ᠮᠠᠨ ᠤ  ᠬᠤᠰᠢᠭᠤ ︽ᠲᠣᠰᠬᠤᠨ ᠤ ᠠᠷᠠᠳ ᠤᠴᠢᠷ ᠶᠠᠪᠤᠳᠠᠯ ᠢ ᠬᠡᠯᠡᠯᠴᠡᠵᠦ︾ ᠬᠥᠳᠡᠭᠡ ᠲᠣᠰᠬᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ︽  ᠳᠤᠬᠢᠷᠠᠭᠤᠯᠵᠤ︾ ᠪᠣᠶ
ᠨᠡᠶᠢᠲᠡᠯᠡᠭᠰᠡᠨ ᠴᠠᠭ᠄
2022/4/25
     ︽ᠮᠠᠨ ᠤ ᠲᠣᠰᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠦᠨ ᠯᠠ ᠣᠨᠴᠠᠯᠢᠭᠲᠤ ᠲᠠᠷᠢᠮᠠᠯ ᠲᠡᠵᠢᠭᠡᠪᠦᠷᠢ ᠶᠢᠨ ᠦᠢᠯᠡᠰ ᠲᠤ ᠲᠦᠰᠢᠭᠯᠡᠨ᠎ᠡ᠂ ᠭᠡᠪᠡᠴᠦ ᠣᠳᠣᠬᠠᠨ ᠳᠤ ᠤᠯᠠᠨ ᠢᠶᠠᠷ ᠢᠶᠠᠨ ︿ᠠᠰ ᠠᠰ ᠢᠶᠠᠷ ᠢᠶᠠᠨ ᠪᠤᠳᠤᠯᠢᠵᠤ﹀ ᠭᠡᠪᠴᠢᠶᠡᠵᠢᠯ ᠢ ᠪᠤᠢ ᠪᠣᠯᠭᠠᠬᠤ ᠳᠤ ᠬᠦᠴᠢᠷᠲᠡᠢ  ᠪᠠᠶᠢᠨ᠎ᠠ᠂ ︿ᠬᠠᠷᠢᠯᠴᠠᠨ ᠬᠠᠪᠰᠤᠷᠤᠯᠴᠠᠵᠤ ᠬᠠᠮᠵᠢᠯᠴᠠᠪᠠᠯ﹀ ᠰᠠᠢᠢ ᠬᠥᠭᠵᠢᠨ ᠮᠠᠨᠳᠤᠬᠤ ᠠᠭᠤᠷ ᠠᠮᠢᠰᠬᠤᠯ ᠢ  ᠪᠤᠢ ᠪᠤᠯᠭᠠᠵᠤ ᠴᠢᠳᠠᠨ᠎ᠠ ᠁︾      ᠬᠠᠪᠤᠷ ᠤᠨ ᠤᠷᠢᠬᠠᠨ ᠰᠠᠯᠬᠢᠨ ᠳᠤ ᠤᠳᠠ ᠤᠯᠢᠶᠠᠰᠤ ᠨᠣᠭᠤᠭᠠᠷᠠᠨ᠂ ᠤᠯᠠᠭᠠᠨ ᠬᠦᠢᠯᠡᠰᠦᠨ ᠮᠣᠳᠣᠨ  ᠳᠤ ᠴᠡᠴᠡᠭ ᠳᠡᠯᠭᠡᠷᠡᠵᠤ ᠬᠠᠪᠤᠷ ᠤᠨ ᠦᠵᠡᠮᠵᠢ  ᠪᠦᠷᠢᠳᠤᠨ᠎ᠠ᠃ ᠬᠠᠪᠤᠷ ᠤᠨ ᠬᠤᠭᠤᠰ ᠤᠨ   ᠦᠶ᠎ᠡ ᠪᠠᠷ᠂ ᠰᠢᠤᠸᠠᠢ ᠵᠢᠶᠠ ᠸᠠᠨ ᠪᠠᠯᠭᠠᠰᠤᠨ ᠤ ᠭᠧᠦ ᠮᠧᠨ ᠲᠣᠰᠬᠤᠨ  ᠳᠤ ︽ᠬᠠᠪᠤᠷ ᠤᠨ ᠠᠭᠤᠷ ᠠᠮᠢᠰᠬᠤᠯ ᠢᠶᠠᠷ ᠪᠢᠯᠬᠠᠮ᠎ᠠ︾ ᠪᠠᠶᠢᠬᠤ ᠪᠠᠷ ᠦᠯᠦ ᠪᠠᠷᠠᠮ᠂ ᠲᠣᠰᠬᠤᠨ ᠤ ᠠᠷᠠᠳ ᠤᠨ ᠤᠴᠢᠷ ᠶᠠᠪᠤᠳᠠᠯ  ᠭᠡᠯᠡᠯᠴᠡᠬᠦ ᠲᠠᠰᠤᠭ ᠲᠤ ᠨᠡᠩ ᠴᠤ ︽ᠬᠦᠷ ᠨᠠᠷᠭᠢᠶᠠᠨ︾   ᠢᠶᠠᠷ ᠪᠢᠯᠬᠠᠨ᠎ᠠ᠃      ᠭᠧᠦ  ᠮᠧᠨ ᠲᠣᠰᠬᠤᠨ ᠰᠢᠤᠸᠠᠢ ᠵᠢᠶᠠ ᠸᠠᠨ ᠪᠠᠯᠭᠠᠰᠤ ᠶᠢᠨ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ 13 ᠲᠠᠷᠢᠶᠠᠯᠠᠩ ᠤᠨ ᠬᠤᠷᠰᠢᠶ᠎ᠠ  ᠲᠠᠢ ᠪᠠᠶᠢᠵᠤ᠂ ᠪᠦᠬᠦ ᠲᠣᠰᠬᠤᠨ ᠤ ᠭᠠᠵᠠᠷ ᠤᠨ ᠪᠠᠶᠢᠴᠠ ᠨᠢ  ᠪᠤᠳᠤᠯᠢᠶᠠᠨᠲᠠᠢ᠂ ᠭᠤᠤ ᠭᠠᠩᠭ᠎ᠠ ᠰᠦᠯᠵᠢᠯᠳᠦᠨ᠂ ᠬᠥᠮᠥᠨ ᠠᠮᠠ ᠨᠢ ᠬᠠᠷᠢᠴᠠᠩᠭᠤᠢ ᠪᠠᠷ ᠭᠤᠤᠯ ᠳᠠᠭᠠᠤ ᠤᠷᠤᠨ ᠳᠤ ᠲᠥᠪᠯᠡᠷᠡᠨ ᠰᠠᠭᠤᠷᠢᠰᠢᠵᠤ  ᠪᠠᠶᠢᠳᠠᠭ᠂ ᠨᠡᠶᠢᠳᠡ 6000 ᠮᠦ ᠲᠠᠷᠢᠶᠠᠨ ᠭᠠᠵᠠᠷ ᠲᠠᠢ᠂ ᠤᠢ ᠮᠤᠳᠤ ᠡᠪᠡᠰᠦᠲᠦ ᠭᠠᠵᠠᠷ ᠤᠨ ᠲᠠᠯᠠᠪᠠᠢ ᠨᠢ 108000 ᠮᠦ ᠪᠠᠶᠢᠵᠤ ᠂ ᠪᠤᠳᠠ ᠪᠤᠭ ᠮᠠᠯ 5600 ᠲᠣᠯᠣᠭᠠᠢ᠂ ᠭᠡᠷ ᠤᠨ ᠵᠢᠭᠦᠷᠲᠡᠨ 3700 ᠪᠤᠢ᠃ ᠲᠣᠰᠬᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠡᠪᠴᠢᠶᠡᠵᠢᠭᠰᠡᠨ ᠣᠨᠴᠠᠯᠢᠭᠲᠤ  ᠳᠠᠷᠢᠮᠠᠯ ᠳᠡᠵᠢᠭᠡᠪᠤᠷᠢ ᠶᠢᠨ ᠤᠶᠢᠯᠡᠰ ᠢ ᠬᠦᠭᠵᠢᠬᠦᠯᠬᠦ  ᠠᠤᠭ᠎ᠠ ᠵᠢᠷᠤᠬᠯᠠᠯ ᠢ ᠵᠢᠷᠤᠬᠯᠠᠨ᠎ᠠ᠃     ︽ᠲᠣᠰᠬᠤᠨ ᠤ ᠠᠷᠠᠳ ᠤᠨ ᠤᠴᠢᠷ ᠶᠠᠪᠤᠳᠠᠯ  ᠭᠡᠯᠡᠯᠴᠡᠬᠦ ᠡᠳᠦᠷ︾ ᠪᠣᠯᠬᠤ ᠪᠦᠷᠢ᠂ ᠲᠣᠰᠬᠤᠨ ᠤ ᠠᠷᠠᠳ ᠤᠨ ᠤᠴᠢᠷ  ᠶᠠᠪᠤᠳᠠᠯ  ᠭᠡᠯᠡᠯᠴᠡᠬᠦ ᠲᠠᠰᠤᠭ ᠲᠤ ᠲᠣᠰᠬᠤᠨ ᠤ ᠠᠷᠠᠳ ᠪᠣᠯᠣᠨ ᠲᠣᠰᠬᠤᠨ ᠤ ᠺᠠᠳ᠋ᠷ ᠢᠶᠠᠷ ᠳᠦᠭᠦᠷᠴᠦ᠂  ᠡᠨᠡ ᠳᠡᠷᠡ ᠤᠴᠢᠷ ᠢᠶᠠᠨ ᠶᠠᠷᠢᠯᠴᠠᠨ᠂ ᠲᠣᠰᠬᠤᠨ ᠤ ᠶᠠᠪᠤᠳᠠᠯ ᠭᠡᠷ ᠤᠨ ᠶᠠᠪᠤᠳᠠᠯ ᠤᠨ ᠳᠤᠬᠠᠢ ᠴᠦᠮ ᠠᠳᠡ ᠢᠷᠡᠵᠤ ᠰᠠᠨᠠᠯ ᠢᠶᠠᠨ ᠰᠣᠯᠢᠯᠴᠠᠳᠠᠭ ᠪᠠᠶᠢᠨ᠎ᠠ᠃ᠠᠩᠬ᠎ᠠ ᠡᠬᠢᠨ ᠳᠡᠭᠡᠨ ᠠᠷᠰᠠᠷ  ᠵᠢᠭᠤᠷᠠᠯᠳᠤᠭᠠᠨ ᠢ ᠶᠠᠷᠢᠵᠤ᠂ ᠭᠤᠮᠣᠳᠠᠯ ᠢᠶᠠᠨ ᠲᠣᠭᠠᠴᠢᠵᠤ ᠪᠠᠶᠢᠬᠰᠠᠨ ᠪᠤᠯ ᠤᠳᠤ  ᠬᠠᠷᠢᠨ ᠬᠥᠭᠵᠢᠯᠲᠡ ᠶᠢᠨ ᠳᠤᠬᠠᠢ ᠶᠠᠷᠢᠵᠤ᠂ ᠪᠦᠲᠦᠭᠡᠨ ᠪᠠᠶᠢᠭᠤᠯᠤᠯᠲᠠ ᠶᠢ ᠶᠠᠷᠢᠵᠤ᠂ ᠣᠶᠢᠯᠠᠭᠠᠭᠳᠠᠬᠤᠨ ᠢ ᠶᠠᠷᠢᠵᠤ᠂ ︽ᠲᠣᠰᠬᠤᠨ ᠤ ᠠᠷᠠᠳ  ‍ᠤᠨ‌ᠤᠴᠢᠷ ᠶᠠᠪᠤᠳᠠᠯ  ᠭᠡᠯᠡᠯᠴᠡᠬᠦ︾ ᠠᠭᠤᠯᠭ᠎ᠠ  ᠨᠢ ᠲᠠᠰᠤᠷᠠᠯᠲᠠ ᠦᠭᠡᠢ ᠰᠢᠨᠡᠴᠢᠯᠡᠭᠳᠡᠭᠰᠡᠨ ᠪᠠᠶᠢᠨ᠎ᠠ᠃
村民1.jpg      ᠵᠡᠭᠦᠨᠭᠠᠷ ᠬᠤᠰᠢᠭᠤᠨ ᠤ ︽ᠲᠣᠰᠬᠤᠨ ᠤ ᠠᠷᠠᠳ ᠤᠨ  ᠤᠴᠢᠷ ᠶᠠᠪᠤᠳᠠᠯ ᠬᠡᠯᠡᠯᠴᠡᠬᠦ︾ ᠠᠵᠢᠯᠯᠠᠭ᠎ᠠ ᠨᠢ 3 ᠵᠢᠯ ᠰᠢᠬᠠᠮ ᠶᠠᠪᠤᠭᠳᠠᠵᠤ᠂ ᠴᠠᠭ
ᠬᠤᠭᠤᠴᠠᠭᠠᠨ ᠤ ᠤᠯᠠᠷᠢᠬᠤ ᠪᠠ ᠲᠤᠷᠰᠢᠯᠭ᠎ᠠ ᠬᠤᠷᠠᠮᠳᠤᠬᠤ ᠶᠢ ᠳᠠᠭᠠᠯᠳᠤᠨ᠂ ᠡᠨᠡ ᠬᠦ ᠳᠦᠷᠢᠮ ᠨᠢ ᠪᠠᠰᠠ ᠰᠢᠨ᠎ᠡ ᠬᠥᠭᠵᠢᠯᠲᠡ ᠲᠠᠢ ᠪᠣᠯᠵᠤ᠂  ᠭᠡᠰᠡᠭ ᠲᠠᠯ᠎ᠠ ᠪᠠᠷ ᠠᠮᠵᠢᠯᠳᠠ ᠤᠯᠤᠬᠰᠠᠨ ᠢᠶᠠᠷ ᠪᠠᠷ ᠪᠠᠷᠠᠬᠤ ᠦᠭᠡᠢ᠂ ᠨᠠᠩ ᠴᠤ  ᠪᠦᠬᠦ ᠲᠠᠯ᠎ᠠ ᠪᠠᠷ ᠦᠷ᠎ᠡ ᠪᠦᠳᠤᠮᠵᠢ ᠣᠯᠪᠠ᠃ ᠭᠤᠷᠪᠠᠨ ᠵᠢᠯ ᠬᠠᠶᠢᠨ ᠰᠦᠪᠡᠭᠴᠢᠯᠡᠵᠦ ᠦᠢᠯᠡᠳᠦᠯᠭᠡᠵᠢᠭᠦᠯᠦᠭᠰᠡᠨ ᠪᠠ ᠭᠦᠨᠵᠡᠭᠡᠶᠢᠷᠡᠭᠦᠯᠦᠨ  ᠰᠠᠶᠢᠵᠢᠷᠠᠭᠤᠯᠤᠬᠰᠠᠨ ᠡᠨᠡᠬᠦ ᠳᠦᠷᠢᠮ ᠨᠢ ᠭᠠᠵᠠᠷ ᠤᠷᠤᠨ ᠤ ᠪᠤᠳᠠᠳᠤ ᠪᠠᠶᠢᠳᠠᠯ ᠲᠠᠢ ᠨᠡᠶᠢᠴᠡᠨ᠂ ᠬᠠᠤᠯᠢᠵᠢᠯ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠳᠤ ᠴᠢᠬᠤᠯᠠ ᠦᠢᠯᠡᠳᠦᠯ ᠦᠵᠡᠭᠦᠯᠵᠦ ᠪᠤᠢ᠃  ︽ᠬᠡᠳᠦᠢ ᠠᠷᠪᠢᠨ ᠠᠵᠢᠯᠯᠠᠪᠠᠯ᠂ ᠭᠤᠮᠣᠳᠠᠯ ᠰᠤᠨᠤᠰᠬᠤ ᠨᠢ ᠲᠡᠳᠦᠢ ᠠᠷᠪᠢᠨ ᠪᠣᠯᠣᠨ᠎ᠠ᠂ ᠡᠨᠡ ᠨᠢ ᠮᠠᠰᠢ ᠣᠯᠠᠨ  ᠳᠤᠰᠬᠤᠨ ᠤ ᠺᠠᠳ᠋ᠷ ᠤᠨ ᠲᠥᠭᠡᠷᠢᠭᠳᠡᠯ ᠪᠣᠯᠵᠤ ᠪᠠᠶᠢᠪᠠ᠂ ᠡᠨᠡᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ︿ᠠᠯᠲᠠᠨ ᠲᠦᠯᠬᠢᠭᠦᠷ﹀ ᠨᠢ ᠪᠤᠯ ᠤᠴᠢᠷ ᠶᠠᠪᠤᠳᠠᠯ ᠢ ᠰᠢᠢᠳᠪᠤᠷᠢᠯᠡᠬᠦ ᠳᠡᠭᠡᠨ ᠦᠨᠡᠨ ᠬᠦ ᠠᠷᠠᠳ ᠤᠨ ᠪᠠᠶᠢᠳᠠᠯ᠂ ᠠᠷᠠᠳ ᠤᠨ ᠰᠠᠨᠠᠭ᠎ᠠ ᠪᠣᠯᠣᠨ ᠠᠷᠠᠳ ᠤᠨ ᠰᠡᠳᠬᠢᠯ ᠳᠤ ᠬᠦᠷᠭᠡᠬᠦ ᠶᠠᠪᠤᠳᠠᠯ ᠪᠣᠯᠣᠨ᠎ᠠ︾  ᠭᠡᠵᠤ ᠭᠧᠦ ᠮᠧᠨ ᠲᠣᠰᠬᠤᠨ ᠤ ᠨᠠᠮ ᠤᠨ ᠡᠭᠦᠷ ᠤᠨ ᠱᠦᠵᠢ ᠵᠢᠶᠠ ᠰᠢᠶᠦ᠋ᠩ ᠹᠧᠢ ︽ᠲᠣᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ︾ ᠳᠦᠷᠢᠮ ᠢ ᠭᠡᠷᠡᠭᠵᠢᠬᠦᠯᠬᠦ ᠳᠤᠮᠳᠠ ᠠᠴᠠ︽ᠵᠢᠩᠬᠢᠨᠢ ᠳᠤᠷᠰᠢᠯᠭ᠎ᠠ︾  ᠶᠢ ᠣᠯᠵᠤ  ᠠᠪᠤᠬᠰᠠᠨ ᠪᠠᠶᠢᠨ᠎ᠠ᠃       2019 ᠣᠨ ᠤ 11 ᠰᠠᠷ᠎ᠠ ᠳᠤ᠂ ᠭᠧᠦ  ᠮᠧᠨ ᠲᠣᠰᠬᠤᠨ ᠤ ᠳᠤᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ ᠲᠠᠰᠤᠭ ᠲᠤ᠂ ᠲᠣᠰᠬᠤᠨ ᠤ ᠨᠡᠶᠢᠭᠡᠮ ᠤᠨ ᠡᠲᠡᠭᠡᠳ ᠤᠨ ᠡᠷᠬᠡ ᠶᠢᠨ ᠬᠠᠷᠢᠶᠠᠯᠠᠯ ᠤᠨ ᠲᠤᠬᠠᠢ ᠮᠠᠷᠭᠤᠯᠳᠤᠭᠠᠨ ᠢ ᠡᠶᠡᠳᠡᠭᠦᠯᠬᠦ  ᠠᠵᠢᠯᠯᠠᠭ᠎ᠠ ᠶᠢ ᠠᠩᠬ᠎ᠠ ᠤᠳᠠᠭ᠎ᠠ ᠥᠷᠨᠢᠭᠦᠯᠪᠡ᠂ ᠡᠨᠡᠬᠦ ᠵᠢᠭᠤᠷᠠᠯᠳᠤᠭᠠᠨ ᠪᠤᠯ 1998 ᠣᠨ ᠳᠤ ᠬᠤᠷᠢᠶᠠᠯᠲᠠ ᠲᠠᠢ ᠨᠢ ᠬᠤᠯᠪᠤᠬᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠦᠶ᠎ᠡ ᠶᠢᠨ ᠲᠠᠪᠤᠨ ᠠᠲᠠᠷ ᠭᠠᠵᠠᠷ ᠢ ᠬᠤᠪᠢᠶᠠᠷᠢᠯᠠᠬᠤ ᠠᠰᠠᠭᠤᠳᠠᠯ  ᠪᠤᠯᠤᠨ᠎ᠠ᠂ ᠴᠠᠭ ᠬᠤᠭᠤᠴᠠᠭᠠᠨ ᠤ ᠠᠯᠭᠠᠰᠠᠯ ᠶᠡᠭᠡ ᠪᠣᠯᠬᠤᠷ ᠵᠢᠶᠠ ᠰᠢᠶᠦ᠋ᠩ ᠹᠧᠢ ᠪᠠᠰᠠ ᠳᠣᠲᠣᠷ᠎ᠠ ᠪᠠᠨ ᠲᠤᠭ᠎ᠠ ᠦᠭᠡᠢ ᠪᠠᠶᠢᠯ᠎ᠠ᠃       ᠶᠣᠰᠣ ᠤᠴᠢᠷ ᠢ ᠬᠡᠯᠡᠬᠦ ᠲᠤᠰᠤᠮ ᠢᠶᠠᠨ ᠲᠣᠳᠣᠷᠬᠠᠢ ᠪᠣᠯᠵᠤ᠂ ᠬᠠᠶᠢᠷ᠎ᠠ ᠰᠡᠳᠬᠢᠯᠭᠡ ᠶᠢ ᠶᠠᠷᠢᠬᠤ ᠲᠤᠰᠤᠮ ᠢᠶᠠᠨ ᠵᠤᠵᠠᠭᠠᠨ ᠪᠤᠯᠵᠤ᠂ ᠬᠡᠪ ᠰᠤᠷᠲᠠᠯ ᠢ ᠶᠠᠷᠢᠬᠤ ᠲᠤᠰᠤᠮ ᠢᠶᠠᠨ ᠲᠥᠪ ᠪᠣᠯᠳᠠᠭ᠃ ᠵᠢᠭᠤᠷᠠᠯᠳᠤᠭᠠᠨ ᠳᠤ ᠬᠤᠯᠪᠣᠭᠳᠠᠭᠰᠠᠨ  ᠳᠤᠰᠬᠤᠨ ᠤ ᠠᠷᠠᠳ ᠨᠢᠭᠤᠷ ᠤᠯᠠᠶᠢᠯᠴᠠᠨ ᠨᠢᠳᠤᠷᠭ᠎ᠠ ᠡᠷᠭᠢᠭᠦᠯᠵᠦ᠂ 5 ᠴᠠᠭ ᠤᠨ ᠵᠥᠪᠳᠡᠯᠴᠡᠨ ᠡᠶᠡᠳᠡᠭᠦᠯᠬᠦ  ᠪᠠᠷ ᠳᠠᠮᠵᠢᠨ᠂  ᠵᠥᠷᠢᠴᠡᠯ ᠤᠨ ᠰᠡᠳᠬᠢᠴᠡ ᠪᠠᠨ ᠲᠣᠳᠣᠷᠬᠠᠶᠢᠯᠠᠭᠰᠠᠨ ᠠᠴᠠ ᠮᠠᠷᠭᠤᠯᠳᠤᠭᠠᠨ ᠤ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠪᠠᠶᠢᠨ᠎ᠠ᠂ ᠢᠩᠭᠢᠭᠡᠳ ᠤᠯᠠᠨ ᠵᠢᠯ ᠦᠯᠡᠳᠡᠭᠳᠡᠵᠦ ᠢᠷᠡᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠳᠤ ᠡᠴᠦᠰ ᠲᠡᠭᠡᠨ ᠮᠥᠨ ᠴᠢᠨᠠᠷ ᠤᠨ ᠨᠢᠭᠡ ᠠᠯᠬᠤᠮ ᠢ ᠠᠯᠬᠤᠵᠠᠢ᠃    ︽ᠳᠤᠰᠬᠤᠨ ᠤ ᠠᠷᠠᠳ ᠤᠨ ᠤᠴᠢᠷ ᠶᠠᠪᠤᠳᠠᠯ  ᠬᠡᠯᠡᠯᠴᠡᠬᠦ ᠲᠠᠰᠤᠭ ᠪᠣᠯ ᠳᠤᠰᠬᠤᠨ ᠤ ᠠᠷᠠᠳ ᠤᠨ ᠤᠴᠢᠷ ᠶᠠᠪᠤᠳᠠᠯ  ᠬᠡᠯᠡᠯᠴᠡᠬᠦ ᠲᠠᠪᠴᠠᠩ ᠮᠥᠨ᠂ ᠲᠡᠷᠡ ᠨᠢ  ᠳᠤᠰᠬᠤᠨ ᠤ ᠠᠷᠠᠳ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠲᠥᠷᠥ ᠶᠢᠨ ᠪᠣᠳᠣᠯᠭ᠎ᠠ ᠮᠡᠳᠡᠭᠡ ᠵᠠᠩᠭᠢ ᠶᠢ ᠤᠬᠠᠭᠤᠯᠬᠤ ᠶᠢ ᠠᠭᠤᠰᠬᠠᠨ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠠᠶᠠᠨᠳᠠᠭᠠᠨ ᠳᠡᠭᠡᠭᠰᠢᠯᠡᠬᠦᠯᠵᠡᠢ ︾ ᠭᠡᠮᠡᠨ ᠵᠢᠶᠠ  ᠰᠢᠶᠦ᠋ᠩ ᠹᠧᠢ ᠬᠦᠨ ᠰᠡᠳᠬᠢᠭᠳᠡᠯ ᠲᠠᠢ ᠶᠠᠷᠢᠨ᠎ᠠ᠃ ᠲᠣᠰᠬᠤᠨ ᠳᠤ ᠲᠣᠰᠬᠤᠨ ᠤ ᠠᠷᠠᠳ ᠤᠨ ︽ᠭᠡᠯᠡᠯᠴᠡᠬᠦ︾ ᠭᠠᠵᠠᠷ ᠲᠠᠢ  ᠪᠤᠯᠤᠬᠰᠠᠨ ᠠᠴᠠ ᠨᠠᠭᠠᠰᠢ᠂ ᠵᠥᠷᠢᠴᠡᠯ ᠪᠠᠭᠠᠰᠴᠤ᠂ ᠡᠶ᠎ᠡ ᠵᠣᠬᠢᠴᠠᠩᠭᠤᠢ ᠪᠣᠯᠵᠤ᠂ ᠬᠡᠳᠦᠨ ᠵᠢᠯ ᠤᠨ ᠲᠤᠷᠰᠢ ᠳᠡᠭᠡᠭᠰᠢ ᠵᠠᠭᠠᠯᠳᠤᠬᠰᠠᠨ  ᠵᠠᠬᠢᠳᠠᠯ ᠰᠤᠷᠪᠤᠯᠵᠢᠯᠠᠯ ᠤᠨ ᠬᠡᠷᠡᠭ ᠭᠠᠷᠤᠭᠰᠠᠨ ᠦᠭᠡᠢ᠃
村民2.jpg       ︽ᠤᠴᠢᠷ ᠶᠠᠪᠤᠳᠠᠯ ᠭᠡᠯᠡᠯᠴᠡᠬᠦ ᠲᠠᠰᠤᠭ︾ ᠪᠠᠶᠢᠭᠤᠯᠤᠭᠳᠠᠭᠰᠠᠨ ᠨᠢ ᠲᠣᠰᠬᠤᠨ ᠤ ᠠᠷᠠᠳ ᠢ ᠭᠤᠮᠣᠳᠠᠯ ᠢᠶᠠᠨ ᠲᠣᠭᠠᠴᠢᠬᠤ ᠭᠠᠵᠠᠷ ᠲᠠᠢ ᠪᠣᠯᠭᠠᠵᠤ᠂
ᠳᠡᠳᠡᠨ ᠤ ᠰᠡᠳᠬᠢᠯ ᠳᠡᠭᠡᠨ ᠳᠠᠷᠤᠬᠰᠠᠨ ᠦᠭᠡ ᠶᠢ ᠨᠢ  ᠶᠠᠷᠢᠭᠤᠯᠤᠨ ᠭᠠᠷᠭᠠᠬᠤ ᠪᠠ ᠪᠢᠴᠢᠬᠦᠯᠵᠤ᠂ ᠵᠠᠰᠠᠭ ᠤᠨ ᠣᠷᠳᠣᠨ ᠳᠤ ᠶᠠᠮᠠᠷ ᠰᠠᠨᠠᠯ ᠪᠠᠶᠢᠪᠠᠯ  ᠴᠦᠮ ︽ᠤᠴᠢᠷ ᠶᠠᠪᠤᠳᠠᠯ  ᠭᠡᠯᠡᠯᠴᠡᠬᠦ ᠲᠠᠰᠤᠭ︾ ᠲᠤ  ᠳᠤᠰᠬᠠᠨ᠂ ᠲᠣᠰᠬᠤᠨ ᠤ ᠠᠷᠠᠳ ᠤᠨ ᠰᠠᠨᠠᠯ  ᠢ ︽ᠬᠤᠷᠢᠶᠠᠨ ᠴᠤᠭᠯᠠᠭᠤᠯᠬᠤ ᠦᠷᠲᠡᠭᠡ︾ ᠪᠤᠯᠵᠤ᠂ ᠭᠡᠷ ᠪᠦᠯᠢ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠤ ︽ᠡᠶᠡᠳᠡᠬᠦᠯᠦᠭᠴᠢ︾᠂ ᠤᠯᠠᠨ ᠲᠦᠮᠡᠨ ᠤ ᠬᠦᠴᠢᠷᠳᠡᠯ  ᠤᠨ ︽ᠰᠢᠢᠳᠪᠤᠷᠢᠯᠡᠭᠴᠢ︾ ᠪᠣᠯᠣᠬᠰᠠᠨ ᠪᠠᠶᠢᠨ᠎ᠠ  ᠭᠡᠮᠡᠨ ᠲᠣᠰᠬᠤᠨ ᠤ ᠺᠠᠳ᠋ᠷ ᠰᠡᠳᠬᠢᠯ ᠳᠣᠭᠳᠣᠯᠤᠨ ᠶᠠᠷᠢᠨ᠎ᠠ᠃       ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ᠬᠥᠳᠡᠭᠡ ᠲᠣᠰᠬᠤᠨ ᠤ ᠦᠨᠳᠦᠰᠦᠨ ᠱᠠᠲᠤᠨ ᠤ ᠰᠠᠭᠤᠷᠢ ᠠᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠳᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠬᠦ ᠭᠡᠷᠡᠭᠳᠡᠢ ᠭᠡᠵᠦ ᠵᠢᠭᠠᠵᠤ ᠭᠠᠷᠭᠠᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠤ ᠱᠠᠳᠤᠨ ᠤ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯ ᠨᠢᠭᠡᠨ ᠴᠢᠬᠤᠯᠠ ᠠᠰᠠᠭᠤᠳᠠᠯ ᠪᠣᠯᠣᠨ᠎ᠠ᠃ ︽ᠲᠣᠰᠬᠤᠨ ᠤ ᠠᠷᠠᠳ ᠤᠨ ᠤᠴᠢᠷ  ᠶᠠᠪᠤᠳᠠᠯ ᠭᠡᠯᠡᠯᠴᠡᠬᠦ︾ ᠳᠦᠷᠢᠮ ᠪᠣᠯ ᠪᠠᠰᠠ ᠴᠤ ᠨᠠᠮ ᠤᠨ ᠤᠯᠠᠨ ᠲᠦᠮᠡᠨᠴᠢ ᠱᠤᠭᠤᠮ ᠤᠨ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤᠮᠳᠠᠬᠢ ᠠᠮᠢᠳᠤᠯᠢᠭ ᠪᠤᠳᠠᠳᠠᠢ ᠢᠯᠡᠷᠡᠯ ᠪᠣᠯᠣᠨ᠎ᠠ᠃       ︽︿ᠲᠣᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ﹀  ᠳᠦᠷᠢᠮ ᠨᠢ  ᠵᠦᠷᠢᠴᠡᠯ ᠵᠢᠭᠤᠷᠠᠯᠳᠤᠭᠠᠨ ᠢ ᠡᠶᠡᠳᠡᠬᠦᠯᠤᠨ ᠡᠷᠴᠢ ᠵᠤᠷᠢᠭ ᠢ ᠬᠦᠪᠴᠢᠯᠡᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠲᠡᠭᠡᠯ ᠵᠣᠷᠢᠭ ᠢ ᠬᠥᠪᠴᠢᠯᠡᠵᠦ᠂ ᠨᠠᠮ ᠪᠤᠯᠤᠨ ᠤᠯᠠᠨ ᠲᠦᠮᠡᠨ᠂ ᠺᠠᠳ᠋ᠷ ᠪᠤᠯᠤᠨ ᠤᠯᠠᠨ ᠲᠦᠮᠡᠨ  ᠯᠦᠭᠡ ᠶᠢᠨ ᠬᠠᠷᠢᠴᠠᠭ᠎ᠠ ᠶᠢ ᠨᠢᠭᠲᠠᠷᠠᠭᠤᠯᠪᠠ᠂ ᠲᠣᠰᠬᠤᠨ ᠤ ᠬᠢᠨ ᠶᠡᠷᠦ ᠠᠴᠠ ᠤᠳᠤ ᠶᠢᠨ ᠰᠢᠭ᠋ ᠢᠩᠭᠢᠵᠦ ᠪᠦᠯᠬᠦᠮᠳᠡᠵᠦ ᠥᠩᠭᠡᠷᠡᠭᠰᠡᠨ ᠦᠭᠡᠢ᠂ ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠳᠤ ᠰᠢᠨ᠎ᠡ ᠠᠷᠭ᠎ᠠ ᠵᠠᠮ ᠬᠠᠩᠭᠠᠵᠠᠢ︾ ᠭᠡᠮᠡᠨ ᠵᠢᠶᠠ  ᠰᠢᠶᠦ᠋ᠩ ᠹᠧᠢ ᠶᠠᠷᠢᠨ᠎ᠠ᠃       ︽ᠲᠣᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ︾ ᠳᠤ ᠭᠡᠯᠡᠯᠴᠡᠬᠦ ᠨᠢ ᠰᠠᠭᠤᠷᠢ ᠪᠣᠯᠣᠨ᠎ᠠ᠃ ︽ᠲᠣᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ︾ ᠨᠢ ᠲᠣᠭᠲᠠᠭᠰᠠᠨ ᠡᠳᠦᠷ ᠲᠤ ︽ᠲᠥᠪᠯᠡᠷᠡᠭᠦᠯᠦᠨ ᠭᠡᠯᠡᠯᠴᠡᠬᠦ︾ ᠪᠠᠷ ᠪᠠᠷᠠᠬᠤ ᠦᠭᠡᠢ ᠪᠠᠰᠠ ᠰᠠᠨᠠᠭᠠᠴᠢᠯᠠᠭ᠎ᠠ ᠠᠴᠠ ᠪᠠᠨ ︽ᠭᠡᠷ ᠲᠤᠨᠢ ᠬᠦᠷᠴᠦ ᠭᠡᠯᠡᠯᠴᠡᠬᠦ︾ ᠶᠢ ᠰᠣᠨᠣᠰᠴᠤ᠂ ᠨᠡᠩ ᠴᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠤᠨ ︽ᠠᠮᠢᠳᠤᠯᠢᠭ ᠢᠶᠠᠷ ᠭᠡᠯᠡᠯᠴᠡᠵᠤ︾᠂ ᠲᠣᠰᠬᠤᠨ ᠤ ᠠᠷᠠᠳ ︽ᠭᠡᠷ  ᠵᠠᠭᠤᠷ᠎ᠠ ︾᠂ ︽ᠤᠶᠢᠷ᠎ᠠ ᠬᠠᠪᠢ︾ ᠶᠢᠨ ᠬᠦᠰᠡᠯ ᠱᠠᠭᠠᠷᠳᠠᠯᠭ᠎ᠠ ᠪᠠᠨ ᠶᠠᠷᠢᠬᠤ ᠪᠠᠷ ᠳᠠᠮᠵᠢᠨ᠂ ︽ᠭᠠᠷ ᠲᠤ ᠪᠠᠷᠢᠬᠳᠠᠮ᠎ᠠ︾ ᠬᠦᠷᠲᠡᠮᠵᠢ ᠶᠢᠨ ᠲᠥᠷᠥᠭᠳᠡᠯ᠂ ᠵᠣᠯ  ᠵᠢᠷᠭᠠᠯᠳᠤ ᠲᠥᠷᠥᠭᠳᠡᠯ ᠲᠠᠢ ᠪᠣᠯᠤᠭᠰᠠᠨ ᠪᠠᠶᠢᠨ᠎ᠠ᠃        ᠵᠥᠷᠢᠴᠡᠯ ᠢ ᠳᠤᠳᠤᠷᠬᠠᠶᠢᠯᠠᠨ᠂ ᠠᠷᠭ᠎ᠠ  ᠪᠠᠷᠢᠯ ᠭᠠᠷᠭᠠᠵᠤ᠂ ᠠᠷᠠᠳ ᠤᠨ ᠰᠡᠳᠬᠢᠯ ᠢ ᠨᠢᠭᠲᠠᠷᠠᠭᠤᠯᠤᠨ᠎ᠠ᠃ ︽ᠤᠳᠤ ᠲᠣᠰᠬᠤᠨ ᠤ ᠺᠠᠳ᠋ᠷ ᠦᠷᠭᠦᠯᠵᠢ ᠨᠠᠳᠠ ᠶᠢ ᠡᠷᠢᠵᠦ ᠢᠷᠡᠨ ᠤᠴᠢᠷ ᠶᠠᠪᠤᠳᠠᠯ ᠭᠡᠯᠡᠯᠴᠡᠳᠡᠭ ᠪᠤᠯᠤᠯ᠎ᠠ᠂ ᠺᠠᠳ᠋ᠷ ᠤᠨ ᠰᠤᠷᠲᠠᠯ ᠦᠨᠡᠬᠡᠷ ᠬᠤᠪᠢᠷᠠᠵᠤ᠂  ᠤᠯᠠᠮ ᠳᠣᠲᠣᠨᠣ ᠰᠠᠨᠠᠬᠳᠠᠵᠤ ᠪᠠᠶᠢᠨ᠎ᠠ᠂ ᠴᠠᠭ ᠢᠮᠠᠭᠲᠠ ᠬᠥᠮᠥᠰ ᠤᠨ ᠬᠠᠶᠢᠷ᠎ᠠ ᠬᠠᠯᠠᠮᠵᠢᠯᠠᠯ ᠢ  ᠤᠯᠳᠠᠭ ᠢᠶᠠᠷ ᠢᠶᠠᠨ ᠡᠵᠡᠨ ᠬᠦᠮᠤᠨ ᠤ ᠲᠥᠷᠥᠭᠳᠡᠯ  ᠮᠠᠨᠢ ᠤᠯᠠᠮ ᠨᠡᠮᠡᠭᠳᠡᠯ᠎ᠠ︕︾ ᠭᠡᠵᠦ ᠲᠣᠰᠬᠤᠨ ᠤ ᠠᠷᠠᠳ ᠵᠠᠩ ᠸᠧᠨ ᠯᠢᠨ ᠶᠡᠬᠡᠳᠡ ᠪᠠᠶᠠᠷᠯᠠᠨ ᠶᠠᠷᠢᠨ᠎ᠠ᠃       ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ︽ᠠᠷᠭ᠎ᠠ ᠪᠤᠳᠤᠯᠭ᠎ᠠ︾ ᠪᠠᠨ ᠡᠷᠢᠵᠦ ᠭᠠᠷᠭᠠᠨ᠎ᠠ᠃ ᠲᠣᠰᠬᠤᠨ ᠤ ᠠᠷᠠᠳ ᠤᠨ  ᠤᠴᠢᠷ ᠶᠠᠪᠤᠳᠠᠯ ᠭᠡᠯᠡᠯᠴᠡᠬᠦ ᠲᠠᠰᠤᠭ ᠲᠤ᠂ ᠲᠤᠰ ᠲᠣᠰᠬᠤᠨ ᠤ ᠬᠥᠭᠵᠢᠯᠲᠡ ᠶᠢᠨ ᠲᠥᠯᠦᠪᠵᠢᠭᠦᠯᠭᠡ᠂  ᠭᠤᠷᠪᠠᠨ ᠰᠡᠷᠭᠡᠶᠢᠯᠡᠯᠳᠡ ᠶᠢᠨ ᠲᠥᠬᠦᠭᠡᠷᠦᠮᠵᠢ᠂ ᠠᠵᠤ ᠦᠢᠯᠡᠰ ᠤᠨ ᠲᠦᠷᠦᠯ ᠵᠦᠢᠯ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠡᠵᠡᠩᠨᠡᠯᠲᠡ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠵᠡᠷᠭᠡ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠳᠤᠮᠤ ᠤᠴᠢᠷ ᠶᠠᠪᠤᠳᠠᠯ  ᠤᠳ ᠢ ᠶᠠᠷᠢᠯᠴᠠᠵᠠᠭᠠᠨ᠎ᠠ︔ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ᠂ ᠬᠠᠮᠲᠤ ᠶᠢᠨ ᠡᠳ᠋ ᠬᠥᠷᠥᠩᠭᠡ ᠶᠢ ᠲᠣᠬᠢᠷᠠᠭᠤᠯᠤᠨ ᠬᠡᠷᠡᠭᠯᠡᠬᠦ᠂ ᠲᠣᠰᠬᠤᠨ ᠤ ᠳᠦᠷᠬᠦ ᠪᠠᠶᠢᠳᠠᠯ ᠢ ᠥᠭᠡᠷᠡᠴᠢᠯᠡᠨ  ᠰᠠᠶᠢᠵᠢᠷᠠᠭᠤᠯᠬᠤ᠂ ᠰᠣᠶᠣᠯ ᠤᠨ ᠦᠢᠯᠡᠴᠢᠯᠡᠭᠡᠨ ᠤ ᠳᠤᠬᠳᠠᠯᠴᠠᠭ᠎ᠠ ᠶᠢᠨ ᠪᠠᠶᠢᠭᠤᠯᠤᠯᠲᠠ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠲᠣᠭᠲᠠᠭᠠᠬᠤ ᠵᠡᠷᠭᠡ ᠲᠣᠰᠬᠤᠨ ᠤ ᠠᠷᠠᠳ ᠤᠨ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠪᠣᠳᠠᠲᠤ ᠤᠴᠢᠷ ᠶᠠᠪᠤᠳᠠᠯ ᠤᠳ ᠢ ᠶᠠᠷᠢᠯᠴᠠᠵᠠᠭᠠᠨ᠎ᠠ︔ ᠬᠠᠤᠯᠢ ᠶᠣᠰᠣᠭᠠᠷ ᠲᠣᠰᠬᠤᠨ ᠢ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠲᠣᠰᠬᠤᠨ ᠤ ᠶᠠᠪᠤᠳᠠᠯ ᠨᠠᠮ ᠤᠨ ᠶᠠᠪᠤᠳᠠᠯ᠂ ᠠᠶᠢᠯ ᠠᠶᠢᠮᠠᠭ ᠤᠨ ᠬᠤᠭᠤᠷᠤᠨᠳᠤᠬᠢ ᠵᠥᠷᠢᠴᠡᠯ᠂ ᠠᠶᠤᠯᠭᠦᠢ ᠦᠢᠯᠡᠳᠪᠦᠷᠢᠯᠡᠯ ᠵᠡᠷᠭᠡ ᠲᠤᠰ ᠲᠣᠰᠬᠤᠨ ᠤ ᠡᠶ᠎ᠡ ᠵᠣᠬᠢᠴᠠᠩᠭᠤᠢ ᠲᠣᠭᠲᠠᠭᠤᠨ ᠢ ᠨᠥᠯᠥᠭᠡᠯᠡᠵᠤ ᠪᠠᠶᠢᠭ᠎ᠠ ᠬᠦᠴᠢᠷ ᠤᠴᠢᠷ ᠶᠠᠪᠤᠳᠠᠯ ᠤᠳ ᠢ ᠶᠠᠷᠢᠯᠴᠠᠵᠠᠭᠠᠨ᠎ᠠ︔  ᠳᠤᠰᠬᠤᠨ ᠤ ᠱᠠᠳᠤᠨ ᠤ ᠨᠠᠮ ᠤᠨ ᠭᠡᠰᠢᠭᠦᠨ ᠤ  ᠳᠠᠭᠤᠷᠢᠶᠠᠯ ᠦᠵᠡᠭᠦᠯᠬᠦ ᠡᠷᠦᠬᠡ᠂ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢᠨ ᠪᠠᠶᠢᠳᠠᠯ᠂ ᠬᠠᠤᠯᠢ ᠴᠠᠭᠠᠵᠠ ᠶᠢᠨ ᠲᠤᠰᠠᠯᠠᠮᠵᠢ ᠂ ᠨᠡᠶᠢᠭᠡᠮ ᠤᠨ ᠳᠠᠭᠠᠳᠬᠠᠯ᠂ ᠬᠥᠳᠡᠭᠡ ᠲᠣᠰᠬᠤᠨ ᠤ ᠬᠡᠷᠡᠭᠯᠡᠭᠡᠨ ᠤ ᠮᠡᠷᠭᠡᠵᠢᠯ ᠵᠡᠷᠭᠡ ᠠᠷᠠᠳ ᠤᠨ ᠠᠮᠢᠳᠤᠷᠠᠯ ᠢ ᠬᠠᠷᠠᠭᠤᠯᠤᠭᠰᠠᠨ ᠰᠠᠶᠢᠨ ᠰᠠᠶᠢᠬᠠᠨ ᠤᠴᠢᠷ ᠶᠠᠪᠤᠳᠠᠯ ᠤᠳ ᠢ ᠶᠠᠷᠢᠯᠴᠠᠵᠠᠭᠠᠨ᠎ᠠ︔ ᠳᠤᠤᠷ᠎ᠠ ᠣᠷᠣᠯᠭ᠎ᠠ ᠲᠠᠢ ᠤᠯᠠᠨ ᠳᠦᠮᠡᠨ᠂ ᠬᠥᠭᠰᠢᠨ ᠪᠠᠭᠤᠷᠠᠢ ᠡᠪᠡᠳᠴᠢᠨ ᠲᠠᠢ ᠵᠡᠮᠳᠡᠭ ᠡᠷᠦᠬᠡ᠂ ᠲᠦᠷ ᠴᠠᠭ ᠤᠨ ᠬᠦᠴᠢᠷᠳᠡᠯ ᠲᠠᠢ ᠡᠷᠦᠬᠡ᠂ ᠭᠤᠣᠯᠳᠠᠯᠭ᠎ᠠ ᠲᠠᠢ ᠬᠥᠮᠥᠰ ᠵᠡᠷᠭᠡ  ᠬᠠᠯᠠᠮᠵᠢᠯᠠᠨ ᠬᠠᠶᠢᠷᠠᠯᠠᠬᠤ ᠪᠠᠴᠢᠮ ᠤᠴᠢᠷ ᠶᠠᠪᠤᠳᠠᠯ ᠤᠳ ᠢ ᠶᠠᠷᠢᠯᠴᠠᠵᠠᠭᠠᠨ᠎ᠠ︔  ᠡᠬᠦᠷ ᠵᠥᠪᠯᠡᠯ ᠤᠨ ᠤᠳᠤᠷᠢᠳᠬᠤ ᠪᠠᠭ ᠤᠨ ᠪᠠᠶᠢᠭᠤᠯᠤᠯᠲᠠ᠂ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ᠂ ᠲᠣᠰᠬᠤᠨ ᠤ ᠺᠠᠳ᠋ᠷ ᠤᠨ ᠰᠤᠷᠲᠠᠯ ᠵᠡᠷᠭᠡ ᠲᠦᠷᠦ ᠪᠠᠷᠢᠬᠤ ᠰᠠᠭᠤᠷᠢ ᠪᠠᠲᠤ ᠪᠠᠬᠢ ᠪᠠᠶᠢᠬᠤ ᠳᠤ ᠬᠤᠯᠪᠣᠭᠳᠠᠬᠤ  ᠴᠢᠬᠤᠯᠠ ᠤᠴᠢᠷ ᠶᠠᠪᠤᠳᠠᠯ ᠤᠳ ᠢ ᠶᠠᠷᠢᠯᠴᠠᠵᠠᠭᠠᠨ᠎ᠠ ᠁      ︽ᠲᠣᠰᠬᠤᠨ ᠤ ᠵᠥᠷᠢᠴᠡᠯ ᠢ ᠲᠣᠰᠬᠤᠨ ᠠᠴᠠ ᠭᠠᠷᠭᠠᠬᠤ ᠦᠭᠡᠢ ᠪᠠᠷ ᠤᠴᠢᠷ ᠶᠠᠪᠤᠳᠠᠯ ᠢ ᠰᠢᠢᠳᠪᠦᠷᠢᠯᠡᠬᠦ ᠨᠢ᠂ ᠲᠣᠰᠬᠤᠨ ᠤ ᠠᠷᠠᠳ ᠤᠨ ᠵᠥᠷᠢᠴᠡᠯ ᠢ  ᠨᠠᠮᠳᠠᠭᠤᠯᠬᠤ ᠮᠥᠷᠲᠡᠭᠡᠨ ᠵᠠᠬᠢᠳᠠᠯ ᠰᠣᠷᠪᠤᠯᠵᠢᠯᠠᠯ ᠤᠨ ᠭᠡᠮ ᠰᠣᠭᠤᠭ ᠢ ᠴᠤ ᠰᠢᠢᠳᠪᠦᠷᠢᠯᠡᠵᠦ ᠴᠢᠳᠠᠨ᠎ᠠ᠂  ᠳᠡᠷᠡᠴᠢᠯᠡᠨ ᠵᠠᠷᠭᠤ  ᠬᠢᠬᠦ ᠤᠴᠢᠷ ᠰᠢᠯᠳᠠᠭᠠᠨ ᠢ ᠴᠤ ᠪᠠᠭᠠᠰᠬᠠᠵᠤ ᠪᠠᠶᠢᠨ᠎ᠠ᠂ ᠡᠨᠡ ᠪᠣᠯ ᠤᠯᠠᠨ ᠤ ᠪᠠᠶᠠᠷᠯᠠᠭᠤᠰᠢᠲᠠᠢ ᠶᠠᠪᠤᠳᠠᠯ ᠪᠣᠯᠣᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠬᠠᠤᠯᠢᠵᠢᠯ ᠬᠥᠳᠡᠭᠡ ᠲᠣᠰᠬᠤᠨ  ᠤ ᠪᠠᠶᠢᠭᠤᠯᠤᠯᠳᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠪᠠᠶᠢᠭ᠎ᠠ ᠶᠠᠪᠤᠳᠠᠯ ᠪᠤᠯᠤᠨ᠎ᠠ︾ ᠭᠡᠮᠡᠨ ︽ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ︾ ᠠᠵᠢᠯᠯᠠᠭ᠎ᠠ ᠳᠤ ᠣᠯᠠᠨᠲᠠ ᠣᠷᠣᠯᠴᠠᠭᠰᠠᠨ ᠬᠤᠰᠢᠭᠤᠨ ᠤ ᠰᠢᠭᠦᠬᠦ ᠬᠤᠷᠢᠶᠠᠨ ᠤ ᠢᠷᠭᠡᠨ ᠤ ᠬᠡᠷᠡᠭ ᠤᠨ ᠨᠢᠭᠡᠳᠦᠭᠡᠷ  ᠰᠢᠬᠦᠬᠦ ᠲᠢᠩᠬᠢᠮ ᠤᠨ ᠳᠠᠷᠤᠭ᠎ᠠ ᠵᠠᠩ ᠶᠠᠨ ᠶᠢᠩ  ᠶᠠᠷᠢᠨ᠎ᠠ᠃
村民3.jpg    
       ᠰᠠᠶᠢᠳᠤᠷ ︽ᠬᠡᠯᠡᠯᠴᠡᠬᠦ︾ ᠨᠢ ᠤᠴᠢᠷ ᠶᠠᠪᠤᠳᠠᠯ ᠢ ᠪᠣᠳᠠᠲᠠᠶᠢᠵᠢᠭᠤᠯᠬᠤ ᠶᠢᠨ ᠲᠥᠯᠥᠭᠡ ᠶᠤᠮ᠃ ︽ᠲᠣᠰᠬᠤᠨ ᠤ ᠠᠷᠠᠳ ᠤᠴᠢᠷ ᠶᠠᠪᠤᠳᠠᠯ ᠢᠶᠠᠨ ᠬᠡᠯᠡᠵᠤ ᠂ ᠺᠠᠳ᠋ᠷ  ᠤᠴᠢᠷ ᠶᠠᠪᠤᠳᠠᠯ ᠢ ᠬᠦᠯᠢᠶᠡᠨ ᠠᠪᠴᠤ᠂ ᠨᠠᠮ ᠤᠨ ᠭᠡᠰᠢᠭᠦᠨ ᠤᠴᠢᠷ ᠶᠠᠪᠤᠳᠠᠯ  ᠢ ᠢᠯᠡ ᠨᠡᠶᠢᠲᠡᠯᠡᠨ᠂ ᠤᠯᠠᠨ ᠲᠦᠮᠡᠨ ᠤᠴᠢᠷ ᠶᠠᠪᠤᠳᠠᠯ  ᠢ ᠦᠨᠡᠯᠡᠬᠦ︾ ᠠᠵᠢᠯ ᠤᠨ ᠠᠷᠭ᠎ᠠ ᠪᠠᠷᠢᠯ ᠨᠢ          ︽ᠶᠠᠭᠤᠨ ᠤ ᠲᠥᠯᠥᠭᠡ ᠤᠴᠢᠷ ᠶᠠᠪᠤᠳᠠᠯ ᠬᠡᠯᠡᠯᠴᠡᠬᠦ᠂ ᠶᠠᠮᠠᠷ ᠤᠴᠢᠷ ᠶᠠᠪᠤᠳᠠᠯ ᠢ  ᠬᠡᠯᠡᠯᠴᠡᠬᠦ᠂ ᠬᠡᠨ ᠤᠴᠢᠷ ᠶᠠᠪᠤᠳᠠᠯ  ᠢ ᠰᠣᠨᠣᠰᠬᠤ᠂ ᠶᠠᠭᠠᠬᠢᠵᠤ ᠤᠴᠢᠷ ᠶᠠᠪᠤᠳᠠᠯ  ᠢ ᠰᠢᠢᠳᠪᠤᠷᠢᠯᠡᠬᠦ᠂ ᠬᠡᠨ ᠤᠴᠢᠷ ᠶᠠᠪᠤᠳᠠᠯ ᠢ ᠦᠨᠡᠯᠡᠬᠦ︾ 5 ᠠᠰᠠᠭᠤᠳᠠᠯ ᠢ ᠰᠢᠢᠳᠪᠦᠷᠢᠯᠡᠵᠦ᠂ ᠠᠷᠠᠳ ᠲᠦᠮᠡᠨ ᠳᠤ ᠨᠡᠩ ᠭᠦᠨᠵᠡᠭᠡᠢ ᠦᠢᠯᠡᠴᠢᠯᠡᠬᠦ᠂ ᠤᠯᠠᠨ ᠲᠦᠮᠡᠨ ᠲᠠᠢ  ᠨᠡᠩ ᠨᠢᠬᠳᠠ ᠬᠠᠷᠢᠯᠴᠠᠬᠤ ᠶᠢ ᠪᠡᠶᠡᠯᠡᠭᠦᠯᠵᠦ᠂ ︽  ᠲᠠ ᠤᠴᠢᠷ ᠶᠠᠪᠤᠳᠠᠯ ᠢ ᠶᠠᠷᠢᠪᠠᠯ ᠪᠢ ᠤᠴᠢᠷ ᠶᠠᠪᠤᠳᠠᠯ ᠢ ᠰᠢᠢᠳᠪᠦᠷᠢᠯᠡᠵᠦ᠂  ᠲᠠ ᠰᠠᠨᠠᠭ᠎ᠠ ᠠᠮᠤᠷ ᠪᠠᠶᠢᠬᠤ︾ ᠰᠠᠶᠢᠨ ᠰᠠᠶᠢᠬᠠᠨ ᠪᠠᠶᠢᠳᠠᠯ ᠢ  ᠪᠤᠢ ᠪᠤᠯᠭᠠᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ᠵᠠᠩᠭᠢᠯᠠᠭ᠎ᠠ ᠶᠢᠨ ᠴᠡᠭ ᠲᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠡᠢ᠃      ︽︿ᠲᠣᠰᠬᠤᠨ ᠤ ᠠᠷᠠᠳ ᠤᠨ ᠤᠴᠢᠷ ᠶᠠᠪᠤᠳᠠᠯ  ᠭᠡᠯᠡᠯᠴᠡᠬᠦ﹀ ᠶᠢᠨ ᠵᠠᠩᠭᠢᠯᠠᠭ᠎ᠠ ᠨᠢ ᠪᠣᠯ ᠳᠠᠷᠤᠢ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠬᠡᠯᠡᠬᠦ ᠤᠴᠢᠷ ᠲᠠᠢ᠂ ᠬᠡᠯᠡᠬᠦ ᠦᠭᠡ ᠲᠠᠢ᠂ ᠵᠣᠷᠢᠭᠲᠠᠢ ᠪᠠᠷ ᠬᠡᠯᠡᠭᠦᠯᠬᠦ ᠶᠠᠪᠤᠳᠠᠯ ᠪᠣᠯᠣᠨ᠎ᠠ᠂ ᠶᠡᠭᠡ ᠶᠠᠪᠤᠳᠠᠯ ᠪᠠᠭ᠎ᠠ ᠶᠠᠪᠤᠳᠠᠯ ᠭᠡᠮᠡᠨ ᠬᠠᠮᠢᠶᠠᠷᠬᠤ ᠦᠭᠡᠢ᠂ ᠤᠯᠠᠨ ᠲᠦᠮᠡᠨ ᠬᠡᠯᠡᠬᠦ ᠰᠠᠨᠠᠭ᠎ᠠ ᠲᠠᠢ ᠯᠠ ᠶᠤᠮ ᠪᠣᠯ ᠲᠣᠭᠲᠠᠭᠰᠠᠨ ᠭᠠᠵᠠᠷ ᠲᠤ ᠤᠴᠢᠵᠤ ᠶᠠᠷᠢᠨ᠂ ᠬᠦᠯᠢᠶᠡᠨ ᠠᠪᠤᠬᠰᠠᠨ ᠬᠦᠮᠤᠨ ᠨᠢ ᠨᠠᠷᠢᠨ ᠬᠢᠨᠠᠮᠠᠭᠠᠢ ᠰᠣᠨᠣᠰᠴᠤ᠂ ᠭᠡᠵᠢᠶ᠎ᠠ ᠴᠦ ᠭᠡᠰᠡᠨ ᠶᠠᠷᠢᠵᠤ᠂ ᠺᠠᠳ᠋ᠷ ᠠᠮᠠᠯᠠᠵᠤ ᠪᠠᠶᠢᠭᠠᠳ  ᠬᠦᠢᠴᠡᠳᠭᠡᠵᠤ ᠦᠭᠬᠦ ᠭᠡᠷᠡᠭᠳᠡᠢ︾ ᠭᠡᠵᠦ ᠬᠤᠰᠢᠭᠤᠨ ᠤ ᠤᠯᠤᠰ ᠲᠦᠷᠦ ᠬᠠᠤᠯᠢ ᠴᠠᠭᠠᠵᠠ ᠶᠢᠨ  ᠬᠤᠷᠢᠶ᠎ᠠ ᠶᠢᠨ  ᠬᠤᠯᠪᠤᠬᠳᠠᠯ ᠪᠦᠬᠦᠢ ᠬᠠᠷᠢᠭᠤᠴᠠᠯᠭᠠᠲᠠᠨ  ᠶᠠᠷᠢᠨ᠎ᠠ᠃      2019 ᠣᠨ ᠤ 8 ᠰᠠᠷ᠎ᠠ ᠳᠤ᠂ ᠵᠡᠭᠦᠨᠭᠠᠷ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ ᠳᠦᠷᠢᠮ ᠤᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ᠂ ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ ᠡᠳᠦᠷ᠂ ᠤᠴᠢᠷ ᠶᠠᠪᠤᠳᠠᠯ ᠬᠡᠯᠡᠯᠴᠡᠬᠦ ᠳᠦᠷᠢᠮ ᠢ  ᠳᠤᠬᠳᠠᠭᠠᠵᠤ᠂             ︽ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ︾ ᠳᠦᠷᠢᠮ ᠢ ᠬᠡᠷᠡᠭᠵᠢᠭᠦᠯᠬᠦ ᠪᠠᠷ ᠳᠡᠮᠵᠢᠨ᠂ ᠵᠥᠷᠢᠴᠡᠯ ᠢ ᠡᠬᠢ ᠡᠭᠦᠰᠦᠯ ᠠᠴᠠ ᠨᠢ‌ᠨᠠᠮᠳᠠᠭᠤᠯᠵᠤ᠂ ᠲᠣᠰᠬᠤᠨ ᠤ ᠠᠷᠠᠳ ᠤᠨ ᠬᠤᠭᠤᠷᠣᠨᠳᠣᠬᠢ ᠵᠠᠪᠰᠠᠷᠳᠠᠯ ᠢ ᠡᠪᠳᠡᠨ᠂ ᠬᠥᠳᠡᠭᠡ ᠲᠣᠰᠬᠤᠨ ᠤ ᠬᠥᠭᠵᠢᠯᠲᠡ ᠶᠢᠨ ᠬᠠᠮᠳᠤᠷᠠᠯ ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠤ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠠᠬᠢᠭᠤᠯᠵᠤ ᠪᠠᠶᠢᠨ᠎ᠠ᠃       ᠣᠳᠣᠬᠠᠨ ᠳᠤ᠂ ᠣᠯᠠᠨ ᠲᠦᠮᠡᠨ ᠤ ᠭᠤᠮᠣᠳᠠᠯ ᠲᠣᠭᠠᠴᠢᠬᠤ ᠳᠠᠳᠬᠠᠯ ᠨᠢ ᠲᠣᠰᠬᠤᠨ ᠤ ᠠᠷᠠᠳ ᠤᠨ ᠤᠴᠢᠷ  ᠶᠠᠪᠤᠳᠠᠯ ᠭᠡᠯᠡᠯᠴᠡᠬᠦ ᠲᠠᠰᠤᠭ ᠤᠨ ᠡᠨᠡ ᠬᠦ ︽ᠲᠠᠶᠢᠰᠠᠨ︾ ᠳᠡᠭᠡᠷ᠎ᠡ  ᠳᠡᠯᠭᠡᠭᠳᠡᠵᠤ᠂ ᠮᠠᠰᠢ ᠣᠯᠠᠨ ᠠᠰᠠᠭᠤᠳᠠᠯ ᠢ  ᠪᠦᠬᠦᠳᠡᠭᠡᠷ ᠢᠶᠠᠨ ᠭᠡᠯᠡᠯᠴᠡᠵᠤ ᠪᠠᠶᠢᠭᠠᠳ ᠠᠮᠠᠷᠬᠠᠨ ᠰᠢᠢᠳᠪᠦᠷᠢᠯᠡᠵᠤ ᠪᠠᠶᠢᠨ᠎ᠠ᠃             ᠵᠣᠬᠢᠶᠠᠨ ᠪᠠᠶᠢᠭᠤᠯᠤᠯᠲᠠ ᠶᠢᠨ  ᠵᠠᠮᠴᠢᠯᠠᠭ᠎ᠠ ᠶᠢ ᠴᠢᠩᠭᠠᠳᠬᠠᠵᠤ ᠤᠴᠢᠷ ᠶᠠᠪᠤᠳᠠᠯ ᠢ ᠬᠡᠯᠡᠯᠴᠡᠨ ᠵᠥᠪᠯᠡᠬᠦ ᠳᠤ ᠵᠤᠷᠢᠭ ᠲᠠᠢ ᠪᠤᠯᠪᠠ       ᠨᠠᠮ ᠤᠨ ᠬᠦᠴᠦᠨ ᠨᠢ ᠵᠣᠬᠢᠶᠠᠨ ᠪᠠᠶᠢᠭᠤᠯᠤᠯᠲᠠ ᠳᠤ ᠪᠤᠢ᠂ ᠲᠣᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ ᠳᠦᠷᠢᠮ ᠨᠢ ᠡᠨᠡ ᠳᠤᠭᠤᠷᠢᠨ ᠳᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠬᠤ ᠦᠢᠯᠡᠳᠦᠯ ᠢ ᠪᠠᠳᠠᠷᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ᠂ ᠡᠮᠦᠨ᠎ᠡ ᠹᠷᠣᠨᠲ ᠲᠤ ᠭᠦᠨᠵᠡᠭᠡᠶᠢᠷᠡᠭᠦᠯᠵᠦ᠂ ᠤᠯᠠᠨ ᠲᠦᠮᠡᠨ ᠤ  ᠰᠠᠨᠠᠭᠠᠰᠢᠷᠠᠯ ᠪᠤᠳᠤᠯ ᠬᠦᠰᠡᠯ ᠡᠷᠡᠮᠡᠯᠵᠡᠯ ᠲᠠᠢ ᠨᠢᠭᠲᠠ  ᠤᠶᠠᠯᠳᠤᠭᠤᠯᠤᠨ᠂ ᠲᠣᠰᠬᠤᠨ ᠤ ᠠᠷᠠᠳ ᠤᠨ ᠤᠴᠢᠷ ᠶᠠᠪᠤᠳᠠᠯ  ᠭᠡᠯᠡᠯᠴᠡᠬᠦ ᠳᠦᠷᠢᠮ ᠨᠢ ᠡᠯ᠎ᠡ ᠲᠠᠯ᠎ᠠ ᠶᠢᠨ ᠬᠢᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠵᠤ ᠪᠤᠢ       ᠤᠴᠢᠷ ᠶᠠᠪᠤᠳᠠᠯ ᠭᠡᠯᠡᠯᠴᠡᠬᠦ ᠶᠠᠪᠤᠴᠠ ᠶᠢ ᠵᠢᠷᠤᠮᠵᠢᠭᠤᠯᠵᠤ ᠵᠥᠷᠢᠴᠡᠯ ᠵᠢᠭᠤᠷᠠᠯᠳᠤᠭᠠᠨ ᠢ  ᠭᠠᠳᠠᠬᠰᠢ ᠦᠯᠤ ᠭᠠᠷᠭᠠᠪᠠ      ᠬᠤᠰᠢᠭᠤᠨ ᠤ ᠨᠠᠮ ᠤᠨ ᠬᠤᠷᠢᠶ᠎ᠠ ᠬᠤᠰᠢᠭᠤᠨ ᠤ ᠵᠠᠰᠠᠭ ᠤᠨ ᠣᠷᠳᠣᠨ ᠲᠣᠰᠬᠤᠨ ᠤ ᠠᠷᠠᠳ ᠤᠨ ᠤᠴᠢᠷ  ᠶᠠᠪᠤᠳᠠᠯ ᠬᠡᠯᠡᠯᠴᠡᠬᠦ ᠳᠦᠷᠢᠮ ᠤᠨ ᠬᠡᠷᠡᠭᠵᠢᠭᠦᠯᠬᠦ ᠲᠥᠰᠥᠯ ᠢ ᠲᠣᠭᠲᠠᠭᠠᠨ ᠨᠡᠶᠢᠲᠡᠯᠡᠵᠦ᠂ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠠᠷᠢᠭᠤ ᠥᠭᠬᠦ᠂ ᠰᠢᠢᠳᠪᠦᠷᠢᠯᠡᠬᠦ᠂ ᠰᠤᠳᠤᠯᠬᠤ  ᠠᠴᠠ ᠡᠶᠡᠳᠡᠭᠦᠯᠬᠦ᠂ ᠰᠢᠯᠵᠢᠭᠦᠯᠦᠨ ᠲᠤᠰᠢᠶᠠᠬᠤ᠂ ᠬᠠᠤᠯᠢ ᠴᠠᠭᠠᠵᠠ ᠶᠢᠨ ᠲᠠᠰ ᠳᠠᠷᠠᠭᠠᠯᠠᠯ ᠳᠤ ᠣᠷᠣᠭᠤᠯᠬᠤ ᠵᠡᠷᠭᠡ ᠡᠯ᠎ᠡ ᠭᠤᠭᠴᠤᠭ᠎ᠠ ᠶᠢᠨ ᠠᠵᠢᠯᠯᠠᠭᠠᠨ ᠤ ᠶᠠᠪᠤᠴᠠ ᠶᠢ ᠲᠣᠭᠲᠠᠭᠠᠵᠤ᠂ ᠵᠥᠷᠢᠴᠡᠯ ᠵᠢᠭᠤᠷᠠᠯᠳᠤᠭᠠᠨ ᠤ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠪᠢᠲᠡᠭᠦᠦ ᠬᠡᠯᠪᠡᠷᠢ ᠶᠢᠨ ᠬᠠᠮᠢᠶᠠᠷᠤᠯᠲᠠ ᠶᠢ ᠪᠡᠶᠡᠯᠡᠭᠦᠯᠵᠦ᠂ ᠣᠯᠠᠨ ᠲᠦᠮᠡᠨ ᠤ ᠰᠠᠨᠠᠯ ᠭᠤᠮᠣᠳᠠᠯ ᠱᠠᠭᠠᠷᠳᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠳᠤ ᠬᠠᠷᠢᠭᠤ ᠥᠭᠬᠦ ᠶᠢ ᠪᠠᠲᠤᠯᠠᠵᠤ ᠪᠤᠢ᠃
村民4.jpg      ᠭᠠᠷᠠᠭ  ᠪᠤᠯᠭᠠᠨ ︽ᠰᠣᠨᠣᠰᠴᠤ ᠦᠵᠡᠨ᠎ᠡ︾ ︱ ᠭᠠᠴᠠᠭ᠎ᠠ ᠲᠣᠰᠬᠤᠨ ᠨᠡᠶᠢᠭᠡᠮ ᠲᠣᠭᠤᠷᠢᠭ ᠨᠢ ᠭᠠᠷᠠᠭ  ᠪᠤᠯᠭᠠᠨ ᠨᠢᠭᠡ ᠡᠳᠦᠷ ᠢ ᠲᠣᠰᠬᠤᠨ ᠤ
ᠠᠷᠠᠳ ᠤᠨ ᠤᠴᠢᠷ ᠶᠠᠪᠤᠳᠠᠯ ᠭᠡᠯᠡᠯᠴᠡᠬᠦ ᠡᠳᠦᠷ ᠢᠶᠠᠷ ᠲᠣᠭᠲᠠᠭᠠᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ︽ᠡᠬᠦᠷ ᠵᠥᠪᠯᠡᠯ︾ ᠤᠨ  ᠵᠢᠵᠢᠬᠦᠷᠯᠡᠭᠴᠢ ᠺᠠᠳ᠋ᠷ ᠠᠴᠠ ᠲᠣᠰᠬᠤᠨ ᠤ ᠠᠷᠠᠳ ᠤᠨ  ᠶᠠᠷᠢᠬᠰᠠᠨ ᠤᠴᠢᠷ ᠶᠠᠪᠤᠳᠠᠯ ᠢ ᠭᠥᠯᠢᠶᠡᠨ ᠠᠪᠴᠤ ᠰᠢᠢᠳᠪᠦᠷᠢᠯᠡᠵᠦ᠂ ᠳᠡᠩᠰᠡᠯᠡᠨ ᠲᠡᠮᠳᠡᠭᠯᠡᠵᠤ ᠪᠤᠢ᠃ ᠠᠬᠤᠢ ᠳᠠᠯᠠᠪᠠᠢ  ᠳᠤᠨᠢ ᠬᠠᠷᠢᠭᠤᠯᠲᠠ ᠥᠭᠴᠦ ᠰᠢᠢᠳᠪᠦᠷᠢᠯᠡᠵᠦ ᠳᠡᠶᠢᠯᠬᠦ ᠠᠰᠠᠭᠤᠳᠠᠯ ᠢ  ᠠᠬᠤᠢ ᠳᠠᠯᠠᠪᠠᠢ ᠳᠤᠨᠢ ᠰᠢᠢᠳᠪᠦᠷᠢᠯᠡᠨ᠎ᠡ᠂ ᠬᠠᠷᠢᠭᠤᠯᠲᠠ ᠥᠭᠴᠦ ᠰᠢᠢᠳᠪᠤᠷᠢᠯᠡᠵᠤ ᠳᠡᠶᠢᠯᠬᠦ ᠦᠭᠡᠢ ᠠᠰᠠᠭᠤᠳᠠᠯ ᠢ ᠳᠤᠰᠬᠤᠨ ᠤ ᠱᠠᠲᠤᠨ ᠤ ᠬᠠᠮᠲᠤᠷᠠᠭᠰᠠᠨ ᠵᠥᠪᠯᠡᠬᠦ ᠬᠤᠷᠠᠯ ᠳᠤ ᠳᠡᠪᠰᠢᠭᠦᠯᠵᠦ ᠵᠥᠪᠳᠡᠯᠴᠡᠭᠦᠯᠦᠨ ᠰᠤᠳᠤᠯᠤᠨ᠎ᠠ᠃       ᠬᠠᠭᠠᠰ ᠰᠠᠷ᠎ᠠ ᠳᠤ ︽ᠵᠤᠬᠢᠴᠠᠭᠤᠯᠤᠨ᠎ᠠ︾ ︱ ᠲᠣᠰᠬᠤᠨ ᠤ ᠠᠷᠠᠳ  ᠬᠤᠶᠠᠷ ᠤᠳᠠᠭ᠎ᠠ ᠤᠴᠢᠷ ᠶᠠᠪᠤᠳᠠᠯ ᠭᠡᠯᠡᠯᠴᠡᠭᠰᠡᠨ ᠤ ᠳᠠᠷᠠᠭ᠎ᠠ ᠲᠣᠰᠬᠤᠨ ᠤ ᠱᠠᠲᠤᠨ ᠤ ᠬᠠᠮᠲᠤᠷᠠᠭᠰᠠᠨ ᠵᠥᠪᠯᠡᠬᠦ ᠬᠤᠷᠠᠯ ᠢ ᠨᠢᠭᠡ ᠤᠳᠠᠭ᠎ᠠ ᠬᠤᠷᠠᠯᠳᠤᠭᠤᠯᠵᠤ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠠᠴᠠ ︽ᠡᠬᠦᠷ ᠵᠥᠪᠯᠡᠯ︾ ᠤᠨ ᠪᠠᠭ ᠤᠨ ᠪᠦᠷᠢᠯᠳᠦᠭᠦᠨ ᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠤᠨ  ᠤᠴᠢᠷ ᠶᠠᠪᠤᠳᠠᠯ ᠬᠡᠯᠡᠯᠴᠡᠬᠦ ᠡᠳᠦᠷ ᠲᠤ ᠬᠠᠷᠢᠭᠤ ᠥᠭᠴᠦ ᠰᠢᠢᠳᠪᠦᠷᠢᠯᠡᠭᠰᠡᠨ ᠦᠭᠡᠢ ᠠᠰᠠᠭᠤᠳᠠᠯ ᠢ ᠬᠠᠮᠲᠤᠷᠠᠨ ᠵᠥᠪᠯᠡᠵᠦ ᠰᠤᠳᠤᠯᠤᠨ᠎ᠠ᠃ ᠰᠢᠢᠳᠪᠦᠷᠢᠯᠡᠵᠦ ᠳᠡᠶᠢᠯᠬᠦ ᠶᠢ ᠨᠢ ᠴᠠᠭ ᠲᠤᠬᠠᠢ ᠳᠤᠨᠢ ᠬᠠᠷᠢᠭᠤ ᠦᠭᠴᠤ᠂ ᠰᠢᠢᠳᠪᠦᠷᠢᠯᠡᠵᠦ ᠳᠡᠶᠢᠯᠬᠦ ᠦᠭᠡᠢ ᠠᠰᠠᠭᠤᠳᠠᠯ ᠢ ᠳᠤᠰᠬᠤᠨ ᠤ ᠠᠷᠠᠳ ᠲᠤ ᠲᠤᠰᠢᠶᠠᠨ ᠥᠭᠴᠦ ᠤᠴᠢᠷ  ᠶᠠᠪᠤᠳᠠᠯ ᠵᠦᠪᠯᠡᠬᠦ ᠬᠤᠷᠠᠯ ᠢᠶᠠᠷ ᠵᠥᠪᠳᠡᠯᠴᠡᠭᠦᠯᠦᠨ ᠰᠤᠳᠤᠯᠤᠨ᠎ᠠ᠃      ᠰᠠᠷ᠎ᠠ ᠶᠢᠨ ᠰᠡᠭᠦᠯᠴᠢ ᠳᠤ ︽ᠵᠥᠪᠯᠡᠯᠳᠤᠨ᠎ᠠ︾ ︱ ᠰᠠᠷ᠎ᠠ  ᠪᠤᠯᠭᠠᠨ ᠤ ᠰᠡᠭᠦᠯᠴᠢ ᠳᠤ ᠨᠢᠭᠡ ᠤᠳᠠᠭ᠎ᠠ ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ ᠬᠤᠷᠠᠯ ᠬᠤᠷᠠᠯᠳᠤᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ︶ ᠶᠢᠨ  ᠳᠤᠰᠬᠤᠨ ᠳᠠᠭᠠᠭᠠᠴᠢᠯᠠᠬᠰᠠᠨ ᠤᠳᠤᠷᠢᠳᠤᠯᠭ᠎ᠠ ᠪᠤᠶᠤ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠠᠴᠠ ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ ᠲᠠᠰᠤᠭ ᠤᠨ ᠪᠦᠷᠢᠯᠳᠦᠭᠦᠨ᠂ ᠠᠷᠠᠳ ᠤᠨ ᠡᠶᠡᠳᠡᠭᠦᠯᠦᠭᠴᠢ᠂ ᠬᠠᠤᠯᠢᠴᠢ ᠶᠢ ᠵᠣᠬᠢᠶᠠᠨ ᠪᠠᠶᠢᠭᠤᠯᠵᠤ᠂ ᠲᠣᠰᠬᠤᠨ ᠤ ᠠᠷᠠᠳ ᠵᠢᠴᠢ  ᠬᠤᠯᠪᠤᠬᠳᠠᠯ ᠪᠦᠬᠦᠢ ᠬᠥᠮᠥᠰ ᠢ ᠵᠣᠬᠢᠶᠠᠨ ᠪᠠᠶᠢᠭᠤᠯᠵᠤ᠂ ᠲᠣᠰᠬᠤᠨ ᠤ ᠱᠠᠲᠤᠨ ᠤ ᠬᠠᠮᠲᠤᠷᠠᠭᠰᠠᠨ ᠵᠥᠪᠯᠡᠬᠦ ᠬᠤᠷᠠᠯ ᠤᠨ ᠬᠠᠷᠢᠭᠤ ᠥᠭᠴᠦ ᠰᠢᠢᠳᠪᠦᠷᠢᠯᠡᠭᠰᠡᠨ ᠦᠭᠡᠢ ᠠᠰᠠᠭᠤᠳᠠᠯ ᠢ ᠬᠠᠮᠲᠤᠪᠠᠷ ᠵᠥᠪᠳᠡᠯᠴᠡᠨ ᠰᠤᠳᠤᠯᠤᠨ᠎ᠠ᠃ ᠮᠥᠨ ᠬᠦ ᠡᠶᠡᠳᠡᠭᠦᠯᠦᠨ ᠰᠢᠢᠳᠪᠦᠷᠢᠯᠡᠬᠦ ᠶᠢᠨ ᠠᠷᠭ᠎ᠠ ᠦᠭᠡᠢ ᠶᠢ ᠨᠢ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠵᠥᠷᠢᠴᠡᠯ ᠢ ᠶᠡᠷᠦᠩᠬᠡᠶᠢᠯᠡᠨ ᠡᠶᠡᠳᠡᠭᠦᠯᠦᠨ ᠰᠢᠢᠳᠪᠦᠷᠢᠯᠡᠬᠦ ᠲᠥᠪ ᠲᠤ ᠮᠡᠳᠡᠭᠦᠯᠵᠦ᠂ ᠴᠢᠨᠠᠭᠰᠢᠯᠠᠪᠠᠯ ᠬᠤᠰᠢᠭᠤᠨ ᠤ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠮᠡᠳᠡᠭᠦᠯᠬᠦ ᠪᠤᠶᠤ ᠬᠠᠤᠯᠢ ᠴᠠᠭᠠᠵᠠ‌‍ᠶᠢᠨ ᠵᠢᠷᠤᠮ ᠳᠤ ᠣᠷᠣᠭᠤᠯᠤᠨ ᠰᠢᠢᠳᠪᠦᠷᠢᠯᠡᠨ᠎ᠡ᠃       ᠭᠤᠷᠪᠠᠨ ᠵᠠᠰᠠᠯᠳᠠ ᠶᠢᠨ ᠠᠭᠤᠰᠤᠯᠴᠠᠯ ᠢ ᠠᠬᠢᠭᠤᠯᠵᠤ ᠴᠢᠳᠠᠮᠠᠭᠠᠢ ᠪᠠᠷ ᠵᠠᠰᠠᠬᠤ ᠶᠡᠭᠡ ᠪᠠᠶᠢᠷᠢᠰᠢᠯ ᠢ ᠴᠣᠭᠴᠠᠯᠠᠨ ᠪᠠᠶᠢᠭᠤᠯᠪᠠ       ᠳᠤᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ ᠶᠠᠪᠤᠴᠠ ᠪᠣᠯ ᠳᠠᠷᠤᠢ ᠠᠷᠠᠳ ᠤᠨ ᠰᠠᠨᠠᠯ ᠢ ᠰᠣᠨᠣᠰᠬᠤ᠂ ᠠᠷᠠᠳ  ᠠᠴᠠ ᠠᠷᠭ᠎ᠠ ᠪᠣᠳᠣᠯᠭ᠎ᠠ ᠶᠢ ᠠᠰᠠᠭᠤᠬᠤ᠂ ᠠᠷᠠᠳ ᠤᠨ ᠵᠣᠪᠠᠨᠢᠯ ᠢ ᠰᠢᠢᠳᠪᠦᠷᠢᠯᠡᠬᠦ ᠶᠠᠪᠤᠴᠠ ᠮᠥᠨ᠃ ᠤᠴᠢᠷ ᠶᠠᠪᠤᠳᠠᠯ ᠭᠡᠯᠡᠯᠴᠡᠬᠦ ᠳᠦᠷᠢᠮ ᠢᠶᠠᠷ ᠳᠠᠮᠵᠢᠭᠤᠯᠤᠨ᠂ ᠤᠯᠠᠨ ᠲᠦᠮᠡᠨ ᠤ ᠬᠠᠮᠤᠭ ᠤᠨ ᠲᠦᠪᠡᠭᠲᠡᠢ ᠶᠠᠪᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠬᠠᠮᠤᠭ ᠤᠨ ᠬᠦᠴᠢᠷᠲᠡᠢ ᠶᠠᠪᠤᠳᠠᠯ ᠢ ᠠᠳᠬᠤᠵᠤ᠂ ᠤᠯᠠᠨ ᠲᠦᠮᠡᠨ ᠤ ᠬᠠᠮᠤᠭ ᠠᠴᠠ ᠬᠦᠰᠡᠵᠦ ᠪᠠᠶᠢᠭ᠎ᠠ ᠶᠠᠪᠤᠳᠠᠯ ᠢ ᠬᠢᠵᠦ᠂ ᠥᠪᠡᠷᠲᠡᠭᠡᠨ ᠵᠠᠰᠠᠬᠤ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠬᠠᠤᠯᠢᠵᠢᠯ ᠢᠶᠠᠷ ᠪᠠᠲᠤᠯᠠᠭ᠎ᠠ ᠶᠢ ᠴᠢᠩᠭᠠᠳᠬᠠᠬᠤ᠂ ᠶᠣᠰᠣ ᠰᠤᠷᠲᠠᠬᠤᠨ ᠢᠶᠠᠷ ᠵᠠᠰᠠᠵᠤ ᠲᠥᠪ ᠰᠤᠷᠲᠠᠯ ᠢ ᠮᠠᠨᠳᠤᠭᠤᠯᠬᠤ ᠭᠤᠷᠪᠠᠨ ᠶᠡᠭᠡ ᠴᠢᠳᠠᠮᠵᠢᠲᠤ ᠦᠢᠯᠡᠴᠢᠯᠡᠭᠡᠨ ᠤ ︽ᠲᠦᠷᠭᠡᠨ ᠵᠠᠮ︾  ᠢ ᠰᠠᠭᠠᠳ ᠦᠭᠡᠢ ᠨᠠᠪᠲᠠᠷᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠵᠤ ᠪᠠᠶᠢᠨ᠎ᠠ᠃      ᠠᠷᠠᠳᠴᠢᠯᠠᠯ ᠢᠶᠠᠷ  ᠤᠴᠢᠷ ᠶᠠᠪᠤᠳᠠᠯ ᠵᠥᠪᠯᠡᠬᠦ ᠴᠢᠳᠠᠮᠵᠢ ᠶᠢ ᠳᠤᠪᠤᠶᠢᠯᠭᠠᠵᠦ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠠᠮᠢᠵᠢᠷᠠᠯ ᠤᠨ ᠬᠦᠴᠤᠨ ᠢ ᠴᠢᠩᠭᠠᠳᠬᠠᠪᠠ      ᠳᠤᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ ᠬᠤᠷᠠᠯ ᠳᠡᠭᠡᠷ᠎ᠡ᠂ ᠣᠯᠠᠨ ᠲᠦᠮᠡᠨ ᠵᠥᠷᠢᠴᠡᠯ ᠵᠢᠭᠤᠷᠠᠯᠳᠤᠭᠠᠨ ᠤ ᠶᠠᠪᠤᠳᠠᠯ ᠢ ᠬᠡᠯᠡᠵᠦ ᠪᠣᠯᠬᠤ ᠪᠠᠷ ᠪᠠᠷᠠᠬᠤ ᠦᠭᠡᠢ ᠪᠠᠰᠠ ᠠᠰᠢᠭ ᠲᠤᠰᠠ ᠶᠢᠨ ᠳᠤᠬᠠᠢ ᠭᠤᠮᠣᠳᠠᠯ ᠱᠠᠭᠠᠷᠳᠠᠯᠭ᠎ᠠ ᠪᠠᠨ ᠶᠠᠷᠢᠵᠤ᠂ ᠬᠠᠮᠲᠤ ᠪᠠᠷ ᠦᠨᠡᠯᠡᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠤ ᠪᠣᠯᠣᠨ᠎ᠠ᠃ ᠤᠴᠢᠷ ᠶᠠᠪᠤᠳᠠᠯ ᠢ ᠭᠡᠯᠡᠯᠴᠡᠬᠦ ᠪᠠᠷ ᠳᠠᠮᠵᠢᠨ᠂ ᠲᠣᠰᠬᠤᠨ ᠤ ᠶᠠᠪᠤᠳᠠᠯ ᠤᠨ ᠬᠠᠮᠢᠶᠠᠷᠤᠯᠲᠠ ᠶᠢ ᠨᠡᠩ ᠢᠯᠡ ᠲᠣᠳᠣ ᠪᠣᠯᠭᠠᠵᠤ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠡᠩ ᠨᠢᠭᠲᠠ ᠪᠣᠯᠭᠠᠵᠤ᠂ ᠺᠠᠳ᠋ᠷᠴᠤᠳ ᠤᠨ ᠨᠡᠩ ᠢᠯᠡᠭᠦᠦ ᠤᠶᠤᠨ ᠴᠢᠳᠠᠯ ᠢᠶᠠᠨ ᠵᠠᠷᠤᠴᠠᠭᠤᠯᠵᠤ ᠪᠠᠶᠢᠭᠠᠳ ᠤᠯᠠᠨ ᠲᠦᠮᠡᠨ ᠳᠤ ᠦᠢᠯᠡᠴᠢᠯᠡᠨ᠂ ᠬᠥᠭᠵᠢᠯᠲᠡ ᠶᠢ ᠠᠬᠢᠭᠤᠯᠵᠤ᠂ ︽ᠤᠴᠢᠷ ᠶᠠᠪᠤᠳᠠᠯ ᠪᠠᠶᠢᠪᠠᠯ ᠵᠥᠪᠳᠡᠯᠴᠡᠬᠦ᠂ ᠤᠯᠠᠨ ᠲᠦᠮᠡᠨ ᠡᠷᠬᠡ ᠮᠡᠳᠡᠵᠤ ᠳᠡᠶᠢᠯᠬᠦ᠂ ᠺᠠᠳ᠋ᠷ ᠴᠢᠳᠠᠮᠠᠭᠠᠢ ᠪᠠᠷ ᠠᠵᠢᠯ ᠬᠢᠬᠦ︾ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠠᠷᠭ᠎ᠠ ᠵᠠᠮ ᠢ ᠪᠦᠷᠢᠯᠳᠦᠭᠦᠯᠵᠤ  ᠪᠠᠶᠢᠨ᠎ᠠ᠃      ᠵᠥᠷᠢᠴᠡᠯ ᠢ ᠨᠠᠮᠳᠠᠭᠤᠯᠬᠤ ᠴᠢᠳᠠᠮᠵᠢ ᠶᠢ ᠳᠤᠪᠤᠶᠢᠯᠭᠠᠵᠦ ᠬᠠᠤᠯᠢᠵᠢᠯ ᠤᠨ ᠪᠠᠲᠤᠯᠠᠭ᠎ᠠ ᠶᠢᠨ ᠦᠢᠯᠡᠳᠦᠯ ᠢ ᠴᠢᠩᠭᠠᠳᠬᠠᠪᠠ      ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠱᠠᠲᠤ ᠱᠠᠲᠤ ᠪᠠᠷ ᠰᠢᠢᠳᠪᠦᠷᠢᠯᠡᠬᠦ ᠶᠢ ᠠᠬᠢᠭᠤᠯᠬᠤ ᠶᠢᠨ  ᠳᠤᠰᠠᠳᠠ᠂ ᠬᠤᠰᠢᠭᠤ᠂ ᠰᠢᠶᠠᠩ᠂ ᠲᠣᠰᠬᠤᠨ ᠭᠤᠷᠪᠠᠨ ᠱᠠᠲᠤᠨ ᠤ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠣᠭᠲᠠᠴᠠ ᠶᠢ ᠪᠠᠶᠢᠭᠤᠯᠪᠠ᠃ ᠲᠣᠰᠬᠤᠨ ᠤ ᠱᠠᠲᠤᠨ ᠳᠤ ᠲᠣᠰᠬᠤᠨ ᠤ ᠠᠷᠠᠳ ᠤᠨ ᠤᠴᠢᠷ  ᠶᠠᠪᠤᠳᠠᠯ ᠭᠡᠯᠡᠯᠴᠡᠬᠦ ᠲᠠᠰᠤᠭ ᠢ ᠪᠠᠶᠢᠭᠤᠯᠵᠤ᠂ ᠰᠢᠶᠠᠩ ᠤᠨ ᠱᠠᠲᠤᠨ ᠳᠤ ᠵᠥᠷᠢᠴᠡᠯ ᠢ ᠶᠡᠷᠦᠩᠬᠡᠶᠢᠯᠡᠨ ᠡᠶᠡᠳᠡᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠤ᠂ ᠬᠤᠰᠢᠭᠤᠨ ᠤ ᠱᠠᠲᠤᠨ ᠳᠤ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠢ ᠪᠠᠶᠢᠭᠤᠯᠵᠠᠢ᠃ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ︽ᠭᠤᠷᠪᠠ  ᠤᠳᠠᠭ᠎ᠠ ᠰᠠᠯᠭᠠᠨ ᠲᠣᠬᠢᠷᠠᠭᠤᠯᠬᠤ︾ ᠵᠠᠭᠪᠤᠷ ᠢᠶᠠᠷ ᠱᠠᠲᠤ ᠳᠠᠷᠠᠭᠠᠯᠠᠨ ᠨᠠᠮᠳᠠᠭᠤᠯᠵᠤ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠨᠠᠮᠳᠠᠭᠤᠯᠬᠤ ᠶᠢ ᠬᠦᠴᠦ ᠪᠠᠨ ᠬᠠᠮᠲᠤᠳᠬᠠᠨ ᠠᠬᠢᠭᠤᠯᠵᠤ ᠪᠤᠢ᠃ ᠡᠯ᠎ᠡ ᠱᠠᠲᠤᠨ ᠤ ᠵᠥᠷᠢᠴᠡᠯ ᠢ ᠡᠶᠡᠳᠡᠭᠦᠯᠦᠨ ᠰᠢᠢᠳᠪᠦᠷᠢᠯᠡᠬᠦ ᠲᠥᠪ ᠨᠢ ᠭᠤᠭᠴᠤᠭ᠎ᠠ ᠨᠢᠭᠡᠪᠦᠷᠢ ᠶᠢᠨ ᠡᠶᠡᠳᠡᠭᠦᠯᠭᠡ ᠶᠢᠨ ᠦᠷ᠎ᠡ ᠳ᠋ᠦᠩ ᠳᠤ ᠴᠥᠮ ᠬᠠᠤᠯᠢ ᠴᠠᠭᠠᠵᠠ ᠶᠢᠨ ᠠᠯᠪᠠᠳᠠᠯᠭ᠎ᠠ ᠶᠢᠨ ᠬᠦᠴᠦᠨ ᠣᠯᠭᠤᠵᠤ᠂ ᠬᠠᠤᠯᠢ ᠴᠠᠭᠠᠵᠠ ᠶᠢᠨ ᠡᠶᠡᠳᠡᠭᠦᠯᠭᠡ ᠶᠢᠨ ᠬᠡᠯᠡᠯᠴᠡᠭᠡᠷ ᠢ ᠭᠦᠢᠴᠡᠳᠬᠡᠬᠦ ᠦᠭᠡᠢ ᠠᠵᠢᠯᠯᠠᠭ᠎ᠠ ᠶᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠬᠠᠤᠯᠢ ᠶᠣᠰᠣᠭᠠᠷ ᠰᠢᠢᠳᠪᠦᠷᠢᠯᠡᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠵᠠᠬᠢᠳᠠᠯ ᠰᠣᠷᠪᠤᠯᠵᠢᠯᠠᠯ ᠬᠢᠬᠦ ᠳᠤ ᠬᠠᠤᠯᠢ ᠶᠢ ᠦᠯᠦ ᠢᠲᠡᠭᠡᠬᠦ︾ ᠦᠵᠡᠯ ᠰᠠᠨᠠᠭᠠᠨ ᠤ  ᠠᠳᠡᠬᠦᠷᠡᠯ ᠠᠴᠠ ᠵᠠᠶᠢᠯᠠᠭᠤᠯᠵᠤ ᠪᠠᠶᠢᠨ᠎ᠠ᠃     ᠬᠥᠳᠡᠭᠡ ᠲᠣᠰᠬᠤᠨ ᠤ ᠪᠤᠯᠪᠠᠰᠤᠨ ᠰᠤᠷᠲᠠᠯ ᠤᠨ ᠪᠠᠶᠢᠭᠤᠯᠤᠯᠲᠠ ᠶᠢᠨ ᠴᠢᠳᠠᠮᠵᠢ ᠶᠢ ᠳᠣᠪᠤᠶᠢᠯᠭᠠᠵᠤ ᠬᠥᠳᠡᠭᠡ ᠲᠣᠰᠬᠤᠨ ᠤ ᠶᠣᠰᠣ  ᠰᠤᠷᠳᠠᠬᠤᠨ ᠢᠶᠠᠷ ᠵᠠᠰᠠᠬᠤ ᠳᠦᠪᠰᠢᠨ ᠢ ᠳᠡᠭᠡᠭᠰᠢᠯᠡᠬᠦᠯᠪᠡ     ᠲᠣᠰᠬᠤᠨ ᠤ ᠠᠷᠠᠳ ᠤᠨ ᠤᠴᠢᠷ  ᠶᠠᠪᠤᠳᠠᠯ ᠭᠡᠯᠡᠯᠴᠡᠬᠦ ᠪᠠᠷ ᠲᠠᠮᠵᠢᠨ᠂ ᠲᠣᠰᠬᠤᠨ ᠤ ᠠᠷᠠᠳ ᠤᠨ ᠵᠥᠷᠢᠴᠡᠯ ᠵᠢᠭᠤᠷᠠᠯᠳᠤᠭᠠᠨ ᠪᠠᠭᠠᠰᠴᠤ᠂ ᠺᠠᠳ᠋ᠷᠴᠤᠳ ᠤᠨ ᠠᠵᠢᠯ ᠤᠨ ᠦᠷ᠎ᠡ ᠪᠦᠲᠦᠮᠵᠢ ᠥᠨᠳᠥᠷ ᠪᠣᠯᠵᠤ᠂ ᠲᠣᠰᠬᠤᠨ ᠤ ᠶᠠᠪᠤᠳᠠᠯ ᠤᠨ ᠬᠠᠮᠢᠶᠠᠷᠤᠯᠲᠠ ᠨᠡᠩ ᠵᠢᠷᠤᠮᠵᠢᠵᠤ᠂ ᠲᠣᠰᠬᠤᠨ ᠤ ᠱᠠᠲᠤᠨ ᠤ ᠵᠠᠰᠠᠯᠲᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠵᠡᠢ᠃ ᠲᠣᠰᠬᠤᠨ ᠤ ᠠᠷᠠᠳ ᠦᠨᠡᠯᠡᠨ ᠶᠠᠷᠢᠯᠴᠠᠬᠤ ᠡᠷᠬᠡ ᠪᠠᠨ ᠭᠦᠢᠴᠡᠳ ᠬᠡᠷᠡᠭᠵᠢᠭᠦᠯᠵᠦ᠂ ᠬᠥᠳᠡᠭᠡ ᠲᠣᠰᠬᠤᠨ ᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠨᠡᠷ᠎ᠡ ᠨᠢᠳᠡᠷ ᠲᠡᠭᠡᠨ ᠨᠡᠶᠢᠴᠡᠬᠦ ᠪᠣᠯᠭᠠᠵᠤ᠂ ᠠᠴᠢᠯᠠᠯ ᠤᠨ ᠶᠣᠰᠣ ᠶᠢ ᠪᠠᠳᠠᠷᠠᠭᠤᠯᠬᠤ᠂ ᠨᠠᠰᠤᠲᠠᠨ  ᠢ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠶ᠎ᠡ ᠵᠣᠬᠢᠴᠠᠩᠭᠤᠢ ᠡᠶ᠎ᠡ ᠨᠠᠶᠢᠷᠲᠠᠢ ᠪᠠᠶᠢᠬᠤ ᠵᠡᠷᠭᠡ ᠰᠢᠯᠢᠳᠡᠭ ᠤᠯᠠᠮᠵᠢᠯᠠᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ  ᠢ ᠪᠣᠯᠪᠠᠰᠤᠨ ᠪᠣᠯᠭᠠᠵᠤ ᠪᠠᠶᠢᠨ᠎ᠠ᠃      ᠵᠡᠭᠦᠨᠭᠠᠷ ᠬᠤᠰᠢᠭᠤᠨ ᠤ ︽ᠲᠣᠰᠬᠤᠨ ᠤ ᠠᠷᠠᠳ ᠤᠨ ᠤᠴᠢᠷ ᠶᠠᠪᠤᠳᠠᠯ ᠬᠡᠯᠡᠯᠴᠡᠬᠦ︾ ᠳᠦᠷᠢᠮ ᠨᠢ ᠬᠠᠤᠯᠢ ᠪᠠᠷ ᠵᠠᠰᠠᠬᠤ ᠪᠠᠷ ᠬᠥᠲᠥᠯᠥᠨ ᠳᠠᠭᠠᠭᠤᠯᠬᠤ᠂  ᠶᠤᠰᠤ ᠰᠤᠷᠳᠠᠬᠤᠨ ᠢᠶᠠᠷ ᠵᠠᠰᠠᠬᠤ ᠪᠠᠷ ᠬᠠᠪᠰᠤᠷᠤᠮᠵᠢ ᠪᠣᠯᠭᠠᠬᠤ᠂ ᠥᠪᠡᠷᠲᠡᠭᠡᠨ ᠵᠠᠰᠠᠬᠤ ᠶᠢ ᠦᠢᠯᠡᠳᠦᠯᠭᠡᠵᠢᠭᠦᠯᠬᠦ  ︽  ᠭᠤᠷᠪᠠᠨ ᠵᠠᠰᠠᠯᠳᠠ ᠶᠢ ᠠᠭᠤᠰᠤᠯᠴᠠᠭᠤᠯᠬᠤ ︾ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠦᠪᠡᠭᠴᠢᠯᠡᠯᠲᠡ ᠶᠢᠨ ᠦᠢᠯᠡᠳᠦᠯᠭᠡ ᠪᠣᠯᠭᠠᠵᠤ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠮᠢᠶᠠᠷᠬᠤ ᠰᠢᠨ᠎ᠡ ᠠᠷᠭ᠎ᠠ ᠮᠠᠶ᠋ᠢᠭ ᠢ ᠡᠭᠦᠳᠦᠭᠰᠡᠨ ᠬᠥᠳᠡᠭᠡ ᠲᠣᠰᠬᠤᠨ ᠤ ᠵᠠᠰᠠᠯᠲᠠ ᠶᠢᠨ ᠨᠡᠶᠢᠲᠡᠯᠢᠭ ᠵᠢᠱᠢᠶ᠎ᠡ ᠪᠣᠯᠤᠭᠰᠠᠨ ᠪᠠᠶᠢᠨ᠎ᠠ᠃ 
ᠢᠷᠡᠯᠲᠡ᠄ ︽ᠥᠨᠥᠳᠥᠷ ᠤᠨ ᠵᠡᠭᠦᠨᠭᠠᠷ︾ ᠳᠠᠪᠴᠠᠩ