠠᠶᠢᠯ ᠤᠨ ᠪᠠᠶᠠᠰᠤᠯ ᠴᠤ ᠠᠭᠠᠵᠢᠮ ᠢᠶᠠᠷ ᠠᠵᠤ ᠦᠢᠯᠡᠰᠵᠢᠯᠲᠡ ᠶᠢᠨ ᠬᠥᠭᠵᠢᠯᠲᠡ ᠶᠢᠨ ᠲᠦᠷᠭᠡᠨ ᠵᠠᠮ ᠳᠤ ᠣᠷᠣᠪᠠ᠃  ᠤᠳᠤᠬᠠᠨ ᠪᠣᠯᠲᠠᠯ᠎ᠠ᠂ 71 ᠡᠷᠦᠬᠡ ᠲᠠᠷᠢᠶᠠᠴᠢᠨ ᠠᠶᠢᠯ ᠤᠨ  ᠪᠠᠶᠠᠰᠤᠯ  ᠳᠤ᠂ 2 ᠡᠷᠦᠬᠡ ᠨᠢ ᠬᠤᠲᠠ ᠶᠢᠨ ᠲᠠᠰ ᠤᠨ  ᠳᠠᠭᠤᠷᠢᠶᠠᠯ ᠦᠵᠡᠭᠦᠯᠬᠦ ᠵᠣᠴᠢᠯᠠᠬᠤ ᠴᠡᠭ ᠢᠶᠠᠷ ᠦᠨᠡᠯᠡᠭᠳᠡᠵᠦ᠂ 10 ᠡᠷᠦᠬᠡ ᠨᠢ ᠬᠤᠰᠢᠭᠤᠨ ᠤ ᠲᠠᠰ ᠤᠨ ᠳᠠᠭᠤᠷᠢᠶᠠᠯ ᠦᠵᠡᠭᠦᠯᠬᠦ ᠵᠣᠴᠢᠯᠠᠬᠤ ᠴᠡᠭ ᠢᠶᠠᠷ ᠦᠨᠡᠯᠡᠭᠳᠡᠨ᠂ ᠪᠠᠰᠠ 4 ᠡᠷᠦᠬᠡ ᠨᠢ ᠥᠪᠡᠷᠮᠢᠴᠡ ᠣᠨᠴᠠᠯᠢᠭ ᠲᠠᠢ ᠵᠤᠭ᠎ᠠ ᠴᠡᠩᠭᠡᠯ ᠤᠨ  ᠳᠦᠷᠤᠯ ᠵᠤᠶᠢᠯ ᠢ ᠣᠷᠣᠭᠤᠯᠤᠨ ᠠᠪᠴᠢᠷᠠᠵᠤ᠂ ᠵᠢᠯ ᠳᠤ ᠨᠡᠶᠢᠲᠡ 30 ᠲᠦᠮᠡᠨ ᠵᠤᠭᠠᠴᠠᠭᠴᠢ ᠶᠢ ᠭᠥᠯᠢᠶᠡᠨ ᠠᠪᠴᠤ᠂ ᠠᠵᠢᠯ ᠡᠷᠬᠢᠯᠡᠭᠰᠡᠳ ᠤᠨ ᠲᠤᠭ᠎ᠠ ᠨᠢ 240 ᠭᠠᠷᠤᠢ ᠬᠥᠮᠥᠨ ᠪᠠᠶᠢᠵᠤ᠂ ᠡᠵᠡᠩᠨᠡᠯᠲᠡ ᠶᠢᠨ ᠳᠤᠮᠳᠠᠴᠢ ᠣᠷᠣᠯᠭ᠎ᠠ ᠨᠢ 20 ᠭᠠᠷᠤᠢ ᠲᠦᠮᠡᠨ ᠲᠥᠭᠦᠷᠢᠭ ᠲᠤ ᠬᠦᠷᠴᠦ  ᠪᠤᠢ   ᠠᠵᠢᠯ ᠦᠢᠯᠡᠰ ᠢᠶᠠᠨ ᠬᠥᠭᠵᠢᠭᠦᠯᠵᠦ ᠠᠷᠠᠳ ᠢᠶᠠᠨ ᠪᠠᠶᠠᠵᠢᠭᠤᠯᠤᠭᠰᠠᠨ ᠰᠠᠭᠤᠷᠢᠨ ᠳᠡᠭᠡᠷ᠎ᠡ᠂ ᠰᠢᠶᠣᠣ ᠲᠠᠨ ᠽᠢ ᠲᠣᠰᠬᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠠᠮᠢ ᠠᠬᠤᠢ ᠶᠢ  ᠤᠷᠢᠳᠠᠪᠠᠷ ᠪᠤᠳᠤᠯᠬᠢᠯᠠᠨ᠂ ᠪᠣᠬᠢᠷᠳᠤᠯ ᠦᠭᠡᠢ ᠬᠥᠭᠵᠢᠭᠦᠯᠬᠦ︾ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠡᠨᠡᠬᠦ ᠬᠠᠲᠠᠭᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠳᠤ ᠬᠤᠪᠢ ᠨᠡᠮᠡᠷᠢ ᠦᠵᠡᠭᠦᠯᠵᠤ ᠪᠠᠶᠢᠨ᠎ᠠ᠃ ᠬᠥᠮᠥᠰ ᠤᠨ ᠣᠷᠣᠰᠢᠨ  ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠪᠠᠷ ᠳᠠᠮᠵᠢᠭᠤᠯᠵᠤ᠂ ᠬᠥᠳᠡᠭᠡ ᠲᠣᠰᠬᠤᠨ ᠤ ᠳᠦᠷᠬᠦ ᠪᠠᠶᠢᠳᠠᠯ ᠢ ᠴᠣ᠋  ᠰᠢᠨᠡᠴᠢᠯᠡᠨ ᠬᠤᠪᠢᠷᠠᠭᠤᠯᠵᠤ ᠪᠤᠢ︔   ᠶᠡᠭᠡ ᠳᠤᠬᠤᠢ ᠶᠢᠨ  ᠭᠤᠣᠯ᠂ ᠵᠠᠮ᠂ ᠰᠤᠯᠠ ᠭᠠᠵᠠᠷ ᠢ ᠨᠣᠭᠤᠭᠠᠷᠠᠭᠤᠯᠬᠤ  ᠪᠠᠷᠢᠯᠭ᠎ᠠ ᠶᠢ ᠪᠥᠬᠦ ᠲᠠᠯ᠎ᠠ ᠪᠠᠷ ᠠᠬᠢᠭᠤᠯᠵᠤ᠂  ᠬᠠᠷᠠᠭ᠎ᠠ ᠳᠡᠯᠡᠭᠰᠡᠨ ᠦᠵᠡᠮᠵᠢ ᠪᠦᠷᠢᠳᠦᠬᠦᠯᠬᠦ ᠶᠢ ᠪᠡᠶᠡᠯᠡᠭᠦᠯᠵᠤ ᠪᠠᠶᠢᠨ᠎ᠠ︔ ᠵᠣᠷᠯᠣᠩ ᠤᠨ ᠬᠤᠪᠢᠰᠬᠠᠯ ᠢ ᠶᠡᠬᠡᠪᠡᠷ ᠠᠬᠢᠭᠤᠯᠵᠤ᠂ ᠬᠠᠭᠤᠷᠠᠢ ᠵᠣᠷᠯᠣᠩ ᠢ ᠤᠰᠤ  ᠪᠠᠷ ᠤᠬᠢᠶᠠᠬᠤ ᠵᠣᠷᠯᠣᠩ  ᠪᠤᠯᠭᠠᠬᠤ ᠶᠢ ᠨᠡᠶᠢᠳᠡ 191 ᠡᠷᠦᠬᠡ ᠪᠡᠶᠡᠯᠡᠭᠦᠯᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠠᠮᠢᠳᠤᠷᠠᠯ ᠤᠨ  ᠬᠦᠴᠡᠳᠭᠡᠯ ᠲᠤᠭ᠎ᠠ ᠶᠢ ᠳᠡᠭᠡᠭᠰᠢᠯᠡᠭᠦᠯᠵᠤ ᠪᠠᠶᠢᠨ᠎ᠠ︔ ᠬᠠᠲᠤᠨ ᠭᠤᠣᠯ ᠤᠨ ᠡᠷᠭᠢ ᠳᠠᠭᠠᠤ ᠵᠢᠴᠢ ᠤᠶᠢᠷ᠎ᠠ ᠬᠠᠪᠢ ᠶᠢᠨ ᠬᠤᠭ ᠨᠣᠪᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠵᠦ᠂ ᠡᠬᠡ ᠭᠤᠣᠯ ᠢ ᠬᠠᠮᠠᠭᠠᠯᠠᠬᠤ ᠠᠵᠢᠯᠯᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ ᠪᠤᠢ︔ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠩᠭᠢ ᠶᠢ ᠵᠣᠬᠢᠶᠠᠨ ᠪᠠᠶᠢᠭᠤᠯᠵᠤ ᠠᠷᠢᠭᠤᠨ ᠴᠡᠪᠡᠷ ᠢ ᠪᠠᠶᠢᠴᠠᠭᠠᠬᠤ ᠪᠠ ᠴᠡᠪᠡᠷᠯᠡᠬᠦ ᠶᠢ ᠥᠷᠨᠢᠭᠦᠯᠵᠦ᠂ ᠲᠣᠰᠬᠤᠨ ᠤ ᠠᠷᠠᠳ ᠢ ᠢᠳᠬᠠᠵᠤ ᠪᠠᠶᠢᠭᠠᠳ ᠬᠤᠭ ᠨᠣᠪᠰᠢ ᠶᠢ ᠬᠠᠭᠤᠷᠠᠢ ᠨᠣᠶᠢᠲᠠᠨ ᠢᠶᠠᠷ ᠲᠦᠷᠦᠯ ᠬᠤᠪᠢᠶᠠᠵᠤ᠂  ᠭᠡᠷ ᠤᠨ ᠢᠶᠠᠨ ᠠᠷᠤ ᠥᠪᠥᠷ  ᠢ ᠴᠡᠪᠡᠷ ᠲᠡᠭᠰᠢ ᠪᠠᠶᠢᠯᠭᠠᠬᠤ ᠶᠢ  ᠪᠠᠳᠤᠯᠠᠭᠤᠯᠵᠤ ᠪᠠᠶᠢᠨ᠎ᠠ︔ ᠥᠪᠡᠷᠮᠢᠴᠡ ᠣᠨᠴᠠᠯᠢᠭ ᠲᠠᠢ ᠬᠥᠳᠡᠭᠡ ᠲᠣᠰᠬᠤᠨ ᠤ ᠠᠮᠢ ᠠᠬᠤᠢ ᠶᠢᠨ ᠠᠵᠤ ᠦᠢᠯᠡᠰ ᠢ ᠪᠣᠶᠢᠵᠢᠭᠤᠯᠵᠤ᠂  ᠨᠤᠮᠢᠨ ᠳᠠᠩᠰᠤᠭ ᠬᠥᠳᠡᠭᠡ ᠲᠣᠰᠬᠤᠨ ᠤ ᠠᠮᠢ ᠠᠬᠤᠢ ᠶᠢᠨ ᠵᠤᠭᠠᠴᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠣᠰᠬᠤᠨ ᠤ ᠠᠷᠠᠳ ᠤᠨ ᠵᠣᠭᠤᠰᠤᠨ ᠤᠭᠤᠲᠠ ᠶᠢ  ᠳᠦᠨᠳᠦᠶᠢᠯᠭᠡᠨ᠂ ᠬᠤᠳᠠ ᠶᠢᠨ ᠠᠷᠠᠳ ᠤᠨ ᠢᠳᠡᠰᠢᠨ ᠨᠤᠭᠤᠭ᠎ᠠ ᠶᠢᠨ ᠰᠠᠬᠰᠤ ᠶᠢ ᠳᠦᠬᠦᠭᠡᠷᠭᠡᠵᠤ ᠪᠠᠶᠢᠨ᠎ᠠ᠃  ᠬᠥᠳᠡᠭᠡ ᠲᠣᠰᠬᠤᠨ ᠢ ᠬᠥᠭᠵᠢᠭᠦᠯᠬᠦ ᠳᠤ ᠴᠢᠳᠠᠪᠤᠷᠢᠲᠠᠨ ᠪᠣᠯ ᠵᠠᠩᠭᠢᠯᠠᠭ᠎ᠠ ᠪᠣᠯᠣᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠶᠢᠨ ᠳᠤᠰᠠᠳᠠ᠂ ᠰᠢᠶᠣᠣ ᠲᠠᠨ ᠽᠢ ᠲᠣᠰᠬᠤᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠪᠠ  ᠴᠢᠳᠠᠪᠤᠷᠢᠳᠠᠨ ᠤ ᠤᠶᠢᠯᠡᠰ ᠪᠤᠰᠬᠠᠬᠤ ᠶᠢ ᠳᠡᠮᠵᠢᠬᠦ  ᠶᠢ ᠴᠢᠬᠤᠯᠠ ᠪᠠᠶᠢᠷᠢᠨ ᠳᠤ ᠳᠠᠯᠪᠢᠵᠤ᠂  ᠴᠢᠳᠠᠪᠤᠷᠢᠲᠠᠨ  ᠢ ᠤᠷᠤᠭᠤᠯᠤᠨ ᠠᠪᠴᠢᠷᠠᠵᠤ ᠬᠦᠭᠵᠢᠬᠦᠯᠬᠦ ᠪᠠᠷ ᠳᠠᠮᠵᠢᠭᠤᠯᠤᠨ  ᠳᠠᠷᠢᠶᠠᠯᠠᠩ ᠤᠨ ᠳᠡᠰᠵᠢᠯᠳᠡ᠂  ᠬᠦᠳᠡᠭᠡ ᠳᠤᠰᠬᠤᠨ ᠤ ᠳᠠᠪᠰᠢᠯᠳᠠ᠂  ᠳᠠᠷᠢᠶᠠᠴᠢᠳ ᠤᠨ ᠬᠦᠭᠵᠢᠯᠳᠡ ᠶᠢ ᠳᠠᠶᠢᠴᠢᠯᠠᠬᠰᠠᠨ ᠪᠠᠶᠢᠨ᠎ᠠ᠃ ᠣᠶᠢᠷ᠎ᠠ ᠵᠢᠨ‌ᠵᠢᠯ ᠠᠴᠠ ᠨᠠᠭᠠᠰᠢ᠂ ᠲᠦᠷᠦ ᠶᠢᠨ ᠪᠣᠳᠣᠯᠭ᠎ᠠ ᠶᠢᠨ ᠵᠣᠷᠢᠭᠵᠢᠭᠤᠯᠤᠯ᠂ ᠠᠵᠤ ᠦᠢᠯᠡᠰ ᠤᠨ ᠳᠡᠮᠵᠢᠯᠭᠡ ᠪᠠᠷ ᠲᠠᠮᠵᠢᠨ᠂ ᠰᠢᠶᠣᠣ ᠲᠠᠨ ᠽᠢ ᠲᠣᠰᠬᠤᠨ ᠳᠤ ᠴᠥᠭᠡᠨ ᠪᠤᠰᠤ ᠦᠢᠯᠡᠰ ᠪᠣᠰᠬᠠᠬᠤ ᠴᠢᠳᠠᠪᠤᠷᠢᠲᠠᠨ ᠪᠠ ᠳᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ ᠴᠣᠯᠭᠤᠷᠠᠨ ᠭᠠᠷᠴᠤ᠂ ᠲᠡᠳᠡᠨ ᠤ ᠳᠠᠶᠢᠴᠢᠯᠠᠯᠲᠠ ᠪᠠ ᠬᠠᠪᠰᠤᠷᠤᠯᠭ᠎ᠠ ᠪᠠᠷ᠂ ᠨᠡᠩ ᠤᠯᠠᠨ ᠲᠣᠰᠬᠤᠨ ᠤ ᠠᠷᠠᠳ ᠦᠢᠯᠡᠰ ᠪᠣᠰᠬᠠᠵᠤ ᠪᠠᠶᠠᠵᠢᠨ ᠴᠢᠨᠡᠭᠡᠯᠢᠭᠵᠢᠬᠦ ᠶᠡᠭᠡ ᠤᠷᠤᠰᠬᠠᠯ ᠳᠤ ᠣᠷᠣᠯᠴᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠲᠤᠯᠭᠠᠭᠤᠷᠢ ᠪᠣᠯᠵᠤ ᠪᠠᠶᠢᠨ᠎ᠠ᠃ ᠣᠶᠤᠲᠠᠨ ᠶᠠᠩ ᠬᠤᠸᠠᠨ ᠨᠤᠲᠤᠭ ᠲᠠᠭᠠᠨ ᠪᠤᠴᠠᠵᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠨ ᠲᠠᠷᠢᠶᠠᠴᠢᠨ ᠠᠶᠢᠯ ᠤᠨ ᠵᠢᠭᠠᠰᠤᠨ ᠮᠢᠬᠠᠨ ᠤ  ᠬᠤᠭᠤᠯᠠᠨ ᠭᠡᠷ ᠢ ᠡᠷᠭᠢᠯᠡᠵᠦ᠂ ᠲᠣᠰᠬᠤᠨ ᠤ ᠪᠠᠨ ᠨᠤᠲᠤᠭ ᠤᠨ ᠣᠨᠴᠠ ᠭᠠᠷᠤᠯᠲᠠ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠡᠢ︔ ᠲᠠᠷᠢᠶ᠎ᠠ ᠲᠠᠷᠢᠬᠤ ᠴᠢᠳᠠᠪᠤᠷᠢᠲᠠᠨ ᠸᠠᠩ ᠭᠤᠸᠠᠩ ᠶᠤᠸᠠᠨ᠂ ᠸᠠᠩ ᠶᠢᠨ ᠾᠧᠦ᠂ ᠵᠠᠩ ᠵᠢᠶᠦ᠋ᠨ ᠨᠠᠷ ᠲᠣᠰᠬᠤᠨ ᠤ ᠰᠤᠯᠠ ᠪᠠᠶᠢᠬᠤ ᠲᠠᠷᠢᠶᠠᠨ ᠭᠠᠵᠠᠷ ᠢ ᠳᠠᠭᠠᠭᠠᠴᠢᠯᠠᠬᠤ ᠪᠠᠷ ᠳᠠᠮᠵᠢᠨ ᠬᠡᠪᠴᠢᠶᠡᠵᠢᠭᠰᠡᠨ ᠲᠠᠷᠢᠮᠠᠯ ᠤᠨ ᠦᠢᠯᠡᠰ ᠢ ᠬᠥᠭᠵᠢᠭᠦᠯᠵᠦ᠂ ᠬᠥᠳᠡᠯᠮᠦᠷᠢᠯᠡᠬᠦ ᠴᠢᠳᠠᠪᠤᠷᠢ ᠦᠭᠡᠢ ᠨᠠᠰᠤᠲᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠳᠠᠭᠤᠷᠢᠶ᠋ᠢᠠᠯ ᠦᠵᠡᠭᠦᠯᠬᠦ ᠡᠷᠦᠬᠡ  ᠪᠤᠯᠤᠬᠰᠠᠨ ᠪᠠᠶᠢᠨ᠎ᠠ︔ ᠪᠠᠶᠠᠵᠢᠯ ᠤᠨ ᠳᠠᠭᠠᠭᠤᠯᠤᠭᠴᠢ ᠴᠢᠶᠣᠤ ᠱᠧᠩ ᠥᠪᠥᠷ ᠮᠣᠩᠭᠤᠯ ᠤᠨ ᠴᠧᠩ  ᠽᠧ ᠲᠤᠲᠤᠷᠭ᠎ᠠ ᠵᠢᠭᠠᠰᠤᠨ  ᠤ ᠠᠵᠤ ᠠᠬᠤᠢ ᠶᠢᠨ ᠠᠮᠢ ᠠᠬᠤᠢ ᠶᠢᠨ ᠲᠠᠷᠢᠶᠠᠯᠠᠩ ᠤᠨ ᠵᠤᠭᠠᠴᠠᠯ ᠤᠨ ᠬᠢᠵᠠᠭᠠᠷᠲᠤ ᠺᠣᠮᠫᠠᠨᠢ ᠶᠢ ᠳᠠᠩᠰᠠᠯᠠᠭᠤᠯᠵᠤ᠂ ᠲᠣᠰᠬᠤᠨ ᠤ  ᠵᠠᠷᠢᠮ ᠠᠷᠠᠳ ᠤᠨ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠰᠢᠶᠣᠣ ᠲᠠᠨ ᠽᠢ ᠲᠣᠰᠬᠤᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠠᠶᠢᠴᠢᠯᠠᠪᠠ︔ ᠲᠡᠵᠢᠭᠡᠨ ᠦᠷᠡᠵᠢᠭᠦᠯᠬᠦ ᠴᠢᠳᠠᠪᠤᠷᠢᠲᠠᠨ  ᠮᠧᠩ ᠰᠢᠶᠠᠨ ᠪᠦᠦ ᠬᠤᠵᠢᠷᠯᠢᠭ ᠭᠠᠵᠠᠷ ᠤᠨ ᠤᠰᠤᠨ ᠲᠤᠲᠤᠷᠭ᠎ᠠ ᠪᠣᠯᠣᠨ ᠨᠠᠢᠮᠠᠯᠵᠢ ᠶᠢᠨ ᠳᠦᠷᠤᠯ ᠵᠤᠶᠢᠯ ᠢ ᠣᠷᠣᠭᠤᠯᠤᠨ ᠠᠪᠴᠢᠷᠠᠵᠤ᠂ ᠰᠢᠶᠣᠣ ᠲᠠᠨ ᠽᠢ ᠲᠣᠰᠬᠤᠨ ᠤ ᠲᠠᠷᠢᠶᠠᠯᠠᠩ ᠤᠨ ᠠᠮᠢ ᠠᠬᠤᠢ ᠶᠢᠨ ᠪᠦᠲᠦᠴᠡ ᠶᠢ ᠨᠡᠩ ᠰᠢᠯᠢᠳᠡᠭᠵᠢᠭᠦᠯᠤᠨ᠂ ᠪᠠᠶᠠᠵᠢᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠤ ᠪᠤᠢ᠃ ᠴᠢᠳᠠᠪᠤᠷᠢᠲᠠᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠳᠤ᠂ ᠰᠢᠶᠣᠣ ᠲᠠᠨ ᠽᠢ ᠲᠣᠰᠬᠤᠨ ᠯᠠᠪᠳᠠᠭᠤᠨ ᠲᠣᠭᠲᠠᠭᠤᠨ ᠢᠶᠠᠷ ᠤᠷᠤᠭᠰᠢᠯᠠᠵᠤ᠂  ᠤᠮᠤᠭ ᠵᠤᠷᠢᠭ ᠳᠡᠬᠦᠯᠳᠡᠷ ᠪᠠᠶᠢᠬᠰᠠᠭᠠᠷ᠃   ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠠᠵᠤ ᠦᠢᠯᠡᠰ ᠪᠣᠯ ᠰᠠᠭᠤᠷᠢ᠂ ᠴᠢᠳᠠᠪᠤᠷᠢᠲᠠᠨ ᠪᠣᠯ ᠲᠤᠯᠭᠠᠭᠤᠷᠢ᠂ ᠰᠣᠶᠣᠯ ᠪᠣᠯ ᠰᠦᠭ ᠰᠦᠨᠡᠰᠦ ᠪᠣᠯᠣᠨ᠎ᠠ᠃  ᠳᠤᠰᠬᠤᠨ ᠤ ᠠᠷᠠᠳ ᠤᠨ ᠠᠵᠢᠯ ᠤᠨ ᠴᠢᠯᠦᠭᠡᠨ ᠤ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂  ᠳᠤᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠭᠤᠸ᠎ᠠ ᠰᠠᠶᠢᠬᠠᠨ ᠮᠡᠳᠡᠷᠡᠮᠵᠢ ᠲᠠᠢ ᠠᠵᠢᠯᠴᠢ ᠬᠥᠳᠡᠯᠮᠦᠷᠢᠴᠢ ᠪᠠᠷ ᠪᠠᠶᠠᠵᠢᠭᠤᠯᠬᠤ ᠶᠢᠨ  ᠳᠤᠰᠠᠳᠠ᠂  ᠳᠤᠰᠬᠤᠨ ᠤ ᠠᠷᠠᠳ ᠤᠨ ᠵᠥᠪᠯᠡᠯ ᠤᠨ ᠤᠳᠤᠷᠢᠳᠬᠤ ᠪᠠᠭ ᠨᠢ ᠤᠯᠠᠨ ᠶᠠᠩᠵᠤ ᠬᠡᠯᠪᠡᠷᠢ ᠲᠠᠢ᠂ ᠪᠠᠶᠠᠯᠢᠭ ᠠᠭᠤᠯᠭ᠎ᠠ ᠲᠠᠢ ᠤᠳᠬ᠎ᠠ ᠤᠷᠠᠯᠢᠭ ᠤᠨ ᠠᠩᠭᠢ ᠪᠠ ᠡᠯ᠎ᠡ ᠲᠦᠷᠦᠯ ᠤᠨ ᠳᠤᠷ᠎ᠠ ᠰᠣᠨᠢᠷᠬᠠᠯ ᠤᠨ ᠳᠤᠭᠤᠶᠢᠯᠠᠩ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠰᠣᠶᠣᠯ ᠤᠨ ᠡᠭᠦᠳᠦᠨ ᠪᠠᠶᠢᠭᠤᠯᠤᠯᠲᠠ ᠪᠠᠷ  ᠳᠤᠰᠬᠤᠨ ᠤ ᠠᠷᠠᠳ ᠤᠨ ᠪᠣᠯᠪᠠᠰᠤᠨ ᠢ ᠡᠷᠬᠢᠮᠯᠡᠬᠦ᠂ ᠰᠢᠨ᠎ᠡ ᠬᠡᠪ ᠰᠤᠷᠲᠠᠯ ᠢ ᠪᠤᠢ ᠪᠣᠯᠭᠠᠬᠤ ᠶᠢ ᠬᠥᠲᠥᠯᠥᠨ ᠳᠠᠭᠠᠭᠤᠯᠵᠤ ᠪᠠᠶᠢᠨ᠎ᠠ᠃ ᠲᠠᠷᠢᠶᠠᠯᠠᠩ ᠤᠨ ᠰᠡᠯᠡᠭᠦᠦ ᠴᠠᠭ ᠲᠤ᠂ ᠲᠣᠰᠬᠤᠨ ᠤ ᠰᠣᠶᠣᠯ ᠤᠨ ᠠᠵᠢᠯᠯᠠᠭᠠᠨ ᠤ ᠦᠷᠦᠭᠡ ᠳᠤ᠂ ᠲᠣᠰᠬᠤᠨ ᠤ ᠠᠷᠠᠳ ᠲᠠᠪᠤ ᠭᠤᠷᠪᠠ ᠪᠠᠷ ᠴᠤᠭᠯᠠᠷᠠᠨ ᠰᠢᠲᠠᠷ᠎ᠠ ᠲᠣᠭᠯᠠᠵᠤ᠂ ᠮᠠᠩᠬᠠᠨ ᠠᠶᠠᠯᠭᠤ ᠶᠢ ᠳᠠᠭᠤᠯᠠᠨ᠂ ᠰᠠᠶᠢᠨ ᠰᠠᠶᠢᠬᠠᠨ ᠠᠮᠢᠳᠤᠷᠠᠯ  ᠢᠶᠠᠨ ᠮᠠᠭᠲᠠᠨ ᠳᠠᠭᠤᠯᠠᠵᠤ ᠪᠠᠶᠢᠨ᠎ᠠ︔ ᠲᠣᠰᠬᠤᠨ ᠤ ᠵᠠᠬ᠎ᠠ ᠶᠢᠨ ᠪᠢᠴᠢᠬᠠᠨ ᠠᠭᠤᠳᠠᠮ ᠲᠠᠯᠠᠪᠠᠢ ᠳᠤ᠂ ᠨᠠᠰᠤᠲᠠᠶᠢᠴᠤᠳ ᠳᠠᠭᠤᠤ ᠬᠥᠭᠵᠢᠮ ᠤᠨ ᠠᠶᠠᠰ ᠢᠶᠠᠷ ᠪᠥᠵᠢᠭᠯᠡᠵᠦ᠂ ᠡᠷᠡᠭᠦᠯ ᠮᠡᠨᠳᠤ ᠪᠠᠶᠠᠷ ᠪᠠᠶᠠᠰᠤᠯ ᠲᠠᠢ ᠠᠮᠢᠳᠤᠷᠠᠨ᠂ ᠰᠠᠶᠢᠨ ᠰᠠᠶᠢᠬᠠᠨ ᠢᠷᠡᠭᠡᠳᠦᠢ ᠪᠠᠨ ᠬᠦᠰᠡᠨ  ᠮᠦᠷᠤᠭᠡᠳᠴᠤ ᠪᠠᠶᠢᠯ᠎ᠠ᠃ ᠣᠳᠣᠬᠠᠨ ᠪᠣᠯᠲᠠᠯ᠎ᠠ᠂ ᠲᠣᠰᠬᠤᠨ ᠳᠤ ᠨᠡᠶᠢᠳᠡ 6 ᠰᠣᠶᠣᠯ ᠤᠨ ᠲᠠᠯᠠᠪᠠᠢ ᠪᠠᠶᠢᠭᠤᠯᠵᠤ᠂ 7  ᠰᠣᠶᠣᠯ ᠤᠨ ᠬᠡᠷᠡᠮ ᠢ ᠪᠠᠶᠢᠭᠤᠯᠤᠨ᠂ 2 ᠰᠣᠶᠣᠯ ᠤᠨ ᠠᠵᠢᠯᠯᠠᠭᠠᠨ ᠤ ᠦᠷᠦᠭᠡ᠂ 1  ᠨᠣᠮ ᠤᠨ ᠦᠷᠦᠭᠡ ᠶᠢ ᠪᠠᠶᠢᠭᠤᠯᠪᠠ᠃ ᠤᠷᠢᠳ ᠬᠤᠵᠢᠳ ᠳᠥᠷᠪᠡᠨ ᠮᠣᠷᠠᠯ ᠤᠨ ᠰᠠᠶᠢᠴᠤᠤᠯ ᠤᠨ ᠰᠠᠮᠪᠠᠷ᠎ᠠ᠂  ᠴᠢᠳᠠᠯ ᠲᠠᠢ ᠪᠡᠷᠢ  ᠶᠢᠨ ᠰᠢᠯᠭᠠᠷᠠᠭᠤᠯᠤᠯᠳᠠ ᠵᠡᠷᠭᠡ ᠪᠣᠯᠪᠠᠰᠤᠨ ᠤ ᠰᠢᠯᠭᠠᠷᠠᠭᠤᠯᠤᠯᠲᠠ ᠶᠢᠨ ᠠᠵᠢᠯᠯᠠᠭ᠎ᠠ  ᠶᠢ ᠥᠷᠨᠢᠭᠦᠯᠵᠦ᠂ 2   ᠰᠠᠶᠢᠨ ᠪᠡᠷᠢ᠂ 2  ᠡᠯᠢᠭᠡ ᠪᠦᠲᠦᠨ ᠭᠡᠷ ᠪᠦᠯᠢ ᠵᠢᠴᠢ 4 ᠳᠥᠷᠪᠡᠨ ᠮᠣᠷᠠᠯ  ᠰᠠᠶᠢᠳᠠᠢ ᠨᠡᠶᠢᠲᠡᠯᠢᠭ ᠡᠷᠦᠬᠡ ᠶᠢ ᠰᠢᠯᠭᠠᠷᠠᠭᠤᠯᠤᠨ ᠭᠠᠷᠭᠠᠵᠤ᠂ ᠬᠥᠳᠡᠭᠡ ᠲᠣᠰᠬᠤᠨ ᠤ ᠪᠣᠯᠪᠠᠰᠤᠨ ᠢ ᠬᠡᠪ ᠵᠠᠩᠰᠢᠯ ᠪᠣᠯᠭᠠᠨ᠂ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠨᠢᠭᠡ ᠲᠣᠰᠬᠤᠨ ᠨᠢᠭᠡ  ᠳᠦᠷᠤᠯ ᠳᠡᠮᠳᠡᠭ ᠲᠠᠢ ᠪᠠᠶᠢᠬᠤ ᠲᠥᠯᠦᠪᠵᠢᠭᠦᠯᠭᠡ ᠶᠢ ᠠᠩᠬ᠎ᠠ ᠠᠯᠬᠤᠮ ᠪᠡᠶᠡᠯᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠥᠷᠨᠢᠩᠭᠦᠢ ᠬᠥᠭᠵᠢᠭᠦᠯᠬᠦ᠂ ᠲᠣᠰᠬᠤᠨ ᠤ ᠠᠷᠠᠳ  ᠠᠵᠢᠯᠴᠢ ᠬᠥᠳᠡᠯᠮᠦᠷᠢᠴᠢ ᠪᠠᠷ ᠪᠠᠶᠠᠵᠢᠬᠤ ᠰᠢᠨ᠎ᠡ ᠬᠠᠭᠤᠳᠠᠰᠤ ᠶᠢ   ᠵᠢᠷᠤᠬᠯᠠᠵᠤ ᠪᠠᠶᠢᠨ᠎ᠠ᠃ 
ᠢᠷᠡᠯᠲᠡ᠄ ᠳ᠋ᠠ ᠯᠦ ᠪᠠᠯᠭᠠᠰᠤᠨ ᠤ ᠤᠬᠠᠭᠤᠯᠬᠤ ᠠᠯᠪᠠᠨ ᠭᠡᠷ