ᠵᠡᠭᠦᠨᠭᠠᠷ ᠬᠤᠰᠢᠭᠤ ᠤᠶᠤᠨᠴᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠣᠶᠤᠨᠴᠢᠯᠠᠯᠳᠠ  ᠪᠠᠷ ᠬᠤᠳᠠ ᠶᠢᠨ ᠬᠠᠮᠢᠶᠠᠷᠤᠯᠲᠠ ᠳᠤ ᠴᠢᠳᠠᠪᠤᠷᠢ ᠣᠯᠭᠤᠵᠤ᠂ ᠲᠣᠮᠣ ᠳ᠋ᠠᠶᠢᠲ᠋ᠠ ᠪᠠᠷ ᠬᠤᠳᠠ ᠶᠢᠨ ᠠᠷᠠᠳ ᠤᠨ ᠠᠮᠢᠳᠤᠷᠠᠯ ᠳᠤ ᠥᠩᠭᠡ ᠭᠡᠷᠡᠯ ᠨᠡᠮᠡᠷᠢᠯᠡᠨ᠎ᠠ
ᠨᠡᠶᠢᠲᠡᠯᠡᠭᠰᠡᠨ ᠴᠠᠭ᠄
2022/4/8
     ᠲᠡᠷᠢᠭᠦᠨ ᠵᠡᠷᠭᠡ ᠶᠢᠨ ᠬᠤᠳᠠ ᠳᠤ ᠲᠡᠷᠢᠭᠦᠨ ᠵᠡᠷᠭᠡ ᠶᠢᠨ ᠵᠠᠰᠠᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠳᠡᠭᠡᠷ᠎ᠡ ᠬᠦᠴᠦ ᠲᠠᠯᠪᠢᠬᠤ ᠶᠢ ᠴᠢᠬᠤᠯᠠᠴᠢᠯᠠᠬᠤ ᠬᠡᠷᠡᠭᠲᠡᠢ ᠪᠠᠶᠢᠳᠠᠭ᠃ ᠵᠡᠭᠦᠨᠭᠠᠷ  ᠬᠤᠰᠢᠭᠤ ᠬᠤᠲᠠ ᠶᠢᠨ ᠴᠢᠨᠠᠷᠵᠢᠯ  ᠤᠨ ᠳᠡᠰ ᠳᠡᠪᠰᠢᠬᠦ ᠶᠢ ᠲᠦᠷᠭᠡᠳᠬᠡᠬᠦ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠ ᠰᠠᠭᠤᠭᠠᠯᠢ ᠠᠷᠠᠳ ᠤᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ  ᠠᠬᠢᠭᠤᠯᠵᠤ ᠪᠠᠶᠢᠨ᠎ᠠ᠃     ᠲᠤᠭ᠎ᠠ ᠪᠠᠷᠢᠮᠳᠠ ᠨᠢ ᠬᠤᠳᠠ ᠳᠤ ᠬᠥᠭᠵᠢᠯᠲᠡ  ᠶᠢᠨ ᠬᠥᠳᠡᠯᠭᠡᠭᠦ ᠬᠦᠴᠦᠨ ᠢ ᠬᠠᠩᠭᠠᠳᠠᠭ︔ ᠬᠤᠲᠠ ᠨᠢ ᠲᠤᠭ᠎ᠠ ᠪᠠᠷᠢᠮᠲᠠ ᠳᠤ ᠬᠡᠷᠡᠭᠯᠡᠭᠡᠨ ᠤ ᠦᠵᠡᠭᠳᠡᠯ ᠢ ᠡᠭᠦᠳᠴᠦ ᠥᠭᠲᠡᠭ᠃ ᠵᠡᠭᠦᠨᠭᠠᠷ  ᠬᠤᠰᠢᠭᠤ ︽ᠣᠶᠤᠨᠴᠢ ᠴᠡᠴᠡᠷᠯᠢᠭ︾ ᠪᠠᠶᠢᠭᠤᠯᠵᠤ᠂ ︽ᠣᠶᠤᠨᠴᠢ ᠬᠤᠲᠠ ᠶᠢᠨ ᠬᠠᠮᠢᠶᠠᠷᠤᠯᠲᠠ︾ ᠶᠢ ᠠᠬᠢᠭᠤᠯᠤᠨ᠂ ︽ᠣᠶᠤᠨᠴᠢ ᠳᠣᠲᠣᠭᠠᠳᠤ ᠶᠢ ᠬᠠᠮᠠᠭᠠᠯᠠᠬᠤ︾ ᠶᠢ ᠪᠠᠶᠢᠭᠤᠯᠵᠤ᠂ ︽ᠣᠶᠤᠨᠴᠢ ᠵᠠᠮ ᠬᠠᠷᠢᠯᠴᠠᠭ᠎ᠠ︾ ᠶᠢ ᠴᠣᠭᠴᠠᠯᠠᠨ ᠪᠠᠶᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠂ ᠲᠣᠭᠠᠴᠢᠯᠠᠭᠰᠠᠨ ᠠᠵᠤ ᠠᠬᠤᠢ ᠪᠠᠷ ᠨᠠᠩ ᠶᠡᠭᠡ ᠡᠨᠧᠷᠭᠢ ᠭᠠᠷᠭᠠᠯᠭᠠᠵᠤ᠂ ᠪᠥᠬᠦ ᠲᠠᠯ᠎ᠠ ᠪᠠᠷ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠵᠤ ᠪᠠᠶᠢᠨ᠎ᠠ᠃      ︽ᠣᠶᠤᠨᠴᠢ ᠵᠠᠮ ᠬᠠᠷᠢᠯᠴᠠᠭ᠎ᠠ︾ ᠨᠢ ᠭᠠᠳᠠᠭᠰᠢ  ᠳᠤᠳᠤᠬᠰᠢ ᠶᠠᠪᠤᠬᠤ  ᠶᠢ ᠨᠠᠩ ᠲᠥᠬᠦᠮ ᠪᠣᠯᠭᠠᠪᠠ      2021 ᠣᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ  ᠦᠭᠴᠤ ᠪᠠᠳᠤᠯᠠᠬᠤ ᠳᠦᠷᠢᠮᠲᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠤᠯᠬᠤ ᠰᠢᠤᠸᠠᠢ ᠵᠢᠶᠠ ᠸᠠᠨ ᠤ ᠬᠤᠳᠠ ᠶᠢᠨ ᠶᠠᠪᠤᠳᠠᠯ ᠤᠨ ᠲᠣᠭᠤᠷᠢᠭ ᠤᠨ ᠤᠶᠤᠨᠴᠢ ᠵᠠᠮ ᠬᠠᠷᠢᠯᠴᠠᠭᠠᠨ ᠤ ᠲᠦᠷᠦᠯ ᠵᠦᠢᠯ ᠢ ᠭᠡᠷᠡᠭᠵᠢᠬᠦᠯᠬᠦ ᠪᠠᠷ ᠪᠠᠲᠤᠯᠠᠭᠰᠠᠨ ᠪᠥᠭᠡᠳ ᠠᠯᠬᠤᠮ ᠠᠯᠬᠤᠮ ᠢᠶᠠᠷ ᠠᠬᠢᠭᠤᠯᠵᠤ᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠬᠤᠳᠠ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠵᠢᠷᠤᠭ ᠳᠦᠯᠦᠪᠯᠡᠭᠡ ᠠᠯᠬᠤᠮ ᠠᠯᠬᠤᠮ ᠢᠶᠠᠷ ᠶᠠᠪᠤᠬᠳᠠᠵᠠᠢ᠃      ︽ᠣᠶᠤᠨᠴᠢ ᠵᠠᠮ ᠬᠠᠷᠢᠯᠴᠠᠭ᠎ᠠ︾ ᠶᠢᠨ ᠪᠦᠲᠦᠭᠡᠨ ᠪᠠᠶᠢᠭᠤᠯᠤᠯᠲᠠ ᠨᠢ ᠵᠡᠭᠦᠨᠭᠠᠷ ᠬᠤᠰᠢᠭᠤᠨ ᠤ ᠬᠤᠲᠠ ᠶᠢᠨ ᠵᠠᠮ ᠤᠨ ᠣᠶᠤᠨᠴᠢ ᠵᠠᠮ ᠬᠠᠷᠢᠯᠴᠠᠭᠠᠨ ᠤ ᠶᠡᠷᠦᠩᠬᠡᠢ ᠪᠣᠷᠣ ᠲᠥᠯᠥᠪ ᠢ ᠪᠦᠷᠢᠯᠳᠦᠬᠦᠯᠤᠨ᠂ ᠣᠶᠤᠨᠴᠢ ᠵᠠᠮ ᠬᠠᠷᠢᠯᠴᠠᠭᠠᠨ ᠤ ᠬᠤᠪᠢᠶᠠᠷᠢ ᠰᠢᠰᠲ᠋ᠧᠮ ᠢ ᠲᠡᠭᠦᠯᠳᠡᠷᠵᠢᠭᠦᠯᠦᠨ ᠪᠠᠶᠢᠭᠤᠯᠵᠤ᠂ ᠣᠶᠤᠨᠴᠢ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ᠂ ᠵᠠᠮ ᠬᠠᠷᠢᠯᠴᠠᠭᠠᠨ ᠤ ᠳᠣᠬᠢᠶ᠎ᠠ ᠶᠢ ᠡᠵᠡᠮᠳᠡᠬᠦ᠂ ᠲᠡᠭᠡᠭᠡᠪᠦᠷᠢᠯᠡᠨ ᠪᠠᠲᠤᠯᠠᠬᠤ ᠭᠤᠷᠪᠠᠨ ᠶᠡᠭᠡ ᠲᠠᠪᠴᠠᠩ ᠢ ᠪᠠᠶᠢᠭᠤᠯᠵᠤ᠂ ᠬᠤᠲᠠ ᠶᠢᠨ ᠲᠣᠭᠤᠷᠢᠭ ᠢ ᠪᠦᠷᠬᠦᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠪᠠ ᠵᠢᠯᠤᠭᠤᠳᠬᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠭᠠᠳᠠᠭᠰᠢ ᠭᠠᠷᠤᠭᠰᠠᠳ ᠲᠤ ᠬᠠᠨᠳᠤᠭᠤᠯᠤᠭᠰᠠᠨ ᠬᠥᠳᠡᠯᠦᠩᠭᠦᠢ ᠵᠠᠮ ᠬᠠᠷᠢᠯᠴᠠᠭᠠᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠬᠤᠲᠠ ᠶᠢᠨ ᠪᠦᠬᠦᠶᠢᠯᠡ ᠵᠠᠮ ᠬᠠᠷᠢᠯᠴᠠᠭᠠᠨ ᠤ ᠠᠵᠢᠯᠯᠠᠭᠠᠨ ᠤ ᠦᠷ᠎ᠡ ᠪᠦᠲᠦᠮᠵᠢ ᠪᠠ ᠬᠠᠮᠢᠶᠠᠷᠤᠨ ᠡᠵᠡᠮᠳᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠪᠦᠲᠦᠮᠵᠢᠲᠡᠶ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠬᠥᠮᠥᠨ ᠬᠠᠷ᠎ᠠ᠂ ᠲᠡᠷᠭᠡ ᠮᠠᠰᠢᠨ᠂ ᠵᠠᠮ ᠤᠨ ᠡᠶ᠎ᠡ ᠵᠣᠬᠢᠴᠠᠯ ᠲᠠᠢ ᠪᠠᠷ ᠠᠵᠢᠯᠯᠠᠬᠤ ᠶᠢ ᠪᠡᠶᠡᠯᠡᠭᠦᠯᠵᠦ᠂  ᠵᠡᠬᠦᠠᠭᠠᠷ ᠬᠤᠰᠢᠭᠤᠨ ᠤ ᠵᠠᠮ ᠬᠠᠷᠢᠯᠴᠠᠭᠠᠨ ᠤ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃       ᠵᠠᠮ ᠬᠠᠷᠢᠯᠴᠠᠭᠠᠨ ᠤ ᠳᠤᠬᠢᠶᠠᠨ ᠮᠠᠰᠢᠨ᠂ ᠮᠠᠰᠢᠨᠲᠤ ᠲᠡᠷᠭᠡᠨ ᠤ ᠳ᠋ᠧᠩ ᠳᠦᠬᠦᠷᠡᠩ ᠳᠡᠯᠭᠡᠴᠡ ᠶᠢᠨ ᠳ᠋ᠧᠩ᠂  ᠳᠤᠬᠳᠠᠮᠠᠯ ᠬᠡᠯᠪᠡᠷᠢ ᠶᠢᠨ ᠮᠠᠰᠢᠨᠲᠤ ᠲᠡᠷᠭᠡᠨ ᠤ ᠳ᠋ᠧᠩ ᠳᠦᠭᠦᠷᠡᠩ ᠳᠡᠯᠭᠡᠴᠡ  ᠶᠢᠨ ᠳ᠋ᠧᠩ᠂ ᠮᠠᠰᠢᠨᠲᠤ ᠲᠡᠷᠭᠡᠨ ᠤ ᠳ᠋ᠧᠩ ᠰᠤᠮᠤᠨ ᠦᠵᠦᠭᠦᠷ ᠤᠨ ᠳ᠋ᠧᠩ᠂ ᠳᠤᠬᠳᠠᠮᠠᠯ ᠬᠡᠯᠪᠡᠷᠢ  ᠶᠢᠨ ᠮᠠᠰᠢᠨᠲᠤ ᠲᠡᠷᠭᠡᠨ ᠤ ᠳ᠋ᠧᠩ ᠰᠤᠮᠤᠨ ᠦᠵᠦᠭᠦᠷ ᠤᠨ ᠳ᠋ᠧᠩ᠂ ᠮᠠᠰᠢᠨᠲᠤ ᠲᠡᠷᠭᠡᠨ ᠤ ᠲᠣᠩᠭᠤᠷᠤᠤ ᠲᠣᠭᠠᠯᠠᠭᠤᠷ᠂ ᠶᠠᠪᠠᠭᠠᠨ ᠬᠥᠮᠥᠨ ᠤ ᠳ᠋ᠧᠩ ᠵᠡᠷᠭᠡ ᠣᠶᠤᠨᠴᠢ ᠵᠠᠮ ᠬᠠᠷᠢᠯᠴᠠᠭᠠᠨ ᠤ ᠵᠠᠮ ᠤᠨ ᠠᠭᠤᠯᠵᠠᠷ ᠢ ᠪᠦᠲᠦᠭᠡᠨ ᠪᠠᠶᠢᠭᠤᠯᠵᠤ ᠬᠡᠷᠡᠭᠵᠢᠭᠦᠯᠵᠤ᠂ ᠵᠠᠮ ᠬᠠᠷᠢᠯᠴᠠᠭᠠᠨ ᠤ ᠬᠥᠲᠥᠯᠥᠨ ᠵᠢᠯᠤᠭᠤᠳᠬᠤ ᠶᠢ ᠨᠡᠶᠢᠲᠡᠯᠡᠬᠦ ᠰᠢᠰᠲ᠋ᠧᠮ᠂ ᠳᠣᠬᠢᠶ᠎ᠠ ᠶᠢᠨ ᠡᠵᠡᠮᠳᠡᠯ ᠦᠭᠡᠢ ᠪᠠᠷ ᠵᠠᠮ ᠤᠨ ᠠᠭᠤᠯᠵᠠᠷ ᠤᠨ ᠶᠠᠪᠠᠭᠠᠨ ᠬᠥᠮᠥᠨ ᠤ ᠤᠷᠢᠳᠴᠢᠯᠠᠨ ᠰᠡᠷᠡᠮᠵᠢᠯᠡᠭᠦᠯᠬᠦ ᠬᠤᠪᠢᠶᠠᠷᠢ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠷᠠᠳᠠᠷ ᠤᠨ ᠪᠢᠴᠢᠯ ᠳᠣᠯᠭᠢᠶᠠᠨ ᠤ ᠪᠠᠶᠢᠴᠠᠭᠠᠭᠤᠷ᠂ ᠡᠯᠧᠺᠲᠷᠣᠨ ᠴᠠᠭᠳᠠᠭ᠎ᠠ ᠵᠢᠴᠢ LED ᠳᠡᠯᠭᠡᠴᠡ᠂ ᠣᠯᠠᠨ ᠴᠢᠳᠠᠪᠤᠷᠢᠲᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ᠂ ᠦᠵᠡᠭᠳᠡᠮᠡᠯ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ᠂ ᠲᠠᠭᠤᠨ ᠳᠠᠪᠲᠠᠮᠵᠢ ᠶᠢᠨ ᠰᠢᠰᠲ᠋ᠧᠮ᠂ ᠬᠠᠷᠠᠭᠠᠨ ᠳᠠᠪᠲᠠᠮᠵᠢ ᠶᠢᠨ ᠬᠤᠷᠠᠯ ᠤᠨ ᠰᠢᠰᠲ᠋ᠧᠮ ᠢ ᠪᠠᠶᠢᠭᠤᠯᠵᠤ᠂  ᠦᠨᠳᠤᠰᠤᠨ ᠣᠷᠴᠢᠨ ᠲᠣᠭᠤᠷᠢᠨ ᠤ ᠰᠢᠰᠲ᠋ᠧᠮ᠂ ᠶᠡᠭᠡ ᠪᠠᠭ᠎ᠠ ᠳᠡᠯᠭᠡᠴᠡ᠂ ᠲᠤᠯᠭᠠᠭᠤᠷᠢᠯᠠᠬᠤ ᠲᠠᠪᠴᠠᠩ᠂ ᠭᠤᠣᠯ ᠬᠥᠮᠥᠷᠭᠡ᠂ ᠶᠡᠷᠦᠩᠬᠡᠢ ᠪᠠᠶᠢᠳᠠᠯ  ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠡᠵᠡᠩᠨᠡᠯᠲᠡ ᠶᠢᠨ ᠵᠢᠯᠤᠭᠤᠳᠬᠤ ᠲᠥᠪ ᠲᠤ ᠰᠠᠭᠤᠷᠢᠯᠠᠨ᠂ ᠬᠤᠳᠠ ᠶᠢᠨ ᠡᠯ᠎ᠡ ᠬᠦᠷᠢᠶᠡᠨ ᠤ ᠠᠵᠢᠯᠯᠠᠭᠠᠨ ᠤ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠲᠥᠪᠯᠡᠷᠡᠭᠦᠯᠦᠨ ᠨᠡᠶᠢᠳᠬᠡᠵᠦ᠂ ᠬᠤᠳᠠ ᠶᠢᠨ ᠪᠠᠶᠢᠳᠠᠯ ᠢ ᠰᠡᠷᠡᠵᠦ ᠮᠡᠳᠡᠬᠦ ᠴᠢᠳᠠᠪᠤᠷᠢ ᠶᠢ ᠪᠦᠷᠢᠯᠳᠦᠭᠦᠯᠵᠦ᠂ ᠵᠠᠮ ᠬᠠᠷᠢᠯᠴᠠᠭᠠᠨ ᠤ ᠠᠵᠢᠯᠯᠠᠭᠠᠨ ᠤ ᠬᠦᠷᠢᠶᠡᠨ ᠤ  ᠪᠠᠶᠢᠳᠠᠯ ᠳᠤ ᠴᠠᠭ ᠲᠤᠬᠠᠢ ᠳᠤᠨᠢ ᠵᠠᠳᠠᠯᠤᠯᠲᠠ ᠬᠢᠬᠦ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠳᠣᠲᠣᠭᠠᠳᠤ ᠬᠤᠯᠪᠣᠭ᠎ᠠ ᠶᠢ ᠵᠠᠳᠠᠯᠬᠤ ᠪᠠᠷ ᠳᠠᠮᠵᠢᠭᠤᠯᠤᠨ᠂ ᠬᠤᠳᠠ ᠶᠢᠨ ᠠᠵᠢᠯᠯᠠᠭᠠᠨ ᠤ ᠵᠠᠩᠭᠢᠯᠠᠭ᠎ᠠ ᠶᠢᠨ  ᠪᠠᠶᠢᠳᠠᠯ ᠤᠨ ᠭᠦᠢᠴᠡᠳᠬᠡᠬᠦ ᠲᠤᠭ᠎ᠠ ᠶᠢᠨ︽ᠨᠢᠭᠡ ᠵᠢᠷᠤᠭ ᠢᠶᠠᠷ ᠪᠥᠬᠦ ᠲᠠᠯ᠎ᠠ  ᠶᠢ ᠰᠡᠷᠡᠵᠦ ᠮᠡᠳᠡᠬᠦ︾ ᠂ ︽ᠨᠢᠭᠡ ᠲᠣᠪᠴᠢ ᠪᠠᠷ ᠪᠥᠬᠦ ᠲᠠᠯ᠎ᠠ ᠶᠢ ᠮᠡᠳᠡᠵᠦ ᠪᠣᠯᠬᠤ︾᠂ ︽ᠨᠢᠭᠡ ᠴᠣᠭᠴᠠᠵᠢᠭᠤᠯᠤᠨ ᠠᠵᠢᠯᠯᠠᠭᠤᠯᠵᠤ ᠬᠠᠮᠲᠤᠷᠠᠨ ᠬᠥᠳᠡᠯᠦᠯᠴᠡᠬᠦ︾ ᠪᠠᠷ ᠬᠠᠷᠠᠯᠲᠠ ᠪᠣᠯᠭᠠᠵᠤ᠂ ᠬᠤᠲᠠ ᠶᠢᠨ ᠠᠵᠢᠯᠯᠠᠭᠠᠨ ᠤ ᠪᠠᠶᠢᠳᠠᠯ ᠢ ᠪᠥᠬᠦ ᠲᠠᠯ᠎ᠠ ᠪᠠᠷ ᠰᠡᠷᠡᠵᠦ ᠮᠡᠳᠡᠬᠦ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠠᠵᠢᠯᠯᠠᠭᠠᠨ ᠤ ᠳᠠᠯᠳᠠ ᠬᠡᠮ ᠵᠢᠴᠢ ᠲᠦᠭᠰᠢᠭᠦᠷᠢ ᠶᠢ ᠴᠠᠭ ᠲᠤᠬᠠᠢ ᠳᠤᠨᠢ ᠨᠡᠪᠲᠡ ᠠᠵᠢᠭᠯᠠᠨ᠂ ᠵᠠᠮ ᠬᠠᠷᠢᠯᠴᠠᠭᠠᠨ ᠤ ᠲᠦᠭᠵᠢᠷᠡᠯ ᠢ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠤ ᠪᠠᠶᠢᠨ᠎ᠠ᠃       ᠣᠶᠤᠨᠴᠢ ᠬᠤᠳᠠ ᠶᠢ ᠪᠠᠶᠢᠭᠤᠯᠵᠤ᠂ ᠬᠤᠳᠠ ᠶᠢᠨ ᠴᠢᠳᠠᠪᠤᠷᠢ ᠶᠢᠨ ᠲᠡᠰ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯ ᠨᠢᠭᠡᠨ ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ ᠴᠢᠨᠠᠷᠲᠠᠢ ᠢᠨᠵᠧᠨᠧᠷᠢᠩ ᠪᠣᠯᠣᠨ᠎ᠠ᠃ ᠣᠶᠢᠷ᠎ᠠ ᠶᠢᠨ ᠵᠢᠯ ᠠᠴᠠ ᠨᠠᠭᠠᠰᠢ᠂  ᠤᠯᠠᠨ ᠠᠷᠪᠢᠨ ᠬᠤᠳᠠ ᠶᠢᠨ ᠬᠢᠨ ᠡᠯ᠎ᠡ ᠲᠦᠷᠦᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠯ᠎ᠡ  ᠳᠦᠷᠤᠯ ᠤᠨ ᠳᠡᠭᠡᠳᠦ ᠰᠢᠨ᠎ᠡ ᠮᠡᠷᠭᠡᠵᠢᠯ ᠢ ᠠᠭᠤᠰᠤᠯᠴᠠᠭᠤᠯᠬᠤ᠂ ᠪᠦᠬᠦ ᠠᠷᠠᠳ ᠤᠨ ᠣᠷᠤᠯᠴᠠᠬᠤ ᠶᠢ ᠳᠠᠶᠢᠴᠢᠯᠠᠬᠤ ᠵᠡᠷᠭᠡ ᠠᠷᠭ᠎ᠠ ᠬᠡᠯᠪᠡᠷᠢ ᠪᠠᠷ ᠬᠠᠮᠢᠶᠠᠷᠤᠯᠲᠠ ᠶᠢᠨ ᠬᠡᠯᠪᠡᠷᠢ ᠠᠴᠠ ᠦᠢᠯᠡᠴᠢᠯᠡᠭᠡᠨ ᠤ ᠬᠡᠯᠪᠡᠷᠢ ᠳᠡᠶᠢᠰᠢ ᠬᠤᠪᠢᠷᠠᠵᠤ᠂ ᠣᠶᠤᠨᠴᠢ ᠬᠤᠳᠠ ᠶᠢ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠃ ᠵᠡᠭᠦᠨᠭᠠᠷ ᠬᠤᠰᠢᠭᠤ ᠴᠤ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ  ᠪᠠᠷ᠂ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠡᠪᠳᠡᠬᠦ ᠳᠤ᠂ ᠵᠡᠭᠦᠨᠭᠠᠷ ᠬᠤᠰᠢᠭᠤᠨ ᠤ ᠲᠣᠮᠣ  ᠳ᠋ᠠᠶᠢᠲ᠋ᠠ ᠶᠢᠨ ᠲᠥᠪ ᠤᠨ ᠡᠷᠬᠢᠯᠡᠭᠴᠢ ᠹᠠᠨ ᠴᠦᠨ ᠬᠤᠶ᠄ ︽ᠣᠳᠣᠬᠠᠨ ᠳᠤ᠂ ᠪᠢᠳᠡ ᠶᠠᠭ ︿ᠲᠣᠭᠠᠴᠢᠯᠠᠭᠰᠠᠨ ᠵᠡᠭᠦᠨᠭᠠᠷ﹀ ᠤᠨ ᠲᠥᠷᠥᠯ ᠵᠦᠢᠯ ᠢ ᠪᠥᠬᠦ ᠬᠦᠴᠦᠨ ᠢᠶᠠᠷ ᠠᠬᠢᠭᠤᠯᠵᠤ ᠪᠠᠶᠢᠨ᠎ᠠ ᠂ ᠲᠣᠰ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︿  ᠰᠢᠤᠸᠠᠢ ᠯᠢᠶᠠᠩ ᠢᠨᠵᠧᠨᠧᠷᠢᠩ﹀ ᠢᠶᠠᠷ ᠰᠠᠭᠤᠷᠢ ᠪᠣᠯᠭᠠᠵᠤ᠂ ᠣᠶᠤᠨᠴᠢ ᠶᠡᠷᠦᠩᠬᠡᠶᠢᠯᠡᠭᠰᠡᠨ ᠵᠠᠰᠠᠯᠲᠠ᠂ ᠣᠶᠤᠨᠴᠢ ᠵᠠᠮ ᠬᠠᠷᠢᠯᠴᠠᠭ᠎ᠠ ᠪᠠ ᠣᠶᠤᠨᠴᠢ ᠬᠤᠲᠠ ᠶᠢᠨ ᠬᠠᠮᠢᠶᠠᠷᠤᠯᠲᠠ ᠵᠡᠷᠭᠡ  ᠬᠡᠷᠡᠭᠯᠡᠭᠡᠨ ᠤ ᠭᠦᠨᠵᠡᠭᠡᠶᠢᠷᠡᠨ ᠥᠷᠭᠡᠳᠬᠦ ᠶᠢ ᠭᠤᠣᠯᠳᠠᠯᠭ᠎ᠠ ᠲᠠᠢ ᠠᠬᠢᠭᠤᠯᠵᠤ ᠪᠠᠶᠢᠨ᠎ᠠ᠃ ᠲᠣᠮᠣ ᠳ᠋ᠠᠶᠢᠲ᠋ᠠ᠂ ᠪᠤᠳᠠᠰ ᠤᠨ ᠬᠦᠢᠯᠭᠡᠭᠡᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠶᠡᠷᠦᠩᠬᠡᠶᠢᠯᠡᠨ ᠬᠡᠷᠡᠭᠯᠡᠬᠦ ᠪᠠᠷ ᠳᠠᠮᠵᠢᠭᠤᠯᠤᠨ᠂ ᠣᠯᠠᠨ ᠨᠡᠶᠢᠲᠡ ᠶᠢᠨ ᠠᠮᠤᠷ ᠲᠦᠪᠰᠢᠨ ᠤ ᠸᠢᠳᠢᠤ᠋ ᠪᠠᠷ ᠬᠢᠨᠠᠨ ᠡᠵᠡᠮᠳᠡᠬᠦ ᠰᠦᠯᠵᠢᠶ᠎ᠡ ᠳᠤ ᠲᠦᠰᠢᠭᠯᠡᠨ  ᠸᠢᠳᠢᠤ᠋ ᠵᠢᠷᠤᠭ ᠳᠦᠷᠰᠦ ᠶᠢᠨ ᠲᠤᠭ᠎ᠠ ᠪᠠᠷᠢᠮᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠤᠲᠠ ᠶᠢᠨ ᠠᠵᠢᠯᠯᠠᠭᠠᠨ ᠤ ᠪᠥᠬᠦ ᠲᠠᠯ᠎ᠠ ᠶᠢᠨ ᠬᠢᠨᠠᠨ ᠬᠡᠮᠵᠢᠯᠲᠡ ᠪᠠ ᠵᠠᠳᠠᠯᠤᠯᠲᠠ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠵᠤ᠂ ᠨᠡᠶᠢᠭᠡᠮ ᠤᠨ ᠵᠠᠰᠠᠯᠲᠠ᠂ ᠬᠤᠲᠠ ᠶᠢᠨ ᠬᠠᠮᠢᠶᠠᠷᠤᠯᠲᠠ ᠪᠠ ᠣᠯᠠᠨ ᠨᠡᠶᠢᠲᠡ ᠶᠢᠨ ᠶᠠᠪᠤᠵᠤ ᠰᠠᠭᠤᠬᠤ ᠵᠡᠷᠭᠡ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠭ᠎ᠠ ᠡᠮᠤᠨ᠎ᠠ ᠦᠵᠦᠬᠦᠷᠰᠢᠯ ᠤᠨ ᠲᠥᠬᠦᠭᠡᠷᠦᠮᠵᠢ ᠬᠠᠭᠤᠴᠢᠷᠠᠬᠤ᠂ ᠮᠡᠳᠡᠭᠡ ᠵᠠᠩᠭᠢ ᠭᠠᠭᠴᠠᠭᠠᠷᠳᠠᠬᠤ᠂ ᠲᠤᠭ᠎ᠠ ᠪᠠᠷᠢᠮᠲᠠ ᠨᠢᠭᠡᠳᠦᠯ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠬᠡᠯᠪᠡᠷᠢ ᠶᠢᠨ ᠣᠶᠤᠨᠴᠢ ᠬᠤᠲᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠮᠡᠷᠭᠡᠵᠢᠯ ᠢᠶᠠᠷ ᠬᠤᠲᠠ ᠶᠢᠨ ᠬᠥᠭᠵᠢᠯᠲᠡ ᠶᠢ ᠪᠥᠬᠦ ᠲᠠᠯ᠎ᠠ ᠪᠠᠷ  ᠠᠬᠢᠭᠤᠯᠤᠨ᠎ᠠ︾  ᠭᠡᠬᠦ ᠶᠤᠮ᠃       ᠬᠤᠳᠠ ᠶᠢᠨ ᠬᠠᠮᠢᠶᠠᠷᠤᠯᠲᠠ ᠳᠤ ︽ᠣᠶᠤᠨᠴᠢ ᠲᠠᠷᠢᠬᠢ︾ ᠶᠢ ᠤᠭᠰᠠᠷᠠᠵᠤ᠂ ᠣᠶᠤᠨᠴᠢᠯᠠᠬᠤ ᠪᠠᠷ ᠬᠤᠳᠠ ᠶᠢᠨ ᠬᠠᠮᠢᠶᠠᠷᠤᠯᠲᠠ ᠳᠤ ᠴᠢᠳᠠᠪᠤᠷᠢ ᠣᠯᠭᠤᠨ᠂ ᠲᠣᠮᠣ ᠳ᠋ᠠᠶᠢᠲ᠋ᠠ ᠪᠠᠷ ᠬᠤᠳᠠ ᠶᠢᠨ ᠠᠷᠠᠳ ᠤᠨ ᠠᠮᠢᠳᠤᠷᠠᠯ ᠳᠤ ᠥᠩᠭᠡ ᠭᠡᠷᠡᠯ ᠨᠡᠮᠡᠷᠢᠯᠡᠵᠦ᠂ ︽ᠬᠤᠸᠠᠷ ᠬᠠᠳᠬᠤᠬᠤ︾  ᠵᠤᠷᠢᠭ ᠰᠠᠨᠠᠭ᠎ᠠ ᠪᠠᠷ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠶᠠᠪᠤᠭᠳᠠᠭᠤᠯᠤᠨ᠂ ᠵᠡᠭᠦᠨᠭᠠᠷ  ᠬᠤᠰᠢᠭᠤ ᠬᠤᠳᠠ ᠶᠢ ᠨᠡᠩ ᠰᠡᠴᠡᠨ ᠰᠡᠷᠭᠦᠯᠡᠩ᠂ ᠵᠠᠰᠠᠯᠲᠠ ᠶᠢ ᠨᠡᠩ ᠪᠦᠲᠦᠮᠵᠢᠲᠡᠢ ᠪᠣᠯᠭᠠᠵᠤ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠭᠠᠷᠠᠭ ᠤᠨ ᠭᠡᠪᠯᠡᠯ ︵ᠬᠢᠳᠠᠳ ᠭᠡᠪᠯᠡᠯ︶ 2022 ᠤᠨ ᠤ 3 ᠰᠠᠷ᠎ᠠ ᠶᠢᠨ 26  ᠤ 1 ᠨᠢᠭᠤᠷ