ᠲᠡᠷᠢᠭᠦᠨ ᠵᠡᠷᠭᠡ ᠶᠢᠨ ᠬᠤᠳᠠ ᠳᠤ ᠲᠡᠷᠢᠭᠦᠨ ᠵᠡᠷᠭᠡ ᠶᠢᠨ ᠵᠠᠰᠠᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ | ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠬᠤ ᠬᠡᠷᠡᠭᠲᠡᠢ ᠪᠠᠶᠢᠳᠠᠭ᠃ ᠵᠡᠭᠦᠨᠭᠠᠷ ᠬᠤᠰᠢᠭᠤ ᠬᠤᠲᠠ ᠶᠢᠨ ᠴᠢᠨᠠᠷᠵᠢᠯ ᠤᠨ ᠳᠡᠰ ᠳᠡᠪᠰᠢᠬᠦ ᠶᠢ ᠲᠦᠷᠭᠡᠳᠬᠡᠬᠦ᠂ | ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠰᠠᠭᠤᠭᠠᠯᠢ | ᠠᠷᠠᠳ ᠤᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ ᠪᠠᠶᠢᠨ᠎ᠠ᠃ | ᠲᠤᠭ᠎ᠠ ᠪᠠᠷᠢᠮᠳᠠ ᠨᠢ ᠬᠤᠳᠠ ᠳᠤ ᠬᠥᠭᠵᠢᠯᠲᠡ ᠶᠢᠨ ᠬᠥᠳᠡᠯᠭᠡᠭᠦ ᠬᠦᠴᠦᠨ ᠢ ᠬᠠᠩᠭᠠᠳᠠᠭ︔ ᠬᠤᠲᠠ ᠨᠢ ᠲᠤᠭ᠎ᠠ ᠪᠠᠷᠢᠮᠲᠠ ᠳᠤ ᠬᠡᠷᠡᠭᠯᠡᠭᠡᠨ ᠤ ᠦᠵᠡᠭᠳᠡᠯ | ᠢ ᠡᠭᠦᠳᠴᠦ ᠥᠭᠲᠡᠭ᠃ ᠵᠡᠭᠦᠨᠭᠠᠷ ᠬᠤᠰᠢᠭᠤ ︽ᠣᠶᠤᠨᠴᠢ ᠴᠡᠴᠡᠷᠯᠢᠭ︾ ᠪᠠᠶᠢᠭᠤᠯᠵᠤ᠂ ︽ᠣᠶᠤᠨᠴᠢ ᠬᠤᠲᠠ ᠶᠢᠨ ᠬᠠᠮᠢᠶᠠᠷᠤᠯᠲᠠ︾ ᠶᠢ ᠠᠬᠢᠭᠤᠯᠤᠨ᠂ ︽ | ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢ ᠪᠠᠶᠢᠭᠤᠯᠵᠤ᠂ ︽ᠣᠶᠤᠨᠴᠢ ᠵᠠᠮ ᠬᠠᠷᠢᠯᠴᠠᠭ᠎ᠠ︾ ᠶᠢ ᠴᠣᠭᠴᠠᠯᠠᠨ ᠪᠠᠶᠢᠭᠤᠯᠵᠤ᠂ ᠲᠣᠭᠠᠴᠢᠯᠠᠭᠰᠠᠨ ᠠᠵᠤ | ᠠᠬᠤᠢ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠲᠣᠭᠠᠴᠢᠯᠠᠭᠰᠠᠨ ᠠᠵᠤ ᠠᠬᠤᠢ ᠪᠠᠷ ᠨᠠᠩ ᠶᠡᠭᠡ ᠡᠨᠧᠷᠭᠢ ᠭᠠᠷᠭᠠᠯᠭᠠᠵᠤ᠂ ᠪᠥᠬᠦ | ᠲᠠᠯ᠎ᠠ ᠪᠠᠷ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠵᠤ ᠪᠠᠶᠢᠨ᠎ᠠ᠃ | | ︽ᠣᠶᠤᠨᠴᠢ ᠴᠡᠴᠡᠷᠯᠢᠭ︾ ᠨᠢ ᠰᠡᠯᠡᠭᠦᠴᠡᠯ ᠢ ᠨᠡᠩ ᠪᠠᠶᠠᠯᠢᠭ ᠰᠠᠶᠢᠬᠠᠨ ᠪᠣᠯᠭᠠᠪᠠ | | ᠵᠡᠬᠦᠠᠭᠠᠷ ᠬᠤᠰᠢᠭᠤᠨ ᠤ ᠬᠤ᠋ ᠳ᠋ᠦᠩ ᠣᠶᠤᠨᠴᠢ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ 6.9 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠪᠦᠲᠦᠭᠡᠨ ᠪᠠᠶᠢᠭᠤᠯᠬᠤ᠂ ᠨᠣᠭᠤᠭᠠᠷᠠᠭᠤᠯᠬᠤ ᠪᠠᠷᠢᠯᠭ᠎ᠠ ᠵᠢᠴᠢ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠳᠤ ᠨᠡᠶᠢᠲᠡ 2400 ᠲᠦᠮᠡᠨ | ᠲᠥᠭᠦᠷᠢᠭ ᠤᠨ ᠪᠡᠯᠡ ᠣᠷᠣᠭᠤᠯᠵᠤ᠂ 2020 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ ᠪᠦᠲᠦᠭᠡᠨ ᠪᠠᠶᠢᠭᠤᠯᠵᠤ᠂ 2021 ᠣᠨ ᠤ 9 ᠰᠠᠷ᠎ᠠ ᠳᠤ | ᠴᠡᠴᠡᠷᠯᠢᠭ ᠨᠢ ᠠᠰᠢᠬᠯᠠᠯᠳᠠ ᠳᠤ ᠤᠷᠤᠬᠰᠠᠨ ᠪᠠᠶᠢᠨ᠎ᠠ᠃ ᠲᠣᠰ ᠴᠡᠴᠡᠷᠯᠢᠭ ᠨᠢ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠲᠣᠭᠤᠷᠢᠭ᠂ ᠬᠡᠦᠬᠡᠳ ᠤᠨ | ᠬᠥᠳᠡᠯᠭᠡᠭᠡᠨ ᠤ ᠲᠣᠭᠤᠷᠢᠭ᠂ ᠪᠡᠶ᠎ᠡ ᠶᠢᠨ ᠲᠠᠮᠢᠷ ᠰᠡᠯᠡᠭᠦᠴᠡᠯ ᠤᠨ ᠲᠣᠭᠤᠷᠢᠭ᠂ ᠲᠤᠰᠬᠠᠢ ᠲᠠᠮᠢᠷ ᠤᠨ ᠬᠥᠳᠡᠯᠭᠡᠭᠡᠨ ᠤ ᠲᠣᠭᠤᠷᠢᠭ᠂ ᠵᠦᠯᠭᠡᠨ ᠳᠡᠭᠡᠷᠡᠬᠢ ᠬᠤᠷᠢᠮ | ᠨᠠᠶᠢᠷ ᠤᠨ ᠲᠣᠭᠤᠷᠢᠭ ᠵᠡᠷᠭᠡ ᠪᠥᠬᠦ ᠨᠠᠰᠤᠨ ᠤ ᠬᠥᠳᠡᠯᠭᠡᠭᠡᠨ ᠢ ᠬᠠᠮᠤᠷᠤᠭᠰᠠᠨ ᠲᠠᠪᠤᠨ ᠶᠡᠭᠡ ᠴᠢᠳᠠᠮᠵᠢᠲᠤ ᠲᠣᠭᠤᠷᠢᠭ ᠢ ᠪᠦᠳᠤᠭᠡᠨ ᠪᠠᠶᠢᠭᠤᠯᠤᠭᠰᠠᠨ ᠪᠠᠶᠢᠨ᠎ᠠ᠃ | ᠴᠡᠴᠡᠷᠯᠢᠭ ᠨᠢ ᠣᠶᠤᠨᠴᠢ ᠬᠥᠳᠡᠯᠭᠡᠭᠡᠨ ᠢᠶᠠᠷ ᠭᠤᠣᠯ ᠰᠡᠳᠦᠪ ᠪᠣᠯᠭᠠᠵᠤ᠂ ᠣᠶᠤᠨᠴᠢ ᠲᠥᠬᠦᠭᠡᠷᠦᠮᠵᠢ᠂ ᠰᠦᠯᠵᠢᠶᠡᠨ ᠤ ᠤᠯᠠᠨ ᠤ ᠬᠠᠷᠢᠯᠴᠠᠨ | ᠤᠶᠢᠯᠡᠳᠤᠯᠴᠡᠬᠦ ᠲᠥᠬᠦᠭᠡᠷᠦᠮᠵᠢ᠂ ᠪᠦᠬᠦ ᠨᠠᠰᠤᠨ ᠤ ᠵᠤᠭ᠎ᠠ ᠴᠡᠩᠭᠡᠯ ᠤᠨ ᠲᠥᠬᠦᠭᠡᠷᠦᠮᠵᠢ᠂ ᠣᠶᠤᠨᠴᠢ ᠪᠡᠶ᠎ᠡ ᠶᠢᠨ ᠲᠠᠮᠢᠷ ᠤᠨ ᠲᠥᠬᠦᠭᠡᠷᠦᠮᠵᠢ᠂ ᠣᠶᠤᠨᠴᠢ | ᠤᠰᠤᠯᠠᠯᠲᠠ᠂ ᠣᠶᠤᠨᠴᠢ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠵᠢᠷᠭᠤᠭᠠᠨ ᠶᠡᠭᠡ ᠲᠦᠷᠦᠯ ᠤᠨ 28 ᠰᠢᠬᠠᠮ ᠪᠡᠶᠡᠴᠢᠯᠡᠨ ᠣᠶᠢᠯᠠᠭᠠᠬᠤ ᠲᠦᠷᠦᠯ ᠵᠦᠢᠯ ᠢ | ᠣᠷᠣᠭᠤᠯᠤᠨ ᠠᠪᠴᠢᠷᠠᠵᠠᠢ᠃ ᠪᠠᠶᠢᠭᠠᠯᠢᠯᠢᠭ ᠠᠭᠤᠯᠠ ᠤᠰᠤ ᠶᠢ ᠪᠣᠶ ᠪᠣᠯᠭᠠᠬᠤ᠂ ᠨᠤᠲᠤᠭ ᠤᠨ ᠤᠷᠭᠤᠮᠠᠯ ᠤᠨ ᠦᠵᠡᠮᠵᠢ ᠶᠢᠨ ᠪᠦᠲᠦᠭᠡᠨ ᠪᠠᠶᠢᠭᠤᠯᠤᠯᠲᠠ ᠬᠢᠬᠦ | ᠰᠠᠭᠤᠷᠢᠨ ᠳᠡᠭᠡᠷ᠎ᠡ᠂ ᠪᠡᠶ᠎ᠡ ᠶᠢᠨ ᠲᠠᠮᠢᠷ ᠤᠨ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠮᠢ ᠠᠬᠤᠢ ᠶᠢᠨ ᠦᠵᠡᠮᠵᠢ ᠶᠢ ᠬᠠᠷᠢᠯᠴᠠᠨ ᠠᠭᠤᠰᠤᠯᠴᠠᠭᠤᠯᠵᠤ᠂ ᠲᠠᠪᠤᠨ | ᠬᠥᠮᠥᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ᠂ ᠣᠶᠤᠨᠴᠢ ᠶᠠᠪᠠᠭᠠᠨ ᠵᠠᠮ᠂ ᠰᠠᠭᠰᠤᠨ ᠪᠥᠮᠪᠦᠭᠡ᠂ ᠪᠦᠬᠦ ᠨᠠᠰᠤᠨ ᠤ ᠬᠥᠳᠡᠯᠭᠡᠭᠡᠨ᠂ ᠬᠡᠦᠬᠡᠳ ᠤᠨ ᠵᠤᠭ᠎ᠠ | ᠴᠡᠩᠭᠡᠯ᠂ ᠭᠡᠷ ᠤᠨ ᠭᠠᠳᠠᠨᠠᠬᠢ ᠪᠡᠶ᠎ᠡ ᠴᠢᠭᠢᠷᠠᠭᠵᠢᠭᠤᠯᠤᠯᠲᠠ᠂ ᠭᠡᠷ ᠤᠨ ᠭᠠᠳᠠᠨᠠᠬᠢ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠦᠷᠦᠭᠡ᠂ ᠶᠤᠭ᠎ᠠ᠂ ᠲᠠᠢ ᠵᠢᠢ | ᠨᠢᠳᠤᠷᠭ᠎ᠠ᠂ ᠠᠭᠤᠳᠠᠮ ᠲᠠᠯᠠᠪᠠᠶ ᠶᠢᠨ ᠪᠥᠵᠢᠭ᠂ ᠭᠡᠷ ᠤᠨ ᠭᠠᠳᠠᠨᠠᠬᠢ ᠰᠢᠲᠠᠷ᠎ᠠ ᠶᠢᠨ ᠨᠠᠭᠠᠳᠤᠮ ᠵᠡᠷᠭᠡ ᠶᠢ ᠬᠠᠮᠤᠷᠤᠭᠰᠠᠨ ᠪᠥᠬᠦ ᠲᠠᠯ᠎ᠠ ᠶᠢᠨ ᠪᠡᠶ᠎ᠡ ᠶᠢᠨ ᠲᠠᠮᠢᠷ ᠤᠨ | ᠲᠥᠷᠥᠯ ᠵᠦᠢᠯ ᠢ ᠪᠠᠶᠢᠭᠤᠯᠪᠠ᠃ ᠴᠡᠴᠡᠷᠯᠢᠭ ᠲᠤ ᠣᠶᠤᠨᠴᠢ ᠦᠵᠡᠭᠦᠯᠭᠡ ᠶᠢᠨ ᠳᠡᠯᠭᠡᠴᠡ᠂ ᠪᠡᠶ᠎ᠡ ᠴᠢᠭᠢᠷᠠᠭᠵᠢᠭᠤᠯᠬᠤ ᠳᠦᠬᠦᠭᠡᠷᠤᠮᠵᠢ᠂ ᠤᠲᠠᠰᠤ ᠦᠭᠡᠢ ᠴᠠᠬᠢᠯᠭᠠᠨ | ᠴᠡᠨᠡᠭᠯᠡᠬᠦᠷᠳᠤ ᠰᠠᠭᠤᠳᠠᠯ ᠂ ᠣᠶᠤᠨᠴᠢ ᠠᠪᠢᠶᠠᠨ ᠤ ᠲᠦᠷᠦᠯ ᠬᠤᠪᠢᠶᠠᠭᠰᠠᠨ ᠬᠤᠭ ᠤᠨ ᠰᠠᠪᠠ᠂ ᠰᠡᠷᠡᠯᠳᠤ ᠵᠠᠮ ᠤᠨ ᠳ᠋ᠧᠩ᠂ ᠣᠷᠭᠢᠯᠤᠭᠤᠷ ᠪᠤᠯᠠᠭ ᠵᠡᠷᠭᠡ ᠰᠢᠨ᠎ᠡ | ᠬᠡᠯᠪᠡᠷᠢ ᠶᠢᠨ ᠣᠶᠤᠨᠴᠢ ᠴᠢᠳᠠᠪᠬᠢ ᠶᠢᠨ ᠲᠥᠬᠦᠭᠡᠷᠦᠮᠵᠢ ᠶᠢ ᠪᠠᠭᠲᠠᠭᠠᠭᠰᠠᠨ ᠡᠯ᠎ᠡ ᠲᠦᠷᠦᠯ ᠤᠨ ᠤᠶᠤᠨ ᠤ ᠲᠥᠬᠦᠭᠡᠷᠦᠮᠵᠢ ᠶᠢ ᠤᠭᠰᠠᠷᠠᠵᠠᠢ᠃ ᠨᠡᠷᠡᠨ ᠡᠨᠧᠷᠭᠢ ᠶᠢᠨ | ᠬᠡᠷᠡᠯ ᠢᠶᠠᠷ ᠴᠠᠬᠢᠯᠭᠠᠨ ᠭᠠᠷᠭᠠᠬᠤ ᠴᠢᠳᠠᠮᠵᠢ ᠲᠠᠢ ᠪᠥᠬᠦ ᠪᠡᠶ᠎ᠡ ᠶᠢᠨ ᠡᠯ᠎ᠡ ᠬᠡᠰᠡᠭ ᠤᠨ ᠪᠡᠶ᠎ᠡ ᠴᠢᠭᠢᠷᠠᠭᠵᠢᠭᠤᠯᠬᠤ ᠪᠠᠭᠠᠵᠢ᠂ ᠣᠯᠠᠨ ᠴᠢᠳᠠᠪᠤᠷᠢᠲᠤ ᠪᠡᠶ᠎ᠡ | ᠴᠢᠭᠢᠷᠠᠭᠵᠢᠭᠤᠯᠬᠤ ᠲᠢᠩᠰᠡ ᠵᠡᠷᠭᠡ ᠣᠶᠤᠨᠴᠢ ᠪᠡᠶ᠎ᠡ ᠶᠢᠨ ᠲᠠᠮᠢᠷ ᠤᠨ ᠳᠦᠬᠦᠭᠡᠷᠤᠮᠵᠢ ᠪᠤᠢ᠃ ᠪᠠᠰᠠ ᠪᠣᠷᠣᠭᠠᠨ ᠤ ᠬᠦᠰᠢᠭᠡᠳᠤ ᠳᠡᠭᠦᠵᠢᠩ᠂ ᠰᠢᠨ᠎ᠠ ᠮᠠᠶ᠋ᠢᠭ | ᠤᠨ ᠳ᠋ᠧᠩ᠂ ᠤᠰᠤᠨ ᠬᠦᠰᠢᠭᠡᠳᠤ ᠡᠭᠦᠳᠡ᠂ ᠰᠡᠷᠡᠯᠳᠤ ᠴᠡᠴᠡᠭ ᠵᠡᠷᠭᠡ ᠪᠦᠬᠦ ᠨᠠᠰᠤᠨ ᠤ ᠵᠤᠭ᠎ᠠ ᠴᠡᠩᠭᠡᠯ ᠤᠨ ᠲᠥᠬᠦᠭᠡᠷᠦᠮᠵᠢ ᠲᠠᠢ ᠪᠠᠶᠢᠨ᠎ᠠ᠃ ᠡᠭᠦᠨ ᠤ | ᠵᠡᠷᠭᠡ ᠳᠤ᠂ ᠪᠥᠬᠦ ᠴᠡᠴᠡᠷᠯᠢᠭ ᠲᠤ 5G ᠶᠢᠨ ᠳᠣᠬᠢᠶ᠎ᠠ ᠵᠢᠴᠢ WIFI ᠶᠢ ᠬᠠᠮᠤᠷᠤᠭᠤᠯᠵᠤ᠂ ᠪᠠᠷᠠᠭᠤᠨ᠂ ᠬᠤᠶᠢᠲᠤ ᠳᠠᠯ᠎ᠠ ᠶᠢᠨ ᠬᠤᠶᠠᠷ ᠲᠡᠷᠭᠡᠨ ᠵᠣᠭᠰᠣᠭᠠᠯ ᠲᠠᠢ | ᠪᠠᠶᠢᠳᠠᠭ᠃ | ᠲᠣᠰ ᠴᠡᠴᠡᠷᠯᠢᠭ ᠨᠢ ᠨᠣᠮᠢᠨ ᠨᠣᠭᠤᠭᠠᠨ ᠪᠠᠶᠢᠭᠠᠯᠢ ᠶᠢᠨ ᠣᠷᠣᠨ ᠵᠠᠢ ᠲᠠᠢ ᠮᠥᠷᠲᠡᠭᠡᠨ ᠪᠠᠰᠠ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠠᠲᠠᠬᠤ | ᠬᠦᠴᠦᠨ ᠲᠠᠢ ᠪᠠᠶᠢᠵᠤ᠂ ᠤᠰᠤᠨ ᠤ ᠡᠨᠧᠷᠭᠢ᠂ ᠨᠡᠷᠡᠨ ᠤ ᠡᠨᠧᠷᠭᠢ ᠶᠢᠨ ᠴᠠᠬᠢᠯᠭᠠᠨ ᠬᠤᠷᠢᠶᠠᠬᠤ ᠲᠥᠬᠦᠭᠡᠷᠦᠮᠵᠢ ᠵᠡᠷᠭᠡ ᠪᠠᠷ ᠳᠡᠮᠵᠢᠨ ᠬᠡᠰᠡᠭ ᠪᠠᠷᠢᠯᠭ᠎ᠠ ᠶᠢᠨ | ᠦᠵᠡᠮᠵᠢ ᠪᠠ ᠦᠢᠯᠡᠴᠢᠯᠡᠭᠡᠨ ᠤ ᠲᠥᠬᠦᠭᠡᠷᠦᠮᠵᠢ ᠶᠢᠨ ᠴᠠᠬᠢᠯᠭᠠᠨ ᠬᠦᠴᠦᠨ ᠢᠶᠠᠷ ᠥᠪᠡᠷ ᠢ ᠪᠠᠨ ᠬᠠᠩᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠨᠧᠷᠭᠢ ᠠᠷᠪᠢᠯᠠᠵᠤ ᠣᠷᠴᠢᠨ ᠳᠤᠭᠤᠷᠢᠨ ᠢ ᠬᠠᠮᠠᠭᠠᠯᠠᠬᠤ ᠦᠷᠭᠦᠯᠵᠢᠯᠡᠬᠦᠶᠢᠴᠡ ᠬᠥᠭᠵᠢᠯᠲᠡ ᠶᠢᠨ | ᠣᠶᠢᠯᠠᠭᠠᠭᠳᠠᠬᠤᠨ ᠢ ᠤᠶᠢᠯᠡᠳᠤᠯᠭᠡᠵᠢᠬᠦᠯᠵᠤ ᠪᠠᠶᠢᠨ᠎ᠠ᠃ ᠤᠶᠤᠨ ᠤᠬᠠᠭᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠷᠡᠮᠵᠢ ᠪᠠᠷ ᠲᠡᠭᠦᠯᠳᠡᠷ ᠵᠢᠷᠤᠭ | ᠲᠥᠯᠥᠪᠯᠡᠭᠡ ᠨᠢ ᠴᠡᠴᠡᠷᠯᠢᠭ ᠢ ᠨᠡᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠲᠠᠮᠢᠷ ᠤᠨ ᠬᠥᠳᠡᠯᠭᠡᠭᠡᠨ ᠢ ᠨᠡᠩ ᠰᠣᠨᠢᠷᠬᠠᠯᠲᠠᠢ ᠪᠣᠯᠭᠠᠨ᠂ ᠦᠢᠯᠡᠴᠢᠯᠡᠭᠡ ᠶᠢ ᠨᠡᠩ | ᠬᠠᠶᠢᠷ᠎ᠠ ᠬᠠᠯᠠᠮᠵᠢᠳᠠᠢ ᠪᠣᠯᠭᠠᠵᠤ᠂ ᠵᠡᠭᠦᠨᠭᠠᠷ ᠬᠤᠰᠢᠭᠤᠨ ᠤ ᠠᠩᠬᠠᠳᠠᠭᠴᠢ ᠤᠶᠤᠨ ᠤ ᠲᠦᠷᠦᠯ ᠤᠨ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ ᠴᠡᠴᠡᠷᠯᠢᠭ | ᠪᠣᠯᠣᠬᠰᠠᠨ ᠪᠠᠶᠢᠨ᠎ᠠ᠃ ᠳᠡᠷᠡ ᠨᠢ ᠣᠯᠠᠨ ᠲᠦᠮᠡᠨ ᠤ ᠠᠮᠢᠳᠤᠷᠠᠯ ᠢ ᠪᠠᠶᠠᠯᠢᠭ ᠰᠠᠶᠢᠬᠠᠨ ᠪᠤᠯᠭᠠᠬᠰᠠᠨ ᠪᠠᠷ ᠪᠠᠷᠠᠬᠤ ᠦᠭᠡᠢ᠂ ᠪᠠᠰᠠ ᠣᠶᠤᠨᠴᠢ ᠬᠤᠲᠠ ᠶᠢᠨ | ᠠᠭᠤᠯᠤᠭᠳᠠᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠡᠭᠦᠨᠭᠠᠷ ᠬᠤᠰᠢᠭᠤᠨ ᠤ ᠰᠢᠨ᠎ᠡ ᠭᠠᠵᠠᠷ ᠤᠨ ᠲᠡᠮᠳᠡᠭ ᠪᠠ ᠬᠤᠲᠠ ᠶᠢᠨ ᠨᠡᠷ᠎ᠡ ᠶᠢᠨ ᠬᠠᠭᠤᠳᠠᠰᠤ | ᠪᠤᠯᠵᠤ ᠪᠤᠢ᠃ | | |