ᠵᠡᠭᠦᠨᠭᠠᠷ ᠬᠤᠰᠢᠭᠤ ᠣᠷᠳᠣᠰ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ︽ᠲᠡᠷᠢᠭᠦᠨ ᠤ ᠬᠤᠰᠢᠭᠤ ᠲᠣᠭᠤᠷᠢᠭ︾ ᠤᠨ ᠢᠷᠠᠭᠤ ᠠᠯᠳᠠᠷ  ᠤᠨ ᠴᠤᠯᠠ ᠭᠥᠷᠳᠡᠪᠠ
ᠨᠡᠶᠢᠲᠡᠯᠡᠭᠰᠡᠨ ᠴᠠᠭ᠄
2022/4/29
     4 ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠷᠳᠣᠰ ᠬᠤᠲᠠ ᠶᠢᠨ ᠣᠶᠤᠨ ᠰᠠᠨᠠᠭᠠᠨ ᠤ ᠪᠣᠯᠪᠠᠰᠤᠨ ᠤ  ᠪᠠᠶᠢᠭᠤᠯᠤᠯᠳᠠ ᠶᠢᠨ ᠬᠤᠷᠢᠶ᠎ᠠ ᠶᠢᠨ  ᠪᠦᠬᠦᠳᠡ ︵ᠥᠷᠭᠡᠳᠬᠡᠭᠰᠡᠨ︶ ᠬᠤᠷᠠᠯ ᠵᠢᠴᠢ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳ᠋ᠦᠩᠨᠡᠯᠳᠡ ᠬᠢᠵᠤ ᠬᠥᠬᠢᠭᠦᠯᠦᠨ ᠰᠠᠶᠢᠰᠢᠶᠠᠬᠤ ᠪᠠ ᠪᠥᠬᠦ ᠤᠯᠤᠰ ᠤᠨ ᠪᠣᠯᠪᠠᠰᠤᠨ ᠤ ᠨᠡᠶᠢᠲᠡᠯᠢᠭ ᠳᠠᠭᠤᠷᠢᠶᠠᠯ ᠦᠵᠡᠬᠦᠯᠬᠦ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠳᠠ ᠶᠢᠨ ᠶᠡᠭᠡ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠵᠡᠭᠦᠨᠭᠠᠷ ᠬᠤᠰᠢᠭᠤ ᠨᠢ ᠣᠷᠳᠣᠰ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ︽ᠲᠡᠷᠢᠭᠦᠨ ᠤ ᠬᠤᠰᠢᠭᠤ ᠲᠣᠭᠤᠷᠢᠭ︾ ᠤᠨ ᠢᠷᠠᠭᠤ ᠠᠯᠳᠠᠷ ᠤᠨ ᠴᠣᠯᠠ ᠭᠥᠷᠳᠡᠪᠡ︔ ᠵᠡᠬᠦᠠᠭᠠᠷ ᠬᠤᠰᠢᠭᠤᠨ ᠤ ᠤᠶᠤᠨ  ᠰᠠᠨᠠᠭᠠᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠥᠪ ᠨᠢ ᠣᠷᠳᠣᠰ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ︽ᠲᠡᠷᠢᠭᠦᠨ ᠤ ᠬᠠᠮᠲᠤ︾ ᠶᠢᠨ ᠢᠷᠠᠭᠤ ᠠᠯᠳᠠᠷ ᠤᠨ ᠴᠤᠯᠠ ᠭᠥᠷᠳᠡᠪᠡ︔ ᠸᠠᠩ ᠵᠥᠩ ᠯᠢᠶᠠᠩ᠂ ᠬᠤᠸ ᠵᠢᠶᠠᠨ ᠵᠢᠶᠦ᠋ᠨ᠂ ᠸᠠᠩ ᠰᠢ ᠴᠢᠩ᠂ ᠯᠢᠦ ᠬᠠᠢ ᠶᠠᠨ᠂ ᠶᠤᠸᠠᠢ ᠳ᠋ᠦᠩ ᠵᠡᠷᠭᠡ 5 ᠨᠥᠬᠦᠷ ᠣᠷᠳᠣᠰ ᠬᠤᠲᠠ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ    ︽ᠲᠡᠷᠢᠭᠦᠨ ᠤ ᠬᠤᠪᠢ ᠬᠥᠮᠥᠨ︾ ᠤ ᠢᠷᠠᠭᠤ ᠠᠯᠳᠠᠷ  ᠤᠨ ᠴᠤᠯᠠ ᠭᠥᠷᠳᠡᠪᠡ᠃
文明城市1.jpg      ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠡᠬᠢᠯᠡᠭᠰᠡᠨ ᠠᠴᠠ  ᠨᠠᠭᠠᠰᠢ᠂  ᠵᠡᠬᠦᠠᠭᠠᠷ ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ
ᠣᠷᠳᠣᠨ ᠤ ᠤᠷᠢᠶᠠᠯᠠᠭ᠎ᠠ ᠶᠢ ᠢᠳᠡᠪᠬᠢᠲᠡᠢ  ᠴᠤᠤᠷᠢᠶᠠᠳᠤᠨ᠂   ︽ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ︾ ᠠᠵᠢᠯ ᠤᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠵᠤ ᠠᠬᠤᠢ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠡᠭᠦᠳᠦᠨ ᠪᠠᠶᠢᠭᠤᠯᠬᠤ ᠪᠠᠷᠢᠮᠵᠢᠶ᠎ᠠ ᠪᠠᠷ ᠪᠠᠷᠢᠮᠵᠢᠶᠠᠯᠠᠨ᠂ ᠤᠨᠢᠨ ᠳᠡᠭᠡᠷ᠎ᠡ ᠨᠢ ᠬᠦᠴᠦᠯᠡᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠤᠨ᠂ ᠨᠠᠷᠢᠨ ᠵᠦᠢᠯᠡᠰ ᠠᠴᠠ ᠡᠬᠢᠯᠡᠨ ᠠᠳᠬᠤᠵᠤ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠨᠢᠭᠡ ᠨᠢᠭᠡ ᠪᠠᠷ ᠨᠠᠶᠢᠳᠠᠪᠤᠷᠢᠵᠢᠭᠤᠯᠤᠨ᠂ ᠨᠢᠭᠡ ᠨᠢᠭᠡ ᠪᠠᠷ ᠠᠬᠢᠭᠤᠯᠵᠤ᠂ ᠨᠠᠷᠢᠨ ᠵᠦᠢᠯᠡᠰ ᠢ ᠰᠢᠪᠲᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠ ᠪᠠᠭᠤᠷᠠᠢ ᠵᠦᠢᠯᠡᠰ ᠲᠤ ᠬᠠᠳᠬᠤᠮᠠᠯ ᠬᠠᠳᠬᠤᠬᠤ ᠵᠤᠷᠢᠭ ᠰᠠᠨᠠᠭ᠎ᠠ ᠪᠠᠷ ᠬᠦᠴᠦ ᠣᠷᠣᠭᠤᠯᠵᠤ᠂ ︽ᠥᠨᠳᠥᠷ ᠪᠠᠷᠢᠮᠵᠢᠶ᠎ᠠ︾ ᠲᠠᠢ ᠪᠠᠷ ᠡᠭᠦᠳᠦᠨ‌‍ᠪᠠᠶᠢᠭᠤᠯᠬᠤ ᠶᠢ ᠡᠳᠦᠷ ᠳᠤᠳᠤᠮ ᠤᠨ ᠠᠵᠢᠯ  ᠪᠠ ᠨᠠᠷᠢᠨ ᠵᠦᠢᠯᠡᠰ ᠤᠨ ᠰᠢᠪᠲᠤᠯᠤᠯᠲᠠ ᠬᠢᠬᠦ ︽ᠰᠢᠨ᠎ᠡ ᠬᠡᠪ ᠪᠠᠶᠢᠳᠠᠯ︾ ᠪᠣᠯᠭᠠᠨ ᠬᠤᠪᠢᠷᠠᠭᠤᠯᠵᠤ᠂ ᠴᠢᠨᠠᠷ ᠲᠡᠰ᠂ ᠴᠢᠨᠠᠷ ᠴᠢᠨᠰᠠᠭ᠎ᠠ᠂  ᠶᠤᠰᠤ ᠮᠣᠷᠠᠯ᠂ ᠲᠦᠷᠦᠯ ᠲᠡᠮᠳᠡᠭᠲᠦ ᠬᠤᠳᠠ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠪᠠᠶᠢᠨ᠎ᠠ᠃      ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠡᠬᠢᠯᠡᠯᠲᠡ ᠶᠢᠨ ᠴᠡᠭ ᠭᠡᠵᠤ ᠪᠠᠶᠢᠬᠤ ᠠᠴᠠ ᠪᠢᠰᠢ᠂ ᠲᠡᠭᠦᠰᠬᠡᠯ ᠤᠨ ᠴᠡᠭ ᠭᠡᠵᠦ ᠪᠠᠶᠢᠬᠤ ᠦᠭᠡᠢ᠂ ᠨᠡᠩ ᠰᠠᠶᠢᠨ ᠭᠡᠵᠤ ᠪᠠᠶᠢᠬᠤ ᠠᠴᠠ ᠪᠢᠰᠢ᠂ ᠬᠠᠮᠤᠭ ᠤᠨ ᠰᠠᠶᠢᠨ ᠭᠡᠵᠦ ᠪᠠᠶᠢᠬᠤ ᠦᠭᠡᠢ᠃ ᠬᠤᠶᠢᠰᠢᠳᠠ᠂ ᠵᠡᠭᠦᠨᠭᠠᠷ ᠬᠤᠰᠢᠭᠤ ᠮᠡᠷᠡᠶᠢᠨ ᠲᠡᠮᠡᠴᠡᠬᠦ ᠤᠪᠤᠷ ᠪᠠᠶᠢᠳᠠᠯ ᠢᠶᠠᠷ᠂ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠠᠶᠠᠨ ᠳᠤ ᠳᠠᠬᠢᠨ ᠮᠤᠷᠳᠠᠵᠤ᠂ ᠡᠭᠦᠳᠦᠨ ᠪᠠᠶᠢᠭᠤᠯᠬᠤ ᠶᠢ ᠵᠣᠭᠰᠣᠰᠢ ᠦᠭᠡᠢ ᠭᠦᠨᠵᠡᠭᠡᠶᠢᠷᠡᠭᠦᠯᠤᠨ᠂ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠪᠥᠬᠦ ᠠᠷᠠᠳ ᠢᠶᠠᠷ ᠢᠶᠠᠨ ᠡᠭᠦᠳᠦᠨ ᠪᠠᠶᠢᠭᠤᠯᠬᠤ᠂ ᠪᠥᠬᠦ  ᠤᠷᠤᠨ ᠪᠦᠰᠡ ᠪᠠᠷ ᠢᠶᠠᠨ ᠡᠭᠦᠳᠦᠨ ᠪᠠᠶᠢᠭᠤᠯᠬᠤ᠂ ᠪᠥᠬᠦ ᠲᠠᠯ᠎ᠠ ᠪᠠᠷ ᠡᠭᠦᠳᠦᠨ ᠪᠠᠶᠢᠭᠤᠯᠬᠤ᠂  ᠪᠠᠶᠢᠩᠭᠤᠵᠢᠭᠤᠯᠤᠨ ᠡᠭᠦᠳᠦᠨ ᠪᠠᠶᠢᠭᠤᠯᠬᠤ ᠶᠢ ᠪᠠᠷᠢᠮᠲᠠᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠲᠠᠴᠠ ᠪᠠᠨ ᠪᠦᠷᠢᠨᠰᠢᠭᠦᠯᠦᠨ᠂ ᠪᠣᠳᠠᠲᠤ ᠦᠷ᠎ᠡ ᠪᠦᠲᠦᠮᠵᠢ  ᠶᠢ ᠳᠡᠭᠡᠭᠰᠢᠯᠡᠭᠦᠯᠵᠦ᠂ ᠵᠣᠷᠢᠭᠲᠠᠢ ᠪᠠᠷ ᠪᠣᠭᠤᠮᠲᠠ ᠰᠢᠪᠲᠤᠯᠤᠨ᠂ ᠲᠡᠷᠢᠭᠦᠨ ᠤ ᠬᠢ  ᠪᠤᠯᠬᠤ ᠪᠠᠷ ᠵᠣᠷᠢᠭᠲᠠᠢ ᠪᠠᠷ ᠲᠡᠮᠡᠴᠡᠨ᠂ ᠤᠷᠳᠤᠰ ᠤᠨ  ᠳᠡᠭᠡᠳᠤ ᠢᠲᠡᠭᠡᠯ ᠪᠢᠰᠢᠷᠡᠯ᠂ ᠴᠢᠨᠠᠷ ᠰᠠᠶᠢᠲᠠᠢ ᠠᠵᠤ ᠠᠬᠤᠢ ᠂ ᠰᠢᠯᠢᠳᠡᠭ ᠣᠷᠴᠢᠨ ᠠᠬᠤᠢ ᠂ ᠦᠨᠳᠤᠷ ᠴᠢᠳᠠᠮᠵᠢᠳᠤ ᠵᠠᠰᠠᠯᠲᠠ᠂ ᠦᠨᠳᠤᠷ ᠬᠢᠷᠢ ᠳᠦᠪᠰᠢᠨ ᠪᠦᠬᠦᠢ ᠠᠷᠠᠳ ᠤᠨ ᠠᠮᠢᠳᠤᠷᠠᠯ ᠪᠦᠬᠦᠢ ᠪᠥᠬᠦ ᠤᠯᠤᠰ ᠤᠨ ᠪᠣᠯᠪᠠᠰᠤᠨ ᠤ ᠥᠯᠢᠭᠡᠷ ᠳᠠᠭᠤᠷᠢᠶᠠᠯ ᠬᠤᠲᠠ ᠶᠢ ᠴᠣᠭᠴᠠᠯᠠᠨ ᠪᠠᠶᠢᠭᠤᠯᠬᠤ ᠳᠤ ᠵᠡᠭᠦᠨᠭᠠᠷ ᠤᠨ ᠬᠦᠴᠦᠨ ᠴᠢᠳᠠᠯ ᠢᠶᠠᠨ ᠨᠡᠮᠡᠷᠢᠯᠡᠬᠦ ᠪᠠᠷ ᠴᠢᠷᠮᠠᠶᠢᠵᠤ ᠪᠠᠶᠢᠨ᠎ᠠ᠃ 
ᠢᠷᠡᠯᠲᠡ᠄ ︽ᠵᠡᠭᠦᠨᠭᠠᠷ ᠬᠤᠰᠢᠭᠤᠨ ᠤ ᠨᠡᠶᠢᠲᠡᠯᠡᠯ︾ ᠳᠠᠪᠴᠠᠩ