ᠲᠡᠷᠢᠭᠦᠨ ᠵᠡᠷᠭᠡ ᠶᠢᠨ ᠬᠤᠳᠠ ᠳᠤ ᠲᠡᠷᠢᠭᠦᠨ ᠵᠡᠷᠭᠡ ᠶᠢᠨ ᠵᠠᠰᠠᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ | ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠬᠤ ᠬᠡᠷᠡᠭᠲᠡᠢ ᠪᠠᠶᠢᠳᠠᠭ᠃ ᠵᠡᠭᠦᠨᠭᠠᠷ ᠬᠤᠰᠢᠭᠤ ᠬᠤᠲᠠ ᠶᠢᠨ ᠴᠢᠨᠠᠷᠵᠢᠯ ᠤᠨ ᠳᠡᠰ ᠳᠡᠪᠰᠢᠬᠦ ᠶᠢ ᠲᠦᠷᠭᠡᠳᠬᠡᠬᠦ᠂ | ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠰᠠᠭᠤᠭᠠᠯᠢ | ᠠᠷᠠᠳ ᠤᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ | ᠭᠦᠨᠵᠡᠭᠡᠢ ᠠᠬᠢᠭᠤᠯᠵᠤ ᠪᠠᠶᠢᠨ᠎ᠠ᠃ | ᠲᠤᠭ᠎ᠠ ᠪᠠᠷᠢᠮᠳᠠ ᠨᠢ ᠬᠤᠳᠠ ᠳᠤ ᠬᠥᠭᠵᠢᠯᠲᠡ ᠶᠢᠨ ᠬᠥᠳᠡᠯᠭᠡᠭᠦ ᠬᠦᠴᠦᠨ ᠢ ᠬᠠᠩᠭᠠᠳᠠᠭ︔ ᠬᠤᠲᠠ ᠨᠢ ᠲᠤᠭ᠎ᠠ ᠪᠠᠷᠢᠮᠲᠠ ᠳᠤ ᠬᠡᠷᠡᠭᠯᠡᠭᠡᠨ ᠤ ᠦᠵᠡᠭᠳᠡᠯ ᠢ | ᠡᠭᠦᠳᠴᠦ ᠥᠭᠲᠡᠭ᠃ ᠵᠡᠭᠦᠨᠭᠠᠷ ᠬᠤᠰᠢᠭᠤ ︽ᠣᠶᠤᠨᠴᠢ ᠴᠡᠴᠡᠷᠯᠢᠭ︾ ᠪᠠᠶᠢᠭᠤᠯᠵᠤ᠂ ︽ᠣᠶᠤᠨᠴᠢ ᠬᠤᠲᠠ ᠶᠢᠨ ᠬᠠᠮᠢᠶᠠᠷᠤᠯᠲᠠ︾ ᠶᠢ ᠠᠬᠢᠭᠤᠯᠤᠨ᠂ ︽ | ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢ ᠪᠠᠶᠢᠭᠤᠯᠵᠤ᠂ ︽ᠣᠶᠤᠨᠴᠢ ᠵᠠᠮ ᠬᠠᠷᠢᠯᠴᠠᠭ᠎ᠠ︾ ᠶᠢ ᠴᠣᠭᠴᠠᠯᠠᠨ ᠪᠠᠶᠢᠭᠤᠯᠵᠤ᠂ ᠲᠣᠭᠠᠴᠢᠯᠠᠭᠰᠠᠨ ᠠᠵᠤ | ᠠᠬᠤᠢ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠲᠣᠭᠠᠴᠢᠯᠠᠭᠰᠠᠨ ᠠᠵᠤ ᠠᠬᠤᠢ ᠪᠠᠷ ᠨᠠᠩ ᠶᠡᠭᠡ ᠡᠨᠧᠷᠭᠢ ᠭᠠᠷᠭᠠᠯᠭᠠᠵᠤ᠂ ᠪᠥᠬᠦ | ᠲᠠᠯ᠎ᠠ ᠪᠠᠷ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠵᠤ ᠪᠠᠶᠢᠨ᠎ᠠ᠃ | | | ︽ᠣᠶᠤᠨᠴᠢ ᠬᠤᠲᠠ ᠶᠢᠨ ᠬᠠᠮᠢᠶᠠᠷᠤᠯᠲᠠ︾ ᠨᠢ ᠦᠢᠯᠡᠴᠢᠯᠡᠭᠡ ᠶᠢ ᠨᠠᠩ ᠥᠨᠳᠥᠷ ᠪᠦᠲᠦᠮᠵᠢᠲᠡᠶ ᠪᠣᠯᠭᠠᠪᠠ | | ᠬᠤᠳᠠ ᠶᠢᠨ ᠬᠥᠭᠵᠢᠯᠳᠡ ᠨᠢ ᠭᠤᠷᠪᠠᠨ ᠬᠤᠪᠢ ᠶᠢᠨ ᠪᠦᠳᠣᠭᠡᠨ ᠪᠠᠶᠢᠭᠤᠯᠤᠯᠳᠠ᠂ ᠳᠤᠯᠤᠭᠠᠨ ᠬᠤᠪᠢ ᠶᠢᠨ ᠬᠠᠮᠢᠶᠠᠷᠤᠯᠳᠠ ᠳᠤ ᠪᠠᠶᠢᠳᠠᠭ᠃ ᠵᠡᠭᠦᠨᠭᠠᠷ | ᠬᠤᠰᠢᠭᠤᠨ ᠤ ᠵᠡᠭᠡᠯᠢ ᠭᠤᠳᠤᠮᠵᠢ ᠳᠤ᠂ ᠰᠠᠯᠬᠢ ᠰᠠᠯᠬᠢᠯᠠᠵᠤ ᠪᠣᠷᠣᠭᠠᠨ ᠣᠷᠣᠭᠰᠠᠨ ᠴᠤ ᠲᠡᠷᠡ᠂ ᠠᠭᠠᠭᠢᠮ᠎ᠠ ᠬᠠᠯᠠᠭᠤᠨ ᠬᠠᠬᠢᠷ ᠬᠦᠢᠲᠡᠨ ᠳᠤ ᠴᠦ ᠭᠡᠰᠡᠨ ᠲᠡᠷᠡ᠂ | ᠡᠳᠦᠷ ᠪᠦᠷᠢ ᠮᠠᠰᠢ ᠤᠯᠠᠨ ᠬᠤᠳᠠ ᠶᠢᠨ ᠬᠠᠮᠢᠶᠠᠷᠤᠯᠲᠠ ᠶᠢᠨ ᠠᠵᠢᠯᠲᠠᠨ ᠡᠨᠡ ᠬᠦ ᠬᠤᠳᠠ ᠶᠢᠨ ᠡᠯ᠎ᠡ ᠵᠦᠢᠯ ᠤᠨ ᠠᠰᠠᠭᠤᠳᠠᠯ ᠢ ᠢᠯᠡᠷᠡᠭᠦᠯᠦᠨ ᠰᠢᠢᠳᠪᠦᠷᠢᠯᠡᠵᠦ᠂ | ᠠᠷᠰᠠᠷ ᠵᠤᠶᠢᠯ ᠪᠤᠯᠬᠤ ᠵᠠᠷ ᠮᠡᠳᠡᠭᠡ ᠶᠢ ᠳᠤᠷ᠎ᠠ ᠳᠠᠪᠠ ᠢᠶᠠᠷ ᠢᠶᠠᠨ ᠨᠠᠭᠠᠬᠤ᠂ ᠳᠦᠷᠢᠮ ᠢ ᠵᠥᠷᠢᠴᠡᠨ ᠲᠡᠷᠭᠡ ᠵᠣᠭᠰᠤᠭᠠᠬᠤ ᠠᠴᠠ ᠠᠪᠤᠭᠠᠳ ᠨᠡᠯᠢᠶᠡᠳ ᠶᠡᠭᠡ ᠤᠴᠢᠷ | ᠶᠠᠪᠤᠳᠠᠯ ᠪᠤᠯᠬᠤ ᠳᠦᠷᠢᠮ ᠢ ᠵᠥᠷᠢᠴᠡᠨ ᠪᠠᠷᠢᠯᠭ᠎ᠠ ᠪᠠᠷᠢᠬᠤ᠂ ᠪᠠᠷᠢᠯᠭ᠎ᠠ ᠶᠢᠨ ᠭᠠᠵᠠᠷ ᠠᠷᠠᠳ ᠢ ᠦᠢᠮᠡᠭᠦᠯᠬᠦ ᠵᠡᠷᠭᠡ ᠬᠤᠳᠠ ᠶᠢᠨ ᠬᠠᠮᠢᠶᠠᠷᠤᠯᠲᠠ ᠶᠢᠨ ᠠᠷᠬᠠᠭ ᠭᠡᠮ | ᠪᠠ ᠵᠡᠭᠡᠯᠢ ᠭᠤᠳᠤᠮᠵᠢ ᠶᠢ ᠵᠠᠰᠠᠬᠤ ᠳᠤ ᠬᠥᠮᠥᠨ ᠤ ᠬᠦᠴᠦᠨ ᠳᠤ ᠲᠦᠰᠢᠭᠯᠡᠵᠦ᠂ ᠬᠠᠤᠯᠢ ᠳᠦᠷᠢᠮ ᠤᠨ ᠭᠡᠷᠡᠭᠵᠢᠬᠦᠯᠦᠯᠳᠡ ᠶᠢ ᠪᠠᠶᠢᠴᠠᠭᠠᠬᠤ ᠳᠤ ᠴᠦ ᠭᠡᠳ | ᠬᠦᠮᠤᠨ ᠤ ᠬᠦᠴᠦᠨ ᠳᠤ ᠲᠦᠰᠢᠭᠯᠡᠵᠤ ᠪᠠᠶᠢᠪᠠ᠃ | ᠵᠡᠭᠦᠨᠭᠠᠷ ᠬᠤᠰᠢᠭᠤ ᠬᠤᠳᠠ ᠶᠢᠨ ᠠᠭᠤᠯᠤᠭᠳᠠᠬᠤᠨ ᠪᠠ ᠪᠣᠳᠠᠲᠤ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠳᠤᠰᠠᠳᠠ᠂ ᠰᠡᠷᠡᠯ ᠮᠡᠳᠡᠷᠡᠯ ᠲᠠᠢ᠂ | ᠰᠡᠳᠬᠢᠵᠦ ᠴᠢᠳᠠᠳᠠᠭ᠂ ᠬᠠᠯᠠᠮᠵᠢ ᠡᠨᠡᠷᠢᠯ ᠲᠠᠢ ᠢᠷᠡᠭᠡᠳᠦᠢ ᠶᠢᠨ ᠬᠤᠳᠠ ᠶᠢ ᠪᠦᠲᠦᠭᠡᠨ ᠪᠠᠶᠢᠭᠤᠯᠵᠤ᠂ ᠬᠤᠳᠠ ᠶᠢᠨ ᠬᠠᠮᠢᠶᠠᠷᠤᠯᠲᠠ ᠳᠤ ︽ᠣᠶᠤᠨᠴᠢ︾ ᠵᠢᠭᠦᠷ | ᠤᠷᠭᠤᠭᠤᠯᠤᠨ᠂ ︽ᠣᠶᠤᠨᠴᠢᠯᠠᠭᠰᠠᠨ ᠬᠤᠳᠠ ᠶᠢᠨ ᠬᠠᠮᠢᠶᠠᠷᠤᠯᠲᠠ︾ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠯᠢᠳᠡᠭᠵᠢᠭᠦᠯᠦᠨ ᠲᠡᠰ ᠳᠡᠪᠰᠢᠭᠦᠯᠵᠤ ᠪᠠᠶᠢᠨ᠎ᠠ᠃ ᠵᠡᠭᠦᠨᠭᠠᠷ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠵᠢᠯᠤᠭᠤᠳᠬᠤ ᠲᠥᠪ ᠤᠨ ᠡᠷᠬᠢᠯᠡᠭᠴᠢ ᠬᠠᠢ ᠵᠢᠩᠭᠡᠯᠡᠬᠦ ᠳᠡᠭᠡᠨ᠂ ᠲᠣᠰ ᠲᠣᠪᠴᠢᠶ᠎ᠠ | ᠪᠣᠯ ᠵᠡᠭᠦᠨᠭᠠᠷ ᠬᠤᠰᠢᠭᠤᠨ ᠤ ︽ᠣᠶᠤᠨᠴᠢ ᠬᠤᠲᠠ︾ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠵᠤ ᠪᠠᠶᠢᠭ᠎ᠠ ᠨᠢᠭᠡᠴᠢ ᠶᠢᠨ ᠨᠢᠭᠡ | ᠪᠤᠯᠤᠨ᠎ᠠ᠂ 2021 ᠣᠨ ᠤ 12 ᠰᠠᠷ᠎ᠠ ᠶᠢᠨ ᠰᠡᠭᠦᠯᠴᠢ ᠪᠠᠷ LED ᠦᠵᠡᠭᠦᠯᠭᠡ ᠶᠢᠨ ᠳᠡᠯᠭᠡᠴᠡ ᠶᠢ ᠪᠠᠶᠢᠭᠤᠯᠪᠠ᠃LED ᠲᠣᠮᠣ ᠳᠡᠯᠭᠡᠴᠡ ᠨᠢ ᠣᠶᠤᠨᠴᠢ | ᠬᠤᠳᠠ ᠶᠢᠨ ᠬᠠᠮᠢᠶᠠᠷᠤᠯᠲᠠ ᠶᠢᠨ ᠰᠢᠰᠲ᠋ᠧᠮ ᠳᠤ ᠬᠠᠲᠠᠭᠤ ᠳᠤᠨᠤᠭ ᠤᠨ ᠪᠦᠲᠦᠭᠡᠨ ᠪᠠᠶᠢᠭᠤᠯᠤᠯᠲᠠ ᠳᠤ ᠬᠠᠷᠢᠶᠠᠯᠠᠭᠳᠠᠨ᠎ᠠ᠂ ᠤᠳᠤ ᠶᠠᠭ ᠵᠥᠭᠡᠯᠡᠨ ᠳᠤᠨᠤᠭ ᠤᠨ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠬᠢᠵᠦ ᠪᠤᠢ᠂ ᠬᠤᠵᠢᠮ ᠵᠥᠭᠡᠯᠡᠨ ᠳᠤᠨᠤᠭ ᠤᠨ ᠲᠠᠪᠴᠠᠩ ᠢ ᠪᠠᠶᠢᠭᠤᠯᠤᠭᠰᠠᠨ ᠤ ᠳᠠᠷᠠᠭ᠎ᠠ᠂ ᠣᠶᠤᠨᠴᠢ ᠬᠤᠳᠠ ᠶᠢᠨ | ᠬᠠᠮᠢᠶᠠᠷᠤᠯᠲᠠ ᠶᠢᠨ ᠭᠤᠤᠯᠳᠠᠯᠭ᠎ᠠ᠂ ᠪᠦᠬᠦ ᠨᠡᠬᠦᠳᠡᠯ ᠬᠤᠯᠪᠤᠭᠠᠨ ᠤ ᠠᠵᠢᠯ᠂ ᠨᠠᠷᠢᠯᠢᠭᠵᠢᠭᠤᠯᠤᠨ ᠥᠷᠭᠡᠳᠬᠡᠬᠦ᠂ ᠸᠢᠳᠢᠤ᠋ ᠶᠢᠨ ᠣᠶᠤᠨᠴᠢ ᠢᠯᠭᠠᠨ ᠲᠠᠨᠢᠬᠤ | ᠵᠠᠳᠠᠯᠤᠯᠲᠠ ᠵᠡᠷᠭᠡ ᠬᠡᠷᠡᠭᠯᠡᠭᠡᠨ ᠤ ᠲᠠᠪᠴᠠᠩ ᠭᠡᠵᠦ ᠬᠤᠪᠢᠶᠠᠨ᠎ᠠ᠃ ᠢᠩᠭᠢᠪᠡᠯ᠂ ᠬᠥᠮᠥᠨ ᠤ ᠬᠦᠴᠦ ᠪᠠᠷ ᠲᠣᠭᠤᠷᠢᠨ ᠴᠠᠭᠳᠠᠬᠤ ᠨᠢ ᠵᠥᠪᠬᠡᠨ ᠬᠤᠲᠠ ᠶᠢᠨ | ᠬᠠᠮᠢᠶᠠᠷᠤᠯᠲᠠ ᠶᠢᠨ ᠨᠢᠭᠡ ᠬᠡᠰᠡᠭ ᠲᠡᠳᠦᠢ ᠪᠤᠯᠵᠤ᠂ ᠦᠯᠡᠳᠡᠭᠰᠡᠨ ᠢ ᠨᠢ ᠠᠷᠤ ᠲᠠᠶᠢᠰᠠᠨ ᠳᠤ ᠪᠥᠬᠦ ᠲᠠᠯ᠎ᠠ ᠪᠠᠷ ᠬᠢᠨᠠᠨ ᠡᠵᠡᠮᠳᠡᠵᠦ ᠪᠣᠯᠣᠨ᠎ᠠ᠂ ᠠᠵᠢᠯᠲᠠᠳ | ᠨᠡᠬᠦᠳᠡᠯ ᠬᠤᠯᠪᠤᠭᠠᠨ ᠤ ᠦᠵᠦᠬᠦᠷᠰᠢᠯ ᠳᠠᠪᠴᠠᠩ ᠢᠶᠠᠷ ᠳᠠᠮᠵᠢᠭᠤᠯᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ ᠪᠣᠯᠣᠨ᠎ᠠ᠂ ᠪᠠᠰᠠ | ᠵᠢᠯᠣᠭᠤᠴᠢ ᠦᠭᠡᠢ ᠨᠢᠰᠬᠡᠯ ᠪᠠ ᠬᠤᠲᠠ ᠶᠢᠨ ᠶᠠᠪᠤᠳᠠᠯ ᠤᠨ ᠲᠣᠭᠤᠷᠢᠭ ᠤᠨ ᠸᠢᠳᠢᠤ᠋ ᠶᠢᠨ ᠡᠮᠦᠨᠡᠦᠵᠦᠭᠦᠷᠰᠢᠯ ᠢᠶᠠᠷ ᠮᠡᠳᠡᠭᠡ ᠵᠠᠩᠭᠢ ᠴᠤᠭᠯᠠᠭᠤᠯᠵᠤ ᠪᠣᠯᠣᠨ᠎ᠠ ᠭᠡᠬᠦ | ᠶᠤᠮ᠃ | ᠵᠡᠭᠦᠨᠭᠠᠷ ᠬᠤᠰᠢᠭᠤᠨ ᠤ ︽ᠣᠶᠤᠨᠴᠢ ᠬᠤᠲᠠ ᠶᠢᠨ ᠬᠠᠮᠢᠶᠠᠷᠤᠯᠲᠠ︾ ᠶᠢᠨ ᠪᠦᠲᠦᠭᠡᠨ ᠪᠠᠶᠢᠭᠤᠯᠤᠯᠲᠠ ᠨᠢ ᠵᠠᠰᠠᠯᠲᠠ ᠶᠢ ︽ᠣᠶᠤᠨᠴᠢ︾ ᠶᠣᠰᠣ ᠪᠣᠯᠭᠠᠨ | ᠬᠤᠪᠢᠷᠠᠭᠤᠯᠬᠤ ᠪᠠᠷ ᠬᠦᠴᠦᠯᠡᠨ ᠴᠢᠷᠮᠠᠶᠢᠵᠤ᠂ ᠳᠥᠭᠦᠮ ᠳᠥᠲᠡ ᠥᠨᠳᠥᠷ ᠪᠦᠲᠦᠮᠵᠢᠲᠡᠶ ᠪᠠ ᠨᠠᠷᠢᠯᠢᠭ ᠣᠨᠣᠴᠠᠲᠠᠢ ᠬᠡᠷᠡᠭᠯᠡᠨ᠂ ᠠᠷᠠᠳ ᠣᠯᠠᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠵᠦ᠂ ᠥᠩᠭᠡ ᠵᠢᠰᠦ᠂ ᠴᠤᠭ ᠵᠢᠪᠬᠤᠭ᠎ᠠ ᠪᠠ ᠶᠠᠰᠤ ᠴᠢᠨᠠᠷ ᠢ ᠲᠠᠰᠤᠷᠠᠯᠲᠠ ᠦᠭᠡᠢ | ᠢᠯᠡᠷᠡᠭᠦᠯᠬᠦ ᠪᠤᠯᠤᠨ᠎ᠠ᠃ | |