ᠡᠯᠳᠡᠪ ᠠᠮᠤ ᠨᠢ ᠠᠷᠡᠳ ᠢᠶᠠᠨ ᠪᠠᠶᠠᠵᠢᠭᠤᠯᠵᠤ ᠪᠠᠯᠭᠠᠰᠤ ᠪᠠᠨ ᠬᠦᠴᠦᠷᠭᠡᠭᠵᠢᠬᠦᠯᠬᠦ《ᠳᠤᠮᠤ ᠠᠵᠤ ᠦᠢᠯᠡᠰ》ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2022/5/10
      ᠬᠠᠪᠤᠷ ᠤᠨ ᠰᠡᠬᠦᠯᠴᠢ ᠶᠢᠨ ᠵᠡᠬᠦᠡᠭᠠᠷ ᠤᠨ ᠡᠬᠡ ᠭᠠᠵᠠᠷ ᠲᠤ ᠡᠪᠡᠰᠤ ᠮᠤᠳᠤᠳ ᠬᠦᠬᠡᠷᠡᠨ ᠨᠤᠭᠤᠭᠠᠷᠡᠨ᠎ᠡ᠃ ᠤᠷᠳᠤᠰ ᠬᠤᠳᠠ ᠶᠢᠨ ᠵᠡᠬᠦᠡᠭᠠᠷ ᠬᠤᠰᠢᠭᠤᠨ  ᠤ ᠱᠠᠬᠳᠠᠷ ᠪᠠᠯᠭᠠᠰᠤ ᠶᠢᠨ ᠪᠦᠷᠢᠳᠦ ᠶᠢᠨ ᠭᠤᠤᠯ ᠳᠤᠰᠬᠤᠨ ᠤ ᠠᠭᠤᠯᠠᠨ ᠪᠠᠯ ᠳᠤ 1100 ᠭᠠᠷᠤᠢ ᠮᠤ᠋ ᠳᠠᠷᠢᠶᠡᠨ ᠭᠠᠵᠠᠷ ᠢ ᠱᠠᠳᠤᠨ ᠳᠠᠷᠢᠶ᠎ᠡ ᠪᠤᠯᠭᠠᠨ ᠦᠬᠡᠷᠡᠴᠢᠯᠡᠬᠦ ᠪᠠᠷᠢᠯᠭ᠎ᠠ ᠰᠢᠪᠳᠤᠷᠠᠭᠠᠨ ᠳᠠᠭᠠᠨ ᠤᠷᠤᠯ᠎ᠠ᠃ ᠳᠡᠰ ᠳᠠᠪᠬᠤᠷᠭ᠎ᠠ ᠨᠢ ᠳᠤᠳᠤᠷᠬᠠᠢ᠂ ᠲᠡᠭᠰᠢᠬᠡᠨ ᠱᠠᠳᠤᠨ ᠳᠠᠷᠢᠶ᠎ᠡ ᠶᠢ ᠬᠠᠷᠠᠭᠠᠳ ᠪᠦᠷᠢᠳᠦ ᠶᠢᠨ ᠭᠤᠤᠯ ᠳᠤᠰᠬᠤᠨ ᠤ ᠨᠠᠮ ᠤᠨ ᠡᠬᠦᠷ ᠤᠨ ᠱᠦᠵᠢ ᠶᠠᠩ ᠳ᠋ᠠ ᠬᠠᠢ ᠶᠢᠨ ᠴᠢᠷᠡᠢ ᠳᠤ ᠪᠠᠶᠡᠷ ᠤᠨ ᠮᠦᠰᠢᠶᠡᠳᠦ ᠳᠤᠳᠤᠷᠠᠪᠠ᠄《 ᠤᠤᠯ ᠨᠢ ᠠᠳᠡ ᠳᠠᠷᠢᠶ᠎ᠡ ᠳᠠᠷᠢᠬᠤ ᠳᠤ ᠴᠤᠬᠤᠮ ᠬᠦᠴᠢᠷ ᠪᠠᠶᠢᠪᠠ᠂ ᠡᠨᠡ ᠵᠢᠯ ᠪᠠᠯᠭᠠᠰᠤᠨ ᠠᠴᠠ ᠨᠢᠬᠡᠳᠦᠯᠳᠡᠢ ᠳᠤᠬᠢᠷᠠᠭᠤᠯᠵᠤ ᠭᠤᠤ ᠭᠠᠨᠭ᠍ᠭ᠎ᠠ ᠰᠦᠯᠵᠢᠯᠳᠦᠭᠰᠡᠨ ᠭᠠᠵᠠᠷ ᠢ ᠲᠡᠭᠰᠢᠬᠡᠨ ᠠᠭᠤᠵᠢᠮ ᠳᠠᠷᠢᠶᠠᠨ ᠭᠠᠵᠠᠷ ᠪᠤᠯᠭᠠᠨ ᠦᠬᠡᠷᠡᠴᠢᠯᠡᠵᠤ᠂ ᠤᠰᠤ ᠶᠢ ᠬᠠᠳᠠᠭᠠᠯᠠᠵᠦ ᠴᠢᠳᠠᠬᠤ ᠮᠦᠷᠳᠡᠬᠡᠨ ᠪᠤᠷᠳᠤᠭᠤᠷ ᠢ ᠴᠤ ᠬᠠᠮᠠᠭᠠᠯᠠᠵᠤ᠂ ᠮᠧᠬᠠᠨᠢᠭ ᠢᠶᠠᠷ ᠠᠵᠢᠯᠯᠠᠬᠤ ᠳᠤ ᠳᠦᠬᠦᠮ ᠪᠤᠯᠭᠠᠬᠰᠠᠨ ᠠᠴᠠ ᠮᠠᠨ ᠤ ᠡᠯᠳᠡᠪ ᠠᠮᠤ ᠶᠢᠨ ᠡᠯᠪᠡᠭ ᠬᠤᠷᠢᠶᠠᠯᠳᠠ ᠪᠠᠳᠤᠯᠠᠭ᠎ᠠ ᠲᠠᠢ ᠪᠤᠯᠤᠯ᠎ᠠ》ᠬᠡᠵᠤ ᠶᠠᠷᠢᠨ᠎ᠡ᠃
小杂粮1.jpg                            
       ᠱᠠᠬᠳᠠᠷ ᠪᠠᠯᠭᠠᠰᠤ ᠨᠢ ᠤᠷᠳᠤᠰ ᠤᠨ ᠦᠨᠳᠦᠷᠯᠢᠭ ᠤᠨ ᠵᠡᠬᠦᠨ ᠪᠡᠶ᠎ᠠ ᠶᠢᠨ ᠰᠢᠯᠢ ᠲᠤᠪᠤ ᠲᠠᠢ ᠠᠭᠤᠯᠠᠷᠬᠠᠭ ᠤᠷᠤᠨ ᠳᠤ ᠪᠠᠶᠢᠷᠢᠯᠡᠵᠤ᠂ ᠬᠠᠳᠤᠨ ᠭᠤᠤᠯ  ᠤᠨ ᠪᠦᠳᠦᠬᠦᠯᠢᠭ ᠡᠯᠡᠰᠦ ᠰᠢᠪᠡᠷ ᠳᠦᠪᠯᠡᠷᠡᠭᠰᠡᠨ ᠢᠷᠡᠯᠳᠡ ᠶᠢᠨ ᠤᠷᠤᠨ ᠳᠤ ᠬᠠᠷᠢᠶᠠᠯᠠᠬᠳᠠᠵᠤ᠂ ᠰᠠᠭᠠᠭ᠂ ᠨᠠᠷᠢᠮᠤ᠂ ᠠᠮᠤ ᠪᠠᠷ ᠳᠦᠯᠦᠭᠡᠯᠡᠬᠦᠯᠦᠭᠰᠡᠨ ᠡᠯᠳᠡᠪ ᠠᠮᠤ ᠳᠠᠷᠢᠬᠤ ᠳᠤ ᠳᠦᠢᠯ ᠤᠨ ᠰᠠᠶᠢᠬᠠᠨ ᠳᠠᠪᠠᠭᠤᠯᠢᠭ ᠨᠦᠬᠦᠴᠡᠯ ᠲᠠᠢ ᠶᠤᠮ᠃ ᠳᠤᠰ ᠪᠠᠯᠭᠠᠰᠤ ᠨᠢ 2018 ᠤᠨ ᠠᠴᠠ ᠡᠬᠢᠯᠡᠨ ᠲᠠᠷᠢᠬᠤ ᠨᠦᠬᠦᠴᠡᠯ ᠳᠤ ᠲᠤᠬᠢᠷᠠᠬᠰᠠᠨ ᠪᠦᠷᠢᠳᠦ ᠶᠢᠨ ᠭᠤᠤᠯ ᠳᠤᠰᠬᠤᠨ᠂ ᠱᠢ ᠶᠤᠤ ᠭᠸᠦ ᠳᠤᠰᠬᠤᠨ ᠵᠡᠷᠬᠡ 5 ᠳᠤᠰᠬᠤᠨ ᠳᠤ ᠳᠦᠮᠡᠨ ᠮᠤ᠋ ᠶᠢᠨ ᠪᠤᠬᠢᠷᠳᠤᠯ ᠦᠬᠡᠢ ᠰᠠᠭᠠᠭ᠂ ᠨᠠᠷᠢᠮᠤ ᠲᠠᠷᠢᠬᠤ ᠦᠢᠯᠡᠳᠪᠤᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠵᠢᠯ ᠪᠦᠷᠢ 1300 ᠳᠤᠨ ᠰᠠᠭᠠᠭ᠂ ᠨᠠᠷᠢᠮᠤ᠂ ᠠᠮᠤ ᠪᠤᠳᠠᠭ᠎ᠠ ᠬᠤᠷᠢᠶᠠᠳᠠᠭ᠃ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠤᠨ ᠦᠷᠬᠦᠯᠵᠢᠯᠡᠨ ᠠᠬᠢᠬᠤ ᠶᠢ ᠳᠠᠭᠠᠯᠳᠤᠨ᠂ ᠤᠶᠢᠷ᠎ᠡ ᠶᠢᠨ ᠵᠢᠯ ᠳᠤ ᠡᠯᠳᠡᠪ ᠠᠮᠤ ᠶᠢᠨ ᠠᠵᠤ ᠦᠢᠯᠡᠰ ᠦᠳᠳᠡᠷ ᠳᠦᠷᠬᠡᠨ ᠬᠦᠭᠵᠢᠵᠤ᠂ ᠱᠠᠬᠳᠠᠷ ᠪᠠᠯᠭᠠᠰᠤ ᠪᠠᠷ ᠭᠤᠤᠯ ᠪᠤᠯᠭᠠᠬᠰᠠᠨ ᠪᠤᠬᠢᠷᠳᠤᠯ ᠦᠬᠡᠢ ᠡᠯᠳᠡᠪ ᠠᠮᠤ ᠶᠢᠨ ᠤᠨᠴᠠᠯᠢᠬᠳᠤ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠶᠢᠨ ᠬᠠᠮᠳᠤ᠂ ᠡᠯᠳᠡᠪ ᠠᠮᠤ ᠶᠢᠨ ᠪᠠᠷᠢᠮᠵᠢᠶᠠᠵᠢᠭᠤᠯᠤᠬᠰᠠᠨ ᠰᠠᠭᠤᠷᠢᠨ ᠭᠠᠵᠠᠷ᠂ ᠨᠡᠶᠢᠬᠡᠮᠴᠢᠯᠡᠭᠰᠡᠨ ᠦᠢᠯᠡᠴᠢᠯᠡᠭᠡ ᠵᠢᠴᠢ ᠡᠯᠳᠡᠪ ᠠᠮᠤ ᠶᠢ ᠪᠤᠯᠪᠠᠰᠤᠷᠠᠭᠤᠯᠬᠤ ᠳᠤᠯᠤᠭᠠᠶᠢᠯᠠᠬᠴᠢ ᠠᠵᠤ ᠠᠬᠤᠶᠢᠯᠡᠯ ᠢ ᠬᠦᠭᠵᠢᠬᠦᠯᠬᠦ ᠪᠠᠷ ᠳᠠᠮᠵᠢᠨ ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ ᠶᠢ ᠨᠢᠬᠡ ᠴᠤᠬᠴᠠᠵᠢᠭᠤᠯᠤᠨ ᠬᠦᠭᠵᠢᠬᠦᠯᠬᠦ ᠠᠵᠤ ᠦᠢᠯᠡᠰᠵᠢᠯᠳᠠ ᠶᠢᠨ ᠲᠤᠬᠳᠠᠮᠵᠢ ᠶᠢ ᠪᠦᠷᠢᠯᠳᠦᠬᠦᠯᠪᠡ᠃ 2022 ᠤᠨ ᠳᠤ᠂ ᠳᠤᠰ ᠪᠠᠯᠭᠠᠰᠤ ᠪᠦᠷᠢᠳᠦ ᠶᠢᠨ ᠭᠤᠤᠯ ᠳᠤᠰᠬᠤᠨ ᠢᠶᠠᠷ ᠭᠤᠤᠯ ᠪᠤᠯᠭᠠᠬᠰᠠᠨ ᠠᠭᠤᠯᠠᠨ ᠪᠡᠯ ᠢ ᠱᠠᠳᠤᠨ ᠳᠠᠷᠢᠶ᠎ᠡ ᠪᠤᠯᠭᠠᠨ ᠦᠬᠡᠷᠡᠴᠢᠯᠡᠬᠦ ᠳᠦᠷᠦᠯ ᠵᠦᠢᠯ ᠢ ᠬᠡᠷᠡᠭᠵᠢᠬᠦᠯᠵᠤ᠂ ᠬᠦᠷᠦᠰᠦ ᠰᠢᠷᠤᠢ ᠶᠢ ᠨᠢᠬᠡᠳᠦᠯᠳᠡᠢ ᠰᠠᠶᠢᠵᠢᠷᠠᠭᠤᠯᠬᠤ᠂ ᠤᠷᠭᠠᠨᠢᠭ ᠪᠤᠷᠳᠤᠭᠤᠷ ᠤᠷᠤᠭᠤᠯᠬᠤ᠂ ᠪᠤᠷᠤᠭᠠᠨ ᠪᠠ ᠤᠰᠤ ᠪᠠᠷ ᠤᠰᠤᠯᠠᠬᠤ ᠶᠢ ᠢᠵᠢ ᠪᠦᠷᠢᠳᠦᠬᠦᠯᠦᠭᠰᠡᠨ ᠠᠴᠠ ᠳᠤᠬᠠᠢ ᠶᠢᠨ ᠭᠠᠵᠠᠷ ᠤᠨ ᠲᠠᠷᠢᠶᠠᠴᠢᠳ ᠤᠨ ᠪᠤᠬᠢᠷᠳᠤᠯ ᠦᠬᠡᠢ ᠡᠯᠳᠡᠪ ᠠᠮᠤ ᠶᠢᠨ ᠠᠵᠤ ᠦᠢᠯᠡᠰ ᠢ ᠬᠦᠭᠵᠢᠬᠦᠯᠬᠦ ᠢᠳᠡᠬᠡᠯ ᠵᠤᠷᠢᠭ ᠲᠠᠢ ᠪᠤᠯᠭᠠᠪᠠ᠃     《ᠮᠠᠨ ᠤ ᠳᠤᠰᠬᠤᠨ ᠤ ᠬᠠᠮᠳᠤ ᠨᠡᠶᠢᠳᠡ ᠠᠴᠠ ᠰᠢᠯᠵᠢᠬᠦᠯᠦᠭᠰᠡᠨ 600 ᠭᠠᠷᠤᠢ ᠮᠤ᠋ ᠭᠠᠵᠠᠷ ᠰᠢᠷᠤᠢ ᠶᠢᠨ ᠳᠡᠬᠡᠷ᠎ᠡ ᠳᠠᠷᠢᠶᠠᠴᠢᠨ ᠡᠷᠦᠬᠡ ᠶᠢᠨ ᠵᠠᠬᠢᠶᠠᠯᠠᠭ᠎ᠠ  ᠪᠠᠷ ᠳᠠᠷᠢᠬᠰᠠᠨ 400 ᠭᠠᠷᠤᠢ ᠮᠤ᠋ ᠭᠠᠵᠠᠷ ᠲᠤ ᠴᠦᠮ ᠨᠠᠷᠢᠮᠤ᠂ ᠰᠠᠭᠠᠭ ᠳᠠᠷᠢᠪᠠ᠃ ᠤᠷᠵᠢᠨᠤᠨ ᠳᠤᠰᠬᠤᠨ ᠤ ᠬᠠᠮᠳᠤ ᠨᠡᠶᠢᠳᠡ ᠶᠢᠨ ᠤᠷᠤᠯᠭ᠎ᠠ 100 ᠭᠠᠷᠤᠢ ᠳᠦᠮᠡᠨ ᠳᠦᠬᠦᠷᠢᠭ ᠲᠤ ᠬᠦᠷᠴᠤ᠂ ᠨᠢᠳᠤᠨᠤᠨ ᠭᠠᠨᠭ᠌ ᠬᠠᠭᠰᠠᠷᠠᠭᠠᠨ ᠠᠴᠠ ᠪᠤᠯᠵᠤ ᠬᠤᠷᠢᠶᠠᠯᠳᠠ ᠬᠠᠰᠤᠭᠳᠠᠭᠠᠳ ᠴᠡᠪᠡᠷ ᠤᠷᠤᠯᠭ᠎ᠠ 40 ᠭᠠᠷᠤᠢ ᠳᠦᠮᠡᠨ ᠳᠦᠬᠦᠷᠢᠭ ᠲᠤ ᠬᠦᠷᠪᠡ᠃ ᠡᠯᠳᠡᠪ ᠠᠮᠤ ᠳᠠᠷᠢᠬᠰᠠᠨ ᠠᠴᠠ ᠨᠠᠭᠠᠰᠢ᠂ ᠮᠠᠨ ᠤ ᠳᠤᠰᠬᠤᠨ ᠤ ᠬᠠᠮᠳᠤ ᠶᠢᠨ ᠠᠵᠤ ᠠᠬᠤᠢ ᠵᠢᠯ ᠳᠠᠷᠠᠭᠠᠯᠠᠨ  ᠪᠤᠵᠠᠭᠠᠶᠢᠷᠠᠬᠰᠠᠨ ᠪᠠᠶᠢᠨ᠎ᠠ》ᠬᠡᠵᠤ ᠳᠤᠰᠬᠤᠨ ᠤ ᠨᠠᠮ ᠤ ᠡᠬᠦᠷ ᠤᠨ ᠱᠦᠵᠢ ᠶᠠᠩ ᠳ᠋ᠠ ᠬᠠᠢ ᠤᠮᠤᠭ ᠲᠡᠬᠦᠯᠳᠡᠷ ᠶᠠᠷᠢᠨ᠎ᠡ᠃
小杂粮2.jpg     
       2018 ᠤᠨ ᠳᠤ᠂ ᠪᠦᠷᠢᠳᠦ ᠶᠢᠨ ᠭᠤᠤᠯ ᠳᠤᠰᠬᠤᠨ ᠳᠠᠷᠢᠶᠠᠴᠢᠳ ᠲᠤ ᠳᠤᠰᠬᠠᠢ ᠦᠢᠯᠡᠴᠢᠯᠡᠬᠦ ᠳᠠᠷᠢᠶᠠᠯᠠᠩ ᠤᠨ ᠮᠠᠰᠢᠨ ᠳᠤᠨᠤᠭ ᠤᠨ ᠳᠤᠰᠬᠠᠢ ᠮᠡᠷᠬᠡᠵᠢᠯ ᠤᠨ ᠬᠤᠷᠰᠢᠶ᠎ᠡ ᠪᠠᠶᠢᠭᠤᠯᠵᠤ᠂ ᠬᠤᠷᠰᠢᠶ᠎ᠡ ᠶᠢᠨ ᠬᠡᠰᠢᠬᠦᠨ ᠬᠤᠪᠢ ᠤᠷᠤᠬᠤ ᠦᠬᠡᠢ᠂ ᠠᠰᠢᠭ ᠬᠤᠪᠢᠶᠠᠬᠤ ᠦᠬᠡᠢ᠂ ᠳᠤᠰᠬᠤᠨ ᠤ ᠠᠷᠡᠳ ᠲᠤ ᠦᠢᠯᠡᠴᠢᠯᠡᠬᠦ᠂ ᠳᠤᠰᠬᠤᠨ ᠤ ᠬᠠᠮᠳᠤ ᠶᠢᠨ ᠠᠵᠤ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ᠂ ᠠᠰᠢᠭ ᠳᠤᠰᠠ ᠶᠢ ᠳᠠᠷᠢᠶᠠᠴᠢᠨ ᠡᠷᠦᠬᠡ ᠲᠠᠢ ᠬᠤᠯᠪᠤᠬᠤ ᠪᠠᠷ ᠵᠤᠷᠢᠯᠳᠡ ᠪᠠᠨ ᠪᠤᠯᠭᠠᠵᠤ᠂ ᠪᠦᠬᠦ ᠳᠤᠰᠬᠤᠨ ᠤ ᠠᠵᠤ ᠦᠢᠯᠡᠰ ᠤᠨ ᠬᠦᠭᠵᠢᠯᠳᠡ ᠶᠢ ᠳᠠᠶᠢᠴᠢᠯᠡᠪᠡ᠃ ᠤᠳᠤᠬᠠᠨ ᠳᠤ᠂ ᠳᠠᠷᠢᠶᠠᠯᠠᠩ ᠤᠨ ᠮᠠᠰᠢᠨ ᠳᠤᠨᠤᠭ ᠤᠨ ᠬᠤᠷᠰᠢᠶ᠎ᠡ ᠨᠢ ᠲᠷᠠᠺᠲ᠋ᠤᠷ᠂ ᠡᠷᠬᠢᠯᠳᠦᠬᠦᠯᠦᠨ ᠳᠠᠷᠢᠬᠤ ᠮᠠᠰᠢᠨ᠂ ᠦᠷ᠎ᠡ ᠰᠠᠴᠤᠬᠤ ᠮᠠᠰᠢᠨ᠂ ᠬᠠᠳᠤᠵᠦ ᠬᠤᠷᠢᠶᠠᠬᠤ ᠮᠠᠰᠢᠨ ᠵᠡᠷᠬᠡ ᠠᠷᠪᠠᠭᠠᠳ ᠤᠳᠤᠬᠢᠴᠢᠯᠠᠬᠰᠠᠨ ᠳᠠᠷᠢᠶᠠᠯᠠᠩ ᠤᠨ ᠮᠠᠰᠢᠨ ᠲᠠᠢ  ᠪᠠᠶᠢᠵᠦ᠂ ᠪᠦᠷᠢᠨ ᠳᠦᠬᠦᠷ ᠳᠠᠷᠢᠶᠠᠯᠠᠩ ᠤᠨ ᠮᠠᠰᠢᠨᠴᠢᠯᠡᠯᠳᠡ ᠶᠢᠨ ᠰᠢᠰᠲ᠋ᠧᠮ ᠢ ᠪᠦᠷᠢᠯᠳᠦᠬᠦᠯᠵᠤ᠂ ᠳᠤᠰᠬᠤᠨ ᠤ ᠬᠠᠮᠳᠤ ᠨᠡᠶᠢᠳᠡ  ᠶᠢᠨ ᠡᠯᠳᠡᠪ ᠠᠮᠤ ᠲᠠᠷᠢᠬᠤ ᠠᠵᠤ ᠦᠢᠯᠡᠰ ᠲᠤ ᠨᠠᠶᠢᠳᠠᠪᠤᠷᠢᠳᠡᠢ ᠪᠠᠳᠤᠯᠠᠭ᠎ᠠ ᠬᠠᠨᠭ᠍ᠭᠠᠪᠠ᠃      ᠳᠠᠷᠢᠶᠠᠯᠠᠩ ᠦᠢᠯᠡᠳᠪᠦᠷᠢᠯᠡᠯ ᠤᠨ ᠬᠦᠭᠵᠢᠯᠳᠡ ᠶᠢᠨ ᠦᠨᠳᠤᠰᠤᠨ ᠨᠦᠬᠦᠴᠡᠯ ᠲᠠᠢ ᠪᠤᠯᠤᠬᠰᠠᠨ ᠠᠴᠠ ᠰᠠᠶᠢᠨ ᠦᠷ᠎ᠡ ᠰᠤᠩᠭᠤᠨ ᠪᠤᠶᠢᠵᠢᠭᠤᠯᠬᠤ ᠪᠠ ᠨᠡᠷᠡᠳᠦ ᠳᠡᠮᠳᠡᠭ ᠡᠬᠦᠳᠬᠦ ᠶᠢ ᠡᠳᠦᠷ ᠳᠤᠳᠤᠮ ᠤᠨ ᠵᠦᠪᠯᠡᠬᠦ ᠵᠦᠢᠯ ᠳᠤ ᠤᠷᠤᠭᠤᠯᠪᠠ᠃ ᠤᠶᠢᠷ᠎ᠡ ᠶᠢᠨ ᠵᠢᠯ ᠳᠤ᠂ ᠪᠦᠷᠢᠳᠦ ᠶᠢᠨ ᠭᠤᠤᠯ ᠳᠤᠰᠬᠤᠨ ᠤᠷᠢᠳ ᠬᠤᠵᠢᠳ ᠤᠷᠳᠤᠰ ᠬᠤᠳᠠ ᠶᠢᠨ ᠲᠠᠷᠢᠶᠠᠨ ᠦᠷ᠎ᠡ ᠶᠢᠨ ᠬᠠᠮᠢᠶᠠᠷᠤᠯᠳᠡ ᠶᠢᠨ ᠦᠷᠳᠡᠭᠡ᠂ ᠦᠪᠡᠷᠳᠡᠬᠡᠨ ᠵᠠᠰᠠᠬᠤ ᠤᠷᠤᠨ ᠤ ᠳᠠᠷᠢᠶᠠᠯᠠᠩ ᠤᠨ ᠰᠢᠨᠵᠢᠯᠡᠬᠦ ᠤᠬᠠᠭᠠᠨ ᠤ ᠮᠡᠷᠬᠡᠵᠢᠯ ᠤᠨ ᠬᠦᠷᠢᠶᠡᠯᠡᠩ᠂ ᠪᠠᠷᠠᠭᠤᠨ ᠬᠤᠶᠢᠳᠤ ᠶᠢᠨ ᠳᠠᠷᠢᠶᠠᠯᠠᠩ ᠤᠢ ᠰᠢᠭᠤᠢ ᠶᠢᠨ ᠰᠢᠨᠵᠢᠯᠡᠬᠦ ᠤᠬᠠᠭᠠᠨ ᠤ ᠮᠡᠷᠬᠡᠵᠢᠯ ᠤᠨ  ᠶᠡᠭᠡ ᠰᠤᠷᠭᠠᠭᠤᠯᠢ ᠵᠡᠷᠬᠡ ᠲᠠᠢ ᠬᠤᠷᠰᠢᠨ ᠡᠯᠳᠡᠪ ᠠᠮᠤ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠳᠤᠷᠰᠢᠯᠳᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠬᠡᠳᠦᠨ ᠠᠷᠪᠠᠨ ᠡᠯᠳᠡᠪ ᠠᠮᠤ ᠶᠢᠨ ᠳᠦᠷᠦᠯ ᠠᠴᠠ ᠰᠢᠯᠢᠳᠡᠭ ᠢ ᠨᠢ ᠰᠤᠩᠭᠤᠵᠤ᠂  ᠳᠤᠬᠠᠢ ᠶᠢᠨ ᠭᠠᠵᠠᠷ ᠤᠨ ᠠᠭᠤᠷ ᠠᠮᠢᠰᠬᠤᠯ ᠳᠤ ᠵᠤᠬᠢᠴᠠᠬᠤ᠂ ᠠᠮᠳᠡ ᠲᠠᠢ ᠮᠦᠷᠳᠡᠬᠡᠨ ᠦᠨᠳᠦᠷ ᠤᠨᠠᠯᠳᠠ ᠲᠠᠢ ᠬᠡᠳᠦᠨ ᠳᠦᠷᠦᠯ ᠢ ᠨᠢ ᠰᠤᠩᠭᠤᠬᠰᠠᠨ ᠪᠠᠶᠢᠨ᠎ᠠ᠃ ᠤᠳᠤ《 ᠵᠢᠢ ᠰᠢᠶᠠᠩ》ᠲᠡᠮᠳᠡᠭᠳᠤ ᠦᠨᠳᠦᠷᠯᠢᠭ ᠤᠨ ᠰᠢᠵᠢᠷ ᠠᠯᠳᠠᠨ ᠠᠮᠤ᠂ ᠰᠠᠭᠠᠭ᠂ ᠨᠠᠷᠢᠮᠤ ᠨᠢ ᠪᠤᠬᠢᠷᠳᠤᠯ ᠦᠬᠡᠢ ᠪᠠᠷ ᠬᠡᠷᠡᠴᠢᠯᠡᠭᠳᠡᠵᠦ᠂ ᠳᠤᠰ ᠳᠤᠰᠬᠤᠨ ᠤ ᠡᠯᠳᠡᠪ ᠠᠮᠤ ᠶᠢᠨ ᠭᠤᠤᠯᠯᠠᠬᠤ ᠨᠡᠷᠡᠳᠦ ᠳᠡᠮᠳᠡᠭ ᠪᠤᠯᠵᠤ᠂ ᠵᠠᠬ᠎ᠠ ᠳᠡᠯᠬᠡᠬᠦᠷ ᠤᠨ ᠬᠠᠨᠭ᠍ᠭᠠᠯᠭ᠎ᠠ ᠨᠢ ᠬᠡᠷᠡᠭᠴᠡᠬᠡᠨ ᠳᠤ ᠬᠦᠷᠦᠯᠴᠡᠬᠦ ᠦᠬᠡᠢ ᠪᠤᠯᠵᠡᠢ᠃ ᠪᠦᠷᠢᠳᠦ ᠶᠢᠨ ᠭᠤᠤᠯ ᠳᠤᠰᠬᠤᠨ ᠤ ᠠᠮᠵᠢᠯᠳᠠ ᠲᠠᠢ ᠦᠢᠯᠡᠳᠦᠯᠬᠡ ᠨᠢ ᠪᠤᠰᠤᠳ ᠲᠠᠪᠤᠨ ᠠᠳᠠᠯᠢᠬᠠᠨ ᠨᠦᠬᠦᠴᠡᠯ  ᠲᠠᠢ ᠠᠭᠤᠯᠠᠷᠬᠠᠭ ᠳᠤᠰᠬᠤᠨ ᠳᠤ ᠲᠤᠯᠢ ᠪᠤᠯᠵᠤ ᠡᠯᠳᠡᠪ ᠠᠮᠤ ᠶᠢᠨ ᠠᠵᠤ ᠦᠢᠯᠡᠰ ᠢᠳᠡ ᠬᠦᠭ ᠲᠠᠢ ᠬᠦᠭᠵᠢᠵᠤ ᠢᠷᠡᠯ᠎ᠡ᠃
小杂粮3.jpg      ᠪᠤᠷᠤᠯᠠᠭᠤᠯᠭ᠎ᠠ ᠶᠢᠨ ᠵᠠᠮ ᠮᠦᠷ ᠢᠶᠠᠨ ᠦᠷᠬᠡᠳᠬᠡᠬᠦ ᠪᠠᠷ᠂ ᠱᠠᠬᠳᠠᠷ ᠪᠠᠯᠭᠠᠰᠤ  ᠦᠪᠡᠷᠰᠡᠳ ᠢᠶᠠᠨ ᠡᠵᠡᠩᠨᠡᠬᠦ᠂ ᠪᠤᠰᠤᠳ ᠳᠡᠯᠬᠡᠬᠦᠷ ᠬᠤᠳᠠᠯᠳᠤᠭ᠎ᠠ ᠳᠤ
ᠤᠷᠤᠭᠤᠯᠬᠤ ᠵᠡᠷᠬᠡ ᠵᠠᠬᠪᠤᠷ ᠢᠶᠠᠷ ᠡᠯ᠎ᠡ ᠳᠤᠰᠬᠤᠨ ᠢ ᠬᠠᠪᠰᠤᠷᠤᠨ ᠦᠢᠯᠡᠳᠬᠦᠨ ᠢ ᠨᠢ ᠵᠠᠬ᠎ᠠ ᠳᠡᠯᠬᠡᠬᠦᠷ ᠲᠤ ᠭᠠᠷᠭᠠᠵᠤ ᠪᠠᠶᠢᠨ᠎ᠠ᠃ ᠱᠠᠬᠳᠠᠷ ᠪᠠᠯᠭᠠᠰᠤ ᠶᠢᠨ ᠡᠯᠧᠺᠲᠷᠤᠨ ᠬᠤᠳᠠᠯᠳᠤᠭᠠᠨ ᠤ ᠦᠢᠯᠡᠴᠢᠯᠡᠬᠡᠨ ᠤ ᠳᠦᠪ ᠨᠢ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠲᠠᠢ ᠬᠠᠮᠳᠤᠷᠠᠵᠦ《ᠮᠸᠢ ᠵᠢᠢ ᠬᠤᠳᠠᠯᠳᠤᠭᠠᠨ ᠤ ᠬᠤᠳᠠ》ᠬᠡᠬᠦ ᠡᠯᠧᠺᠲᠷᠦᠨ ᠬᠤᠳᠠᠯᠳᠤᠭᠠᠨ ᠤ ᠳᠠᠪᠴᠠᠩ ᠢ ᠨᠡᠬᠡᠬᠡᠵᠤ᠂ ᠭᠤᠤᠯᠯᠠᠬᠤ ᠨᠡᠷᠡᠳᠦ ᠳᠡᠮᠳᠡᠭ ᠪᠤᠯᠬᠤ《 ᠵᠢᠢ ᠰᠢᠶᠠᠩ》᠂《 ᠮᠸᠢ ᠵᠢᠢ》ᠵᠡᠷᠬᠡ ᠦᠢᠯᠡᠳᠬᠦᠨ ᠢ ᠰᠦᠯᠵᠢᠶ᠎ᠡ ᠪᠠᠷ ᠪᠤᠷᠤᠯᠠᠭᠤᠯᠵᠤ᠂ ᠳᠤᠬᠠᠢ ᠶᠢᠨ ᠭᠠᠵᠠᠷ ᠤᠨ ᠡᠯᠳᠡᠪ ᠠᠮᠤ ᠶᠢᠨ ᠨᠡᠷ᠎ᠡ ᠮᠡᠳᠡᠴᠡ ᠶᠢ ᠡᠳᠦᠷ ᠢᠷᠡᠬᠦᠶ᠎ᠡ ᠳᠡᠭᠡᠭᠰᠢᠯᠡᠬᠦᠯᠵᠤ ᠪᠠᠶᠢᠨ᠎ᠠ᠃
小杂粮4.jpg     ᠢᠷᠡᠬᠡᠳᠦᠢ ᠶᠢᠨ ᠳᠠᠪᠤᠨ ᠵᠢᠯ ᠳᠤ᠂ ᠱᠠᠬᠳᠠᠷ ᠪᠠᠯᠭᠠᠰᠤ 4 ᠳᠦᠮᠡᠨ ᠮᠤ᠋ ᠶᠢᠨ ᠡᠯᠳᠡᠪ ᠠᠮᠤ ᠶᠢ ᠪᠤᠬᠢᠷᠳᠤᠯ ᠦᠬᠡᠢ ᠲᠠᠷᠢᠬᠤ ᠰᠠᠭᠤᠷᠢᠨ ᠭᠠᠵᠠᠷ ᠢ
ᠭᠤᠤᠯᠳᠠᠯᠭ᠎ᠠ ᠲᠠᠢ ᠡᠬᠦᠳᠦᠨ ᠪᠠᠶᠢᠭᠤᠯᠵᠤ᠂ ᠨᠠᠯᠠᠤ ᠳᠠᠷᠢᠶᠠᠨ ᠭᠠᠵᠠᠷ ᠢ ᠱᠠᠳᠤᠨ ᠳᠠᠷᠢᠶ᠎ᠡ ᠪᠤᠯᠭᠠᠬᠤ ᠢᠨᠵᠧᠨᠧᠷᠢᠩ ᠪᠠ ᠬᠦᠷᠦᠰᠦ ᠰᠢᠷᠤᠢ ᠶᠢ ᠰᠠᠶᠢᠵᠢᠷᠠᠭᠤᠯᠬᠤ ᠵᠢᠴᠢ ᠤᠰᠤᠯᠠᠯᠳᠠ ᠶᠢᠨ ᠳᠤᠨᠤᠭ ᠳᠦᠬᠦᠬᠡᠷᠦᠮᠵᠢ ᠶᠢ ᠢᠵᠢ ᠪᠦᠷᠢᠳᠦᠬᠦᠯᠬᠦ ᠪᠠ ᠳᠠᠷᠢᠶᠠᠯᠠᠩ ᠤᠨ ᠦᠢᠯᠡᠳᠬᠦᠨ ᠤ ᠴᠢᠨᠠᠷᠵᠢᠯ ᠢ ᠮᠦᠷᠳᠡᠬᠦ ᠰᠢᠰᠲ᠋ᠧᠮ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠬᠡᠷᠡᠭᠵᠢᠬᠦᠯᠦᠨ᠎ᠡ᠃ ᠳᠦᠷᠦᠯ ᠵᠦᠢᠯ ᠪᠠᠶᠢᠭᠤᠯᠤᠬᠳᠠᠬᠰᠠᠨ ᠤ ᠳᠠᠷᠠᠭ᠎ᠠ᠂ ᠡᠯᠳᠡᠪ ᠠᠮᠤ ᠶᠢᠨ ᠠᠵᠤ ᠦᠢᠯᠡᠰ ᠢ ᠬᠦᠭᠵᠢᠬᠦᠯᠬᠦ ᠬᠦᠴᠦᠷᠭᠡᠭ ᠪᠠᠯᠭᠠᠰᠤ ᠪᠠ ᠡᠯᠳᠡᠪ ᠠᠮᠤ ᠶᠢ ᠪᠤᠯᠪᠠᠰᠤᠷᠠᠭᠤᠯᠬᠤ ᠠᠵᠤ ᠠᠬᠤᠶᠢᠯᠡᠯ᠂ ᠳᠤᠰᠬᠠᠢ ᠮᠡᠷᠬᠡᠵᠢᠯ ᠤᠨ ᠬᠤᠷᠰᠢᠶ᠎ᠡ᠂ ᠡᠯᠧᠺᠲᠷᠤᠨ ᠬᠤᠳᠠᠯᠳᠤᠭᠠᠨ ᠤ ᠳᠦᠪ ᠵᠡᠷᠬᠡ ᠶᠢ ᠪᠤᠶᠢᠵᠢᠭᠤᠯᠤᠨ ᠲᠡᠳᠬᠦᠵᠦ᠂ ᠳᠤᠬᠠᠢ ᠶᠢᠨ ᠭᠠᠵᠠᠷ ᠤᠨ ᠳᠦᠮᠡᠨ ᠲᠠᠷᠢᠶᠠᠴᠢᠨ ᠡᠷᠦᠬᠡ ᠶᠢᠨ 2.5 ᠳᠦᠮᠡᠨ ᠬᠦᠮᠦᠨ ᠤ ᠤᠷᠤᠯᠭ᠎ᠠ ᠪᠠᠨ ᠨᠡᠮᠡᠭᠳᠡᠬᠦᠯᠵᠤ ᠪᠡᠶᠡᠵᠢᠨ ᠴᠢᠨᠡᠬᠡᠯᠢᠭᠵᠢᠬᠦ ᠶᠢ ᠳᠠᠶᠢᠴᠢᠯᠡᠵᠤ᠂ ᠬᠦᠮᠦᠨ ᠳᠤᠮᠳᠠᠴᠢ ᠶᠢᠨ ᠤᠷᠤᠯᠭ᠎ᠠ ᠶᠢ 5000 ᠳᠦᠬᠦᠷᠢᠭ ᠠᠴᠠ ᠲᠠᠪᠠᠭᠤᠯᠬᠤ ᠪᠠᠷ ᠲᠦᠯᠦᠪᠯᠡᠵᠦ ᠪᠠᠶᠢᠨ᠎ᠠ᠃        ᠦᠨᠦᠳᠦᠷ᠂ ᠵᠡᠬᠦᠡᠭᠠᠷ ᠬᠤᠰᠢᠭᠤᠨ ᠤ ᠱᠠᠬᠳᠠᠷ ᠪᠠᠯᠭᠠᠰᠤ ᠪᠠᠷ ᠭᠤᠤᠯᠳᠠᠭᠤᠯᠤᠬᠰᠠᠨ ᠡᠯᠳᠡᠪ ᠠᠮᠤ ᠶᠢᠨ ᠠᠵᠤ ᠦᠢᠯᠡᠰ ᠤᠨ ᠬᠦᠴᠦᠷᠭᠡᠭ ᠪᠠᠯᠭᠠᠰᠤ ᠶᠢ ᠪᠦᠳᠦᠬᠡᠨ ᠪᠠᠶᠢᠭᠤᠯᠬᠤ ᠳᠦᠷᠦᠯ ᠵᠦᠢᠯ ᠨᠢ ᠰᠢᠤᠸᠠᠢ ᠵᠢᠶᠠ ᠸᠠᠨ᠂ ᠯᠦᠡᠭᠺᠸᠦ᠂ ᠸᠧᠢ ᠵᠢᠶᠠ ᠮᠤᠤ ᠵᠡᠷᠬᠡ ᠪᠠᠯᠭᠠᠰᠤ ᠶᠢ ᠲᠠᠶᠢᠴᠢᠯᠠᠨ ᠲᠠᠭᠠᠭᠤᠯᠤᠬᠰᠠᠨ ᠪᠠᠶᠢᠨ᠎ᠠ᠃ ᠤᠳᠤᠬᠠᠨ ᠪᠤᠯᠳᠠᠯ᠎ᠠ᠂ ᠪᠦᠬᠦ ᠬᠤᠰᠢᠭᠤ ᠪᠠᠷ ᠢᠶᠠᠨ ᠡᠯᠳᠡᠪ ᠠᠮᠤ ᠶᠢᠨ ᠦᠵᠡᠬᠦᠯᠬᠡ ᠶᠢᠨ ᠳᠢᠩᠬᠢᠮ᠂ ᠰᠦᠯᠵᠢᠶᠡᠨ ᠤ ᠨᠡᠷᠡᠳᠦ ᠴᠡᠭ᠂  ᠡᠯᠳᠡᠪ ᠠᠮᠤ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠳᠦᠪ᠂ ᠡᠯᠳᠡᠪ ᠠᠮᠤ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠳᠠᠭᠤᠷᠢᠶᠡᠯ ᠦᠵᠡᠬᠦᠯᠬᠦ ᠰᠠᠭᠤᠷᠢᠨ ᠭᠠᠵᠠᠷ᠂ ᠭᠤᠤᠯᠯᠠᠬᠤ ᠲᠠᠷᠢᠮᠠᠯ ᠤᠨ ᠤᠷᠤᠨ ᠪᠦᠰᠡ ᠶᠢᠨ ᠢᠵᠢ ᠪᠦᠷᠢᠳᠦᠭᠰᠡᠨ ᠤᠰᠤᠯᠠᠯᠳᠠ ᠶᠢᠨ ᠢᠨᠵᠧᠨᠧᠷᠢᠩ ᠵᠢᠴᠢ ᠬᠡᠰᠡᠭ ᠭᠠᠵᠠᠷ ᠤᠨ ᠭᠠᠳᠠᠷᠭᠤ ᠶᠢᠨ ᠰᠠᠭᠤᠷᠢ ᠳᠦᠬᠦᠬᠡᠷᠦᠮᠵᠢ ᠶᠢ ᠨᠢᠬᠡᠨᠳᠡ ᠪᠠᠶᠢᠭᠤᠯᠵᠤ᠂ ᠨᠡᠶᠢᠳᠡ1500 ᠳᠦᠮᠡᠨ ᠳᠦᠬᠦᠷᠢᠭ ᠵᠠᠷᠤᠴᠠᠭᠤᠯᠪᠠ᠃ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠲᠤᠷᠤᠨ᠎ᠠ ᠶᠢᠨ ᠰᠠᠯᠬᠢ ᠶᠢᠨ ᠢᠪᠡᠬᠡᠯ  ᠢᠶᠠᠷ᠂ ᠤᠤᠯ ᠤᠨ《 ᠳᠠᠪᠤᠨ ᠳᠠᠷᠢᠶ᠎ᠡ ᠭᠠᠵᠠᠷ ᠰᠠᠢ ᠦᠬᠡᠢ》ᠪᠠᠶᠢᠬᠰᠠᠨ ᠱᠠᠬᠳᠠᠷ ᠪᠠᠯᠭᠠᠰᠤ ᠨᠢ ᠵᠡᠬᠦᠡᠭᠠᠷ ᠬᠤᠰᠢᠭᠤᠨ ᠤ ᠡᠯᠳᠡᠪ ᠠᠮᠤ ᠶᠢᠨ ᠠᠵᠤ ᠦᠢᠯᠡᠰ ᠤᠨ ᠬᠦᠭᠵᠢᠯᠳᠡ ᠶᠢ ᠲᠠᠶᠢᠴᠢᠯᠠᠵᠦ ᠨᠡᠷ᠎ᠡ ᠨᠢᠳᠡᠷ ᠲᠡᠭᠡᠨ ᠳᠡᠩᠴᠡᠭᠰᠡᠨ《 ᠠᠮᠤ ᠬᠦᠨᠡᠰᠤᠨ ᠤ  ᠰᠠᠭᠤᠷᠢᠨ》ᠪᠤᠯᠬᠤ ᠪᠠᠷ ᠪᠠᠶᠢᠨ᠎ᠠ᠃
ᠢᠷᠡᠯᠲᠡ᠄ ᠵᠡᠬᠦᠡᠭᠠᠷ ᠤᠨ ᠬᠤᠰᠢᠭᠤᠴᠢ