ᠵᠡᠬᠦᠡᠭᠠᠷ ᠬᠤᠰᠢᠭᠤ《ᠴᠢᠳᠠᠪᠤᠷᠢᠳᠡᠨ ᠨᠢ ᠬᠦᠭᠵᠢᠯᠳᠡ ᠶᠢ ᠲᠠᠭᠠᠨ ᠤᠷᠤᠬᠰᠢᠯᠠᠵᠦ᠂ ᠬᠦᠭᠵᠢᠯᠳᠡ ᠨᠢ ᠴᠢᠳᠠᠪᠤᠷᠢᠳᠡᠨ ᠳᠤ ᠳᠦᠰᠢᠭᠯᠡᠬᠦ》ᠴᠢᠳᠠᠪᠤᠷᠢᠳᠡᠨ ᠢ | ᠲᠡᠳᠡᠨ ᠤᠷᠤᠭᠤᠯᠬᠤ ᠤᠳᠤᠷᠢᠳᠤᠮᠵᠢ ᠶᠢ ᠪᠠᠷᠢᠮᠳᠡᠯᠡᠵᠤ᠂ ᠬᠡᠷᠡᠭᠴᠡᠭᠡ ᠲᠠᠢ ᠬᠤᠪᠤᠷ ᠴᠤᠬᠠᠭ ᠴᠢᠳᠠᠪᠤᠷᠢᠳᠡᠨ ᠢ ᠳᠠᠳᠠᠨ ᠤᠷᠤᠭᠤᠯᠬᠤ ᠳᠦᠯᠦᠪᠯᠡᠭᠡ ᠶᠢ ᠡᠯ᠎ᠡ ᠳᠠᠯ᠎ᠠ | ᠪᠠᠷ ᠢᠶᠠᠨ ᠬᠠᠮᠳᠤᠪᠡᠷ ᠳᠤᠬᠳᠠᠭᠠᠵᠤ᠂ ᠨᠡᠶᠢᠳᠡᠯᠡᠵᠤ᠂ ᠳᠤᠬᠢᠷᠠᠭᠤᠯᠵᠤ᠂ ᠳᠤᠬᠠᠢ ᠶᠢᠨ ᠭᠠᠵᠠᠷ ᠤᠷᠤᠨ ᠤ ᠠᠵᠤ ᠠᠬᠤᠢ ᠨᠡᠶᠢᠬᠡᠮ ᠤᠨ ᠬᠦᠭᠵᠢᠯᠳᠡ᠂ ᠠᠵᠤ ᠦᠢᠯᠡᠰ | ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠬᠡᠷᠡᠭᠴᠡᠭᠡ ᠳᠤ ᠨᠠᠶᠢᠴᠡᠬᠦ ᠴᠢᠳᠠᠪᠤᠷᠢᠳᠡᠨ ᠢ ᠳᠠᠳᠠᠨ ᠤᠷᠤᠭᠤᠯᠵᠤ᠂ ᠴᠢᠳᠠᠪᠤᠷᠢᠳᠡᠨ ᠪᠠ ᠦᠢᠯᠡᠳᠪᠦᠷᠢᠯᠡᠯ ᠤᠨ | ᠬᠦᠴᠤᠨ ᠵᠦᠢᠯ᠂ ᠠᠵᠢᠯ ᠤᠨ ᠪᠠᠶᠢᠷᠢ ᠲᠠᠢ ᠳᠤᠬᠢᠳᠡᠢ ᠤᠶᠠᠯᠳᠤᠭᠤᠯᠬᠤ ᠶᠢ ᠪᠡᠶᠡᠯᠡᠬᠦᠯᠵᠤ᠂ ᠬᠡᠰᠡᠭ ᠳᠠᠯ᠎ᠠ ᠶᠢᠨ ᠴᠢᠳᠠᠪᠤᠷᠢᠳᠡᠨ ᠤ ᠳᠠᠪᠠᠭᠤᠯᠢᠭ ᠢᠶᠠᠷ ᠵᠠᠩᠬᠢᠯᠠᠭ᠎ᠠ | ᠶᠢᠨ ᠠᠵᠤ ᠦᠢᠯᠡᠰ ᠤᠨ ᠪᠤᠵᠠᠭᠠᠶᠢᠷᠡᠨ ᠬᠦᠴᠦᠷᠭᠡᠭᠵᠢᠬᠦ ᠶᠢ ᠠᠬᠢᠭᠤᠯᠵᠤ᠂ ᠪᠤᠰᠤᠳ ᠬᠦᠷᠢᠶ᠎ᠡ ᠴᠠᠷᠠᠭᠠᠨ ᠳᠤ ᠰᠢᠪᠳᠤᠯᠤᠯᠳᠠ ᠭᠠᠷᠭᠠᠬᠤ ᠶᠢ ᠠᠬᠢᠭᠤᠯᠵᠤ ᠪᠠᠶᠢᠨ᠎ᠠ᠃ | ᠠᠵᠤ ᠠᠬᠤᠶᠢᠯᠡᠯ ᠢ ᠬᠦᠳᠦᠯᠦᠨ ᠳᠠᠭᠠᠭᠤᠯᠵᠤ ᠤᠶᠤᠨ ᠤᠬᠠᠭᠠᠨ ᠢ ᠠᠰᠢᠬᠯᠠᠬᠤ᠂ ᠬᠦᠴᠦᠨ ᠴᠢᠳᠠᠯ ᠢ ᠠᠰᠢᠬᠯᠠᠬᠤ ᠶᠢ ᠵᠠᠩᠬᠢᠯᠠᠭ᠎ᠠ ᠶᠢᠨ ᠴᠡᠭ ᠪᠤᠯᠭᠠᠪᠠ᠃ | ᠪᠦᠬᠦ ᠬᠤᠰᠢᠭᠤᠨ ᠤ 110 ᠭᠤᠤᠯᠳᠠᠯᠭ᠎ᠠ ᠲᠠᠢ ᠳᠦᠷᠦᠯ ᠵᠦᠢᠯ ᠤᠨ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠡᠯ ᠳᠤ ᠴᠢᠭᠯᠡᠬᠦᠯᠵᠤ᠂ ᠬᠠᠷᠢᠶ᠎ᠡ ᠳᠤᠭᠤᠷᠢᠭ | ᠤᠨ ᠠᠵᠤ ᠠᠬᠤᠶᠢᠯᠡᠯ ᠤᠨ ᠴᠢᠳᠠᠪᠤᠷᠢᠳᠡᠨ ᠤ ᠬᠡᠷᠡᠭᠴᠡᠭᠡ ᠶᠢᠨ ᠪᠠᠶᠢᠳᠠᠯ ᠵᠢᠴᠢ ᠭᠤᠤᠯᠳᠠᠯᠭ᠎ᠠ ᠲᠠᠢ ᠳᠦᠷᠦᠯ ᠵᠦᠢᠯ ᠤᠨ ᠳᠠᠪᠴᠠᠩ ᠤᠨ ᠠᠴᠢᠶᠠᠯᠠᠭᠴᠢ ᠪᠡᠶ᠎ᠡ ᠶᠢᠨ | ᠡᠷᠬᠢᠯᠳᠡ ᠶᠢᠨ ᠪᠠᠶᠢᠳᠠᠯ ᠢ ᠭᠤᠤᠯᠳᠠᠯᠭ᠎ᠠ ᠲᠠᠢ ᠠᠭᠤᠳᠠᠯᠯᠠᠵᠤ᠂ ᠠᠵᠤ ᠠᠬᠤᠶᠢᠯᠡᠯ ᠤᠨ《 ᠤᠷᠳᠤᠰ ᠬᠤᠳᠠ ᠶᠢᠨ ᠴᠢᠳᠠᠪᠤᠷᠢᠳᠡᠨ ᠤ ᠰᠢᠨ᠎ᠡ ᠳᠦᠷᠦ ᠶᠢᠨ | ᠪᠤᠳᠤᠯᠭ᠎ᠠ ᠶᠢᠨ 30 ᠵᠤᠷᠪᠤᠰ》ᠪᠠ《 ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠲᠦᠷᠦ ᠶᠢᠨ ᠪᠤᠳᠤᠯᠭ᠎ᠠ 30 ᠵᠤᠷᠪᠤᠰ》᠂《 ᠵᠡᠬᠦᠡᠭᠠᠷ ᠬᠤᠰᠢᠭᠤᠨ ᠤ | ᠴᠢᠳᠠᠪᠤᠷᠢᠳᠡᠨ ᠤ ᠬᠦᠭᠵᠢᠯᠳᠠ ᠶᠢᠨ ᠪᠠᠶᠢᠭᠤᠯᠤᠮᠵᠢ ᠶᠢᠨ ᠳᠤᠬᠳᠠᠴᠠ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠯᠢ ᠤᠯᠠᠨ ᠳᠦᠷᠦ ᠶᠢᠨ ᠪᠤᠳᠤᠯᠭ᠎ᠠ 》 ᠶᠢ | ᠡᠵᠡᠮᠰᠢᠭᠰᠡᠨ ᠪᠠᠶᠢᠳᠠᠯ ᠢ ᠡᠵᠡᠮᠳᠡᠵᠦ᠂ ᠠᠵᠤ ᠠᠬᠤᠶᠢᠯᠡᠯ ᠢ ᠬᠠᠪᠰᠤᠷᠤᠨ ᠴᠢᠳᠠᠪᠤᠷᠢᠳᠡᠨ ᠤ ᠳᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠵᠦ ᠠᠮᠢᠳᠤᠯᠢᠭ | ᠬᠡᠷᠡᠭᠵᠢᠬᠦᠯᠵᠦ ᠬᠦᠢᠴᠡᠳ ᠬᠡᠷᠡᠭᠵᠢᠬᠦᠯᠵᠦ᠂ ᠠᠵᠤ ᠠᠬᠤᠶᠢᠯᠡᠯ ᠤᠨ ᠴᠢᠳᠠᠪᠤᠷᠢᠳᠡᠨ ᠢ ᠲᠠᠳᠠᠵᠦ ᠴᠢᠳᠠᠪᠤᠷᠢᠳᠡᠨ ᠢ ᠬᠡᠷᠡᠭᠯᠡᠵᠦ ᠴᠢᠳᠠᠪᠤᠷᠢᠳᠡᠨ ᠢ ᠦᠯᠡᠳᠡᠬᠡᠬᠦ ᠳᠤ | ᠲᠡᠮᠵᠢᠯᠬᠡ ᠦᠵᠡᠬᠦᠯᠵᠦ᠂ ᠬᠤᠰᠢᠭᠤᠨ ᠤ ᠴᠢᠳᠠᠪᠤᠷᠢᠳᠡᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ《 ᠳᠦᠷᠦ ᠶᠢᠨ ᠪᠤᠳᠤᠯᠭ᠎ᠠ ᠶᠢᠨ | ᠬᠦᠷᠬᠡᠯᠳᠡ ᠪᠠᠷ ᠠᠵᠤ ᠠᠬᠤᠶᠢᠯᠡᠯ ᠢ ᠡᠷᠢᠬᠦ ᠵᠡᠬᠦᠡᠭᠠᠷ ᠬᠤᠰᠢᠭᠤᠨ ᠤ〈ᠴᠢᠳᠠᠪᠤᠷᠢᠳᠡᠨ · ᠰᠢᠨᠵᠢᠯᠡᠬᠦ ᠤᠬᠠᠭᠠᠨ ᠮᠡᠷᠬᠡᠵᠢᠯ〉 ᠤᠨ ᠳᠦᠷᠦ ᠶᠢᠨ ᠪᠤᠳᠤᠯᠭ᠎ᠠ ᠶᠢᠨ | ᠲᠠᠶᠢᠯᠤᠮᠵᠢ》 ᠶᠢ ᠦᠷᠨᠢᠬᠦᠯᠵᠤ᠂ ᠴᠢᠳᠠᠪᠤᠷᠢᠳᠡᠨ ᠤ ᠰᠢᠨᠵᠢᠯᠡᠬᠦ ᠤᠬᠠᠭᠠᠨ ᠮᠡᠷᠬᠡᠵᠢᠯ ᠤᠨ ᠳᠦᠷᠦ ᠶᠢᠨ ᠪᠤᠳᠤᠯᠭ᠎ᠠ ᠳᠤ ᠬᠦᠨᠵᠡᠬᠡᠢ ᠲᠠᠶᠢᠯᠤᠮᠵᠢ ᠬᠢᠵᠤ᠂ ᠵᠠᠰᠠᠭ ᠤᠨ | ᠤᠷᠳᠤᠨ ᠤ ᠠᠵᠤ ᠠᠬᠤᠶᠢᠯᠡᠯ ᠳᠤ ᠦᠢᠯᠡᠴᠢᠯᠡᠬᠦ《 ᠡᠴᠦᠰ ᠤᠨ ᠨᠢᠬᠡ ᠺᠢᠯᠦᠮᠧᠲᠷ》 ᠢ ᠨᠡᠪᠳᠡᠷᠡᠬᠦᠯᠵᠡᠢ᠃ ᠤᠳᠤᠬᠠᠨ ᠪᠤᠯᠳᠠᠯ᠎ᠠ᠂ ᠲᠠᠳᠠᠵᠦ ᠤᠷᠤᠭᠤᠯᠤᠬᠰᠠᠨ | ᠴᠢᠳᠠᠪᠤᠷᠢᠳᠡᠨ ᠢ ᠪᠤᠶᠢᠵᠢᠭᠤᠯᠬᠤ ᠳᠦᠷᠦᠯ ᠵᠦᠢᠯ᠂ ᠳᠡᠬᠡᠳᠦ ᠳᠠᠰ ᠤᠨ ᠴᠢᠳᠠᠪᠤᠷᠢᠳᠡᠨ ᠤ ᠪᠦᠯᠬᠦᠮ ᠡᠩᠨᠡᠭᠡ ᠨᠢ 10 ᠠᠴᠠ ᠳᠡᠭᠡᠭᠰᠢ ᠪᠤᠯᠵᠠᠢ᠃ | ᠺᠠᠳ᠋ᠷᠴᠤᠳ ᠤᠨ ᠡᠩᠨᠡᠭᠡ ᠶᠢᠨ ᠪᠦᠳᠦᠴᠡ ᠶᠢ ᠰᠢᠯᠢᠳᠡᠭᠵᠢᠬᠦᠯᠬᠦ ᠪᠠᠷ ᠭᠠᠷᠳᠠᠴᠠ ᠪᠤᠯᠭᠠᠪᠠ᠃《ᠵᠡᠬᠦᠡᠭᠠᠷ ᠬᠤᠰᠢᠭᠤᠨ ᠤ ᠳᠡᠬᠡᠳᠦ ᠲᠡᠰ ᠤᠨ ᠴᠢᠳᠠᠪᠤᠷᠢᠳᠡᠨ | ᠢ ᠳᠠᠳᠠᠨ ᠤᠷᠤᠭᠤᠯᠬᠤ ᠠᠵᠢᠯ ᠤᠨ ᠳᠦᠰᠦᠯ》 ᠢ ᠳᠤᠬᠳᠠᠭᠠᠬᠤ ᠶᠢᠨ ᠬᠠᠮᠳᠤ《 ᠬᠠᠮᠢᠶᠠᠷᠤᠯᠳᠡ ᠶᠢᠨ ᠠᠷᠭ᠎ᠠ》᠂《 ᠬᠢᠨᠠᠨ ᠰᠢᠯᠭᠠᠬᠤ ᠠᠷᠭ᠎ᠠ》 ᠶᠢ ᠢᠵᠢ | ᠪᠦᠷᠢᠳᠦᠬᠦᠯᠦᠨ ᠳᠤᠬᠳᠠᠭᠠᠪᠠ᠃ ᠵᠢᠯ ᠤᠨ ᠡᠬᠢᠨ ᠳᠤ᠂《 ᠬᠤᠤᠰ ᠳᠡᠷᠢᠬᠦᠨ 》 ᠤ ᠶᠡᠭᠡ ᠰᠤᠷᠭᠠᠭᠤᠯᠢ ᠶᠢᠨ A ᠳᠦᠷᠦᠯ ᠤᠨ 36 ᠳᠡᠬᠡᠳᠦ ᠰᠤᠷᠭᠠᠭᠤᠯᠢ ᠠᠴᠠ | ᠪᠦᠬᠦ ᠬᠤᠰᠢᠭᠤᠨ ᠤ 30 ᠠᠵᠢᠯ ᠦᠢᠯᠡᠰ ᠤᠨ ᠨᠢᠬᠡᠴᠢ ᠳᠤ ᠳᠡᠬᠡᠳᠦ ᠳᠡᠰ ᠤᠨ ᠪᠠᠴᠢᠮ ᠬᠡᠷᠡᠭᠴᠡᠭᠡ ᠲᠠᠢ ᠬᠤᠪᠤᠷ ᠴᠤᠬᠠᠭ ᠴᠢᠳᠠᠪᠤᠷᠢᠳᠡᠨ ᠢ ᠳᠠᠳᠠᠨ | ᠤᠷᠤᠭᠤᠯᠬᠤ ᠪᠠᠷ ᠪᠦᠬᠦ ᠤᠯᠤᠰ ᠲᠤ ᠵᠠᠷᠯᠠᠵᠦ᠂ ᠨᠡᠷ᠎ᠡ ᠮᠡᠳᠡᠬᠦᠯᠬᠦ ᠠᠯᠪᠠᠨ ᠵᠡᠷ ᠢ ᠨᠡᠶᠢᠳᠡᠯᠡᠪᠡ᠃ ᠨᠡᠶᠢᠳᠡ 589 ᠬᠦᠮᠦᠨ ᠨᠡᠷ᠎ᠡ ᠮᠡᠳᠡᠬᠦᠯᠵᠤ᠂ ᠨᠦᠬᠦᠴᠡᠯ ᠳᠤ | ᠨᠡᠶᠢᠴᠡᠭᠰᠡᠨ ᠨᠢ 100 ᠬᠦᠮᠦᠨ ᠪᠠᠶᠢᠪᠠ᠃ | ᠴᠢᠳᠠᠪᠤᠷᠢᠳᠡᠨ ᠢ ᠲᠠᠳᠠᠨ ᠤᠷᠤᠭᠤᠯᠬᠤ ᠠᠷᠭ᠎ᠠ ᠪᠠᠷᠢᠯ ᠤᠨ ᠰᠢᠨ᠎ᠡ ᠶᠢ ᠡᠬᠦᠳᠬᠦ ᠪᠠᠷ ᠰᠢᠪᠳᠤᠯᠤᠯᠳᠠ ᠶᠢᠨ ᠴᠡᠭ ᠪᠤᠯᠭᠠᠪᠠ᠃ ᠬᠡᠪ ᠴᠢᠨᠡᠷ ᠢ ᠳᠡᠭᠡᠭᠰᠢᠯᠡᠬᠦᠯᠬᠦ | ᠢᠨᠵᠧᠨᠧᠷᠢᠩ ᠢᠶᠠᠷ ᠭᠠᠷᠳᠠᠴᠠ ᠪᠤᠯᠭᠠᠵᠤ᠂ ᠠᠵᠤ ᠠᠬᠤᠶᠢᠯᠡᠯ ᠢᠶᠠᠷ ᠴᠢᠳᠠᠪᠤᠷᠢᠳᠡᠨ ᠤ ᠨᠡᠬᠡᠬᠡᠯᠳᠡ ᠶᠢᠨ ᠭᠤᠤᠯ ᠳᠠᠯᠠᠪᠤᠷ ᠪᠤᠯᠭᠠᠵᠦ᠂ ᠨᠢᠬᠡᠳᠦᠯᠳᠡᠢ | ᠳᠦᠯᠦᠪᠵᠢᠬᠦᠯᠵᠤ ᠲᠠᠳᠠᠨ ᠤᠷᠤᠭᠤᠯᠵᠦ ᠬᠦᠮᠦᠵᠢᠬᠦᠯᠬᠦ ᠶᠢ ᠬᠠᠮᠳᠤᠳᠬᠠᠵᠤ᠂ ᠪᠦᠬᠦᠯᠢ ᠴᠤᠬᠴᠠ ᠪᠠᠷ ᠬᠤᠯᠪᠤᠭᠠᠯᠠᠨ ᠬᠦᠳᠡᠯᠦᠯᠴᠡᠵᠤ᠂ ᠠᠵᠤ ᠠᠬᠤᠢ ᠨᠡᠶᠢᠬᠡᠮ ᠤᠨ | ᠬᠦᠭᠵᠢᠯᠳᠡ ᠳᠤ ᠬᠡᠷᠡᠭᠴᠡᠭᠡ ᠲᠠᠢ ᠡᠯ᠎ᠡ ᠳᠦᠷᠦᠯ ᠤᠨ ᠴᠢᠳᠠᠪᠤᠷᠢᠳᠡᠨ ᠢ ᠴᠤᠬᠯᠠᠭᠤᠯᠵᠦ ᠬᠦᠮᠦᠵᠢᠬᠦᠯᠪᠡ᠃ ᠵᠡᠬᠦᠡᠭᠠᠷ ᠬᠤᠰᠢᠭᠤ 2022 ᠤᠨ ᠤ《 ᠤᠷᠢᠬᠠᠨ | ᠰᠠᠯᠬᠢᠨ ᠤ ᠠᠵᠢᠯᠯᠠᠭ᠎ᠠ》 ᠶᠢᠨ ᠬᠠᠪᠤᠷ ᠤᠨ ᠤᠯᠠᠷᠢᠯ ᠤᠨ ᠴᠢᠳᠠᠪᠤᠷᠢᠳᠠᠨ ᠡᠯᠰᠡᠬᠦ ᠳᠤᠮᠤ ᠬᠡᠯᠪᠡᠷᠢ ᠶᠢᠨ ᠰᠦᠯᠵᠢᠶᠡᠨ ᠤ ᠰᠢᠭᠤᠳ ᠨᠡᠪᠳᠡᠷᠡᠬᠦᠯᠬᠡ ᠪᠠᠷ ᠴᠢᠳᠠᠪᠤᠷᠢᠳᠡᠨ | ᠤᠷᠢᠨ ᠡᠯᠰᠡᠬᠦ ᠬᠤᠷᠡᠯ ᠢ ᠡᠷᠬᠢᠯᠡᠵᠤ᠂ ᠨᠡᠶᠢᠳᠡ 5 ᠠᠵᠤ ᠠᠬᠤᠶᠢᠯᠡᠯ ᠰᠢᠭᠤᠳ ᠨᠡᠪᠳᠡᠷᠡᠬᠦᠯᠬᠡ ᠶᠢᠨ ᠦᠷᠦᠬᠡ ᠳᠤ ᠰᠠᠭᠠᠳᠠᠵᠤ ᠰᠢᠭᠤᠳ ᠨᠡᠪᠳᠡᠷᠡᠬᠦᠯᠬᠡ ᠬᠢᠪᠡ᠃ | ᠬᠢᠵᠢᠭ ᠤᠨ ᠪᠠᠶᠢᠳᠠᠯ ᠤᠨ ᠨᠦᠯᠦᠬᠡ ᠠᠴᠠ ᠪᠤᠯᠵᠤ ᠪᠤᠰᠤᠳ 43 ᠠᠵᠤ ᠠᠬᠤᠶᠢᠯᠡᠯ ᠨᠢ ᠵᠢᠷᠬᠢᠶ᠎ᠡ ᠶᠢᠨ ᠤᠯᠠᠨ ᠨᠡᠶᠢᠳᠡ ᠶᠢᠨ ᠳᠠᠪᠴᠠᠩ ᠢᠶᠠᠷ ᠬᠤᠯᠪᠤᠬᠳᠠᠯ ᠪᠦᠬᠦᠢ | ᠠᠵᠢᠯ ᠤᠨ ᠪᠠᠶᠢᠷᠢ ᠶᠢᠨ ᠴᠢᠮᠡᠭᠡ ᠵᠠᠩᠬᠢ ᠨᠡᠶᠢᠳᠡᠯᠡᠵᠤ᠂ ᠤᠶᠤᠨᠴᠢ ᠳᠤᠨᠤᠬᠯᠠᠯ᠂ ᠴᠢᠮᠡᠭᠡ ᠵᠠᠩᠬᠢ ᠶᠢᠨ ᠡᠯᠧᠺᠲᠷᠤᠨ ᠵᠢᠴᠢ ᠰᠢᠨ᠎ᠡ ᠡᠨᠧᠷᠬᠢ ᠵᠡᠷᠬᠡ 983 ᠤᠷᠢᠨ | ᠡᠯᠰᠡᠬᠦ ᠠᠵᠢᠯ ᠤᠨ ᠪᠠᠶᠢᠷᠢ ᠶᠢ ᠪᠠᠭᠳᠠᠭᠠᠵᠡᠢ᠃ ᠰᠦᠯᠵᠢᠶᠡᠨ ᠤ ᠰᠢᠭᠤᠳ ᠨᠡᠪᠳᠡᠷᠡᠬᠦᠯᠬᠡ ᠪᠠᠷ ᠴᠢᠳᠠᠪᠤᠷᠢᠳᠠᠨ ᠤᠷᠢᠨ ᠡᠯᠰᠡᠬᠦ ᠠᠵᠢᠯᠯᠠᠭ᠎ᠠ ᠳᠤ᠂ ᠴᠤᠤᠷᠢᠶ᠎ᠡ | ᠰᠢᠭᠤᠳ ᠨᠡᠪᠳᠡᠷᠡᠬᠦᠯᠬᠡ ᠶᠢᠨ ᠦᠵᠡᠭᠴᠢᠳ 7136 ᠬᠦᠮᠦᠨ ᠤᠳᠠᠭ᠎ᠠ᠂ ᠵᠢᠷᠬᠢᠶ᠎ᠡ ᠶᠢᠨ ᠤᠯᠠᠨ ᠨᠡᠶᠢᠳᠡ ᠶᠢᠨ ᠳᠠᠪᠴᠠᠩ ᠤᠨ ᠦᠵᠡᠭᠴᠢᠳ 1421 ᠬᠦᠮᠦᠨ | ᠤᠳᠠᠭ᠎ᠠ ᠪᠤᠯᠵᠦ᠂ ᠡᠬᠦᠨ ᠳᠤ 472 ᠬᠦᠮᠦᠨ ᠲᠤᠪᠴᠢ ᠨᠠᠮᠳᠠᠷ ᠢᠶᠠᠨ ᠲᠡᠪᠰᠢᠬᠦᠯᠵᠦ᠂ ᠠᠵᠢᠯ ᠤᠯᠬᠤ ᠰᠠᠨᠠᠮᠵᠢ ᠪᠠᠨ ᠠᠩᠬ᠎ᠠ ᠠᠯᠬᠤᠮ ᠳᠤᠬᠳᠠᠬᠰᠠᠨ ᠨᠢ 113 | ᠬᠦᠮᠦᠨ ᠪᠠᠶᠢᠪᠠ᠃ | ᠬᠦᠳᠡᠭᠡ ᠳᠤᠰᠬᠤᠨ ᠤ ᠴᠢᠳᠠᠪᠤᠷᠢᠳᠡᠨ ᠢ ᠰᠤᠩᠭᠤᠨ ᠪᠤᠶᠢᠵᠢᠭᠤᠯᠵᠦ ᠬᠦᠮᠦᠵᠢᠬᠦᠯᠬᠦ ᠪᠠᠷ ᠲᠤᠯᠭᠠᠭᠤᠷᠢᠯᠠᠯ ᠴᠡᠭ ᠪᠤᠯᠭᠠᠪᠠ᠃ ᠬᠦᠳᠡᠭᠡ ᠳᠤᠰᠬᠤᠨ ᠢ | ᠬᠦᠭᠵᠢᠬᠦᠯᠦᠨ ᠮᠠᠨᠳᠤᠭᠤᠯᠬᠤ ᠶᠢ ᠪᠦᠬᠦ ᠳᠠᠯ᠎ᠠ ᠪᠠᠷ ᠬᠡᠷᠡᠭᠵᠢᠬᠦᠯᠬᠦ ᠳᠤ ᠪᠠᠳᠤ ᠰᠠᠭᠤᠷᠢ ᠶᠢ ᠴᠤᠬᠴᠠᠯᠠᠬᠤ ᠶᠢᠨ ᠳᠤᠰᠠᠳᠠ᠂ ᠤᠷᠳᠤᠰ ᠬᠤᠳᠠ ᠶᠢᠨ ᠬᠦᠳᠡᠭᠡ | ᠳᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢᠳᠡᠨ ᠤ ᠦᠢᠯᠡᠴᠢᠯᠡᠬᠡᠨ ᠤ ᠳᠦᠪ ᠲᠤ ᠳᠦᠰᠢᠭᠯᠡᠨ ᠳᠤᠬᠠᠢ ᠶᠢᠨ ᠳᠠᠯᠠᠪᠤᠷ ᠤᠨ ᠵᠢᠭᠠᠨ ᠰᠤᠷᠭᠠᠯᠳᠠ᠂ ᠠᠬᠤᠢ | ᠤᠷᠴᠢᠨ ᠤ ᠳᠠᠭᠤᠷᠢᠶᠡᠮᠡᠯ ᠵᠢᠭᠠᠨ ᠰᠤᠷᠭᠠᠯᠳᠠ᠂ ᠪᠡᠶᠡᠴᠢᠯᠡᠨ ᠤᠶᠢᠯᠠᠭᠠᠬᠤ ᠵᠢᠭᠠᠨ ᠰᠤᠷᠭᠠᠯᠳᠠ ᠪᠠ ᠬᠠᠷᠢᠯᠴᠠᠨ ᠬᠦᠳᠡᠯᠦᠯᠴᠡᠬᠦ ᠵᠢᠭᠠᠨ ᠰᠤᠷᠭᠠᠯᠳᠠ ᠵᠡᠷᠬᠡ ᠠᠷᠭ᠎ᠠ | ᠪᠠᠷᠢᠯ ᠢ ᠬᠡᠷᠡᠭᠯᠡᠵᠤ᠂ ᠪᠦᠬᠦ ᠬᠤᠰᠢᠭᠤᠨ ᠤ 1400 ᠨᠡᠷᠡᠰ ᠭᠠᠴᠠᠭ᠎ᠠ ᠳᠤᠰᠬᠤᠨ ᠤ ᠺᠠᠳ᠋ᠷ ᠵᠢᠴᠢ ᠭᠠᠴᠠᠭ᠎ᠠ ᠳᠤᠰᠬᠤᠨ ᠤ ᠦᠢᠯᠡᠴᠢᠯᠡᠭᠴᠢ ᠶᠢ ᠳᠦᠪᠯᠡᠷᠡᠬᠦᠯᠦᠨ | ᠪᠤᠯᠪᠠᠰᠤᠷᠠᠭᠤᠯᠵᠦ᠂ ᠭᠠᠴᠠᠭ᠎ᠠ ᠳᠤᠰᠬᠤᠨ ᠤ ᠺᠠᠳ᠋ᠷ ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢ ᠶᠢ ᠠᠬᠢᠭᠤᠯᠤᠨ ᠳᠡᠭᠡᠭᠰᠢᠯᠡᠬᠦᠯᠪᠡ᠃ | ᠵᠡᠬᠦᠡᠭᠠᠷ ᠬᠤᠰᠢᠭᠤ ᠰᠢᠷᠡᠯᠵᠢᠳᠡᠢ ᠰᠢᠶᠠᠩ ᠤᠨ ᠨᠤᠳᠤᠭ ᠤᠨ ᠴᠢᠳᠠᠪᠤᠷᠢᠳᠡᠨ ᠤ ᠪᠤᠯᠪᠠᠰᠤᠷᠡᠯ ᠤᠨ ᠰᠠᠭᠤᠷᠢᠨ ᠭᠠᠵᠠᠷ᠂ ᠵᠡᠬᠦᠡᠭᠠᠷ ᠵᠤᠤ ᠪᠠᠯᠭᠠᠰᠤ ᠶᠢᠨ ᠪᠤᠬᠢᠷᠳᠤᠯ | ᠦᠬᠡᠢ ᠠᠭᠤᠷᠬᠠᠢ ᠶᠢᠨ ᠤᠷᠤᠨ ᠤ ᠰᠠᠭᠤᠷᠢᠨ ᠭᠠᠵᠠᠷ᠂ ᠬᠠᠷᠠᠵᠠᠳᠡᠢ ᠰᠢᠶᠠᠩ ᠤᠨ ᠤᠢ ᠰᠢᠭᠤᠢ ᠵᠢᠮᠢᠰ ᠤᠨ ᠠᠵᠤ ᠦᠢᠯᠡᠰ ᠤᠨ ᠰᠠᠭᠤᠷᠢᠨ ᠭᠠᠵᠠᠷ ᠢ ᠦᠨᠳᠦᠷ | ᠪᠠᠷᠢᠮᠵᠢᠶ᠎ᠡ ᠪᠠᠷ ᠴᠤᠬᠴᠠᠯᠠᠨ ᠪᠠᠶᠢᠭᠤᠯᠵᠤ᠂《ᠨᠢᠬᠡ ᠳᠦᠪ ᠭᠤᠷᠪᠡᠨ ᠰᠠᠭᠤᠷᠢᠨ ᠭᠠᠵᠠᠷ》 ᠤᠨ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ | ᠴᠢᠳᠠᠪᠤᠷᠢᠳᠡᠨ ᠤ ᠶᠡᠷᠦᠩᠬᠡᠶᠢᠯᠡᠭᠰᠡᠨ ᠬᠦᠮᠥᠵᠢᠬᠦᠯᠬᠦ ᠳᠠᠪᠴᠠᠩ ᠢ ᠪᠦᠷᠢᠯᠳᠦᠬᠦᠯᠪᠠ᠃ ᠬᠦᠳᠡᠭᠡ ᠳᠤᠰᠬᠤᠨ ᠤ ᠪᠤᠳᠠᠳᠤ ᠬᠡᠷᠡᠭᠯᠡᠬᠡᠨ ᠤ ᠴᠢᠳᠠᠪᠤᠷᠢᠳᠡᠨ ᠤ ᠬᠦᠮᠦᠵᠢᠯ | ᠪᠤᠯᠪᠠᠰᠤᠷᠡᠯ ᠢ ᠰᠠᠶᠢᠳᠤᠷ ᠠᠳᠬᠤᠵᠤ᠂ ᠲᠡᠰ ᠳᠠᠪᠬᠤᠷᠭ᠎ᠠ᠂ ᠬᠦᠷᠢᠶ᠎ᠡ ᠴᠠᠷᠠᠭ᠎ᠠ᠂ ᠴᠢᠭᠯᠡᠯ ᠬᠤᠪᠢᠶᠡᠵᠤ᠂ ᠬᠠᠨᠳᠤᠯᠭ᠎ᠠ ᠲᠠᠢ ᠪᠠᠷ ᠳᠦᠷᠦᠯ ᠬᠤᠪᠢᠶᠡᠨ ᠬᠦᠮᠦᠵᠢᠬᠦᠯᠵᠤ | ᠂《ᠨᠤᠳᠤᠭ ᠤᠨ ᠳᠤᠰᠬᠠᠢ ᠮᠡᠷᠬᠡᠵᠢᠯᠳᠡᠨ》᠂《ᠳᠠᠷᠢᠶᠠᠯᠠᠩ ᠤᠨ ᠪᠢᠴᠢᠭᠳᠡᠨ》ᠵᠡᠷᠬᠡ ᠪᠤᠳᠠᠳᠤ ᠬᠡᠷᠡᠭᠯᠡᠬᠡᠨ ᠤ ᠴᠢᠳᠠᠪᠤᠷᠢᠳᠡᠨ ᠢ ᠬᠦᠮᠦᠵᠢᠬᠦᠯᠬᠦ ᠬᠦᠴᠦᠯᠡᠴᠡ ᠪᠠᠨ | ᠭᠤᠤᠯᠳᠠᠯᠭ᠎ᠠ ᠲᠠᠢ ᠨᠡᠮᠡᠭᠳᠡᠬᠦᠯᠵᠤ᠂ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠴᠢᠳᠠᠪᠤᠷᠢᠳᠡᠨ ᠤ《 ᠰᠠᠭᠤᠷᠢ ᠬᠦᠯᠬᠡ》 ᠶᠢ ᠪᠠᠬᠢᠵᠢᠬᠦᠯᠵᠦ ᠪᠤᠢ᠃ |