2022 ᠤᠨ ᠤ ᠨᠢᠭᠡᠳᠤᠭᠡᠷ ᠰᠠᠷ᠎ᠠ  ᠶᠢᠨ ᠵᠠᠰᠠᠭ  ᠤᠨ ᠤᠷᠳᠤᠨ ᠤ ᠲᠤᠮᠤ ᠠᠵᠢᠯ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2022/4/21
     1 ᠰᠠᠷ᠎ᠠ ᠶᠢᠨ 7 ᠤ ᠡᠳᠦᠷ᠂ ᠵᠡᠭᠦᠨᠭᠠᠷ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ  ᠤ ᠬᠤᠷᠠᠯ ᠬᠤᠷᠠᠯᠳᠤᠪᠠ᠃     1 ᠰᠠᠷ᠎ᠠ ᠶᠢᠨ 8 ᠤ ᠡᠳᠦᠷ᠂ ᠵᠡᠭᠦᠨᠭᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃     1 ᠰᠠᠷ᠎ᠠ ᠶᠢᠨ 9 ᠤ ᠡᠳᠦᠷ᠂ ᠵᠡᠭᠦᠨᠭᠠᠷ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠳᠠᠭᠤᠰᠬᠠᠵᠤ᠂ ᠰᠢᠤᠸᠠᠢ ᠵᠢᠶᠠ ᠸᠠᠨ ᠳᠤ ᠲᠡᠭᠦᠰᠪᠡ᠃     1 ᠰᠠᠷ᠎ᠠ ᠶᠢᠨ 10 ᠤ ᠡᠳᠦᠷ᠂ ᠵᠡᠭᠦᠨᠭᠠᠷ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠷᠪᠠᠨ ᠨᠠᠢᠮᠠᠳᠤᠭᠠᠷ ᠬᠤᠭᠤᠴᠠᠭᠠᠨ ᠤ ᠠᠩᠬᠠᠳᠤᠭᠠᠷ ᠤᠳᠠᠭᠠᠨ ᠤ ᠬᠤᠷᠠᠯ ᠰᠢᠤᠸᠠᠢ ᠵᠢᠶᠠ ᠸᠠᠨ ᠳᠤ ᠠᠮᠵᠢᠯᠲᠠ ᠲᠠᠢ ᠲᠡᠭᠦᠰᠪᠡ᠃      ᠳᠤᠰ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ  ᠤ ᠳᠠᠷᠤᠭ᠎ᠠ ᠰᠤᠷᠭᠠᠯᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠢᠦᠢ  ᠱᠤ᠋ ᠴᠢᠩ᠂ ᠸᠠᠩ ᠵᠢᠩ ᠯᠦᠩ᠂ ᠤᠶᠤᠨᠪᠢᠯᠢᠭ᠌᠂ ᠦ᠋ ᠰᠢᠦᠢ ᠳ᠋ᠦᠩ᠂ ᠵᠠᠩ ᠶᠠ ᠨᠠᠨ᠂  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ  ᠳᠡᠳ᠋ ᠡᠷᠭᠢᠯᠡᠭᠴᠢ ᠸᠠᠩ ᠮᠢᠨ  ᠤᠷᠢᠯᠭ᠎ᠠ ᠪᠠᠷ ᠬᠤᠷᠠᠯ ᠳᠤ ᠤᠷᠤᠯᠴᠠᠪᠠ᠃     1 ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠬᠤᠲᠠ ᠶᠢᠨ ᠵᠠᠰᠠᠭ ᠤᠨ ᠣᠷᠳᠣᠨ  2021 ᠣᠨ ᠤ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠠᠴᠠ ᠬᠤᠲᠠ ᠶᠢᠨ ᠠᠷᠠᠳ ᠲᠤ ᠮᠡᠳᠡᠭᠦᠯᠤᠯᠳᠡ ᠬᠢᠬᠦ᠂ ᠬᠤᠲᠠ ᠶᠢᠨ ᠠᠷᠠᠳ ᠤᠨ ᠰᠠᠨᠠᠯ ᠢ ᠰᠣᠨᠣᠰᠬᠤ᠂ ᠬᠤᠲᠠ ᠶᠢᠨ ᠠᠷᠠᠳ ᠢ ᠤᠷᠢᠵᠤ  ᠦᠨᠡᠯᠡᠯᠳᠡ ᠬᠢᠯᠭᠡᠬᠦ ᠠᠵᠢᠯᠯᠠᠭ᠎ᠠ ︵ᠳᠥᠭᠦᠮᠴᠢᠯᠡᠭᠡᠳ ︽ᠭᠤᠷᠪᠠᠨ ᠠᠷᠠᠳ︾ ᠤᠨ ᠠᠵᠢᠯᠯᠠᠭ᠎ᠠ ᠭᠡᠳᠡᠭ︶ ᠶᠢᠨ ᠲᠤᠰᠢᠶᠠᠯ ᠤᠨ ᠮᠡᠳᠡᠭᠦᠯᠦᠯᠲᠡ ᠪᠠ  ᠮᠡᠳᠡᠭᠦᠯᠦᠯᠲᠡ ᠬᠢᠬᠦ ᠬᠤᠷᠠᠯ ᠬᠢᠪᠡ᠃ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠶᠢ ᠳ᠋ᠠ ᠯᠦ ᠰᠢᠨ᠎ᠡ ᠲᠣᠭᠤᠷᠢᠭ ᠤᠨ ᠪᠠᠷᠢᠯᠭ᠎ᠠ ᠶᠢᠨ ᠦᠢᠯᠡᠰ ᠤᠨ ᠲᠣᠮᠣ ᠠᠰᠠᠷ ᠤᠨ ᠲᠣᠮᠣ ᠸᠢᠳᠢᠤ᠋ ᠬᠤᠷᠠᠯ ᠤᠨ ᠭᠡᠷ ᠲᠤ ᠪᠠᠶᠢᠷᠢᠯᠠᠭᠤᠯᠪᠠ᠃     1 ᠰᠠᠷ᠎ᠠ ᠶᠢᠨ 11 ᠠᠴᠠ 12 ᠤᠨ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠪᠦᠯᠬᠦᠮ ᠳᠠᠭᠠᠭᠤᠯᠤᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ  ᠴᠠᠩ ᠴᠧᠩ ᠡᠨᠧᠷᠭᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠪᠡᠭᠡᠵᠢᠩ ᠤᠨ ᠢ ᠬᠤᠸᠠ ᠲᠦᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠭᠤᠣᠯᠳᠠᠯᠭ᠎ᠠ ᠲᠠᠢ ᠲᠥᠷᠥᠯ ᠵᠦᠢᠯ  ᠳᠤ ᠰᠢᠨᠵᠢᠯᠡᠨ ᠪᠠᠶᠢᠴᠠᠭᠠᠯᠳᠠ ᠬᠢᠵᠤ ᠵᠠᠯᠭᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠢᠦᠢ ᠵᠢᠶᠧ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠪᠦᠯᠬᠦᠮ  ᠳᠠᠭᠠᠵᠤ ᠰᠢᠨᠵᠢᠯᠡᠨ ᠪᠠᠶᠢᠴᠠᠭᠠᠯᠳᠠ ᠬᠢᠪᠡ᠃      1 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠠᠩᠬᠠᠳᠠᠭᠴᠢ  ᠴᠤᠯ  ᠴᠠᠬᠢᠯᠭᠠᠨ ᠤ ᠵᠢᠯᠣᠭᠤᠴᠢ ᠦᠭᠡᠢ ᠠᠭᠤᠷᠬᠠᠢ ᠶᠢᠨ ᠮᠠᠰᠢᠨ ᠲᠡᠷᠭᠡ ᠵᠢᠴᠢ ᠲᠢᠶᠧ ᠴᠧᠨ ᠣᠶᠤᠨᠴᠢ  ᠳᠦᠷᠦᠬᠦᠦ ᠪᠦᠯᠦᠭ ᠰᠢᠨ᠎ᠡ ᠡᠨᠧᠷᠭᠢ ᠶᠢᠨ ᠬᠦᠨᠳᠦ  ᠠᠴᠢᠶᠠᠨ ᠤ ᠮᠠᠰᠢᠨ ᠢ  ᠠᠰᠢᠬᠯᠠᠯᠳᠠ ᠳᠤ ᠤᠷᠤᠭᠤᠯᠬᠤ ᠶᠣᠰᠣᠯᠠᠯ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠢ ᠶᠢᠨ ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠢᠨ ᠯᠢ ᠹᠧᠩ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠵᠠᠨ ᠢ᠂ ᠬᠤᠰᠢᠭᠤᠨ ᠤ ᠤᠳᠤᠷᠢᠳᠤᠯᠭ᠎ᠠ ᠯᠦ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ᠂ ᠴᠢᠶᠣᠤ ᠠᠢ ᠫᠢᠩ᠂ ᠲᠠᠩ  ᠳᠠᠯᠠᠢ᠂ ᠵᠤᠸᠠᠩ ᠰᠢᠤᠸᠠᠢ ᠱᠤᠸᠠᠩ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ  ᠬᠤᠯᠪᠤᠬᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠵᠠᠢ᠃     1 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠵᠡᠭᠦᠨᠭᠠᠷ ᠬᠤᠰᠢᠭᠤᠨ ᠳᠤ ᠢᠷᠡᠵᠦ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠠ᠃ ᠬᠤᠲᠠ ᠶᠢᠨ ᠳᠡᠳ᠋ ᠳᠠᠷᠤᠭ᠎ᠠ ᠡᠷᠳᠡᠨᠢᠪᠢᠯᠢᠭ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ  ᠰᠤᠷᠭᠠᠯᠳᠤ ᠵᠢᠴᠢ ᠵᠡᠭᠦᠨᠭᠠᠷ ᠡᠨᠧᠷᠬᠢ ᠶᠢᠨ ᠪᠦᠯᠦᠭᠯᠡᠯ ᠤᠨ ᠭᠤᠣᠯ ᠤᠳᠤᠷᠢᠳᠬᠤ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃       ᠲᠣᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ 2022 ᠣᠨ ᠤ  ᠠᠩᠬᠠᠳᠤᠭᠠᠷ ᠤᠳᠠᠭ᠎ᠠ ᠶᠢᠨ ᠱᠦᠵᠢ  ᠨᠠᠷ ᠤᠨ ᠲᠤᠰᠬᠠᠢ ᠰᠡᠳᠦᠪᠲᠦ ᠬᠤᠷᠠᠯ ᠵᠢᠴᠢ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠴᠢᠬᠤᠯᠠ ᠶᠡᠭᠡ ᠲᠥᠷᠥᠯ ᠵᠦᠢᠯ ᠤᠨ ᠭᠡᠷ᠎ᠡ ᠲᠣᠭᠲᠠᠨ ᠵᠣᠯᠭᠠᠭᠤᠯᠬᠤ ᠶᠢ ᠲᠣᠬᠢᠷᠠᠭᠤᠯᠤᠭᠰᠠᠨ ᠪᠠᠶᠢᠳᠠᠯ ᠪᠠ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠴᠢᠶᠣᠤ ᠠᠢ ᠫᠢᠩ᠂ ᠴᠢᠦᠢ ᠱᠤ᠋ ᠴᠢᠩ᠂ ᠸᠠᠩ ᠢᠦᠢ ᠵᠢᠶᠧ᠂ ᠬᠤᠶᠠᠷ ᠬᠦᠷᠢᠶᠡᠯᠡᠩ ᠲᠣᠭᠤᠷᠢᠭ ᠵᠢᠴᠢ  ᠬᠤᠯᠪᠤᠬᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     1 ᠰᠠᠷ᠎ᠠ ᠶᠢᠨ 17  ᠤ ᠡᠳᠦᠷ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ  ᠳ᠋ᠢᠶᠠᠩᠬᠤᠸᠠ ᠬᠤᠷᠠᠯ ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠸᠠᠩ ᠵᠢᠩ ᠯᠦᠩ᠂ ᠦ᠋ ᠰᠢᠦᠢ ᠳ᠋ᠦᠩ᠂ ᠬᠤᠶᠠᠷ ᠬᠦᠷᠢᠶᠡᠯᠡᠩ ᠲᠣᠭᠤᠷᠢᠭ ᠵᠢᠴᠢ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃     ᠲᠣᠰ ᠡᠳᠦᠷ᠂ ᠪᠥᠬᠦ ᠬᠤᠲᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦᠩᠨᠡᠯᠲᠡ ᠶᠢᠨ ᠬᠤᠷᠠᠯ ᠬᠢᠶ᠎ᠠ ᠪᠠᠭᠰᠢ ᠲᠣᠭᠤᠷᠢᠭ ᠲᠤ ᠬᠤᠷᠠᠯᠳᠤᠪᠠ᠃ ᠬᠤᠷᠠᠯ ᠨᠢ ᠸᠢᠳᠢᠤ᠋ ᠶᠢᠨ ᠬᠤᠷᠠᠯ ᠤᠨ ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ  ᠰᠤ᠋ ᠰᠢᠨ ᠶᠠ᠂ ᠯᠦ ᠵᠠᠨ ᠴᠢᠩ᠂  ᠰᠤᠷᠭᠠᠯᠳᠤ ᠂ ᠵᠢᠶᠠ ᠭᠤᠸᠠᠩ ᠬᠤᠸᠠ᠂ ᠯᠠᠨ ᠲᠢᠶᠠᠨ᠂ ᠴᠢᠶᠣᠤ ᠠᠢ ᠫᠢᠩ᠂ ᠵᠢᠶᠣᠣ ᠵᠢᠩ᠂ ᠴᠢᠦᠢ ᠱᠤ᠋ ᠴᠢᠩ᠂ ᠲᠠᠩ ᠳᠠᠯᠠᠢ᠂ ᠴᠢᠶᠣᠤ ᡁᠢ ᠫᠢᠩ᠂ ᠯᠢ ᠶᠣᠣ ᠵᠢᠶᠦ᠋ᠨ᠂ ᠸᠠᠩ‌ᠢᠤᠢ ᠵᠢᠶᠧ᠂ ᠸᠠᠩ ᠵᠢᠩ ᠯᠦᠩ᠂ ᠵᠤᠸᠠᠩ ᠰᠢᠤᠸᠠᠢ ᠱᠤᠸᠠᠩ᠂ ᠦ᠋ ᠰᠢᠦᠢ ᠳ᠋ᠦᠩ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠤᠨ ᠭᠡᠰᠢᠭᠦᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ᠳᠤᠰ ᠡᠳᠦᠷ᠂  ᠤᠯᠤᠰ ᠤᠨ ᠡᠨᠧᠷᠬᠢ ᠶᠢᠨ ᠵᠡᠭᠦᠨᠭᠠᠷ ᠡᠨᠧᠷᠬᠢ ᠶᠢᠨ ᠪᠦᠯᠦᠭᠯᠡᠯ ᠤᠨ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠦᠢᠯᠡᠳᠦᠯᠭᠡ ᠶᠢᠨ ᠠᠷᠭ᠎ᠠ ᠬᠢᠳᠡᠯ ᠨᠢ 2022 ᠣᠨ ᠤ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠨᠡᠶᠢᠲᠡᠯᠡᠭᠰᠡᠨ ︽ᠳᠤᠮᠳᠠᠳᠤ ᠤᠯᠤᠰ ᠤᠨ ᠪᠠᠶᠢᠭᠠᠯᠢ ᠶᠢᠨ ᠠᠰᠢᠭ ᠭᠥᠷᠳᠡᠬᠦ  ᠭᠡᠯᠪᠡᠷᠢᠳᠤ ᠠᠵᠤ ᠠᠬᠤᠢ ᠳᠡᠶᠢᠰᠢ ᠤᠷᠤᠭᠰᠢᠯᠠᠬᠤ ᠠᠵᠠ ᠲᠣᠬᠢᠶᠠᠯ︾ ᠢ ᠨᠡᠪᠲᠡ ᠠᠵᠢᠭᠯᠠᠵᠤ ᠮᠡᠳᠡᠭᠦᠯᠦᠭᠰᠡᠨ ᠬᠡᠷᠡᠭ ᠤᠨ ᠵᠢᠱᠢᠶ᠎ᠡ ᠳᠤ ᠰᠣᠩᠭᠤᠭᠳᠠᠵᠠᠢ᠃     ᠲᠣᠰ ᠡᠳᠦᠷ᠂ ᠵᠡᠭᠦᠨᠭᠠᠷ ᠬᠤᠰᠢᠭᠤᠨ ᠤ 2022 ᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ  ᠳ᠋ᠠ ᠯᠤ᠋ ᠬᠦᠷᠢᠶᠡᠯᠡᠩ ᠲᠣᠭᠤᠷᠢᠭ ᠲᠤ ᠶᠠᠪᠤᠭᠳᠠᠪᠠ᠃  ᠰᠤ᠋ ᠰᠢᠨ ᠶᠠ᠂ ᠯᠦ ᠵᠠᠨ ᠴᠢᠩ᠂ ᠰᠤᠷᠭᠠᠯᠳᠤ᠂ ᠵᠢᠶᠠ ᠭᠤᠸᠠᠩ ᠬᠤᠸᠠ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠶᠣᠰᠣᠯᠠᠯ ᠳᠡᠭᠡᠷ᠎ᠡ᠂ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ  ᠶᠠᠩ ᠭᠤᠸᠠᠩ ᠰᠢᠨ᠎ᠡ ᠡᠨᠧᠷᠭᠢ᠂ ᠲᠢᠶᠠᠨ ᠾᠧ ᠨᠡᠷᠡᠨ ᠤ ᠡᠨᠧᠷᠭᠢ᠂ ᠱᠠᠩᠬᠠᠢ ᠶᠢᠨ ᠳᠠᠬᠢᠨ ᠴᠣᠭᠴᠠᠯᠠᠯᠲᠠ᠂ ᠪᠡᠭᠡᠵᠢᠩ ᠤᠨ ᠢ ᠬᠤᠸᠠ ᠲᠦᠩ᠂ ᠱᠠᠩᠬᠠᠢ ᠶᠢᠨ ᠱᠦᠨ ᠬᠤᠸᠠ ᠵᠡᠷᠭᠡ 36 ᠠᠵᠤ ᠠᠬᠤᠶᠢᠯᠠᠯ ᠲᠠᠢ ᠭᠡᠷ᠎ᠡ ᠲᠣᠭᠲᠠᠵᠤ᠂ ᠰᠢᠨ᠎ᠡ ᠡᠨᠧᠷᠭᠢ ᠶᠢᠨ ᠬᠦᠨᠳᠦ  ᠠᠴᠢᠶᠠᠨ ᠤ ᠮᠠᠰᠢᠨ᠂ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠲᠥᠬᠦᠭᠡᠷᠦᠮᠵᠢ ᠦᠶᠯᠡᠳᠬᠦ᠂ ᠤᠰᠤᠲᠥ᠋ᠷᠥᠭᠴᠢ ᠡᠨᠧᠷᠭᠢ ᠶᠢᠨ ᠤᠶᠢᠯᠡᠳᠴᠤ ᠬᠠᠳᠠᠭᠠᠯᠠᠵᠤ ᠵᠥᠭᠡᠭᠡᠪᠦᠷᠢᠯᠡᠬᠦ ᠵᠡᠷᠭᠡ ᠬᠦᠷᠢᠶᠡᠨ ᠳᠠᠬᠢ 30 ᠬᠠᠮᠲᠤᠷᠠᠯᠴᠠᠭᠠᠨ ᠤ ᠲᠥᠷᠥᠯ ᠵᠦᠢᠯ ᠳᠤ ᠬᠤᠯᠪᠣᠭᠳᠠᠨ᠂ ᠵᠥᠪᠳᠡᠯᠴᠡᠭᠡᠷ  ᠳᠤᠬᠳᠠᠬᠰᠠᠨ ᠨᠡᠶᠢᠲᠡ ᠵᠣᠭᠤᠰ ᠤᠨ ᠲᠤᠭ᠎ᠠ ᠨᠢ 1025.5 ᠳ᠋ᠦᠩᠰᠢᠭᠤᠷ ᠲᠥᠭᠦᠷᠢᠭ ᠲᠤ ᠬᠦᠷᠴᠡᠢ᠃     1 ᠰᠠᠷ᠎ᠠ ᠶᠢᠨ 18 ᠤ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤᠨ ᠤ ᠬᠤᠷᠠᠯ ᠤᠨ ᠲᠥᠪ ᠲᠤ ᠡᠬᠢᠯᠡᠪᠡ᠃ ᠬᠤᠲᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ ᠪᠠᠢ ᠵᠢᠶᠧ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠰᠢᠭᠤᠨ ᠤ ᠤᠳᠤᠷᠢᠳᠤᠯᠭ᠎ᠠ  ᠰᠤ᠋ ᠰᠢᠨ ᠶᠠ᠂ ᠯᠦ ᠵᠠᠨ ᠴᠢᠩ᠂  ᠰᠤᠷᠭᠠᠯᠳᠤ᠂ ᠵᠢᠶᠠ ᠭᠤᠸᠠᠩ ᠬᠤᠸᠠ᠂ ᠯᠠᠨ ᠲᠢᠶᠠᠨ᠂ ᠴᠢᠶᠣᠤ ᠠᠢ ᠫᠢᠩ᠂ ᠵᠢᠶᠣᠣ ᠵᠢᠩ᠂ ᠴᠢᠦᠢ  ᠱᠤ᠋ ᠴᠢᠩ᠂ ᠲᠠᠩ  ᠳᠠᠯᠠᠢ᠂ ᠴᠢᠶᠣᠤ ᡁᠢ ᠫᠢᠩ᠂ ᠸᠠᠩ  ᠢᠤᠢ ᠵᠢᠶᠧ ᠬᠤᠷᠠᠯ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠤ᠂  ᠬᠤᠰᠢᠭᠤᠨ ᠤ ᠡᠪᠯᠡᠯ ᠤᠨ ᠬᠤᠷᠢᠶ᠎ᠠ᠂ ᠡᠪᠯᠡᠯ ᠤᠨ ᠭᠡᠰᠢᠬᠦᠨ ᠤ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠢ᠃ ᠲᠤᠰ ᠡᠳᠦᠷ ᠤᠨ ᠦᠳᠡ ᠶᠢᠨ ᠬᠤᠶᠢᠨ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠰᠦᠷ ᠵᠢᠪᠬᠤᠯᠠᠩᠲᠤ ᠢᠨᠲ᠋ᠧᠷᠨᠠᠼᠢᠤᠨᠠᠯ ᠤᠨ ᠳᠠᠭᠤᠤ ᠶᠢᠨ ᠠᠶᠠᠰ ᠤᠨ ᠳᠤᠮᠳᠠ ᠠᠮᠵᠢᠯᠲᠠ ᠲᠠᠢ ᠲᠡᠭᠦᠰᠪᠡ᠃ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠠᠨ ᠲᠢᠶᠠᠨ ᠲᠡᠭᠦᠰᠬᠦ ᠶᠣᠰᠣᠯᠠᠯ ᠳᠤ ᠣᠷᠣᠯᠴᠠᠵᠤ᠂  ᠬᠤᠰᠢᠭᠤᠨ ᠤ ᠡᠪᠯᠡᠯ ᠤᠨ ᠬᠤᠷᠢᠶᠠᠨ ᠤ ᠬᠠᠷᠢᠭᠤᠴᠠᠯᠭᠠᠲᠠᠨ᠂  ᠡᠪᠯᠡᠯ ᠤᠨ ᠭᠡᠰᠢᠬᠦᠨ ᠤ ᠲᠥᠯᠥᠭᠡᠯᠡᠭᠴᠢ ᠨᠠᠷ ᠬᠤᠷᠠᠯ ᠳᠤ ᠣᠷᠣᠯᠴᠠᠪᠠ᠃     ᠲᠣᠰ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠵᠤᠭᠠᠴᠠᠯ ᠤᠨ ᠵᠣᠴᠢᠳ ᠤᠨ ᠪᠠᠭᠤᠳᠠᠯ ᠤᠨ ᠣᠳᠣᠨ ᠲᠠᠰ ᠤᠨ ᠦᠨᠡᠯᠡᠨ ᠲᠣᠭᠲᠠᠭᠠᠬᠤ  ᠵᠦᠪᠯᠡᠯ ᠠᠴᠠ ᠵᠡᠭᠦᠨᠭᠠᠷ ᠬᠤᠰᠢᠭᠤᠨ ᠤ ᠯᠠᠩ ᠵᠢᠩ ᠵᠣᠴᠢᠳ ᠤᠨ ᠪᠠᠭᠤᠳᠠᠯ ᠢ ᠤᠯᠤᠰ ᠤᠨ ᠳᠥᠷᠪᠡᠨ ᠣᠳᠣᠨ ᠲᠠᠰ ᠤᠨ  ᠵᠤᠭᠠᠴᠠᠯ ᠤᠨ ᠵᠣᠴᠢᠳ ᠤᠨ ᠪᠠᠭᠤᠳᠠᠯ  ᠢᠶᠠᠷ  ᠵᠦᠪᠰᠢᠶᠡᠷᠡᠪᠡ᠃     1 ᠰᠠᠷ᠎ᠠ ᠶᠢᠨ 19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ 2022 ᠣᠨ ᠤ ᠬᠤᠶᠠᠳᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠡᠯ᠎ᠡ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠴᠢᠶᠣᠤ ᠠᠢ ᠫᠢᠩ᠂ ᠸᠠᠩ ᠢᠤᠢ ᠵᠢᠶᠧ᠂ ᠵᠤᠸᠠᠩ ᠰᠢᠤᠸᠠᠢ ᠱᠤᠸᠠᠩ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠵᠢᠴᠢ ᠡᠯ᠎ᠡ  ᠬᠤᠯᠪᠤᠬᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃     ᠲᠣᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 19  ᠳ᠋ᠤᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ  ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠳᠤᠯᠭᠠᠨ ᠪᠠᠶᠢᠴᠠᠭᠠᠭᠰᠠᠨ ᠮᠠᠲ᠋ᠧᠷᠢᠶᠠᠯ ᠢ ᠬᠢᠨᠠᠨ ᠵᠦᠪᠯᠡᠵᠤ᠂ ᠵᠡᠭᠦᠨᠭᠠᠷ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︵ᠬᠤᠳᠠᠯᠳᠤᠭᠠᠴᠢᠳ ᠤᠨ ᠶᠡᠷᠦᠩᠬᠡᠢ ᠡᠪᠯᠡᠯ︶ ᠶᠢᠨ ᠬᠤᠭᠤᠴᠠᠭ᠎ᠠ ᠰᠣᠯᠢᠬᠤ ᠠᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ᠂ ᠬᠤᠯᠪᠤᠬᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ  ᠰᠤᠷᠭᠠᠯᠳᠤ᠂ ᠵᠢᠶᠠ ᠭᠤᠸᠠᠩ ᠬᠤᠸᠠ᠂ ᠵᠢᠶᠣᠣ ᠵᠢᠩ᠂ ᠴᠢᠦᠢ  ᠱᠤ᠋ ᠴᠢᠩ᠂ ᠲᠠᠩ  ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠸᠠᠩ ᠢᠤᠢ ᠵᠢᠶᠧ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠲᠤᠰ ᠡᠳᠦᠷ᠂ ᠬᠤᠳᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠨ ᠠᠵᠢᠯᠴᠢᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠵᠡᠭᠦᠨᠭᠠᠷ ᠬᠤᠰᠢᠭᠤᠨ ᠳᠤ ᠢᠷᠡᠵᠦ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠵᠣᠣ ᠹᠧᠢ ᠯᠦ ᠤᠬᠠᠭᠤᠯᠤᠨ ᠲᠠᠶᠢᠯᠪᠤᠷᠢᠯᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠠᠨ ᠲᠢᠶᠠᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠡᠷᠭᠢᠯᠡᠪᠡ᠃     1 ᠰᠠᠷ᠎ᠠ ᠶᠢᠨ 20 ᠤ ᠡᠳᠦᠷ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠨᠠᠷ ᠵᠡᠭᠦᠨᠭᠠᠷ ᠬᠤᠰᠢᠭᠤᠨ ᠳᠤ ᠢᠷᠡᠵᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠴᠠᠭᠠᠨ ᠰᠠᠷ᠎ᠠ ᠶᠢᠨ ᠲᠣᠬᠤᠨᠢᠭᠤᠯᠭ᠎ᠠ ᠬᠢᠵᠤ᠂  ᠠᠵᠤ ᠠᠬᠤᠶᠢᠯᠠᠯ ᠪᠠ ᠬᠥᠳᠡᠯᠮᠦᠷᠢ ᠶᠢᠨ ᠵᠢᠱᠢᠶᠡᠴᠢᠳ  ᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠪᠠ ᠪᠠᠶᠠᠷ ᠤᠨ ᠡᠳᠦᠷ ᠤᠨ  ᠮᠡᠨᠳᠤᠴᠢᠯᠡᠯ ᠳᠡᠪᠰᠢᠭᠦᠯᠪᠡ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠶᠢᠨ ᠵᠠᠨ ᠢ᠂ ᠬᠤᠰᠢᠭᠤᠨ ᠤ ᠤᠳᠤᠷᠢᠳᠤᠯᠭ᠎ᠠ ᠴᠢᠶᠣᠤ ᠠᠢ ᠫᠢᠩ᠂ ᠵᠤᠸᠠᠩ ᠰᠢᠤᠸᠠᠢ ᠱᠤᠸᠠᠩ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ  ᠬᠤᠯᠪᠤᠬᠳᠠᠯ ᠪᠦᠬᠦᠢ ᠬᠠᠷᠢᠭᠤᠴᠠᠯᠭᠠᠲᠠᠨ ᠨᠠᠷ ᠪᠠᠷ᠎ᠠ ᠪᠣᠯᠪᠠ᠃     ᠲᠣᠰ ᠡᠳᠦᠷ᠂ ᠵᠡᠭᠦᠨᠭᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠦ ᠵᠠᠨ ᠴᠢᠩ᠂ ᠳᠡᠳ᠋ ᠡᠷᠬᠢᠯᠡᠭᠴᠢ ᠠᠨ ᠰᠢᠶᠠ᠂ ᠸᠠᠩ ᠮᠢᠨ᠂ ᠶᠠᠨ ᠹᠧᠢ᠂ ᠷᠧᠨ ᡁᠢ ᠶᠤᠸᠠᠨ ᠵᠢᠴᠢ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠥᠬᠦ  ᠭᠡᠰᠢᠬᠦᠳ ᠬᠤᠷᠠᠯ ᠳᠤ ᠣᠷᠣᠯᠴᠠᠵᠠᠢ᠃ ᠬᠤᠰᠢᠭᠤᠨ ᠤ ᠤᠳᠤᠷᠢᠳᠤᠯᠭ᠎ᠠ ᠤᠶᠤᠨᠪᠢᠯᠢᠭ᠌᠂ ᠦ᠋ ᠰᠢᠦᠢ ᠳ᠋ᠦᠩ᠂ ᠰᠢᠭᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠪᠠ ᠪᠠᠶᠢᠴᠠᠭᠠᠬᠤ  ᠬᠤᠷᠢᠶᠠᠨ ᠤ ᠪᠠᠶᠢᠴᠠᠭᠠᠬᠴᠢ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃      1 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠪᠦᠭᠦ ᠬᠤᠰᠢᠭᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳ᠋ᠦ᠌ᠩᠨᠡᠯᠳᠡ ᠶᠢᠨ ᠬᠤᠷᠠᠯ ᠢ ᠡᠷᠭᠢᠯᠠᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠪᠠᠶᠢᠴᠠᠭᠠᠵᠤ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠤᠤᠯ ᠤᠨ ᠳᠡᠳ᠋ ᠱᠦᠵᠢ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠹᠦ᠋ ᠵᠢᠶᠠᠨ ᠴᠢ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃ ᠯᠦ ᠵᠠᠨ ᠴᠢᠩ᠂ ᠵᠢᠶᠠ ᠭᠤᠸᠠᠩ ᠬᠤᠸᠠ ᠵᠡᠷᠭᠡ ᠬᠤᠰᠢᠭᠤᠨ ᠤ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ  ᠰᠢᠬᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠪᠠ ᠪᠠᠶᠢᠴᠠᠭᠠᠬᠤ  ᠬᠤᠷᠢᠶᠠᠨ ᠤ ᠪᠠᠶᠢᠴᠠᠭᠠᠬᠴᠢ ᠳᠠᠷᠤᠭ᠎ᠠ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠪᠠᠶᠢᠴᠠᠭᠠᠵᠤ ᠵᠢᠯᠤᠭᠤᠳᠬᠤ ᠳᠤᠭᠤᠶᠢᠯᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠪᠠᠶᠢᠴᠠᠭᠠᠵᠤ ᠵᠢᠯᠤᠭᠤᠳᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃      ᠲᠣᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠤ᠋ ᠰᠢᠨ ᠶᠠ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ  ᠬᠤᠷᠢᠶᠠᠨ ᠤ ᠬᠤᠷᠢᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ  ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ  ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃      ᠲᠣᠰ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ  ᠰᠤ᠋ ᠰᠢᠨ ᠶᠠ 2022 ᠣᠨ ᠤ ᠭᠤᠷᠪᠠᠳᠤᠭᠠᠷ ᠤᠳᠠᠭ᠎ᠠ ᠶᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ  ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ  ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠵᠢᠷᠭᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠤᠳᠤᠷᠢᠳᠤᠯᠭ᠎ᠠ ᠯᠠᠨ ᠲᠢᠶᠠᠨ᠂ ᠴᠢᠶᠣᠤ ᡁᠢ ᠫᠢᠩ᠂ ᠯᠢ ᠶᠣᠣ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ  ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      1 ᠰᠠᠷ᠎ᠠ ᠶᠢᠨ 26 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠢᠨ‌ᠬᠤᠶᠠᠳᠤᠭᠠᠷ ᠪᠥᠬᠦᠳᠡ‌ᠬᠤᠷᠠᠯ ᠳᠤ ᠤᠷᠤᠯᠴᠠᠬᠰᠠᠨ ᠤ ᠬᠠᠮᠳᠤ ᠶᠠᠷᠢᠶ᠎ᠠ ᠳᠠᠯᠪᠢᠪᠠ᠃ ᠬᠤᠷᠠᠯ ᠨᠢ ᠸᠢᠳᠢᠤ᠋  ᠬᠤᠷᠠᠯ ᠤᠨ ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ  ᠰᠤ᠋ ᠰᠢᠨ ᠶᠠ᠂ ᠯᠦ ᠵᠠᠨ ᠴᠢᠩ᠂  ᠰᠤᠷᠭᠠᠯᠳᠤ᠂ ᠵᠢᠶᠠ ᠭᠤᠸᠠᠩ ᠬᠤᠸᠠ᠂ ᠯᠠᠨ ᠲᠢᠶᠠᠨ᠂ ᠴᠢᠶᠣᠤ ᠠᠢ ᠫᠢᠩ᠂ ᠲᠠᠩ  ᠳᠠᠯᠠᠢ᠂ ᠸᠠᠩ ᠶᠦᠩ ᡁᠢ᠂ ᠴᠢᠶᠣᠤ ᡁᠢ ᠫᠢᠩ᠂ ᠸᠠᠩ ᠢᠤᠢ ᠵᠢᠶᠧ᠂ ᠠᠨ ᠰᠢᠶᠠ᠂ ᠸᠠᠩ ᠮᠢᠨ᠂ ᠶᠠᠨ ᠹᠧᠢ᠂ ᠷᠧᠨ ᡁᠢ ᠶᠤᠸᠠᠨ᠂ ᠵᠤᠸᠠᠩ ᠰᠢᠤᠸᠠᠢ ᠱᠤᠸᠠᠩ᠂ ᠦ᠋ ᠰᠢᠦᠢ ᠳ᠋ᠦᠩ᠂ ᠵᠠᠩ ᠶᠠ ᠨᠠᠨ᠂ ᠯᠢ ᠱᠤᠸᠠᠨ᠂ ᠭᠤᠸ ᠷᠦᠨ ᠬᠤᠸᠠ᠂ ᠭᠦᠸᠧ ᠶᠦᠩ ᠯᠢᠨ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ᠂ ᠡᠯ᠎ᠡ ᠪᠠᠶᠢᠭᠤᠯᠭ᠎ᠠ ᠨᠢᠭᠡᠴᠢ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      1 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂  ᠬᠤᠲᠠ ᠶᠢᠨ ᠣᠷᠣᠯᠠᠭᠴᠢ ᠳᠠᠷᠤᠭ᠎ᠠ ᠳ᠋ᠦ᠋  ᠬᠤᠢ ᠯᠢᠶᠠᠩ ᠪᠥᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠡᠷᠭᠢᠯᠡᠨ ᠬᠤᠷᠠᠯᠳᠤᠭᠤᠯᠵᠤ᠂ ᠴᠠᠭᠠᠨ ᠰᠠᠷ᠎ᠠ ᠪᠠ ᠪᠥᠬᠦ ᠬᠤᠲᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠢ ᠬᠤᠷᠠᠯ ᠳᠤ ᠣᠷᠣᠯᠴᠠᠵᠤ ᠠᠵᠢᠯ  ᠢ ᠪᠠᠶᠢᠷᠢᠯᠠᠭᠤᠯᠪᠠ᠃ ᠬᠤᠷᠠᠯ  ᠨᠢ ᠸᠢᠳᠢᠤ᠋  ᠬᠤᠷᠠᠯ ᠤᠨ ᠬᠡᠯᠪᠡᠷᠢ ᠪᠠᠷ ᠶᠠᠪᠤᠭᠳᠠᠪᠠ᠃ ᠬᠤᠰᠢᠭᠤᠨ ᠤ ᠤᠳᠤᠷᠢᠳᠤᠯᠭ᠎ᠠ ᠰᠤᠷᠭᠠᠯᠳᠤ᠂ ᠴᠢᠶᠣᠤ ᠠᠢ ᠫᠢᠩ᠂ ᠵᠠᠩ ᠶᠠ ᠨᠠᠨ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠳ᠋ᠠ ᠯᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠬᠤᠰᠢᠭᠤᠨ ᠤ ᠰᠢᠭᠤᠳ ᠬᠠᠷᠢᠶ᠎ᠠ  ᠬᠤᠯᠪᠤᠬᠳᠠᠯ ᠪᠦᠬᠦᠢ ᠰᠠᠯᠠᠭ᠎ᠠ ᠮᠥᠴᠢᠷ᠂  ᠰᠠᠭᠤᠭ᠎ᠠ ᠭᠠᠵᠠᠷ ᠤᠨ ᠵᠠᠷᠢᠮ ᠠᠵᠤ ᠠᠬᠤᠶᠢᠯᠠᠯ ᠤᠨ ᠬᠠᠷᠢᠭᠤᠴᠠᠯᠭᠠᠲᠠᠳ ᠵᠡᠭᠦᠨᠭᠠᠷ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠬᠤᠷᠠᠯ ᠤᠨ ᠲᠠᠷᠠᠭ᠎ᠠ᠂ ᠬᠤᠰᠢᠭᠤᠨ ᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠲᠤᠰᠬᠠᠢ ᠰᠡᠳᠦᠪᠲᠦ ᠬᠤᠷᠠᠯ ᠢ ᠴᠠᠭ ᠲᠤᠬᠠᠢ ᠳᠤᠨᠢ ᠡᠷᠭᠢᠯᠠᠨ ᠬᠤᠷᠠᠯᠳᠤᠭᠤᠯᠵᠤ᠂ ᠬᠤᠯᠪᠣᠭᠳᠠᠯ  ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      1 ᠰᠠᠷ᠎ᠠ ᠶᠢᠨ 25  — 29 ᠤ ᠡᠳᠦᠷ ᠪᠤᠯᠳᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠰᠤᠷᠭᠠᠯᠳᠤ ᠤᠷᠢᠳ ᠬᠤᠵᠢᠳ ᠵᠡᠭᠦᠨᠭᠠᠷ ᠵᠤᠤ ᠪᠠᠯᠭᠠᠰᠤ᠂ ᠰᠢᠤᠸᠠᠢ ᠵᠢᠶᠠ ᠸᠠᠨ ᠤ ᠬᠤᠲᠠ ᠲᠣᠭᠤᠷᠢᠭ᠂  ᠤᠯᠤᠰ ᠤᠨ ᠡᠨᠧᠷᠬᠢ ᠶᠢᠨ ᠰᠢᠨ  ᠱᠦᠸᠧ ᠲᠡᠮᠦᠷ ᠵᠠᠮ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠥᠪ᠂ ᠢ ᠲᠠᠢ ᠪᠦᠯᠦᠭᠯᠡᠯ᠂ ᠮᠠᠨ ᠱᠢ ᠪᠦᠯᠦᠭᠯᠡᠯ᠂  ᠬᠤᠢ ᠨᠧᠩ ᠪᠦᠯᠦᠭᠯᠡᠯ᠂ ᠾᠧᠩ ᠳ᠋ᠦᠩ ᠪᠦᠯᠦᠭᠯᠡᠯ᠂ ᠢ ᠳ᠋ᠦᠩ ᠪᠦᠯᠦᠭᠯᠡᠯ᠂ ᠳ᠋ᠦᠩ ᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ  ᠤᠷᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠵᠡᠭᠦᠨᠭᠠᠷ ᠬᠤᠪᠢᠶᠠᠷᠢ ᠪᠠᠩᠬᠢ ᠳᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ᠂ ᠨᠠᠮ ᠤᠨ ᠰᠢᠯᠢᠳᠡᠭ ᠠᠵᠢᠯᠲᠠᠨ᠂ ᠠᠵᠢᠯ ᠠᠴᠠ ᠪᠠᠨ ᠰᠠᠯᠵᠤ ᠠᠮᠠᠷᠠᠭᠰᠠᠨ  ᠵᠠᠷᠢᠮ ᠠᠬᠠᠮᠠᠳ ᠺᠠᠳ᠋ᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ   ᠵᠠᠷᠢᠮ ᠠᠵᠢᠯᠴᠢᠨ ᠪᠣᠯᠣᠨ ᠠᠵᠤ ᠠᠬᠤᠶᠢᠯᠠᠯ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠤᠨ ᠬᠢᠨ ᠢ ᠡᠷᠬᠢᠨ ᠦᠵᠡᠵᠦ ᠲᠣᠬᠤᠨᠢᠭᠤᠯᠤᠨ᠂ ᠳᠡᠳᠡᠨ ᠳᠤ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠢᠷᠤᠭᠡᠯ ᠵᠥᠩᠨᠡᠯ ᠳᠡᠪᠰᠢᠭᠦᠯᠪᠡ᠃ ᠬᠤᠰᠢᠭᠤᠨ ᠤ ᠤᠳᠤᠷᠢᠳᠤᠯᠭ᠎ᠠ ᠴᠢᠦᠢ ᠱᠤ᠋ ᠴᠢᠩ᠂ ᠷᠧᠨ ᡁᠢ ᠶᠤᠸᠠᠨ᠂ ᠵᠤᠸᠠᠩ ᠰᠢᠤᠸᠠᠢ ᠱᠤᠸᠠᠩ᠂ ᠦ᠋ ᠰᠢᠦᠢ ᠳ᠋ᠦᠩ᠂ ᠵᠠᠩ ᠶᠠ ᠨᠠᠨ ᠵᠢᠴᠢ  ᠬᠤᠯᠪᠤᠬᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠲᠣᠰ ᠲᠣᠰ ᠲᠣᠬᠤᠨᠢᠭᠤᠯᠭ᠎ᠠ ᠬᠢᠬᠦ ᠳᠤ ᠣᠷᠣᠯᠴᠠᠵᠠᠢ᠃     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ         ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠣᠬᠢᠶᠠᠮᠠᠯ ᠣᠶᠤᠨᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢᠨ ᠣᠨᠴᠠᠯᠢᠭᠲᠤ ᠨᠢᠭᠡᠴᠢ ᠶᠢᠨ ᠲᠤᠬᠠᠢ ᠮᠡᠳᠡᠭᠳᠡᠯ︾ ᠢ ᠨᠡᠶᠢᠲᠡᠯᠡᠵᠦ᠂ ᠵᠡᠭᠦᠨᠭᠠᠷ ᠬᠤᠰᠢᠭᠤᠨ ᠤ  ᠱᠢ ᠵᠢᠢ ᠳᠤᠮᠳᠠᠳᠤ ᠰᠤᠷᠭᠠᠭᠤᠯᠢ 2021 ᠣᠨ ᠤ        ︽ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠵᠣᠬᠢᠶᠠᠮᠠᠯ ᠣᠶᠤᠨᠯᠢᠭ ᠤᠨ ᠠᠵᠢᠯᠯᠠᠭ᠎ᠠ ᠶᠢᠨ ᠣᠨᠴᠠᠯᠢᠭᠲᠤ  ᠨᠢᠭᠡᠴᠢ︾ ᠶᠢᠨ ᠢᠷᠠᠭᠤ ᠠᠯᠳᠠᠷ ᠢ ᠭᠥᠷᠳᠡᠪᠡ᠃      ᠲᠥᠷᠥ ᠶᠢᠨ ᠠᠯᠪᠠᠨ ᠪᠠᠶᠢᠭᠤᠯᠭ᠎ᠠ ᠶᠢᠨ  ᠤᠴᠢᠷ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ  ᠤᠴᠢᠷ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ  ᠵᠦᠪᠯᠡᠯ ᠪᠣᠯᠣᠨ ᠡᠳ᠋ ᠤᠨ ᠵᠠᠰᠠᠭ ᠤᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ︽  ᠳᠦᠷᠦᠬᠦᠦ ᠪᠦᠯᠦᠭ ᠠᠷᠪᠢᠯᠠᠨ ᠭᠠᠮᠨᠠᠬᠤ  ᠭᠡᠯᠪᠡᠷᠢᠳᠤ ᠪᠠᠶᠢᠭᠤᠯᠭ᠎ᠠ ᠶᠢ ᠪᠠᠶᠢᠭᠤᠯᠤᠭᠰᠠᠨ  ᠨᠢᠭᠡᠴᠢ ᠶᠢᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ︾ ᠪᠠᠭᠤᠯᠭᠠᠵᠤ᠂ ᠵᠡᠭᠦᠨᠭᠠᠷ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ 22  ᠨᠢᠭᠡᠴᠢ ᠨᠢ ᠲᠦᠷᠦᠭᠦᠸ ᠪᠦᠯᠦᠭ ᠪᠥᠬᠦ ᠤᠯᠤᠰ ᠤᠨ ︽ᠠᠷᠪᠢᠯᠠᠨ ᠭᠠᠮᠨᠠᠬᠤ  ᠭᠡᠯᠪᠡᠷᠢᠳᠤ ᠪᠠᠶᠢᠭᠤᠯᠭ᠎ᠠ︾ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃     ᠳᠤᠮᠳᠠᠳᠤ ᠤᠯᠤᠰ ᠤᠨ ᠨᠡᠭᠦᠷᠡᠰᠦᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠠᠵᠢᠯ ᠲᠦᠷᠦᠯ ᠤᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠸᠢᠳᠢᠤ᠋ ᠬᠤᠷᠠᠯ ᠤᠨ ᠬᠡᠯᠪᠡᠷᠢ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠢᠨᠠᠨ ᠲᠣᠭᠲᠠᠭᠠᠯᠲᠠ ᠬᠢᠪᠡ᠃ ᠵᠡᠭᠦᠨᠭᠠᠷ ᠡᠨᠧᠷᠭᠢ ᠶᠢᠨ ᠪᠦᠯᠦᠭᠯᠡᠯ ᠤᠨ      ︽ᠨᠠᠨᠦᠮᠧᠲᠷ ᠨᠡᠭᠦᠷᠡᠰᠦ ᠤᠰᠤᠲᠥ᠋ᠷᠥᠭᠴᠢ ᠶᠢᠨ ᠲᠦᠯᠡᠰᠢ ᠬᠦᠩᠭᠡᠨᠴᠠᠭᠠᠨ ᠴᠠᠬᠢᠭᠤᠷ ᠤᠨ ᠨᠤᠨᠳᠠᠭ ᠤᠨ ᠲᠥᠷᠥᠯ ᠵᠦᠢᠯ ᠤᠨ ᠢᠵᠢ ᠪᠦᠷᠢᠳᠦᠭᠦᠯᠦᠨ ᠡᠷᠭᠢᠯᠳᠦᠭᠦᠯᠦᠨ  ᠤᠶᠢᠯᠡᠳᠪᠤᠷᠢᠯᠡᠬᠦ ᠬᠡᠪᠲᠡᠰᠢ ᠶᠢᠨ ᠭᠦᠸᠧᠯᠦ ᠶᠢ ᠥᠭᠡᠷᠡᠴᠢᠯᠡᠬᠦ ᠢᠨᠵᠧᠨᠧᠷᠢᠩ︾ ᠤᠨ ᠲᠥᠷᠥᠯ ᠵᠦᠢᠯ ᠤᠨ ᠮᠡᠷᠭᠡᠵᠢᠯ ᠤᠨ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠᠷ ᠳᠡᠮᠵᠢᠨ ᠳᠡᠯᠡᠬᠡᠢ ᠶᠢᠨ ᠠᠩᠬᠠᠨ ᠤ ᠡᠭᠦᠳᠦᠯᠲᠡ ᠳᠤ ᠲᠣᠭᠠᠴᠠᠭᠳᠠᠵᠤ᠂ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠬᠦᠷᠦᠭᠰᠡᠨ ᠪᠠᠶᠢᠨ᠎ᠠ᠃ 
ᠢᠷᠡᠯᠲᠡ᠄ ᠲᠤᠰ ᠰᠦᠯᠵᠢᠶ᠎ᠡ