ᠨᠠᠷᠠᠰᠤᠨ ᠪᠠᠯᠭᠠᠰᠤ ᠨᠢ ᠵᠡᠭᠦᠨᠭᠠᠷ ᠬᠤᠰᠢᠭᠤᠨ ᠤ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠰᠢᠯᠢᠷᠭᠡᠭ ᠳᠤᠪᠤᠴᠠᠭ ᠣᠷᠣᠨ ᠳᠤ ᠬᠠᠷᠢᠶᠠᠯᠠᠭᠳᠠᠨ᠂ ᠪᠥᠬᠦ | ᠪᠠᠯᠭᠠᠰᠤᠨ ᠤ ᠶᠡᠷᠦᠩᠬᠡᠢ ᠲᠠᠯᠠᠪᠠᠶ ᠨᠢ 838 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 19 ᠵᠠᠰᠠᠭ ᠵᠠᠬᠢᠷᠭᠠᠨ ᠤ ᠲᠣᠰᠬᠤᠨ ᠤ 201 ᠠᠶᠢᠯ ᠲᠣᠰᠬᠤᠨ᠂ 2 | ᠨᠡᠶᠢᠭᠡᠮ ᠲᠣᠭᠤᠷᠢᠭ ᠲᠠᠢ ᠪᠠᠶᠢᠵᠤ᠂ ᠣᠲᠣ ᠪᠠᠶᠢᠭ᠎ᠠ ᠡᠷᠦᠬᠡ ᠠᠮᠠ ᠶᠢᠨ ᠲᠠᠩᠰᠠ ᠲᠠᠢ ᠬᠥᠮᠥᠨ ᠠᠮᠠ ᠨᠢ 2.7 ᠲᠦᠮᠡ ᠪᠠᠶᠢᠵᠤ᠂ ᠡᠭᠦᠨ ᠳᠤ ᠪᠠᠶᠢᠩᠭᠤ ᠰᠠᠭᠤᠭ᠎ᠠ | ᠬᠥᠮᠥᠨ ᠠᠮᠠ 0.71 ᠲᠦᠮᠡ᠂ ᠨᠡᠭᠦᠳᠡᠯ ᠬᠥᠮᠥᠨ ᠠᠮᠠ 2.7 ᠲᠦᠮᠡ ᠪᠤᠢ᠃ ᠪᠠᠯᠭᠠᠰᠤᠨ ᠤ ᠬᠢᠵᠠᠭᠠᠷ ᠳᠤᠳᠤᠷᠠᠨᠡᠭᠦᠷᠡᠰᠦᠨ ᠤ ᠡᠬᠢ ᠪᠠᠶᠠᠯᠢᠭ ᠡᠯᠪᠡᠭ | ᠳᠡᠯᠪᠡᠭ ᠪᠠᠶᠢᠵᠤ᠂ ᠠᠭᠤᠷᠬᠠᠢ ᠶᠢᠨ ᠣᠷᠣᠨ ᠤ ᠲᠠᠯᠠᠪᠠᠶ ᠨᠢ 477.09 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 17 ᠵᠠᠰᠠᠭ ᠵᠠᠬᠢᠷᠭᠠᠨ ᠤ ᠲᠣᠰᠬᠤᠨ ᠤ | 134 ᠠᠶᠢᠯ ᠲᠣᠰᠬᠤᠨ ᠪᠦᠬᠦᠨ ᠢᠶᠠᠷ ᠢᠶᠠᠨ ᠪᠤᠶᠤ ᠬᠡᠰᠡᠭ ᠪᠦᠯᠦᠭ ᠨᠢ ᠠᠭᠤᠷᠬᠠᠢ ᠶᠢᠨ ᠬᠤᠳᠳᠤᠭ ᠤᠨ ᠤᠷᠤᠨ ᠳᠤ ᠪᠠᠶᠢᠷᠢᠯᠠᠵᠤ᠂ ᠪᠠᠯᠭᠠᠰᠤᠨ ᠤ ᠬᠢᠵᠠᠭᠠᠷ | ᠳᠣᠲᠣᠷ᠎ᠠ 91 ᠳ᠋ᠦᠩᠰᠢᠭᠤᠷ ᠲᠣᠨ ᠨᠡᠭᠦᠷᠡᠰᠦᠨ ᠤ ᠬᠠᠳᠠᠭᠠᠯᠠᠭᠳᠠᠴᠠ ᠶᠢ ᠬᠠᠶᠢᠨ ᠲᠣᠳᠣᠯᠠᠵᠤ᠂ ᠪᠥᠬᠦ ᠬᠤᠰᠢᠭᠤᠨ ᠤ ᠵᠢᠷᠭᠤᠭᠠᠨ ᠤ ᠨᠢᠭᠡ ᠬᠤᠪᠢ ᠶᠢ ᠡᠵᠡᠯᠡᠵᠤ | ᠪᠠᠶᠢᠨ᠎ᠠ᠃ | ᠪᠥᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠭᠠᠵᠠᠷ | ᠰᠢᠷᠣᠢ ᠶᠢᠨ ᠵᠠᠭᠠᠭ ᠤᠨ ᠵᠢᠭᠤᠷᠠᠯᠳᠤᠭᠠᠨ᠂ ᠬᠠᠮᠲᠤ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠵᠥᠷᠢᠴᠡᠯ ᠵᠢᠭᠤᠷᠠᠯᠳᠤᠭᠠᠨ ᠡᠳᠦᠷ ᠢᠷᠡᠬᠦᠶ᠎ᠡ | ᠪᠤᠳᠤᠯᠢᠶᠠᠨᠲᠠᠢ ᠪᠦᠭᠡᠳ ᠣᠯᠠᠨ ᠶᠠᠩᠵᠤ ᠶᠢᠨ ᠪᠣᠯᠵᠤ᠂ ᠰᠢᠢᠳᠪᠦᠷᠢᠯᠡᠬᠦ ᠬᠦᠴᠢᠷᠳᠡᠯ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠤᠯᠠᠨ ᠲᠦᠮᠡᠨ ᠤ ᠬᠦᠰᠡᠯ | ᠱᠠᠭᠠᠷᠳᠠᠯᠭ᠎ᠠ ᠴᠤ ᠠᠯᠬᠤᠮ ᠠᠯᠬᠤᠮ ᠢᠶᠠᠷ ᠤᠯᠠᠨ ᠶᠠᠩᠵᠤ ᠶᠢᠨ ᠪᠣᠯᠵᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠦᠨᠳᠦᠰᠦᠨ ᠱᠠᠲᠤᠨ ᠤ | ᠵᠠᠰᠠᠯᠲᠠ ᠶᠢᠨ ᠳᠠᠷᠤᠯᠲᠠ ᠡᠳᠦᠷ ᠢᠷᠡᠬᠦᠶ᠎ᠡ ᠨᠡᠮᠡᠭᠳᠡᠭᠰᠡᠨ ᠪᠠᠶᠢᠨ᠎ᠠ᠃ ᠡᠭᠦᠨ ᠤ ᠬᠠᠮᠳᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ᠂ ᠨᠡᠭᠦᠳᠡᠯ | ᠬᠥᠮᠥᠨ ᠠᠮᠠ ᠵᠢᠯ ᠳᠠᠷᠠᠭᠠᠯᠠᠨ ᠨᠡᠮᠡᠭᠳᠡᠵᠦ᠂ ᠨᠡᠶᠢᠭᠡᠮ ᠤᠨ ᠠᠮᠤᠷ ᠲᠦᠪᠰᠢᠨ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠰᠢᠨ᠎ᠡ ᠬᠦᠴᠢᠷᠳᠡᠯ ᠢ ᠠᠪᠴᠢᠷᠠᠪᠠ᠃ | ᠠᠭᠤᠷᠬᠠᠢ ᠶᠢᠨ ᠤᠷᠤᠨ ᠤ ᠬᠦᠮᠤᠰ ᠪᠠ ᠰᠠᠭᠤᠭᠠᠯᠢ ᠠᠷᠠᠳ ᠠᠭᠤᠰᠤᠯᠴᠠᠭᠰᠠᠨ᠂ ᠬᠥᠮᠥᠨ ᠠᠮᠠ ᠶᠢᠨ ᠨᠢᠭᠲᠠᠴᠠ ᠶᠡᠭᠡ᠂ ᠦᠢᠯᠡᠳᠪᠦᠷᠢ ᠠᠭᠤᠷᠬᠠᠢ ᠠᠵᠤ | ᠠᠬᠤᠶᠢᠯᠠᠯ ᠣᠯᠠᠨ᠂ ᠵᠥᠷᠢᠴᠡᠯ ᠵᠢᠭᠤᠷᠠᠯᠳᠤᠭᠠᠨ ᠲᠣᠪᠣᠶᠢᠮ᠎ᠠ᠂ ᠠᠮᠤᠷ ᠲᠦᠪᠰᠢᠨ ᠤ ᠰᠠᠭᠤᠷᠢ ᠪᠠᠭᠤᠷᠠᠢ ᠪᠠᠶᠢᠬᠤ ᠪᠠᠶᠢᠳᠠᠯ ᠤᠨ ᠡᠮᠦᠨ᠎ᠡ᠂ ᠨᠠᠷᠠᠰᠤᠨ ᠪᠠᠯᠭᠠᠰᠤ | ᠰᠢᠨ᠎ᠡ ᠪᠠᠶᠢᠳᠠᠯ ᠤᠨ ᠳᠣᠣᠷᠠᠬᠢ ᠨᠡᠶᠢᠭᠡᠮ ᠤᠨ ᠵᠠᠰᠠᠯᠲᠠ ᠶᠢᠨ ᠪᠡᠷᠬᠡ ᠠᠰᠠᠭᠤᠳᠠᠯ ᠢ ᠬᠡᠷᠬᠢᠨ ᠰᠢᠢᠳᠪᠦᠷᠢᠯᠡᠭᠰᠡᠨ ᠪᠢᠯᠡ︖ | | ︽ᠨᠢᠭᠡ ᠭᠤᠣᠯᠳᠠᠯᠭ᠎ᠠ︾ ᠪᠠᠷ ᠠᠭᠤᠷᠬᠠᠢ ᠶᠢᠨ ᠣᠷᠣᠨ ᠤ ᠵᠠᠰᠠᠯᠳᠠ ᠶᠢᠨ ᠰᠢᠨ᠎ᠡ ᠪᠠᠶᠢᠷᠢᠰᠢᠯ ᠢ ᠶᠡᠷᠦᠩᠬᠡᠶᠢᠯᠡᠨ ᠡᠵᠡᠮᠳᠡᠪᠠ | 2021 ᠣᠨ ᠳᠤ᠂ ᠨᠠᠷᠠᠰᠤᠨ ᠪᠠᠯᠭᠠᠰᠤ ᠲᠥᠪ᠂ ᠥᠪᠡᠷᠲᠡᠭᠡᠨ ᠵᠠᠰᠠᠬᠤ ᠣᠷᠣᠨ᠂ ᠬᠤᠳᠠ᠂ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠤᠨ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨ ᠳᠤ ᠲᠦᠭᠦᠮ | ᠦᠵᠡᠭᠦᠯᠬᠦ᠂ ᠤᠯᠠᠨ ᠲᠦᠮᠡᠨ ᠳᠤ ᠦᠢᠯᠡᠴᠢᠯᠡᠬᠦ ᠪᠠᠷ ᠭᠠᠷᠳᠠᠴᠠ ᠪᠣᠯᠭᠠᠨ᠂ ︽ᠤᠯᠠᠨ ᠲᠥᠪ ᠢ ᠨᠢᠭᠡᠳᠬᠡᠵᠤ᠂ ᠨᠢᠭᠡ ᠲᠥᠪ ᠢ ᠤᠯᠠᠨ ᠲᠠᠯ᠎ᠠ ᠪᠠᠷ ᠬᠡᠷᠡᠭᠯᠡᠬᠦ︾ᠵᠠᠷᠴᠢᠮ | ᠶᠣᠰᠣᠭᠠᠷ᠂ ᠪᠠᠷᠢᠮᠵᠢᠶᠠᠵᠢᠭᠤᠯᠤᠭᠰᠠᠨ ᠶᠡᠷᠦᠩᠬᠡᠶᠢᠯᠡᠨ ᠵᠠᠰᠠᠬᠤ ᠲᠥᠪ ᠢ ᠪᠠᠶᠢᠭᠤᠯᠪᠠ᠃ | ᠨᠢᠭᠡ ᠳᠤ ᠬᠠᠲᠠᠭᠤ ᠳᠤᠨᠤᠬᠯᠠᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ | ᠰᠢᠨ᠎ᠡ ᠪᠠᠷ ᠭᠠᠵᠠᠷ ᠰᠣᠩᠭᠤᠨ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠢ ᠰᠢᠨ᠎ᠡ ᠪᠠᠷ ᠪᠠᠶᠢᠭᠤᠯᠵᠤ᠂ ᠨᠡᠶᠢᠲᠡ 1000 ᠲᠡᠭᠰᠢ ᠳᠥᠷᠪᠡᠯᠵᠢᠨ ᠮᠧᠲᠷ | ᠲᠠᠯᠠᠪᠠᠶ ᠲᠠᠢ ᠪᠣᠯᠭᠠᠪᠠ᠃ | ᠬᠤᠶᠠᠷ ᠲᠤ ᠠᠵᠢᠯ ᠤᠨ ᠬᠦᠴᠦᠨ ᠢ ᠡᠮᠬᠢᠯᠡᠨ ᠨᠡᠶᠢᠯᠡᠭᠦᠯᠵᠦ ᠴᠢᠩᠭᠠᠷᠠᠭᠤᠯᠪᠠ᠃ | ᠤᠤᠯ ᠤᠨ ᠲᠣᠣᠷᠵᠢᠭᠤᠯᠤᠭᠰᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠪ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ᠂ ᠤᠯᠠᠨ | ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠲᠥᠪ᠂ ᠵᠠᠬᠢᠳᠠᠯ ᠰᠣᠷᠪᠤᠯᠵᠢᠯᠠᠯ ᠢ ᠭᠥᠯᠢᠶᠡᠨ ᠠᠪᠬᠤ | ᠲᠥᠪ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠪᠡ᠃ | ᠭᠤᠷᠪᠠ ᠳᠤ ᠠᠵᠢᠯ ᠤᠨ ᠭᠤᠣᠯᠳᠠᠯᠭ᠎ᠠ ᠪᠠᠨ ᠬᠦᠴᠦᠯᠡᠨ ᠲᠤᠪᠤᠶᠢᠯᠭᠠᠪᠠ᠃ | ᠶᠡᠷᠦᠩᠬᠡᠶᠢᠯᠡᠨ ᠵᠠᠰᠠᠬᠤ ᠲᠥᠪ ᠨᠢ ᠡᠯ᠎ᠡ ᠳᠦᠷᠤᠯ ᠤᠨ ᠳᠦᠷᠢᠮ ᠲᠣᠭᠲᠠᠭᠠᠯ ᠪᠠ ᠠᠵᠢᠯ ᠤᠨ ᠶᠠᠪᠤᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠠᠮᠤᠭᠤᠯᠠᠩ ᠲᠣᠰᠬᠤᠨ ᠬᠤᠷᠰᠢᠶ᠎ᠠ᠂ ᠠᠮᠤᠭᠤᠯᠠᠩ ᠭᠡᠷ ᠪᠦᠯᠢ᠂ ᠠᠮᠤᠷ ᠠᠮᠤᠭᠤᠯᠠᠩ ᠨᠢᠭᠡᠴᠢ᠂ ᠠᠮᠤᠭᠤᠯᠠᠩ ᠵᠠᠬ᠎ᠠ ᠳᠡᠯᠭᠡᠭᠦᠷ᠂ ᠠᠮᠤᠭᠤᠯᠠᠩ ᠨᠡᠭᠦᠷᠡᠰᠦᠨ | ᠠᠭᠤᠷᠬᠠᠢ ᠵᠡᠷᠭᠡ ᠦᠨᠳᠦᠰᠦᠨ ᠱᠠᠲᠤᠨ ᠤ ᠠᠮᠤᠷ ᠠᠮᠤᠭᠤᠯᠠᠩ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠯᠲᠠ ᠶᠢᠨ | ᠪᠠᠶᠢᠷᠢᠰᠢᠯ ᠢ ᠲᠡᠭᠦᠯᠳᠡᠷᠵᠢᠭᠦᠯᠬᠦ᠂ ᠪᠠᠶᠢᠭᠤᠯᠤᠯ ᠲᠣᠭᠲᠠᠴᠠ ᠶᠢ ᠪᠦᠷᠢᠨᠰᠢᠭᠦᠯᠬᠦ᠂ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠦᠴᠦ | ᠲᠠᠯᠪᠢᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠠ᠃ | ︽ᠨᠢᠭᠡ ᠳᠤᠤᠷᠵᠢᠯ︾ ᠨᠢᠠᠭᠤᠷᠬᠠᠢ ᠶᠢᠨ ᠣᠷᠣᠨ ᠤ ᠵᠠᠰᠠᠯᠲᠠ ᠶᠢᠨ ᠰᠢᠨ᠎ᠡ ᠬᠥᠳᠡᠯᠭᠡᠭᠦ ᠬᠦᠴᠦᠨ ᠢ ᠪᠤᠢ ᠪᠤᠯᠭᠠᠪᠠ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢ ᠰᠠᠶᠢᠲᠤᠷ ᠠᠳᠬᠤᠬᠤ ᠶᠢᠨ ᠵᠠᠩᠭᠢᠯᠠᠭ᠎ᠠ ᠨᠢ ᠦᠨᠳᠦᠰᠦᠨ ᠱᠠᠲᠤᠨ ᠤ ᠨᠠᠮ ᠤᠨ ᠭᠡᠰᠢᠭᠦᠨ | ᠺᠠᠳ᠋ᠷᠴᠤᠳ ᠤᠨ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠳᠤ ᠪᠠᠶᠢᠳᠠᠭ᠃ ᠳᠦᠮᠡ ᠮᠢᠩᠭᠠᠨ ᠵᠠᠩᠬᠢᠶᠠᠰᠤ ᠪᠠᠶᠢᠬᠰᠠᠨ ᠴᠦ | ᠠᠯᠳᠠᠷᠠᠬᠤ ᠭᠤᠬᠴᠤᠭ᠎ᠠ ᠠᠨᠤ ᠨᠢᠭᠡ ᠪᠢᠯᠡ᠂ ᠨᠠᠷᠠᠰᠤᠨ ᠪᠠᠯᠭᠠᠰᠤ ᠶᠢᠨ ᠬᠢᠨ ᠳᠤᠤᠷᠵᠢᠭᠤᠯᠤᠬᠰᠠᠨ ᠬᠠᠮᠢᠶᠠᠷᠤᠬᠴᠢ ᠶᠢᠨ ᠡᠨᠡᠬᠦ ︽ᠭᠤᠬᠴᠤᠭ᠎ᠠ︾ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠠᠭ᠎ᠠ ᠬᠡᠰᠡᠭ ᠢᠶᠠᠷ ᠡᠭᠦᠳᠦᠨ ᠪᠠᠶᠢᠭᠤᠯᠵᠤ ᠠᠮᠤᠷ ᠲᠦᠪᠰᠢᠨ ᠤ ᠶᠡᠭᠡ ᠪᠠᠶᠢᠷᠢᠰᠢᠯ ᠢ ᠪᠠᠶᠢᠭᠤᠯᠬᠤ ᠠᠵᠢᠯ ᠤᠨ | ᠰᠡᠳᠬᠢᠴᠡ ᠪᠠᠷ ᠵᠠᠰᠠᠯᠲᠠ ᠶᠢᠨ ᠬᠦᠴᠦᠨ ᠢ ᠳᠤᠤᠷᠵᠢᠭᠤᠯᠤᠬᠰᠠᠨ ᠭᠡᠰᠡᠭ ᠲᠤ ᠭᠦᠨᠵᠡᠭᠡᠶᠢᠷᠡᠭᠦᠯᠵᠦ᠂ ᠳᠤᠤᠷᠵᠢᠭᠤᠯᠤᠬᠰᠠᠨ ᠭᠡᠰᠡᠭ ᠲᠤ ᠬᠦᠴᠦᠯᠡᠨ᠂ ᠡᠬᠢ | ᠡᠭᠦᠰᠦᠯ ᠠᠴᠠ ᠨᠢ ᠬᠦᠴᠦᠯᠡᠵᠦ᠂ ︽ᠨᠠᠮ ᠤᠨ ᠡᠭᠦᠷ ᠢ ᠳᠤᠤᠷᠵᠢᠭᠤᠯᠤᠬᠰᠠᠨ ᠭᠡᠰᠡᠭ ᠲᠤ ᠪᠠᠶᠢᠭᠤᠯᠵᠤ᠂ ᠵᠣᠬᠢᠶᠠᠨ ᠪᠠᠶᠢᠭᠤᠯᠤᠯᠲᠠ ᠶᠢ ᠳᠤᠤᠷᠵᠢᠭᠤᠯᠤᠬᠰᠠᠨ | ᠭᠡᠰᠡᠭ ᠲᠤ ᠣᠷᠣᠭᠤᠯᠵᠤ᠂ ᠨᠠᠮ ᠤᠨ ᠭᠡᠰᠢᠭᠦᠨ ᠢ ᠳᠤᠤᠷᠵᠢᠭᠤᠯᠤᠬᠰᠠᠨ ᠭᠡᠰᠡᠭ ᠲᠤ ᠬᠦᠨᠵᠡᠭᠡᠶᠢᠷᠡᠬᠦᠯᠤᠨ᠂ ᠨᠠᠮ ᠤᠨ ᠲᠤᠭ ᠢ ᠳᠤᠤᠷᠵᠢᠭᠤᠯᠤᠬᠰᠠᠨ ᠭᠡᠰᠡᠭ ᠲᠤ | ᠮᠠᠨᠳᠤᠭᠤᠯᠬᠤ︾ ᠶᠢ ᠪᠦᠬᠦᠨ ᠢ ᠪᠦᠷᠬᠦᠭᠦᠯᠵᠡᠢ᠃ | ᠨᠢᠭᠡ ᠳᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ︽ᠨᠢᠭᠡ ᠳᠤᠤᠷᠵᠢᠯ︾ ᠢ ᠪᠠᠶᠢᠭᠤᠯᠪᠠ᠃ | ᠪᠥᠬᠦ ᠪᠠᠯᠭᠠᠰᠤ ᠪᠠᠷ ᠢᠶᠠᠨ ᠨᠡᠶᠢᠲᠡ 166 ᠳᠤᠤᠷᠵᠢᠭᠤᠯᠤᠬᠰᠠᠨ ᠭᠡᠰᠡᠭ ᠲᠠᠢ ᠪᠣᠯᠵᠤ᠂ 369 ᠳᠤᠤᠷᠵᠢᠭᠤᠯᠤᠬᠰᠠᠨ ᠬᠠᠮᠢᠶᠠᠷᠤᠬᠴᠢ ᠲᠠᠢ ᠪᠣᠯᠪᠠ᠃ | ᠬᠤᠶᠠᠷ ᠲᠤ 8 ᠴᠠᠭ ︽ ᠠᠵᠢᠯᠯᠠᠵᠤ︾᠂ ᠦᠨᠳᠦᠰᠦ ᠶᠢ ᠪᠠᠬᠢᠵᠢᠭᠦᠯᠤᠨ ᠰᠠᠭᠤᠷᠢ ᠶᠢ ᠨᠢ ᠪᠠᠲᠤᠳᠬᠠᠪᠠ᠃ | ᠳᠤᠤᠷᠵᠢᠭᠤᠯᠤᠬᠰᠠᠨ ᠬᠠᠮᠢᠶᠠᠷᠤᠬᠴᠢ ᠶᠢᠨ ᠡᠩᠨᠡᠭᠡ ᠶᠢᠨ ᠦᠨᠳᠦᠰᠦᠨ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠵᠦ᠂ ᠰᠠᠷ᠎ᠠ ᠪᠤᠯᠭᠠᠨ ︽ᠬᠡᠷᠡᠭᠴᠡᠭᠡ | ᠱᠠᠭᠠᠷᠳᠠᠯᠭ᠎ᠠ ᠶᠢᠨ ᠨᠠᠷᠢᠨ ᠲᠠᠩᠰᠠ︾ ᠶᠢ ᠡᠮᠬᠢᠯᠡᠨ ᠳᠢᠭᠯᠡᠵᠦ᠂ ᠰᠠᠷ᠎ᠠ ᠪᠤᠯᠭᠠᠨ ︽ᠠᠵᠢᠯ ᠤᠨ ᠨᠠᠷᠢᠨ ᠲᠠᠩᠰᠠ︾ ᠪᠠ ︽ᠠᠰᠠᠭᠤᠳᠠᠯ ᠤᠨ ᠨᠠᠷᠢᠨ ᠲᠠᠩᠰᠠ︾ ᠶᠢ | ᠬᠤᠷᠢᠶᠠᠩᠭᠤᠶᠢᠯᠠᠪᠠ᠃ | ᠭᠤᠷᠪᠠ ᠳᠤ 8 ᠴᠠᠭ ᠤᠨ ᠭᠠᠳᠠᠨ᠎ᠠ ︽ ᠤᠶᠢᠯᠡᠴᠢᠯᠡᠭᠡ︾ ᠦᠷᠨᠢᠬᠦᠯᠵᠤ᠂ ᠣᠯᠠᠨ ᠲᠦᠮᠡᠨ ᠳᠤ ᠦᠢᠯᠡᠴᠢᠯᠡᠪᠠ᠃ | ︽ᠨᠢᠭᠡ ᠳᠤᠤᠷᠵᠢᠯ ᠳᠤ ᠨᠢᠭᠡ ᠳᠦᠷᠢᠮ ᠲᠠᠢ ᠪᠠᠶᠢᠯᠭᠠᠬᠤ︾ ᠵᠠᠷᠴᠢᠮ ᠶᠣᠰᠣᠭᠠᠷ᠂ ᠬᠤᠲᠠ ᠬᠥᠳᠡᠭᠡ ᠶᠢᠨ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢᠨ ᠳᠤᠤᠷᠵᠢᠭᠤᠯᠤᠬᠰᠠᠨ ᠳᠤᠬᠳᠠᠯᠴᠠᠭ᠎ᠠ ᠶᠢ ᠪᠠᠶᠢᠭᠤᠯᠵᠤ᠂ ᠳᠤᠤᠷᠵᠢᠭᠤᠯᠤᠬᠰᠠᠨ ᠥᠷᠲᠡᠭᠡ ᠶᠢ ᠪᠠᠶᠢᠭᠤᠯᠤᠨ᠂ ᠠᠵᠢᠯᠯᠠᠬᠤ ᠡᠳᠤᠷ ᠠᠵᠢᠯᠯᠠᠬᠤ᠂ | ᠪᠠᠶᠠᠷ ᠳᠤᠷᠠᠰᠬᠠᠯ ᠪᠠ ᠠᠮᠠᠷᠠᠯᠲᠠ ᠶᠢᠨ ᠡᠳᠦᠷ ᠲᠤ ᠵᠢᠵᠢᠭᠦᠷᠯᠡᠬᠦ᠂ ᠴᠠᠭ ᠰᠦᠷᠭᠡᠤᠯᠡᠨ ᠦᠢᠯᠡᠴᠢᠯᠡᠬᠦ ᠵᠡᠷᠭᠡ ᠳᠦᠷᠢᠮ ᠢ ᠳᠤᠬᠳᠠᠭᠠᠪᠠ᠃ | ︽ᠬᠤᠤᠰ ᠬᠦᠷᠳᠤ ᠪᠠᠷ ᠬᠥᠳᠡᠯᠭᠡᠬᠦᠷ ᠪᠤᠯᠭᠠᠵᠤ︾ ᠠᠭᠤᠷᠬᠠᠢ ᠶᠢᠨ ᠣᠷᠣᠨ ᠤ ᠵᠠᠰᠠᠯᠲᠠ ᠶᠢᠨ ᠰᠢᠨ᠎ᠡ ᠳᠦᠷᠬᠦ ᠪᠠᠶᠢᠳᠠᠯ ᠢ ᠪᠤᠢ ᠪᠤᠯᠭᠠᠪᠠ | ᠦᠨᠳᠦᠰᠦᠨ ᠱᠠᠲᠤᠨ ᠤ ᠵᠠᠰᠠᠯᠲᠠ ᠳᠤ᠂ ᠵᠠᠰᠠᠯᠲᠠ ᠪᠣᠯ ᠰᠠᠭᠤᠷᠢ᠂ ᠦᠢᠯᠡᠴᠢᠯᠡᠭᠡ ᠪᠣᠯ ᠵᠣᠷᠢᠯᠭ᠎ᠠ ᠪᠣᠯᠣᠨ᠎ᠠ᠃ ᠨᠠᠷᠠᠰᠤᠨ ᠪᠠᠯᠭᠠᠰᠤ ︽ᠵᠠᠰᠠᠯᠲᠠ + | ᠦᠢᠯᠡᠴᠢᠯᠡᠭᠡ︾ ᠶᠢᠨ ᠬᠤᠣᠰ ᠬᠦᠷᠳᠦ ᠪᠠᠷ ᠬᠥᠳᠡᠯᠭᠡᠭᠦᠷ ᠪᠣᠯᠭᠠᠵᠤ᠂ ᠪᠦᠬᠦ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠳᠠᠯ ᠢ ᠳᠠᠰᠤᠷᠠᠯᠳᠠ | ᠦᠭᠡᠢ ᠨᠡᠭᠡᠭᠡᠵᠡᠢ᠃ ᠨᠢᠭᠡ ᠲᠠᠯ᠎ᠠ ᠪᠠᠷ᠂ ᠵᠠᠰᠠᠯᠲᠠ ᠶᠢᠨ ᠦᠷᠭᠡᠴᠡ ᠶᠢ ᠲᠠᠰᠤᠷᠠᠯᠲᠠ ᠦᠭᠡᠢ ᠥᠷᠭᠡᠳᠬᠡᠵᠦ᠂ ᠪᠣᠬᠢᠷᠳᠤᠯ ᠦᠭᠡᠢ ᠠᠭᠤᠷᠬᠠᠢ᠂ ᠣᠷᠴᠢᠨ | ᠲᠣᠭᠤᠷᠢᠨ ᠢ ᠴᠡᠭᠴᠡᠯᠡᠨ ᠵᠠᠰᠠᠬᠤ᠂ ᠠᠮᠤᠭᠤᠯᠠᠩ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠶᠢ ᠴᠢᠬᠤᠯᠠ ᠭᠠᠷᠳᠠᠴᠠ ᠪᠣᠯᠭᠠᠵᠤ᠂ | ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠳᠤᠬᠳᠠᠯᠴᠠᠭ᠎ᠠ ᠶᠢ ᠢᠳᠡᠪᠬᠢᠲᠡᠢ ᠪᠠᠶᠢᠭᠤᠯᠪᠠ︔ ᠨᠥᠭᠦᠭᠡ ᠲᠠᠯ᠎ᠠ ᠪᠠᠷ᠂ | ᠦᠢᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠪᠠ᠃ | | ᠨᠢᠭᠡ ᠳᠤ ᠬᠠᠮᠢᠶᠠᠷᠤᠨ ᠡᠵᠡᠮᠳᠡᠬᠦ ᠶᠢ ᠠᠳᠬᠤᠵᠤ᠂ ᠠᠮᠤᠷ ᠢ ᠬᠠᠮᠠᠭᠠᠯᠠᠬᠤ ᠣᠷᠴᠢᠨ ᠲᠣᠭᠤᠷᠢᠨ ᠢ ᠲᠣᠭᠲᠠᠭᠤᠨ ᠪᠣᠯᠭᠠᠪᠠ᠃ | ᠮᠡᠳᠡᠭᠡ ᠵᠠᠩᠭᠢ ᠶᠢ ᠴᠤᠭᠯᠠᠭᠤᠯᠬᠤ ᠲᠠᠯ᠎ᠠ ᠪᠠᠷ ︽ᠭᠤᠷᠪᠠ ᠶᠢ ᠨᠢᠭᠡᠳᠦᠯᠲᠡᠢ ᠪᠠᠶᠢᠯᠭᠠᠬᠤ︾ ᠶᠢ ᠴᠢᠩᠭ᠎ᠠ ᠪᠡᠶᠡᠯᠡᠭᠦᠯᠪᠠ︔ | ᠵᠢᠭᠰᠠᠭᠠᠨ ᠬᠠᠮᠢᠶᠠᠷᠴᠤ ᠪᠠᠶᠢᠭᠠᠨᠡᠭᠦᠳᠡᠯ ᠬᠥᠮᠥᠨ ᠠᠮᠠ ᠶᠢᠨ ᠳᠣᠲᠣᠷ᠎ᠠ ᠳᠦᠭᠰᠢᠬᠦᠷᠢ ᠶᠡᠬᠡᠲᠡᠢ ᠬᠥᠮᠥᠰ ᠲᠤ ︽ᠲᠠᠪᠤ ᠶᠢ ᠪᠠᠶᠢᠴᠠᠭᠠᠬᠤ︾ ᠶᠢ ᠬᠡᠷᠡᠭᠵᠢᠭᠦᠯᠪᠠ︔ | ᠨᠡᠭᠦᠳᠡᠯ ᠬᠥᠮᠥᠨ ᠠᠮᠠ ᠶᠢ ᠳᠠᠩᠰᠠᠯᠠᠬᠤ᠂ ᠰᠡᠷᠭᠡᠶᠢᠯᠡᠬᠦ ᠤᠬᠠᠭᠤᠯᠭ᠎ᠠ ᠬᠢᠬᠦ᠂ ᠦᠢᠯᠡᠴᠢᠯᠡᠭᠡ ᠦᠷᠨᠢᠬᠦᠯᠬᠦ ᠵᠡᠷᠭᠡ ᠶᠢ ︽ᠬᠡᠨ ᠠᠰᠢᠭ ᠭᠥᠷᠳᠡᠪᠡᠯ ᠲᠡᠷᠡ | ᠬᠠᠷᠢᠭᠤᠴᠠᠬᠤ︾ ᠠᠷᠭ᠎ᠠ ᠮᠠᠶ᠋ᠢᠭ ᠢᠶᠠᠷ ᠬᠠᠮᠲᠤ ᠨᠡᠶᠢᠲᠡ ᠪᠤᠶᠤ ᠬᠤᠪᠢ ᠬᠥᠮᠥᠨ ᠳᠤ ᠬᠦᠷᠳᠡᠯ᠎ᠠ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ︽ᠠᠮᠢᠨ ᠬᠡᠷᠡᠭ ᠦᠭᠡᠢ︾ | ᠪᠠᠶᠢᠬᠤ ᠬᠠᠷᠠᠯᠲᠠ ᠳᠤ ᠭᠦᠷᠦᠭᠰᠡᠨ ᠪᠠᠶᠢᠨ᠎ᠠ᠃ | ᠬᠤᠶᠠᠷ ᠲᠤ ᠵᠠᠰᠠᠯᠳᠠ ᠶᠢ ᠠᠳᠬᠤᠵᠤ᠂ ᠠᠭᠤᠷᠬᠠᠢ ᠶᠢᠨ ᠣᠷᠣᠨ ᠤ ᠣᠷᠴᠢᠨ ᠳᠤᠭᠤᠷᠢᠨ ᠢ ᠭᠤᠶᠣ ᠰᠠᠶᠢᠬᠠᠨ ᠪᠣᠯᠭᠠᠪᠠ᠃ | ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 56 ᠨᠡᠭᠦᠷᠡᠰᠦᠨ ᠠᠭᠤᠷᠬᠠᠢ ᠶᠢ | ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠵᠤ᠂ 11188 ᠲᠦᠮᠡᠨ ᠲᠥᠭᠦᠷᠢᠭ ᠤᠨ ᠪᠡᠯᠡ ᠮᠥᠩᠭᠦ ᠶᠢ ᠪᠣᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠵᠠᠷᠤᠴᠠᠭᠤᠯᠤᠨ᠂ 4300 ᠭᠠᠷᠤᠢ ᠮᠦ ᠪᠣᠬᠢᠷᠳᠤᠯ ᠦᠭᠡᠢ ᠳᠠᠷᠢᠮᠠᠯ ᠤᠨ ᠲᠠᠯᠠᠪᠠᠶ ᠶᠢ ᠪᠡᠶᠡᠯᠡᠭᠦᠯᠪᠡ︔ | | ᠤᠬᠢᠶᠠᠵᠤ ᠰᠢᠯᠢᠬᠦ 54 ᠨᠡᠭᠦᠷᠡᠰᠦᠨ ᠤ ᠦᠢᠯᠡᠳᠪᠦᠷᠢ ᠨᠡᠶᠢᠲᠡ 637 ᠲᠦᠮᠡᠨ ᠲᠥᠭᠦᠷᠢᠭ ᠤᠨ ᠪᠡᠯᠡ ᠮᠦᠩᠬᠦ ᠶᠢ ᠦᠢᠯᠡᠳᠪᠦᠷᠢ ᠶᠢᠨ ᠲᠣᠭᠤᠷᠢᠭ ᠤᠨ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠵᠠᠷᠤᠴᠠᠭᠤᠯᠤᠨ᠂ 420 ᠭᠠᠷᠤᠢ ᠮᠦ ᠨᠣᠭᠤᠭᠠᠷᠠᠭᠤᠯᠤᠯᠳᠠ ᠶᠢᠨ ᠲᠠᠯᠠᠪᠠᠢ ᠶᠢ ᠪᠡᠶᠡᠯᠡᠭᠦᠯᠪᠡ︔ | ︽ᠨᠠᠷᠠᠰᠤᠨ ᠪᠠᠯᠭᠠᠰᠤᠨ ᠤ ᠬᠥᠳᠡᠭᠡ ᠲᠣᠰᠬᠤᠨ ᠤ ᠬᠥᠮᠥᠰ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠠᠶᠢᠯ ᠲᠣᠰᠬᠤᠨ ᠤ | ᠠᠷᠢᠭᠤᠨ ᠴᠡᠪᠡᠷ ᠢ ᠬᠠᠮᠠᠭᠠᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ | ᠭᠤᠷᠪᠠ ᠳᠤ ᠡᠶᠡᠳᠡᠭᠦᠯᠦᠨ ᠰᠢᠢᠳᠪᠦᠷᠢᠯᠡᠬᠦ ᠶᠢ ᠠᠳᠬᠤᠵᠤ᠂ ᠵᠥᠷᠢᠴᠡᠯ ᠵᠢᠭᠤᠷᠠᠯᠳᠤᠭᠠᠨ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠪᠠ᠃ | ᠡᠯ᠎ᠡ ᠳᠤᠰᠬᠤᠨ ᠳᠤ ︽ ᠳᠤᠰᠬᠤᠨ ᠤ ᠠᠷᠠᠳ ᠤᠨ ᠤᠴᠢᠷ ᠶᠠᠪᠤᠳᠠᠯ ᠭᠡᠯᠡᠯᠴᠡᠬᠦ ᠲᠠᠰᠤᠭ︾ ᠪᠠᠶᠢᠭᠤᠯᠵᠤ᠂ ᠳᠤᠰᠬᠤᠨ ᠪᠦᠷᠢ ᠳᠤ ᠨᠢᠭᠡ︽ ᠳᠤᠰᠬᠤᠨ ᠤ | ᠠᠷᠠᠳ ᠤᠨ ᠤᠴᠢᠷ ᠶᠠᠪᠤᠳᠠᠯ ᠭᠡᠯᠡᠯᠴᠡᠬᠦ︾ ᠡᠳᠦᠷ ᠲᠣᠭᠲᠠᠭᠠᠵᠤ᠂ ︽ᠡᠬᠦᠷ ᠵᠥᠪᠯᠡᠯ︾ ᠤᠨ ᠵᠢᠵᠢᠭᠦᠷᠯᠡᠭᠴᠢ ᠺᠠᠳ᠋ᠷ ᠭᠥᠯᠢᠶᠡᠨ ᠠᠪᠴᠤ ᠰᠢᠢᠳᠪᠦᠷᠢᠯᠡᠬᠦ ᠶᠢᠨ | ᠬᠠᠮᠲᠤ ᠬᠠᠷᠢᠭᠤ ᠥᠭᠭᠦᠨ᠎ᠡ᠂ ᠬᠠᠷᠢᠭᠤ ᠥᠭᠴᠦ ᠳᠡᠶᠢᠯᠬᠦ ᠦᠭᠡᠢ ᠪᠣᠯ ᠳᠤᠰᠬᠤᠨ ᠤ ᠨᠠᠮ ᠤᠨ ᠡᠭᠦᠷ ᠤᠨ ᠱᠦᠵᠢ ᠬᠤᠷᠠᠯ ᠬᠢᠵᠦ᠂ ᠨᠢᠭᠡᠳᠦᠯᠲᠡᠢ ᠰᠠᠨᠠᠯ ᠢᠶᠠᠷ | ᠬᠠᠷᠢᠭᠤ ᠥᠭᠭᠦᠨ᠎ᠡ︔ ᠬᠦᠴᠢᠷ ᠲᠦᠪᠡᠭᠲᠡᠢ ᠠᠰᠠᠭᠤᠳᠠᠯ ᠢ ᠲᠣᠰᠬᠤᠨ ᠤ ᠤᠳᠤᠷᠢᠳᠤᠯᠭ᠎ᠠ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠪᠠᠯᠭᠠᠰᠤ᠂ | ᠬᠤᠰᠢᠭᠤᠨ ᠤ ᠬᠤᠯᠪᠤᠬᠳᠠᠯ ᠪᠦᠬᠦᠢ ᠺᠠᠳ᠋ᠷᠴᠤᠳ ᠢ ᠵᠣᠬᠢᠶᠠᠨ ᠪᠠᠶᠢᠭᠤᠯᠵᠤ ᠬᠠᠮᠲᠤᠷᠠᠨ ᠰᠢᠢᠳᠪᠦᠷᠢᠯᠡᠪᠠ᠃ ᠵᠥᠷᠢᠴᠡᠯ ᠵᠢᠭᠤᠷᠠᠯᠳᠤᠭᠠᠨ ᠢ ᠰᠤᠶᠤᠭᠠᠯᠠᠵᠤ ᠪᠠᠶᠢᠭ᠎ᠠ | ᠪᠠᠶᠢᠳᠠᠯ ᠳᠤᠨᠢ ᠰᠢᠢᠳᠪᠦᠷᠢᠯᠡᠪᠠ᠃ ᠡᠨᠡ ᠵᠢᠯ ᠠᠴᠠ ᠨᠠᠭᠠᠰᠢ᠂ ᠡᠯ᠎ᠡ ᠵᠦᠢᠯ ᠤᠨ ᠵᠥᠷᠢᠴᠡᠯ ᠵᠢᠭᠤᠷᠠᠯᠳᠤᠭᠠᠨ ᠢ 116 ᠬᠤᠪᠢ ᠭᠥᠯᠢᠶᠡᠨ ᠠᠪᠴᠤ ᠰᠢᠢᠳᠪᠦᠷᠢᠯᠡᠪᠡ᠃ | ᠳᠥᠷᠪᠡ ᠳᠤ ᠦᠢᠯᠡᠴᠢᠯᠡᠭᠡ ᠶᠢ ᠠᠳᠬᠤᠵᠤ ᠠᠵᠤ ᠠᠬᠤᠶᠢᠯᠠᠯ ᠪᠠ ᠤᠯᠠᠨ ᠲᠦᠮᠡᠨ ᠴᠥᠮ ᠰᠡᠳᠬᠢᠯ ᠬᠠᠨᠤᠮᠵᠢᠲᠠᠶ ᠪᠠᠶᠢᠨ᠎ᠠ᠃ | ᠠᠵᠤ ᠠᠬᠤᠶᠢᠯᠠᠯ ᠳᠤ ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠵᠤ᠂ ︽ ᠶᠠᠪᠤᠴᠠ ᠪᠠᠷ ᠬᠠᠮᠤᠭ ᠤᠨ ᠰᠢᠯᠢᠳᠡᠭ᠂ ᠭᠤᠭᠴᠤᠭ᠎ᠠ ᠪᠠᠷ ᠬᠠᠮᠤᠭ ᠤᠨ | ᠲᠥᠬᠦᠮ᠂ ᠴᠠᠭ ᠢᠶᠠᠷ ᠬᠠᠮᠤᠭ ᠤᠨ ᠣᠬᠤᠷ᠂ ᠦᠢᠯᠡᠴᠢᠯᠡᠭᠡ ᠪᠠᠷ ᠬᠠᠮᠤᠭ ᠤᠨ ᠰᠠᠶᠢᠨ︾ ᠪᠠᠶᠢᠬᠤ ᠪᠠᠷ ᠬᠠᠷᠠᠯᠲᠠ ᠪᠣᠯᠭᠠᠵᠤ᠂ ᠡᠯ᠎ᠡ ᠱᠠᠲᠤᠨ ᠤ ᠵᠠᠰᠠᠭ ᠤᠨ | ᠣᠷᠳᠣᠨ ᠤ ᠲᠣᠰᠬᠤᠨ ᠳᠤ ᠬᠦᠷᠲᠡᠯ᠎ᠡ ᠤᠷᠲᠤᠳᠬᠠᠬᠰᠠᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠤᠴᠢᠷ ᠶᠠᠪᠤᠳᠠᠯ ᠵᠢᠴᠢ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠨᠡᠶᠢᠭᠡᠮ ᠤᠨ ᠤᠴᠢᠷ ᠶᠠᠪᠤᠳᠠᠯ ᠢ ᠪᠦᠬᠦᠨ ᠢ ᠭᠤᠤᠯᠳᠠᠯᠭᠠᠳᠤ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ | ᠲᠣᠰᠬᠤᠨ ᠤ ᠱᠠᠲᠤᠨ ᠤ ᠤᠴᠢᠷ ᠶᠠᠪᠤᠳᠠᠯ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠪᠠ᠃ | | | | | |