ᠵᠡᠭᠦᠨᠭᠠᠷ ᠬᠤᠰᠢᠭᠤ ᠤᠶᠤᠨᠴᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠣᠶᠤᠨᠴᠢᠯᠠᠯᠳᠠ  ᠪᠠᠷ ᠬᠤᠳᠠ ᠶᠢᠨ ᠬᠠᠮᠢᠶᠠᠷᠤᠯᠲᠠ ᠳᠤ ᠴᠢᠳᠠᠪᠤᠷᠢ ᠣᠯᠭᠤᠵᠤ᠂ ᠲᠣᠮᠣ ᠳ᠋ᠠᠶᠢᠲ᠋ᠠ ᠪᠠᠷ ᠬᠤᠳᠠ ᠶᠢᠨ ᠠᠷᠠᠳ ᠤᠨ ᠠᠮᠢᠳᠤᠷᠠᠯ ᠳᠤ ᠥᠩᠭᠡ ᠭᠡᠷᠡᠯ ᠨᠡᠮᠡᠷᠢᠯᠡᠨ᠎ᠠ
ᠨᠡᠶᠢᠲᠡᠯᠡᠭᠰᠡᠨ ᠴᠠᠭ᠄
2022/4/8
     ᠲᠡᠷᠢᠭᠦᠨ ᠵᠡᠷᠭᠡ ᠶᠢᠨ ᠬᠤᠳᠠ ᠳᠤ ᠲᠡᠷᠢᠭᠦᠨ ᠵᠡᠷᠭᠡ ᠶᠢᠨ ᠵᠠᠰᠠᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠬᠤ ᠬᠡᠷᠡᠭᠲᠡᠢ ᠪᠠᠶᠢᠳᠠᠭ᠃ ᠵᠡᠭᠦᠨᠭᠠᠷ  ᠬᠤᠰᠢᠭᠤ ᠬᠤᠲᠠ ᠶᠢᠨ ᠴᠢᠨᠠᠷᠵᠢᠯ  ᠤᠨ ᠳᠡᠰ ᠳᠡᠪᠰᠢᠬᠦ ᠶᠢ ᠲᠦᠷᠭᠡᠳᠬᠡᠬᠦ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠰᠠᠭᠤᠭᠠᠯᠢ ᠠᠷᠠᠳ ᠤᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ  ᠠᠬᠢᠭᠤᠯᠵᠤ ᠪᠠᠶᠢᠨ᠎ᠠ᠃     ᠲᠤᠭ᠎ᠠ ᠪᠠᠷᠢᠮᠳᠠ ᠨᠢ ᠬᠤᠳᠠ ᠳᠤ ᠬᠥᠭᠵᠢᠯᠲᠡ  ᠶᠢᠨ ᠬᠥᠳᠡᠯᠭᠡᠭᠦ ᠬᠦᠴᠦᠨ ᠢ ᠬᠠᠩᠭᠠᠳᠠᠭ︔ ᠬᠤᠲᠠ ᠨᠢ ᠲᠤᠭ᠎ᠠ ᠪᠠᠷᠢᠮᠲᠠ ᠳᠤ ᠬᠡᠷᠡᠭᠯᠡᠭᠡᠨ ᠤ ᠦᠵᠡᠭᠳᠡᠯ ᠢ ᠡᠭᠦᠳᠴᠦ ᠥᠭᠲᠡᠭ᠃ ᠵᠡᠭᠦᠨᠭᠠᠷ  ᠬᠤᠰᠢᠭᠤ ︽ᠣᠶᠤᠨᠴᠢ ᠴᠡᠴᠡᠷᠯᠢᠭ︾ ᠪᠠᠶᠢᠭᠤᠯᠵᠤ᠂ ︽ᠣᠶᠤᠨᠴᠢ ᠬᠤᠲᠠ ᠶᠢᠨ ᠬᠠᠮᠢᠶᠠᠷᠤᠯᠲᠠ︾ ᠶᠢ ᠠᠬᠢᠭᠤᠯᠤᠨ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢ ᠪᠠᠶᠢᠭᠤᠯᠵᠤ᠂ ︽ᠣᠶᠤᠨᠴᠢ ᠵᠠᠮ ᠬᠠᠷᠢᠯᠴᠠᠭ᠎ᠠ︾ ᠶᠢ ᠴᠣᠭᠴᠠᠯᠠᠨ ᠪᠠᠶᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠲᠣᠭᠠᠴᠢᠯᠠᠭᠰᠠᠨ ᠠᠵᠤ ᠠᠬᠤᠢ ᠪᠠᠷ ᠨᠠᠩ ᠶᠡᠭᠡ ᠡᠨᠧᠷᠭᠢ ᠭᠠᠷᠭᠠᠯᠭᠠᠵᠤ᠂ ᠪᠥᠬᠦ ᠲᠠᠯ᠎ᠠ ᠪᠠᠷ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠵᠤ ᠪᠠᠶᠢᠨ᠎ᠠ᠃      ︽ᠣᠶᠤᠨᠴᠢ ᠳᠣᠲᠣᠭᠠᠳᠤ ᠶᠢ ᠬᠠᠮᠠᠭᠠᠯᠠᠬᠤ︾ ᠨᠢ ᠬᠤᠳᠠ ᠶᠢ ᠨᠡᠩ ᠠᠮᠤᠷ ᠲᠦᠪᠰᠢᠨ ᠪᠣᠯᠭᠠᠪᠠ           ᠮᠡᠳᠡᠭᠡ ᠵᠠᠩᠭᠢ ᠶᠢᠨ ᠮᠡᠷᠭᠡᠵᠢᠯ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠲᠣᠮᠣ ᠳ᠋ᠠᠶᠢᠲ᠋ᠠ ᠶᠢᠨ ᠴᠠᠭ ᠦᠶ᠎ᠡ ᠨᠢᠭᠡᠨᠲᠡ ᠬᠦᠷᠴᠦ ᠢᠷᠡᠭᠡᠳ᠂ ᠴᠠᠭᠳᠠᠭᠠᠨ ᠤ ᠶᠠᠪᠤᠳᠠᠯ ᠤᠨ ᠵᠠᠰᠠᠯᠲᠠ ᠶᠢᠨ ᠵᠠᠭᠪᠤᠷ ᠨᠢ ᠨᠠᠩ  ︽ᠣᠶᠤᠨᠴᠢ︾  ᠴᠢᠭᠯᠡᠯ ᠢᠶᠠᠷ ᠬᠥᠭᠵᠢᠭᠡᠳ ᠣᠲᠣ ᠦᠶ᠎ᠡ ᠶᠢᠨ ᠴᠠᠭᠳᠠᠭᠠᠨ ᠤ ᠶᠠᠪᠤᠳᠠᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠤᠭᠰᠠᠨ ᠪᠠᠶᠢᠨ᠎ᠠ᠃ 2021 ᠣᠨ ᠤ ︽ᠠᠮᠤᠭᠤᠯᠠᠩ ᠵᠡᠭᠦᠨᠭᠠᠷ︾ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠷᠠᠳ ᠲᠤ ᠠᠰᠢᠭ ᠬᠦᠷᠲᠡᠭᠡᠬᠦ ᠭᠤᠣᠯᠳᠠᠯᠭ᠎ᠠ ᠲᠠᠢ ᠢᠨᠵᠧᠨᠧᠷᠢᠩ ᠤᠨ ᠬᠤᠪᠢ ᠪᠠᠷ ᠡᠮᠬᠢ  ᠳᠢᠭᠯᠢᠮ  ᠲᠠᠢ  ᠠᠬᠢᠭᠤᠯᠵᠤ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾ ᠢᠨᠵᠧᠨᠧᠷᠢᠩ ᠢ ᠪᠣᠶ  ᠪᠤᠯᠭᠠᠪᠠ᠃      ︽ᠣᠶᠤᠨᠴᠢ ᠳᠣᠲᠣᠭᠠᠳᠤ ᠶᠢ ᠬᠠᠮᠠᠭᠠᠯᠠᠬᠤ︾  ᠪᠠᠶᠢᠭᠤᠯᠭ᠎ᠠ ᠶᠢ ︽ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ  ᠸᠢᠳᠢᠤ᠋ ᠵᠢᠷᠤᠭ ᠳᠦᠷᠰᠦ ᠶᠢᠨ ᠲᠣᠮᠣ ᠳ᠋ᠠᠶᠢᠲ᠋ᠠ ᠶᠢᠨ ᠰᠦᠯᠵᠢᠶᠡᠨ ᠤ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ︾ ᠶᠣᠰᠣᠭᠠᠷ ᠪᠦᠲᠦᠭᠡᠨ ᠪᠠᠶᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠪᠠᠶᠢᠭᠤᠯᠤᠯᠲᠠ ᠶᠢᠨ ᠰᠦᠯᠵᠢᠶᠡᠵᠢᠭᠦᠯᠦᠭᠰᠡᠨ  ᠭᠡᠷᠡᠭᠯᠡᠯᠳᠡ ᠨᠢ ︽ᠪᠦᠬᠦ ᠤᠷᠤᠨ ᠪᠦᠰᠡ ᠶᠢ ᠬᠠᠮᠤᠷᠤᠬᠰᠠᠨ᠂  ᠪᠦᠬᠦ ᠰᠦᠯᠵᠢᠶ᠎ᠠ ᠶᠢ ᠬᠠᠮᠳᠤᠪᠠᠷ ᠡᠳ᠋ᠯᠡᠭᠰᠡᠨ᠂  ᠪᠦᠬᠦ ᠴᠠᠭ ᠲᠤ ᠴᠦᠮ ᠭᠡᠷᠡᠭᠯᠡᠵᠤ ᠪᠤᠯᠬᠤ᠂  ᠪᠦᠬᠦ ᠶᠠᠪᠤᠴᠠ ᠶᠢ ᠡᠵᠡᠮᠳᠡᠵᠤ ᠪᠤᠯᠬᠤ ︾ ᠶᠢ ᠪᠡᠶᠡᠯᠡᠬᠦᠯᠬᠦ ᠪᠠᠷ ᠬᠠᠷᠠᠯᠳᠠ ᠪᠤᠯᠭᠠᠨ᠂ ᠵᠢᠯᠣᠭᠤᠳᠤᠨ ᠰᠢᠢᠳᠪᠦᠷᠢᠯᠡᠬᠦ᠂ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ᠂ ᠨᠡᠶᠢᠭᠡᠮ ᠤᠨ ᠵᠠᠰᠠᠯᠲᠠ ᠬᠢᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠶᠢ ᠳᠡᠭᠡᠭᠰᠢᠯᠡᠭᠦᠯᠬᠦ ᠪᠠᠷ ᠬᠥᠭᠵᠢᠯᠲᠡ ᠶᠢᠨ ᠴᠢᠭᠯᠡᠯ ᠪᠣᠯᠭᠠᠨ᠂ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ  ᠡᠮᠤᠨ᠎ᠠ ᠦᠵᠦᠬᠦᠷᠰᠢᠯ ᠤᠨ ᠴᠤᠭᠯᠠᠭᠤᠯᠬᠤ ᠰᠢᠰᠲ᠋ᠧᠮ᠂ ᠲᠤᠭ᠎ᠠ ᠪᠠᠷᠢᠮᠲᠠ ᠬᠠᠳᠠᠭᠠᠯᠠᠬᠤ ᠰᠢᠰᠲ᠋ᠧᠮ᠂ ᠲᠤᠭ᠎ᠠ ᠪᠠᠷᠢᠮᠲᠠ ᠶᠢᠨ ᠬᠡᠷᠡᠭᠯᠡᠭᠡᠨ ᠤ ᠰᠢᠰᠲ᠋ᠧᠮ  ᠢ ᠬᠠᠮᠤᠷᠴᠠᠢ᠃ ᠰᠢᠤᠸᠠᠢ ᠵᠢᠶᠠ ᠸᠠᠨ ᠪᠠᠯᠭᠠᠰᠤ᠂  ᠱᠠᠬᠳᠠᠷ ᠪᠠᠯᠭᠠᠰᠤ᠂ ᠳ᠋ᠠ ᠯᠦ ᠰᠢᠨ᠎ᠡ ᠲᠣᠭᠤᠷᠢᠭ ᠤᠨ ᠬᠥᠮᠥᠨ ᠬᠠᠷ᠎ᠠ ᠤᠯᠠᠨ ᠬᠤᠷᠠᠨ ᠴᠤᠭᠯᠠᠷᠠᠭᠰᠠᠨ ᠲᠠᠯᠠᠪᠤᠷ ᠪᠠ ᠲᠣᠮᠣ ᠬᠡᠯᠪᠡᠷᠢ ᠶᠢᠨ ᠠᠵᠢᠯᠯᠠᠭᠠᠨ ᠤ ᠲᠠᠯᠠᠪᠤᠷ᠂ ᠠᠮᠤᠷ ᠲᠦᠪᠰᠢᠨ ᠤ ᠪᠤᠳᠤᠯᠢᠶᠠᠨᠲᠠᠢ ᠭᠠᠵᠠᠷ ᠣᠷᠣᠨ᠂ ᠭᠤᠣᠯᠳᠠᠯᠭ᠎ᠠ ᠲᠠᠢ ᠭᠠᠵᠠᠷ ᠣᠷᠣᠨ ᠪᠠ ᠣᠷᠣᠨ ᠪᠠᠶᠢᠷᠢ ᠶᠢᠨ ᠪᠦᠲᠦᠭᠡᠨ ᠪᠠᠶᠢᠭᠤᠯᠤᠯᠲᠠ ᠳᠤ 330 ᠢᠵᠢ ᠬᠥᠮᠥᠨ ᠤ  ᠭᠡᠷᠡᠯ ᠵᠢᠷᠤᠭ ᠢ ᠢᠯᠭᠠᠨ ᠲᠠᠨᠢᠬᠤ ᠰᠡᠭᠦᠳᠡᠷᠯᠡᠬᠦ ᠮᠠᠰᠢᠨ ᠢ ᠤᠬᠰᠠᠷᠠᠪᠠ᠃ ᠬᠤᠰᠢᠭᠤ ᠲᠣᠭᠤᠷᠢᠭᠰᠠᠨ ᠣᠷᠣᠵᠤ ᠭᠠᠷᠬᠤ ᠭᠠᠵᠠᠷ ᠲᠤ ᠲᠡᠷᠭᠡ  ᠮᠠᠰᠢᠨ ᠢ ᠬᠠᠰᠢᠵᠤ ᠰᠡᠬᠦᠳᠡᠷᠯᠡᠬᠦ ᠨᠡᠩ ᠲᠣᠳᠣ  60 ᠢᠵᠢ  ᠰᠡᠬᠦᠳᠡᠷᠯᠡᠬᠦ ᠰᠢᠰᠲ᠋ᠧᠮ ᠢ  ᠤᠬᠰᠠᠷᠠᠪᠠ᠃ ᠰᠢᠤᠸᠠᠢ ᠵᠢᠶᠠ ᠸᠠᠨ ᠪᠠᠯᠭᠠᠰᠤ᠂  ᠱᠠᠬᠳᠠᠷ ᠪᠠᠯᠭᠠᠰᠤ᠂ ᠳ᠋ᠠ ᠯᠦ ᠰᠢᠨ᠎ᠡ ᠲᠣᠭᠤᠷᠢᠭ ᠤᠨ ᠭᠤᠣᠯ ᠪᠣᠯᠬᠤ ᠲᠣᠨᠣᠯᠵᠢᠨ ᠵᠠᠮ ᠤᠨ ᠠᠭᠤᠯᠵᠠᠷ ᠲᠤ 130 ᠪᠢᠴᠢᠯ  ᠬᠠᠰᠢᠵᠤ ᠰᠡᠬᠦᠳᠡᠷᠯᠡᠬᠦ ᠮᠠᠰᠢᠨ ᠤᠭᠰᠠᠷᠠᠪᠠ᠃      ︽ᠣᠶᠤᠨᠴᠢ ᠳᠣᠲᠣᠭᠠᠳᠤ ᠶᠢ ᠬᠠᠮᠠᠭᠠᠯᠠᠬᠤ︾  ᠪᠠᠶᠢᠭᠤᠯᠤᠯᠲᠠ ᠨᠢ ᠵᠡᠭᠦᠨᠭᠠᠷ ᠬᠤᠰᠢᠭᠤᠨ ᠤ ᠣᠶᠤᠨᠴᠢ ᠮᠡᠳᠡᠷᠡᠮᠵᠢ ᠦᠭᠡᠢ ᠬᠤᠭᠤᠰᠤᠨ ᠢ ᠨᠥᠬᠦᠪᠦᠷᠢᠯᠡᠵᠦ᠂  ᠸᠢᠳᠢᠤ᠋ ᠵᠢᠷᠤᠭ ᠳᠦᠷᠰᠦ ᠶᠢᠨ ᠪᠥᠬᠦ ᠴᠠᠭ ᠤᠨ ᠵᠠᠳᠠᠯᠤᠯᠲᠠ ᠶᠢᠨ           ︽ᠣᠶᠤᠨ ᠤ ᠮᠡᠳᠡᠷᠡᠮᠵᠢ︾ ᠶᠢᠨ ᠡᠮᠦᠨ᠎ᠡ ᠦᠵᠦᠭᠦᠷᠰᠢᠯ ᠢᠶᠠᠷ ᠳᠠᠮᠵᠢᠭᠤᠯᠤᠨ᠂ ᠸᠢᠳᠢᠤ᠋ ᠵᠢᠷᠤᠭ ᠳᠦᠷᠰᠦ ᠶᠢᠨ ᠲᠤᠭ᠎ᠠ ᠪᠠᠷᠢᠮᠲᠠ ᠶᠢ ︽ᠴᠤᠭᠯᠠᠭᠤᠯᠵᠤ︾ ᠪᠠᠶᠢᠭᠰᠠᠨ ᠠᠴᠠ ᠣᠯᠠᠨ ᠬᠡᠮᠵᠢᠯᠲᠦ ᠮᠡᠳᠡᠷᠡᠮᠵᠢ ᠶᠢᠨ ᠲᠤᠭ᠎ᠠ ᠪᠠᠷᠢᠮᠲᠠ ᠶᠢ ︽ᠪᠦᠷᠢᠨ ᠴᠤᠭᠯᠠᠭᠤᠯᠵᠤ︾ ᠴᠢᠳᠠᠭᠰᠠᠨ ᠪᠥᠭᠡᠳ ᠪᠣᠳᠠᠲᠤ ᠲᠡᠶᠢᠯᠠᠯᠳᠤᠭᠠᠨ ᠤ ᠬᠡᠷᠡᠭᠯᠡᠭᠡᠨ ᠤ ᠬᠡᠷᠡᠭᠴᠡᠭᠡ ᠲᠠᠢ ᠤᠶᠠᠯᠳᠤᠭᠤᠯᠤᠨ ᠠᠬᠤᠢ ᠲᠠᠯᠠᠪᠠᠶ ᠶᠢᠨ ᠴᠢᠨᠠᠷᠲᠠᠢ᠂ ᠰᠢᠨᠵᠢᠯᠡᠬᠦ ᠤᠬᠠᠭᠠᠨᠴᠢ  ᠪᠠᠶᠢᠷᠢᠯᠠᠭᠤᠯᠤᠯᠳᠠ ᠬᠢᠵᠤ᠂ ᠤᠯᠠᠮ  ᠰᠠᠶᠢᠳᠤᠷ ︽ᠴᠤᠭᠯᠠᠭᠤᠯᠵᠤ︾ ᠴᠢᠳᠠᠬᠤ ᠪᠤᠯᠤᠬᠰᠠᠨ ᠪᠠᠶᠢᠨ᠎ᠠ᠃ ᠣᠶᠤᠨᠴᠢᠯᠠᠭᠰᠠᠨ ᠬᠡᠷᠡᠭᠯᠡᠭᠡ ᠶᠢ ᠪᠡᠶᠡᠯᠡᠭᠦᠯᠵᠦ ᠂ ᠬᠥᠮᠥᠨ ᠤ ᠴᠢᠷᠠᠢ᠂ ᠬᠥᠮᠥᠨ ᠤ ᠪᠡᠶ᠎ᠡ᠂ ᠮᠠᠰᠢᠨ ᠲᠡᠷᠭᠡᠨ ᠤ ᠮᠡᠳᠡᠭᠡ ᠵᠠᠩᠭᠢ ᠶᠢᠨ ᠲᠣᠮᠣ ᠵᠢᠷᠤᠭ ᠵᠢᠵᠢᠭ ᠵᠢᠷᠤᠭ ᠢ ᠲᠥᠷᠥᠯ ᠬᠤᠪᠢᠶᠠᠨ ᠬᠥᠮᠥᠷᠭᠡ ᠳᠤ ᠣᠷᠣᠭᠤᠯᠬᠤ ᠶᠢᠨ ᠬᠠᠮᠲᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠢᠳᠢᠤ᠋ ᠭᠡᠷᠡᠯ ᠵᠢᠷᠤᠭ ᠤᠨ ᠬᠥᠮᠥᠷᠭᠡ ᠲᠠᠢ ᠬᠤᠯᠪᠣᠭ᠎ᠠ ᠪᠠᠶᠢᠭᠤᠯᠵᠤ᠂ ᠬᠡᠷᠡᠭᠯᠡᠭᠡᠨ ᠤ ᠵᠠᠳᠠᠯᠤᠯᠲᠠ ᠶᠢᠨ ᠮᠥᠷᠳᠡᠯ᠂ ᠡᠳᠡᠭᠡᠳ ᠤᠨ ᠵᠠᠳᠠᠯᠤᠯᠲᠠ᠂ ᠣᠨᠴᠠᠯᠢᠭ ᠤᠨ ᠬᠠᠷᠢᠴᠠᠭᠤᠯᠤᠯ᠂ ᠬᠤᠯᠪᠣᠭᠳᠠᠯ ᠤᠨ ᠴᠤᠭᠯᠠᠷᠠᠯ᠂ ᠵᠢᠷᠤᠭ ᠳᠦᠷᠰᠦ ᠶᠢᠨ ᠰᠢᠢᠳᠪᠦᠷᠢᠯᠡᠯᠲᠡ ᠵᠢᠴᠢ ᠵᠠᠳᠠᠯᠤᠯᠲᠠ ᠶᠢᠨ ᠬᠠᠮᠢᠶᠠᠷᠤᠯᠲᠠ ᠵᠡᠷᠭᠡ ᠴᠢᠳᠠᠮᠵᠢ   ᠳᠤ ᠳᠤᠬᠠᠢ ᠶᠢᠨ ᠴᠠᠭ ᠤᠨ ᠬᠠᠷᠢᠴᠠᠭᠤᠯᠤᠯ ᠬᠢᠵᠤ᠂ ᠸᠢᠳᠢᠤ᠋ ᠵᠢᠷᠤᠭ ᠳᠦᠷᠰᠦ ᠳᠠᠬᠢ ᠬᠦᠮᠤᠨ᠂ ᠲᠡᠷᠭᠡ  ᠮᠠᠰᠢᠨ᠂ ᠡᠳ᠋ ᠪᠣᠳᠠᠰ᠂ ᠬᠡᠷᠡᠭ ᠶᠠᠪᠤᠳᠠᠯ᠂ ᠲᠠᠯᠠᠪᠤᠷ ᠭᠠᠵᠠᠷ ᠵᠡᠷᠭᠡ ᠲᠤᠬᠠᠶᠢᠯᠠᠭᠰᠠᠨ ᠠᠵᠢᠯ ᠤᠨ ᠠᠩᠬᠠᠷᠬᠤ ᠡᠲᠡᠭᠡᠳ ᠤᠨ ᠲᠣᠭᠤᠷᠢᠨ ᠳᠤ᠂ ᠬᠡᠷᠡᠭ ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠤᠮᠳᠠ ᠰᠢᠢᠳᠪᠦᠷᠢᠯᠡᠬᠦ᠂ ᠬᠡᠷᠡᠭ ᠤᠨ ᠳᠠᠷᠠᠭ᠎ᠠ ᠰᠤᠳᠤᠯᠤᠨ ᠮᠠᠭᠠᠳᠯᠠᠬᠤ ᠬᠡᠷᠡᠭᠴᠡᠭᠡ ᠶᠢ ᠬᠠᠩᠭᠠᠵᠤ᠂ ᠲᠤᠰᠬᠠᠶᠢᠵᠢᠭᠰᠠᠨ᠂ ᠣᠶᠤᠨᠴᠢᠯᠠᠭᠰᠠᠨ ᠸᠢᠳᠢᠤ᠋ ᠵᠢᠷᠤᠭ ᠳᠦᠷᠰᠦ ᠶᠢᠨ ︽ᠣᠶᠤᠨᠴᠢ︾ ᠬᠡᠷᠡᠭᠯᠡᠭᠡ ᠶᠢ ᠪᠣᠶ ᠪᠣᠯᠭᠠᠵᠤ᠂ ᠸᠢᠳᠢᠤ᠋ ᠵᠢᠷᠤᠭ ᠳᠦᠷᠰᠦ ᠶᠢᠨ ᠮᠡᠷᠭᠡᠵᠢᠯ ᠤᠨ ᠠᠷᠭ᠎ᠠ ᠪᠠᠷᠢᠯ ᠢᠶᠠᠷ ᠡᠯ᠎ᠡ ᠵᠦᠢᠯ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠲᠤᠯᠭᠠᠭᠤᠷᠢᠯᠠᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭ ᠢ ᠲᠠᠩᠨᠠᠨ ᠰᠢᠢᠳᠪᠦᠷᠢᠯᠡᠬᠦ ᠳᠤ ᠨᠠᠩ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃       ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭᠠᠨ ᠤ ᠶᠠᠪᠤᠳᠠᠯ ᠢ ᠲᠤᠰᠠᠯᠠᠬᠤ ᠶᠡᠭᠡ ᠠᠩᠭᠢ ᠶᠢᠨ ᠳᠡᠳ᠋ ᠳᠠᠷᠤᠭ᠎ᠠ ᠪᠠᠢ ᠰᠢ ᠪᠢᠨ  ᠭᠡᠯᠡᠬᠦ ᠳᠡᠭᠡᠨ᠂ ᠵᠡᠭᠦᠨᠭᠠᠷ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠸᠢᠳᠢᠤ᠋ ᠣᠶᠤᠨᠴᠢᠯᠠᠭᠰᠠᠨ ᠵᠢᠷᠤᠭ ᠳᠦᠷᠰᠦ ᠶᠢᠨ ᠰᠢᠰᠲ᠋ᠧᠮ ᠤᠨ ᠪᠠᠶᠢᠭᠤᠯᠤᠯᠲᠠ ᠶᠢ2021 ᠣᠨ ᠤ 9 ᠰᠠᠷ᠎ᠠ᠂ 10 ᠰᠠᠷ᠎ᠠ ᠳᠤ ᠵᠢᠩᠬᠢᠨᠢ ᠪᠠᠷ ᠬᠡᠷᠡᠭᠵᠢᠭᠦᠯᠪᠠ᠃ ᠣᠳᠣᠬᠠᠨ ᠳᠤ᠂ ᠡᠮᠦᠨᠡᠬᠢ ᠬᠤᠭᠤᠴᠠᠭᠠᠨ ᠤ ᠰᠠᠭᠤᠷᠢ ᠠᠵᠢᠯ ᠪᠠ ᠲᠣᠨᠤᠭ ᠲᠥᠬᠦᠭᠡᠷᠦᠮᠵᠢ ᠶᠢ ᠤᠭᠰᠠᠷᠠᠵᠤ ᠲᠤᠷᠰᠢᠨ ᠲᠣᠬᠢᠷᠠᠭᠤᠯᠬᠤ ᠠᠵᠢᠯ ᠶᠠᠭ ᠶᠠᠪᠤᠭᠳᠠᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 6 ᠰᠠᠷ᠎ᠠ ᠳᠤ ᠲᠤᠷᠰᠢᠨ ᠠᠵᠢᠯᠯᠠᠭᠤᠯᠬᠤ ᠪᠣᠯᠣᠨ᠎ᠠ᠃ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠨᠢ ᠲᠤᠰ ᠬᠤᠰᠢᠭᠤᠨ ᠤ ᠣᠶᠤᠨᠴᠢᠯᠠᠭᠰᠠᠨ ᠵᠢᠷᠤᠭ ᠳᠦᠷᠰᠦ ᠶᠢᠨ ᠬᠤᠭᠤᠰᠤᠨ ᠢ ᠨᠥᠬᠦᠪᠦᠷᠢᠯᠡᠵᠦ᠂ ᠬᠤᠶᠢᠰᠢᠳᠠ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ᠂ ᠤᠯᠠᠨ ᠲᠦᠮᠡᠨ ᠳᠤ ᠦᠢᠯᠡᠴᠢᠯᠡᠬᠦ᠂ ᠬᠡᠷᠡᠭ ᠢ ᠲᠠᠩᠨᠠᠨ ᠰᠢᠢᠳᠪᠦᠷᠢᠯᠡᠬᠦ ᠳᠤ ᠬᠦᠴᠦᠲᠡᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ᠃ ᠲᠠᠷᠠᠭᠠᠴᠢ ᠶᠢᠨ ᠠᠯᠬᠤᠮ ᠳᠤ᠂ ᠪᠠᠰᠠ ᠲᠣᠰ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠲᠠᠢ ᠬᠠᠮᠲᠤ ᠪᠠᠷ ︽ᠰᠢᠤᠸᠠᠢ ᠯᠢᠶᠠᠩ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠤᠶᠤᠨᠴᠢ ᠳᠣᠲᠣᠭᠠᠳᠤ ᠶᠢ ᠬᠠᠮᠠᠭᠠᠯᠠᠬᠤ ᠸᠢᠳᠢᠤ᠋  ᠣᠶᠤᠨᠴᠢᠯᠠᠭᠰᠠᠨ ᠬᠡᠷᠡᠭᠯᠡᠯᠲᠡ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠪᠣᠳᠠᠲᠠᠶᠢᠵᠢᠭᠤᠯᠤᠨ᠎ᠠ ᠭᠡᠬᠦ ᠶᠤᠮ᠃
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠭᠠᠷᠠᠭ ᠤᠨ ᠭᠡᠪᠯᠡᠯ ︵ᠬᠢᠳᠠᠳ ᠭᠡᠪᠯᠡᠯ︶ 2022 ᠤᠨ ᠤ 3 ᠰᠠᠷ᠎ᠠ ᠶᠢᠨ 26  ᠤ 1 ᠨᠢᠭᠤᠷ